ᠰᠢᠨ᠎ᠡ ᠪᠠᠷᠭᠤ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ | ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ | ᠲᠥᠯᠦᠪᠵᠢᠭᠦᠯᠭᠡ ᠪᠠ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠭᠦᠷᠦᠭᠰᠡᠳ ᠤᠨ | ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠬᠡᠦᠬᠡᠳ ᠤᠨ ᠰᠤᠷᠭᠠᠨ ᠬᠥᠮᠦᠵᠢᠯ᠂ ᠪᠠᠭᠰᠢ ᠶᠢᠨ ᠰᠤᠷᠭᠠᠨ | ᠬᠥᠮᠦᠵᠢᠯ ᠵᠢᠴᠢ ᠪᠤᠰᠤᠳ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠦᠢᠯᠡᠰ ᠢ ᠨᠢᠭᠡᠳᠦᠯᠲᠡᠢ ᠲᠥᠯᠥᠪᠯᠡᠨ ᠬᠠᠮᠢᠶᠠᠷᠬᠤ ᠪᠠ ᠵᠢᠯᠣᠭᠤᠳᠤᠨ᠎ᠠ︔ ᠠᠩᠬ᠎ᠠ | ᠵᠡᠷᠭᠡ ᠶᠢᠨ ᠰᠤᠷᠭᠠᠭᠤᠯᠢ ᠶᠢᠨ ᠪᠠᠷᠢᠮᠵᠢᠶᠠᠵᠢᠭᠤᠯᠤᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ︔ ᠡᠯ᠎ᠡ ᠲᠦᠷᠦᠯ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ︔ ᠪᠠᠶᠢᠷᠢᠯᠠᠭᠤᠯᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢᠨ ᠲᠤᠬᠠᠢ ᠰᠠᠨᠠᠯ ᠢ | ᠰᠤᠳᠤᠯᠤᠨ ᠳᠤᠷᠠᠳᠤᠨ᠎ᠠ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ ᠪᠠ ᠰᠤᠷᠭᠠᠨ ᠬᠥᠮᠦᠵᠢᠯ ᠢ ᠭᠤᠥᠯᠴᠢ ᠪᠠᠷ ᠬᠥᠭᠵᠢᠭᠦᠯᠬᠦ | ᠶᠠᠪᠤᠳᠠᠯ ᠢ ᠬᠠᠷᠢᠭᠤᠴᠠᠨ ᠠᠬᠢᠭᠤᠯᠵᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠥᠨᠳᠥᠷ ᠬᠢᠷᠢ ᠬᠡᠮᠵᠢᠶ᠎ᠡ ᠲᠠᠢ ᠥᠨᠳᠥᠷ ᠶᠠᠰᠤ ᠴᠢᠨᠠᠷ ᠲᠠᠢ | ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠦᠬᠡᠳ ᠤᠨ ᠰᠤᠷᠭᠠᠨ ᠬᠥᠮᠦᠵᠢᠯ ᠪᠠ ᠣᠨᠴᠣᠭᠤᠢ ᠰᠤᠷᠭᠠᠨ ᠬᠥᠮᠦᠵᠢᠯ ᠤᠨ ᠠᠵᠢᠯ ᠢ | ᠵᠢᠯᠣᠭᠤᠳᠤᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ ᠬᠠᠮᠢᠶᠠᠷᠤᠯᠲᠠ ᠶᠢ ᠵᠢᠯᠤᠭᠤᠳᠴᠤ᠂ ᠬᠡᠪ ᠴᠢᠨᠠᠷ ᠤᠨ | ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ︵ᠳᠥᠷᠪᠡ︶ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ᠂ ᠳᠤᠮᠳᠠᠳᠤ ᠵᠡᠷᠭᠡ ᠶᠢᠨ | ᠪᠠ ᠳᠤᠮᠳᠠᠳᠤ ᠵᠡᠷᠭᠡ ᠠᠴᠠ ᠳᠣᠷᠣᠭᠰᠢᠬᠢ ᠰᠤᠷᠭᠠᠨ ᠬᠥᠮᠦᠵᠢᠯ ᠢ ᠬᠠᠷᠢᠭᠤᠴᠠᠨ᠎ᠠ︔ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ | ᠴᠢᠨᠠᠷ ᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃ | ︵ᠲᠠᠪᠤ︶ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠬᠢᠭᠡᠳ | ᠥᠭᠡᠷᠡᠴᠢᠯᠡᠯᠲᠡ ᠶᠢ ᠵᠢᠯᠤᠭᠤᠳᠴᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠯᠤᠭᠤᠳᠬᠤ ᠪᠢᠴᠢᠭ | ᠮᠠᠲ᠋ᠧᠷᠢᠶᠠᠯ ᠪᠣᠯᠣᠨ ᠵᠢᠭᠠᠨ ᠰᠤᠷᠭᠠᠯᠲᠠ ᠶᠢᠨ ᠦᠨᠡᠯᠡᠨ ᠵᠢᠱᠢᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ | ᠲᠣᠭᠤᠷᠢᠭ ᠤᠨ ᠰᠤᠷᠭᠠᠨ ᠬᠥᠮᠦᠵᠢᠯ ᠵᠢᠴᠢ ᠪᠤᠰᠤᠳ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠢ ᠵᠢᠯᠣᠭᠤᠳᠤᠨ᠎ᠠ᠃ | ︵ᠵᠢᠷᠭᠤᠭ᠎ᠠ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠢᠯᠤᠭᠤᠳᠴᠤ᠂ | ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠬᠤ ᠠᠵᠢᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ | (ᠲᠤᠯᠤᠭ᠎ᠠ) ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠵᠦᠢᠯ ᠤᠨ ᠵᠠᠷᠤᠳᠠᠯ ᠢ ᠵᠣᠬᠢᠴᠠᠭᠤᠯᠤᠨ ᠬᠠᠮᠢᠶᠠᠷᠤᠨ᠎ᠠ︔ᠰᠤᠷᠭᠠᠨ | ᠬᠥᠮᠦᠵᠢᠯ ᠤᠨ ᠵᠠᠷᠤᠳᠠᠯ᠂ ᠪᠡᠯᠡ ᠣᠷᠣᠭᠤᠯᠤᠯᠲᠠ ᠶᠢ ᠪᠡᠯᠡᠳᠬᠡᠬᠦ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠰᠤᠳᠤᠯᠤᠨ ᠲᠣᠭᠲᠠᠭᠠᠨ᠎ᠠ︔ᠰᠤᠷᠭᠠᠨ ᠬᠥᠮᠦᠵᠢᠯ ᠤᠨ | ᠵᠠᠷᠤᠳᠠᠯ ᠤᠨ ᠣᠷᠣᠭᠤᠯᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ︔ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠳᠣᠲᠣᠭᠠᠳᠤ ᠭᠠᠳᠠᠭᠠᠳᠤ ᠶᠢᠨ | ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠲᠤᠰᠠᠯᠠᠮᠵᠢ ᠶᠢᠨ ᠪᠡᠯᠡ ᠮᠥᠩᠭᠦ ᠪᠠ ᠰᠤᠷᠭᠠᠨ ᠬᠥᠮᠦᠵᠢᠯ ᠤᠨ ᠵᠢᠭᠡᠯᠡᠯᠭᠡ ᠶᠢ ᠬᠠᠮᠢᠶᠠᠷᠤᠨ᠎ᠠ᠃ ᠪᠥᠬᠦ ᠬᠤᠰᠢᠭᠤᠨ ᠤ | ᠰᠤᠷᠭᠠᠨ ᠬᠥᠮᠦᠵᠢᠯ ᠤᠨ ᠦᠢᠯᠡᠰ ᠵᠢᠴᠢ ᠰᠤᠷᠭᠠᠨ ᠬᠥᠮᠦᠵᠢᠯ ᠤᠨ ᠵᠠᠷᠤᠳᠠᠯ ᠢ ᠪᠦᠷᠢᠳᠬᠡᠯ ᠪᠠ ᠵᠠᠳᠠᠯᠤᠯᠲᠠ ᠶᠢ ᠬᠠᠷᠢᠭᠤᠴᠠᠨ᠎ᠠ᠃ | (ᠨᠠᠢᠮᠠ) ᠡᠯ᠎ᠡ ᠲᠤᠶᠢᠷᠦᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ᠂ ᠤᠯᠤᠰ ᠤᠨ | ᠪᠠᠲᠤᠯᠠᠨ ᠬᠠᠮᠠᠭᠠᠯᠠᠯᠲᠠ᠂ ᠠᠮᠤᠷ ᠲᠦᠪᠰᠢᠨ ᠤ ᠬᠥᠮᠦᠵᠢᠯ ᠵᠡᠷᠭᠡ ᠠᠵᠢᠯ ᠢ ᠵᠢᠯᠤᠭᠤᠳᠴᠤ᠂ ᠣᠷᠣᠨ ᠨᠤᠲᠤᠭ ᠤᠨ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠠᠵᠢᠯ ᠢ | ᠵᠣᠬᠢᠶᠠᠨ ᠪᠠᠶᠢᠭᠤᠯᠤᠨ᠎ᠠ︔ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ᠂ ᠴᠠᠬᠢᠯᠭᠠᠨᠵᠢᠭᠰᠠᠨ ᠰᠤᠷᠭᠠᠨ ᠬᠥᠮᠦᠵᠢᠯ᠂ ᠵᠢᠭᠠᠨ ᠰᠤᠷᠭᠠᠯᠲᠠ ᠶᠢᠨ | ᠬᠡᠮᠵᠢᠭᠦᠷᠯᠢᠭ ᠲᠣᠨᠤᠭ ᠲᠥᠬᠦᠭᠡᠷᠦᠮᠵᠢ ᠪᠠ ᠲᠤᠷᠰᠢᠯᠲᠠ ᠶᠢᠨ ᠵᠢᠭᠠᠨ ᠰᠤᠷᠭᠠᠯᠲᠠ ᠵᠡᠷᠭᠡ ᠠᠵᠢᠯ ᠢ ᠵᠢᠯᠤᠭᠤᠳᠴᠤ᠂ ᠤᠳᠤ ᠦᠶ᠎ᠡ ᠶᠢᠨ ᠰᠤᠷᠭᠠᠨ ᠬᠥᠮᠦᠵᠢᠯ ᠤᠨ | ᠮᠡᠷᠭᠡᠵᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | (ᠶᠢᠰᠦ) ᠳᠤᠮᠳᠠᠳᠤ ᠵᠡᠷᠭᠡ ᠶᠢᠨ ᠪᠠ ᠲᠡᠭᠦᠨ ᠠᠴᠠ ᠳᠣᠷᠣᠭᠰᠢᠬᠢ ᠡᠯ᠎ᠡ ᠱᠠᠲᠤᠨ ᠤ ᠡᠯ᠎ᠡ ᠲᠤᠶᠢᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ | ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ︔ ᠳᠤᠮᠳᠠᠳᠤ | ᠵᠡᠷᠭᠡ ᠠᠴᠠ ᠳᠣᠷᠣᠭᠰᠢᠬᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠵᠠᠬᠢᠷᠤᠯ ᠢ ᠦᠷᠭᠦᠯᠵᠢᠯᠡᠨ ᠰᠤᠷᠭᠠᠨ ᠬᠥᠮᠥᠵᠢᠭᠦᠯᠬᠦ | ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ︔ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠬᠡᠮ ᠢ | ᠨᠤᠲᠠᠯᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ | ︵ᠠᠷᠪᠠ︶ ᠪᠥᠬᠦ ᠬᠤᠰᠢᠭᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠢ ᠬᠠᠷᠢᠭᠤᠴᠠᠨ ᠵᠣᠬᠢᠶᠠᠨ | ᠪᠠᠶᠢᠭᠤᠯᠵᠤ ᠬᠠᠮᠢᠶᠠᠷᠤᠨ᠎ᠠ︔ ᠡᠩ ᠤᠨ ᠳᠡᠭᠡᠳᠦ ᠰᠤᠷᠭᠠᠭᠤᠯᠢ᠂ ᠨᠠᠰᠤᠨ ᠳᠤ ᠭᠦᠷᠦᠭᠰᠡᠳ ᠤᠨ ᠰᠤᠷᠭᠠᠭᠤᠯᠢ᠂ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ᠂ ᠡᠯᠰᠡᠬᠦ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ︔ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠡᠭᠦᠰᠦᠭᠰᠡᠨ ᠰᠣᠷᠣᠭᠴᠢ᠂ ᠳᠤᠮᠳᠠ ᠵᠡᠷᠭᠡ ᠶᠢᠨ ᠪᠠᠭᠰᠢ ᠶᠢᠨ ᠰᠤᠷᠭᠠᠭᠤᠯᠢ | ᠲᠡᠭᠦᠰᠦᠭᠰᠡᠨ ᠰᠣᠷᠣᠭᠴᠢᠳ ᠤᠨ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ︔ ᠡᠩ ᠤᠨ ᠳᠡᠭᠡᠳᠦ ᠰᠤᠷᠭᠠᠭᠤᠯᠢ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢ ᠲᠡᠳᠬᠦᠬᠦ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ︵ᠠᠷᠪᠠᠨ ᠨᠢᠭᠡ︶ ᠦᠭᠡ ᠬᠡᠯᠡ ᠥᠰᠥᠭ ᠪᠢᠴᠢᠭ ᠤᠨ ᠠᠵᠢᠯ ᠤᠨ ᠲᠤᠬᠠᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠲᠠᠳ ᠦᠭᠡ ᠬᠡᠯᠡ ᠥᠰᠥᠭ ᠪᠢᠴᠢᠭ ᠤᠨ | ᠵᠢᠷᠤᠮᠵᠢᠯ ᠪᠣᠯᠣᠨ ᠪᠠᠷᠢᠮᠵᠢᠶ᠎ᠠ ᠶᠢᠨ ᠬᠡᠷᠡᠭᠯᠡᠯᠲᠡ ᠶᠢ ᠵᠣᠬᠢᠴᠠᠭᠤᠯᠵᠤ᠂ ᠵᠢᠯᠤᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ᠄ | ︵ᠨᠢᠭᠡ︶ ᠠᠵᠢᠯᠲᠠᠨ ᠤ ᠶᠠᠪᠤᠳᠠᠯ ᠤᠨ ᠪᠠᠭᠰᠢ ᠶᠢᠨ ᠲᠠᠰᠤᠭ | ᠲᠣᠪᠴᠢᠶ᠎ᠠ ᠶᠢᠨ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ | ᠺᠠᠳ᠋ᠷ ᠤᠨ ᠬᠠᠮᠢᠶᠠᠷᠤᠯᠲᠠ ᠪᠠ ᠬᠥᠮᠦᠵᠢᠯ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ︔ ᠪᠠᠭᠰᠢ ᠶᠢᠨ ᠲᠤᠰᠬᠠᠢ ᠮᠡᠷᠭᠡᠵᠢᠯ ᠤᠨ ᠲᠤᠰᠢᠶᠠᠯ ᠢ ᠬᠢᠨᠠᠨ ᠲᠣᠭᠲᠠᠭᠠᠬᠤ | ᠠᠵᠢᠯ ᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠡᠩ ᠤᠨ ᠳᠡᠭᠡᠳᠦ ᠵᠡᠷᠭᠡ ᠶᠢᠨ ᠪᠠᠭᠰᠢ ᠶᠢᠨ ᠰᠤᠷᠭᠠᠭᠤᠯᠢ᠂ ᠳᠤᠮᠳᠠᠳᠤ ᠵᠡᠷᠭᠡ ᠶᠢᠨ | ᠪᠠᠭᠰᠢ ᠶᠢᠨ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠤᠨ ᠲᠠᠩᠰᠠ ᠡᠪᠬᠡᠮᠡᠯ ᠤᠨ ᠬᠠᠮᠢᠶᠠᠷᠤᠯᠲᠠ᠂ ᠲᠡᠭᠦᠰᠦᠭᠰᠡᠨ ᠰᠣᠷᠣᠭᠴᠢ ᠤᠨ ᠨᠡᠷ᠎ᠡ ᠮᠡᠳᠡᠭᠦᠯᠬᠦ᠂ ᠠᠵᠢᠯ | ᠣᠯᠬᠤ ᠶᠢ ᠵᠢᠯᠤᠭᠤᠳᠬᠤ ᠵᠡᠷᠭᠡ ᠠᠵᠢᠯ ᠢ ᠬᠠᠷᠢᠭᠤᠴᠠᠨ᠎ᠠ︔ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠺᠠᠳ᠋ᠷ ᠤᠨ ᠬᠠᠮᠢᠶᠠᠷᠤᠯᠲᠠ ᠪᠠ | ᠵᠠᠩᠭᠢᠯᠠᠭ᠎ᠠ ᠶᠢᠨ ᠺᠠᠳ᠋ᠷ ᠢ ᠲᠣᠮᠢᠯᠠᠬᠤ ᠠᠵᠢᠯ ᠢ ᠬᠠᠷᠢᠭᠤᠴᠠᠨ᠎ᠠ︔ ᠨᠡᠷ᠎ᠡ ᠳᠤᠷᠠᠳᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠳᠤ ᠬᠢᠨᠠᠨ ᠪᠠᠶᠢᠴᠠᠭᠠᠯᠲᠠ | ᠬᠢᠬᠦ ᠶᠢ ᠬᠠᠷᠢᠭᠤᠴᠠᠨ᠎ᠠ᠃ | ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠪᠠᠭᠰᠢ ᠶᠢᠨ ᠪᠣᠯᠪᠠᠰᠤᠷᠠᠯ ᠤᠨ ᠪᠠᠢᠭᠤᠯᠤᠮᠵᠢ ᠶᠢᠨ ᠰᠤᠷᠭᠠᠨ ᠬᠥᠮᠦᠵᠢᠯ ᠵᠢᠭᠠᠨ ᠰᠤᠷᠭᠠᠬᠤ | ᠠᠵᠢᠯ ᠢ ᠵᠢᠯᠣᠭᠤᠳᠤᠨ ᠬᠠᠮᠢᠶᠠᠷᠬᠤ ᠶᠢ ᠬᠠᠷᠢᠭᠤᠴᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠯ ᠢ ᠬᠠᠷᠢᠭᠤᠴᠠᠨ᠎ᠠ︔ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠦᠷᠭᠦᠯᠵᠢᠯᠡᠭᠰᠡᠨ ᠰᠤᠷᠭᠠᠨ ᠬᠥᠮᠦᠵᠢᠯ ᠪᠠ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ | ᠥᠷᠨᠢᠭᠦᠯᠦᠨ᠎ᠡ︔ ᠰᠤᠷᠭᠠᠨ ᠬᠥᠮᠦᠵᠢᠯ ᠤᠨ ᠭᠠᠳᠠᠭᠠᠳᠤ ᠰᠣᠯᠢᠯᠴᠠᠭᠠᠨ ᠤ ᠠᠵᠢᠯ ᠢ ᠬᠠᠷᠢᠭᠤᠴᠠᠨ᠎ᠠ︔ ᠬᠢᠲᠠᠳ ᠦᠭᠡ ᠬᠡᠯᠡ ᠦᠰᠦᠭ ᠪᠢᠴᠢᠭ ᠤᠨ ᠳᠦᠷᠢᠮᠵᠢᠯ ᠪᠠ | ᠪᠠᠷᠢᠮᠵᠢᠶ᠎ᠠ ᠶᠢᠨ ᠬᠡᠷᠡᠭᠯᠡᠯᠲᠡ ᠶᠢ ᠵᠢᠯᠤᠭᠤᠳᠬᠤ ᠪᠠ ᠬᠢᠨᠠᠵᠤ ᠪᠠᠶᠢᠴᠠᠭᠠᠨ᠎ᠠ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠤᠶᠢᠲᠤ ᠲᠠᠯ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6603589 | ᠠᠵᠢᠯᠯᠠᠬᠤ ᠴᠠᠭ᠄ ᠵᠣᠨ ᠤ ᠤᠯᠠᠷᠢᠯ ᠤᠨ 9᠄ 00 ︱ 12᠄ 00᠂ 14᠄ 30 ︱ 17᠄ 30᠂ ᠡᠪᠦᠯ ᠤᠨ ᠤᠯᠠᠷᠢᠯ ᠤᠨ 9᠄ 00 ︱ | 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠰᠤᠷᠭᠠᠯᠲᠤ | ᠰᠦᠯᠵᠢᠶᠡᠨ ᠤ ᠬᠠᠶ᠋ᠢᠭ᠄ http://www.xzq.gov.cn/OpennessContent/showList/751/0/page_1.html | | ︵ᠬᠤᠶᠠᠷ︶ ᠲᠥᠯᠥᠪᠯᠡᠭᠡᠲᠦ ᠡᠳ᠋ ᠤᠨ ᠶᠠᠪᠤᠳᠠᠯ ᠤᠨ ᠲᠠᠰᠤᠭ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ | ᠬᠠᠷᠢᠭᠤᠴᠠᠨ᠎ᠠ︔ ᠰᠤᠷᠭᠠᠨ ᠬᠥᠮᠦᠵᠢᠯ ᠤᠨ ᠰᠢᠰᠲ᠋ᠧᠮ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ︔ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠬᠦ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠵᠠᠷᠤᠳᠠᠯ ᠤᠨ ᠲᠥᠰᠥᠪ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ | ᠡᠯ᠎ᠡ ᠵᠦᠢᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ ᠬᠡᠷᠡᠭᠯᠡᠯᠲᠡ ᠶᠢ ᠬᠠᠮᠢᠶᠠᠷᠤᠨ᠎ᠠ︔ ᠲᠣᠪᠴᠢᠶ᠎ᠠ ᠶᠢᠨ ᠪᠠᠶᠢᠭᠤᠯᠭ᠎ᠠ ᠪᠠ ᠰᠢᠭᠤᠳ | ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ︔ᠰᠤᠷᠭᠠᠨ | ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠵᠢᠯᠣᠭᠤᠳᠤᠨ ᠬᠠᠮᠢᠶᠠᠷᠤᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ | ᠰᠢᠰᠲ᠋ᠧᠮ ᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠲᠤᠬᠠᠶᠢᠯᠠᠭᠰᠠᠨ ᠠᠵᠢᠯ ᠢ ᠬᠠᠷᠢᠭᠤᠴᠠᠨ | ᠵᠢᠯᠣᠭᠤᠳᠤᠨ᠎ᠠ᠃ ᠡᠯ᠎ᠡ ᠲᠥᠷᠥᠯ ᠤᠨ ᠰᠤᠷᠤᠯᠭ᠎ᠠ ᠶᠢᠨ ᠵᠢᠭᠡᠯᠡᠯᠭᠡ ᠶᠢᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠢᠨᠠᠨ ᠬᠠᠷᠭᠤᠭᠤᠯᠵᠤ ᠣᠯᠭᠤᠬᠤ | ᠠᠵᠢᠯ ᠢ ᠬᠠᠷᠢᠭᠤᠴᠠᠨ᠎ᠠ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠤᠶᠢᠲᠤ ᠲᠠᠯ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6603589 | ᠠᠵᠢᠯᠯᠠᠬᠤ ᠴᠠᠭ᠄ ᠵᠣᠨ ᠤ ᠤᠯᠠᠷᠢᠯ ᠤᠨ 9᠄ 00 ︱ 12᠄ 00᠂ 14᠄ 30 ︱ 17᠄ 30᠂ ᠡᠪᠦᠯ ᠤᠨ ᠤᠯᠠᠷᠢᠯ ᠤᠨ 9᠄ 00 ︱ | 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠴᠦᠨ ᠭᠤᠸᠠᠩ | ᠰᠦᠯᠵᠢᠶᠡᠨ ᠤ ᠬᠠᠶ᠋ᠢᠭ᠄ http://www.xzq.gov.cn/OpennessContent/showList/751/0/page_1.html | ︵ᠭᠤᠷᠪᠠ︶ ᠰᠠᠭᠤᠷᠢ ᠰᠤᠷᠭᠠᠨ ᠬᠥᠮᠦᠵᠢᠯ ᠤᠨ ᠳᠠᠰᠤᠭ | ᠰᠠᠭᠤᠷᠢ ᠰᠤᠷᠭᠠᠨ ᠬᠥᠮᠦᠵᠢᠯ ᠢ ᠬᠥᠭᠵᠢᠭᠦᠯᠬᠦ ᠲᠥᠯᠦᠪᠵᠢᠭᠦᠯᠭᠡ ᠶᠢ ᠲᠣᠭᠲᠠᠭᠠᠨ᠎ᠠ︔ ᠰᠠᠭᠤᠷᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ︔ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠤᠭᠤᠳᠴᠤ᠂ ᠰᠠᠭᠤᠷᠢ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ᠂ ᠬᠠᠮᠢᠶᠠᠷᠤᠯᠲᠠ ᠶᠢᠨ ᠦᠨᠳᠦᠰᠦᠨ ᠪᠢᠴᠢᠭ ᠮᠠᠲ᠋ᠧᠷᠢᠶᠠᠯ ᠵᠢᠴᠢ ᠦᠨᠡᠯᠡᠨ ᠵᠢᠱᠢᠬᠦ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ︔ ᠰᠠᠭᠤᠷᠢ ᠰᠤᠷᠭᠠᠨ | ᠬᠥᠮᠦᠵᠢᠯ ᠤᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠰᠤᠷᠭᠠᠭᠤᠯᠢ ᠶᠢᠨ | ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ ᠰᠤᠷᠭᠠᠨ ᠬᠥᠮᠦᠵᠢᠯ ᠢ ᠵᠢᠯᠣᠭᠤᠳᠤᠨ᠎ᠠ︔ ᠰᠠᠭᠤᠷᠢ ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠢᠷᠢ | ᠲᠦᠪᠰᠢᠨ ᠤ ᠰᠢᠯᠭᠠᠯᠲᠠ ᠶᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠬᠦ ᠪᠠ ᠬᠠᠮᠢᠶᠠᠷᠬᠤ ᠠᠵᠢᠯ ᠢ | ᠵᠢᠷᠤᠮᠵᠢᠭᠤᠯᠤᠨ᠎ᠠ᠃ | ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠦᠨᠳᠦᠰᠦᠲᠡᠨ ᠤ ᠰᠤᠷᠭᠠᠨ | ᠬᠥᠮᠦᠵᠢᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠦᠨᠳᠦᠰᠦᠲᠡᠨ ᠤ ᠰᠤᠷᠭᠠᠨ ᠬᠥᠮᠦᠵᠢᠯ ᠤᠨ ᠬᠠᠮᠢᠶ᠎ᠠ ᠪᠦᠬᠦᠢ | ᠠᠵᠢᠯ ᠢ ᠶᠡᠷᠦᠩᠬᠡᠶᠢᠯᠡᠨ ᠬᠠᠮᠢᠶᠠᠷᠴᠤ ᠵᠣᠬᠢᠴᠠᠭᠤᠯᠤᠨ᠎ᠠ︔ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠰᠤᠷᠭᠠᠨ ᠬᠥᠮᠦᠵᠢᠯ ᠤᠨ | ᠵᠢᠭᠠᠨ ᠰᠤᠷᠭᠠᠬᠤ ᠠᠵᠢᠯ ᠢ ᠵᠢᠯᠣᠭᠤᠳᠤᠨ᠎ᠠ︔ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ︔ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠠᠮᠢᠶᠠᠷᠤᠯᠲᠠ ᠪᠠ ᠪᠣᠯᠪᠠᠰᠤᠷᠠᠯ ᠤᠨ ᠠᠵᠢᠯ ᠳᠤ ᠣᠷᠣᠯᠴᠠᠨ᠎ᠠ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠤᠶᠢᠲᠤ ᠲᠠᠯ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6603589 | ᠠᠵᠢᠯᠯᠠᠬᠤ ᠴᠠᠭ᠄ ᠵᠣᠨ ᠤ ᠤᠯᠠᠷᠢᠯ ᠤᠨ 9᠄ 00 ︱ 12᠄ 00᠂ 14᠄ 30 ︱ 17᠄ 30᠂ ᠡᠪᠦᠯ ᠤᠨ ᠤᠯᠠᠷᠢᠯ ᠤᠨ 9᠄ 00 ︱ | 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠵᠣᠷᠢᠭᠲᠤ | ᠰᠦᠯᠵᠢᠶᠡᠨ ᠤ ᠬᠠᠶ᠋ᠢᠭ᠄ http://www.xzq.gov.cn/OpennessContent/showList/751/0/page_1.html | ︵ᠳᠥᠷᠪᠡ︶ ᠨᠠᠰᠤᠨ ᠳᠤ ᠬᠥᠷᠥᠭᠰᠡᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠰᠤᠭ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠢ ᠬᠥᠭᠵᠢᠭᠦᠯᠬᠦ ᠲᠥᠯᠦᠪᠵᠢᠭᠦᠯᠭᠡ ᠶᠢ ᠲᠣᠭᠲᠠᠭᠠᠬᠤ | ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠢ ᠵᠢᠯᠤᠭᠤᠳᠴᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ | ᠲᠣᠭᠲᠠᠭᠠᠬᠤ ᠶᠢᠨ ᠬᠠᠮᠲᠤ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠴᠢᠩᠭ᠎ᠠ ᠵᠢᠷᠤᠮᠯᠠᠨ ᠬᠢᠨᠠᠨ ᠵᠢᠯᠤᠭᠤᠳᠴᠤ ᠦᠨᠡᠯᠡᠨ ᠵᠢᠱᠢᠬᠦ ᠠᠵᠢᠯ ᠢ | ᠥᠷᠨᠢᠭᠦᠯᠦᠨ᠎ᠡ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠪᠠᠭᠰᠢ ᠶᠢᠨ ᠪᠣᠯᠪᠠᠰᠤᠷᠠᠯ ᠤᠨ ᠠᠵᠢᠯ ᠢ | ᠬᠠᠷᠢᠭᠤᠴᠠᠨ᠎ᠠ︔ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ | ᠵᠢᠴᠢ ᠡᠯ᠎ᠡ ᠲᠥᠷᠥᠯ ᠤᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠤᠶᠢᠲᠤ ᠲᠠᠯ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6603589 | ᠠᠵᠢᠯᠯᠠᠬᠤ ᠴᠠᠭ᠄ ᠵᠣᠨ ᠤ ᠤᠯᠠᠷᠢᠯ ᠤᠨ 9᠄ 00 ︱ 12᠄ 00᠂ 14᠄ 30 ︱ 17᠄ 30᠂ ᠡᠪᠦᠯ ᠤᠨ ᠤᠯᠠᠷᠢᠯ ᠤᠨ 9᠄ 00 ︱ | 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠬᠡᠷᠡᠯᠳᠦ | ᠰᠦᠯᠵᠢᠶᠡᠨ ᠤ ᠬᠠᠶ᠋ᠢᠭ᠄ http://www.xzq.gov.cn/OpennessContent/showList/751/0/page_1.html | ︵ᠲᠠᠪᠤ︶ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠰᠤᠷᠭᠠᠨ ᠬᠥᠮᠦᠵᠢᠯ ᠤᠨ ᠳᠠᠰᠤᠭ | ᠡᠯ᠎ᠡ ᠱᠠᠲᠤᠨ ᠤ ᠡᠯ᠎ᠡ ᠲᠦᠷᠦᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠪᠠ ᠤᠷᠠᠯᠢᠭ ᠤᠨ ᠰᠤᠷᠭᠠᠨ | ᠬᠥᠮᠦᠵᠢᠯ ᠤᠨ ᠠᠵᠢᠯ ᠢ ᠵᠢᠯᠤᠭᠤᠳᠴᠤ᠂ ᠬᠤᠯᠪᠣᠭᠳᠠᠯ ᠪᠦᠬᠦᠢ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠨ᠎ᠠ︔ ᠡᠯ᠎ᠡ ᠲᠦᠷᠦᠯ ᠤᠨ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠤᠷᠠᠯᠢᠭ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠠᠮᠢᠶᠠᠷᠤᠨ᠎ᠠ︔ ᠳᠤᠮᠳᠠᠳᠤ ᠵᠡᠷᠭᠡ ᠶᠢᠨ ᠪᠠ | ᠳᠤᠮᠳᠠᠳᠤ ᠵᠡᠷᠭᠡ ᠠᠴᠠ ᠳᠣᠷᠣᠭᠰᠢᠬᠢ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠲᠤᠰᠬᠠᠢ ᠮᠡᠷᠭᠡᠵᠢᠯ ᠤᠨ ᠪᠠᠭᠰᠢ ᠶᠢᠨ ᠪᠣᠯᠪᠠᠰᠤᠷᠠᠭᠤᠯᠤᠯ ᠢ ᠵᠢᠯᠣᠭᠤᠳᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ | ᠵᠣᠬᠢᠴᠠᠭᠤᠯᠵᠤ ᠪᠠᠶᠢᠭᠠᠳ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠠ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ | ᠠᠵᠢᠯ ᠢ ᠥᠷᠨᠢᠭᠦᠯᠦᠨ᠎ᠡ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯᠣᠨ ᠣᠨᠴᠠᠭᠠᠶ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠲᠣᠭᠲᠠᠭᠠᠨ᠎ᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠣᠨᠴᠠᠭᠠᠶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠨᠳᠦᠰᠦᠨ | ᠱᠠᠭᠠᠷᠳᠠᠯᠭ᠎ᠠ ᠶᠢ ᠲᠤᠭᠤᠷᠪᠢᠨ ᠲᠣᠭᠲᠠᠭᠠᠨ᠎ᠠ︔ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠣᠨᠴᠠᠭᠠᠶ ᠰᠤᠷᠭᠠᠨ | ᠬᠥᠮᠦᠵᠢᠯ ᠤᠨ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯᠣᠨ ᠣᠨᠴᠠᠭᠠᠶ ᠰᠤᠷᠭᠠᠨ ᠬᠥᠮᠦᠵᠢᠯ᠂ ᠵᠢᠭᠠᠨ | ᠰᠤᠷᠭᠠᠬᠤ ᠰᠤᠳᠤᠯᠭᠠᠨ ᠤ ᠠᠵᠢᠯ ᠪᠣᠯᠣᠨ ᠪᠠᠭᠰᠢ ᠨᠠᠷ ᠢ ᠪᠣᠯᠪᠠᠰᠣᠷᠠᠭᠤᠯᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠤᠶᠢᠲᠤ ᠲᠠᠯ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6603589 | ᠠᠵᠢᠯᠯᠠᠬᠤ ᠴᠠᠭ᠄ ᠵᠣᠨ ᠤ ᠤᠯᠠᠷᠢᠯ ᠤᠨ 9᠄ 00 ︱ 12᠄ 00᠂ 14᠄ 30 ︱ 17᠄ 30᠂ ᠡᠪᠦᠯ ᠤᠨ ᠤᠯᠠᠷᠢᠯ ᠤᠨ 9᠄ 00 ︱ | 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠦ᠋ ᠴᠦᠨ ᠶᠠᠩ | ᠰᠦᠯᠵᠢᠶᠡᠨ ᠤ ᠬᠠᠶ᠋ᠢᠭ᠄ http://www.xzq.gov.cn/OpennessContent/showList/751/0/page_1.html | ︵ᠵᠢᠷᠭᠤᠭ᠎ᠠ︶ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠰᠤᠭ | ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠵᠢᠯᠣᠭᠤᠳᠤᠨ ᠠᠮᠤᠷ ᠲᠦᠪᠰᠢᠨ ᠤ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ ᠶᠢ ᠪᠦᠷᠢᠨᠰᠢᠭᠦᠯᠵᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠨ᠂ ᠠᠳᠡᠯ ᠢ ᠤᠷᠢᠳᠴᠢᠯᠠᠨ ᠰᠡᠷᠭᠡᠶᠢᠯᠡᠬᠦ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠠᠮᠤᠷ ᠲᠦᠪᠰᠢᠨ ᠤ ᠠᠵᠢᠯ ᠤᠨ ᠬᠠᠮᠢᠶᠠᠷᠤᠯᠲᠠ ᠶᠢᠨ ᠲᠦᠪᠰᠢᠨ ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ︔ ᠪᠥᠬᠦ ᠬᠤᠰᠢᠭᠤᠨ ᠤ ᠳᠤᠮᠳᠠᠳᠤ | ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠠᠵᠢᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠵᠢᠯᠤᠭᠤᠳᠴᠤ᠂ ᠠᠮᠤᠷ | ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ ᠠᠳᠡᠯ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠠᠵᠢᠯ ᠤᠨ ᠵᠢᠷᠤᠮᠵᠢᠯ ᠲᠠᠢ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ︔ ᠡᠡ᠊ᠨᠳᠡᠯ ᠭᠠᠷᠤᠭᠰᠠᠨ ᠤ ᠲᠠᠷᠠᠭ᠎ᠠ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠢ ᠬᠡᠷᠡᠭᠵᠢᠭᠦᠯᠵᠦ᠂ ᠦᠬᠦᠵᠦ ᠰᠢᠷᠬᠠᠲᠤᠭᠰᠠᠨ ᠬᠥᠮᠥᠰ ᠢ ᠠᠪᠤᠷᠠᠨ ᠵᠠᠰᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠵᠢᠯ ᠢ ᠬᠢᠨ᠎ᠡ︔ ᠪᠥᠬᠦ | ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠤᠬᠠᠭᠤᠯᠭ᠎ᠠ᠂ ᠰᠤᠷᠭᠠᠨ ᠬᠥᠮᠦᠵᠢᠯ᠂ ᠪᠣᠯᠪᠠᠰᠤᠷᠠᠭᠤᠯᠤᠯ ᠢ | ᠥᠷᠨᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠢ ᠭᠦᠢᠴᠡᠳ ᠨᠡᠭᠡᠭᠡᠵᠦ᠂ ᠪᠠᠭᠰᠢ ᠰᠤᠷᠤᠭᠴᠢᠳ ᠤᠨ | ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠤᠰᠢᠭᠤᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠢ ᠬᠠᠪᠰᠤᠷᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠨ᠎ᠡ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠠᠮᠤᠷ ᠲᠦᠪᠰᠢᠨ ᠤ ᠠᠳᠡᠯ ᠤᠨ ᠪᠠᠶᠢᠳᠠᠯ ᠢ ᠮᠡᠳᠡᠭᠡᠯᠡᠬᠦ ᠵᠢᠴᠢ ᠲᠤᠭ᠎ᠠ ᠪᠠᠷᠢᠮᠲᠠ ᠶᠢ ᠨᠡᠶᠢᠲᠡᠯᠡᠬᠦ ᠠᠵᠢᠯ ᠢ ᠬᠠᠷᠢᠭᠤᠴᠠᠵᠤ᠂ ᠶᠡᠷᠦᠩᠬᠡᠶᠢᠯᠡᠭᠰᠡᠨ | ᠴᠢᠨᠠᠷᠲᠠᠢ ᠠᠮᠤᠷ ᠲᠦᠪᠰᠢᠨ ᠤ ᠪᠠᠶᠢᠴᠠᠭᠠᠯᠲᠠ ᠪᠠ ᠦᠨᠡᠯᠡᠨ ᠵᠢᠱᠢᠬᠦ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠤᠶᠢᠲᠤ ᠲᠠᠯ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6603589 | ᠠᠵᠢᠯᠯᠠᠬᠤ ᠴᠠᠭ᠄ ᠵᠣᠨ ᠤ ᠤᠯᠠᠷᠢᠯ ᠤᠨ 9᠄ 00 ︱ 12᠄ 00᠂ 14᠄ 30 ︱ 17᠄ 30᠂ ᠡᠪᠦᠯ ᠤᠨ ᠤᠯᠠᠷᠢᠯ ᠤᠨ 9᠄ 00 ︱ | 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠬᠠᠢ ᠭᠤᠸᠠᠩ | ᠰᠦᠯᠵᠢᠶᠡᠨ ᠤ ᠬᠠᠶ᠋ᠢᠭ᠄ http://www.xzq.gov.cn/OpennessContent/showList/751/0/page_1.html | ᠭᠤᠷᠪᠠ᠂ ᠬᠠᠷᠢᠶ᠎ᠠ ᠪᠠᠶᠢᠭᠤᠯᠤᠮᠵᠢ | ︵ᠨᠢᠭᠡ︶ ᠰᠤᠷᠭᠠᠨ ᠬᠥᠮᠦᠵᠢᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠃ | 1.ᠰᠤᠷᠭᠠᠨ ᠬᠥᠮᠦᠵᠢᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠂ | ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠲᠠᠰᠤᠭ ᠤᠨ ᠲᠠᠰ ᠲᠠᠢ ᠲᠡᠩᠴᠡᠨ᠎ᠡ᠃ | 2.ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠪᠣᠯ ᠤᠯᠤᠰ ᠠᠴᠠ ᠰᠣᠷᠣᠭᠴᠢᠳ ᠢ ᠵᠣᠭᠤᠰ ᠢᠶᠠᠷ ᠲᠤᠰᠠᠯᠠᠬᠤ ᠲᠤᠬᠠᠢ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠰᠣᠷᠣᠭᠴᠢᠳ ᠢ ᠵᠣᠭᠤᠰ ᠢᠶᠠᠷ ᠲᠤᠰᠠᠯᠠᠬᠤ ᠠᠵᠢᠯ ᠢ ᠡᠭᠦᠷᠭᠡᠯᠡᠨ᠎ᠡ︔ ᠵᠣᠭᠤᠰ ᠢᠶᠠᠷ ᠲᠤᠰᠠᠯᠠᠬᠤ | ᠲᠥᠷᠥ ᠶᠢᠨ ᠪᠣᠳᠣᠯᠭ᠎ᠠ ᠪᠠ ᠵᠣᠭᠤᠰ ᠢᠶᠠᠷ ᠲᠤᠰᠠᠯᠠᠬᠤ ᠦᠷ᠎ᠡ ᠪᠦᠲᠦᠮᠵᠢ ᠶᠢᠨ ᠤᠬᠠᠭᠤᠯᠭ᠎ᠠ ᠶᠢ ᠥᠷᠨᠢᠭᠦᠯᠵᠦ᠂ ᠨᠠᠷᠢᠯᠢᠭ ᠣᠨᠣᠴᠠᠲᠠᠢ ᠪᠠᠷ ᠵᠣᠭᠤᠰ ᠢᠶᠠᠷ | ᠲᠤᠰᠠᠯᠠᠬᠤ ᠪᠠ ᠬᠥᠮᠥᠨ ᠢ ᠲᠤᠰᠠᠯᠠᠨ ᠬᠥᠮᠥᠵᠢᠭᠦᠯᠬᠦ ᠬᠠᠮᠢᠶ᠎ᠠ ᠪᠦᠬᠦᠢ ᠠᠵᠢᠯ ᠢ ᠠᠬᠢᠭᠤᠯᠤᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠶᠠᠳᠠᠭᠤ ᠬᠦᠴᠢᠷᠳᠡᠯᠲᠡᠢ | ᠣᠶᠤᠲᠠᠳ ᠤᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠬᠠᠷᠢᠭᠤᠴᠠᠨ᠂ ᠬᠤᠭᠤᠴᠠᠭ᠎ᠠ ᠨᠢ ᠲᠤᠯᠤᠭᠰᠠᠨ | ᠵᠢᠭᠡᠯᠡᠯᠭᠡ ᠶᠢ ᠨᠡᠬᠡᠮᠵᠢᠯᠡᠨ ᠬᠤᠷᠢᠶᠠᠵᠤ᠂ ᠵᠢᠭᠡᠯᠡᠯᠭᠡ ᠪᠤᠴᠠᠭᠠᠬᠤ ᠠᠪᠤᠷᠠᠨ ᠲᠤᠰᠠᠯᠠᠬᠤ ᠮᠥᠩᠭᠦ ᠶᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠡᠭᠦᠷᠭᠡᠯᠡᠨ᠎ᠡ᠃ ᠡᠩ ᠤᠨ | ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ᠂ ᠠᠰᠫᠢᠷᠠᠨᠲ ᠡᠯᠰᠡᠬᠦ ᠰᠢᠯᠭᠠᠯᠲᠠ᠂ ᠨᠠᠰᠤᠨ ᠳᠤ ᠭᠦᠷᠦᠭᠰᠡᠳ ᠤᠨ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠢᠶᠠᠨ ᠰᠤᠷᠬᠤ ᠰᠢᠯᠭᠠᠯᠲᠠ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ | ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠶᠠᠪᠤᠳᠠᠯ᠂ ᠰᠣᠷᠣᠭᠴᠢ ᠡᠯᠰᠡᠵᠦ ᠡᠯᠰᠡᠬᠦ ᠵᠡᠷᠭᠡ ᠵᠣᠬᠢᠶᠠᠨ ᠪᠠᠶᠢᠭᠤᠯᠤᠨ ᠶᠠᠪᠤᠭᠳᠠᠭᠤᠯᠬᠤ ᠠᠵᠢᠯ ᠢ | ᠬᠠᠷᠢᠭᠤᠴᠠᠨ᠎ᠠ᠃ ᠪᠠᠭᠰᠢ ᠶᠢᠨ ᠬᠢᠷᠢ ᠬᠡᠮ ᠤᠨ ᠰᠢᠯᠭᠠᠯᠲᠠ᠂ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠡᠯᠰᠡᠬᠦ ᠰᠢᠯᠭᠠᠯᠲᠠ᠂ ᠪᠠᠭᠰᠢ ᠶᠢ ᠢᠯᠡ ᠪᠠᠷ ᠡᠯᠰᠡᠬᠦ | ᠰᠢᠯᠭᠠᠯᠲᠠ ᠵᠡᠷᠭᠡ ᠨᠡᠶᠢᠭᠡᠮ ᠤᠨ ᠲᠥᠷᠥᠯ ᠤᠨ ᠰᠢᠯᠭᠠᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠬᠤᠰᠢᠭᠤᠨ ᠤ ᠰᠣᠷᠣᠭᠴᠢ ᠡᠯᠰᠡᠬᠦ ᠰᠢᠯᠭᠠᠯᠲᠠ ᠶᠢᠨ | ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠬᠢᠯᠭᠡᠭᠰᠡᠨ ᠬᠤᠯᠪᠣᠭᠳᠠᠯ ᠪᠦᠬᠦᠢ | ᠪᠤᠰᠤᠳ ᠠᠵᠢᠯ ᠢ ᠡᠭᠦᠷᠭᠡᠯᠡᠨ᠎ᠡ᠃ ᠰᠢᠨ᠎ᠡ ᠪᠠᠷᠭᠤ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ | ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠦᠨᠳᠦᠰᠦᠨ ᠱᠤᠭᠤᠮ ᠢᠶᠠᠷ ᠨᠢᠭᠲᠠ ᠭᠤᠣᠯᠯᠠᠭᠤᠯᠤᠨ᠂ ᠰᠢᠨ᠎ᠡ ᠪᠠᠷᠭᠤ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠠᠵᠢᠯ ᠤᠨ ᠡᠭᠦᠷᠭᠡ ᠪᠠ ᠣᠨᠴᠠᠯᠢᠭ ᠲᠠᠢ ᠤᠶᠠᠯᠳᠤᠭᠤᠯᠤᠨ᠂ ᠨᠠᠮ ᠤᠨ ᠦᠵᠡᠯ ᠰᠠᠨᠠᠭ᠎ᠠ᠂ ᠵᠣᠬᠢᠶᠠᠨ | ᠪᠠᠶᠢᠭᠤᠯᠤᠯᠲᠠ ᠪᠠ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠨᠠᠮ ᠤᠨ | ᠦᠵᠡᠯ ᠰᠠᠨᠠᠭ᠎ᠠ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ | ᠪᠠᠷᠢᠮᠲᠠᠯᠠᠨ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ᠦᠰᠦᠨ ᠪᠤᠶᠢᠵᠢᠯᠲᠠ ᠳᠤ ᠦᠢᠯᠡᠴᠢᠯᠡᠨ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠰᠤᠷᠭᠠᠨ ᠬᠥᠮᠦᠵᠢᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠠᠵᠢᠯ ᠦᠢᠯᠡᠰ ᠤᠨ ᠣᠷᠣᠨ ᠲᠤᠭ᠎ᠠ 5 ᠬᠥᠮᠥᠨ᠂ ᠡᠭᠦᠨ ᠳᠤ᠄ | ᠬᠠᠮᠢᠶᠠᠷᠤᠯᠲᠠ ᠶᠢᠨ ᠠᠵᠢᠯᠲᠠᠨ ᠤ ᠣᠷᠣᠨ ᠲᠤᠭ᠎ᠠ 1 ᠬᠥᠮᠥᠨ᠂ ᠲᠤᠰᠬᠠᠢ ᠮᠡᠷᠭᠡᠵᠢᠯ ᠤᠨ ᠠᠵᠢᠯᠲᠠᠨ ᠤ ᠣᠷᠣᠨ ᠲᠤᠭ᠎ᠠ 4 ᠬᠥᠮᠥᠨ ᠪᠣᠶ᠃ ᠲᠠᠰᠤᠭ ᠤᠨ ᠲᠠᠰ ᠤᠨ | ᠤᠳᠤᠷᠢᠳᠬᠤ ᠲᠤᠰᠢᠶᠠᠯ ᠤᠨ ᠲᠤᠭ᠎ᠠ ᠶᠢ 1 ᠨᠡᠷᠡᠰ ᠬᠢᠨᠠᠨ ᠲᠣᠭᠲᠠᠭᠠᠪᠠ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠤᠶᠢᠲᠤ ᠲᠠᠯ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6603589 | ᠠᠵᠢᠯᠯᠠᠬᠤ ᠴᠠᠭ᠄ ᠵᠣᠨ ᠤ ᠤᠯᠠᠷᠢᠯ ᠤᠨ 9᠄ 00 ︱ 12᠄ 00᠂ 14᠄ 30 ︱ 17᠄ 30᠂ ᠡᠪᠦᠯ ᠤᠨ ᠤᠯᠠᠷᠢᠯ ᠤᠨ 9᠄ 00 ︱ | 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠶᠢᠨ ᠷᠦᠩ | ᠰᠦᠯᠵᠢᠶᠡᠨ ᠤ ᠬᠠᠶ᠋ᠢᠭ᠄ http://www.xzq.gov.cn/OpennessContent/showList/751/0/page_1.html | ︵ᠬᠤᠶᠠᠷ︶ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ | 1. ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ︵ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ | ᠭᠡᠵᠦ ᠲᠣᠪᠴᠢᠯᠠᠨ᠎ᠠ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠲᠠᠰᠤᠭ ᠤᠨ ᠲᠠᠰ ᠲᠠᠢ ᠲᠡᠩᠴᠡᠨ᠎ᠡ᠃ | 2.ᠭᠤᠣᠯ ᠡᠭᠦᠷᠭᠡ ᠬᠠᠷᠢᠭᠤᠴᠠᠯᠭ᠎ᠠ ᠨᠢ ᠪᠣᠯ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠢ | ᠥᠷᠨᠢᠭᠦᠯᠦᠨ᠎ᠡ︔ ᠰᠤᠷᠭᠠᠨ ᠬᠥᠮᠦᠵᠢᠯ ᠤᠨ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠬᠠᠩᠭᠠᠬᠤ᠃ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ ᠤᠨ ᠰᠢᠨᠵᠢᠯᠡᠭᠡᠨ ᠤ | ᠲᠥᠷᠥᠯ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠵᠢᠯᠣᠭᠤᠳᠤᠯᠭ᠎ᠠ᠂ ᠬᠢᠴᠢᠶᠡᠯ ᠰᠢᠨᠵᠢᠯᠡᠭᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ | ᠵᠢᠴᠢ ᠦᠷ᠎ᠡ ᠪᠦᠲᠦᠭᠡᠯ ᠢ ᠲᠦᠭᠡᠮᠡᠯᠵᠢᠭᠦᠯᠬᠦ ᠵᠢᠴᠢ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ | ᠤᠯᠤᠰ ᠤᠨ ᠬᠢᠴᠢᠶᠡᠯ ᠤᠨ ᠲᠥᠰᠥᠯ ᠪᠠ ᠰᠢᠨᠵᠢᠯᠡᠭᠡᠨ ᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠥᠪᠡᠷ ᠤᠨ ᠪᠣᠯᠪᠠᠰᠤᠷᠠᠯ ᠤᠨ ᠠᠵᠢᠯ ᠢ ᠡᠭᠦᠷᠭᠡᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠪᠡᠶ᠎ᠡ ᠶᠢᠨ ᠲᠠᠮᠢᠷ᠂ ᠤᠷᠠᠯᠢᠭ᠂ ᠶᠣᠰᠣ ᠰᠤᠷᠲᠠᠬᠤᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠤᠨ ᠵᠢᠭᠠᠨ ᠰᠤᠷᠭᠠᠯᠲᠠ ᠶᠢ | ᠰᠤᠳᠤᠯᠤᠨ ᠵᠢᠯᠤᠭᠤᠳᠬᠤ᠂ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠵᠡᠷᠭᠡ ᠠᠵᠢᠯ ᠢ ᠡᠭᠦᠷᠭᠡᠯᠡᠨ᠎ᠡ᠃ ᠪᠥᠬᠦ | ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠣᠨᠤᠭ ᠲᠥᠬᠦᠭᠡᠷᠦᠮᠵᠢ ᠪᠠ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠥᠯᠦᠪᠵᠢᠭᠦᠯᠭᠡ ᠶᠢ | ᠲᠣᠭᠲᠠᠭᠠᠬᠤ ᠳᠤ ᠣᠷᠣᠯᠴᠠᠨ᠎ᠠ᠃ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ᠂ ᠨᠡᠶᠢᠳᠡᠮ ᠬᠡᠷᠡᠭᠯᠡᠭᠡᠨ ᠤ | ᠮᠡᠷᠭᠡᠵᠢᠯ ᠵᠡᠷᠭᠡ ᠶᠢ ᠵᠢᠯᠣᠭᠤᠳᠤᠨ᠎ᠠ᠃ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠢ ᠬᠠᠪᠰᠤᠷᠤᠨ ᠪᠥᠬᠦ ᠬᠤᠰᠢᠭᠤᠨ ᠤ ᠳᠤᠮᠳᠠᠳᠤ | ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠥᠯᠦᠪᠵᠢᠭᠦᠯᠭᠡ ᠶᠢᠨ ᠰᠡᠳᠦᠪ ᠤᠨ ᠰᠡᠳᠦᠪ ᠲᠣᠭᠲᠠᠭᠠᠬᠤ | ᠂ ᠵᠢᠭᠠᠨ ᠵᠢᠯᠤᠭᠤᠳᠬᠤ᠂ ᠰᠡᠳᠦᠪ ᠳᠠᠭᠤᠰᠬᠠᠬᠤ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ︔ ᠪᠥᠬᠦ ᠬᠤᠰᠢᠭᠤᠨ ᠤ ᠲᠡᠷᠢᠭᠦᠨ ᠤ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠢ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠢ | ᠴᠤᠭᠯᠠᠭᠤᠯᠬᠤ᠂ ᠣᠷᠣᠭᠤᠯᠬᠤ᠂ ᠨᠡᠭᠡᠭᠡᠨ ᠬᠥᠭᠵᠢᠭᠦᠯᠬᠦ ᠪᠠ ᠨᠡᠶᠢᠯᠡᠭᠦᠯᠬᠦ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠮᠡᠳᠡᠭᠡ | ᠵᠠᠩᠭᠢ ᠶᠢᠨ ᠰᠢᠰᠲ᠋ᠧᠮ ᠪᠠ ᠰᠤᠷᠭᠠᠨ ᠬᠥᠮᠦᠵᠢᠯ ᠤᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠪᠦᠷᠢᠳᠬᠡᠨ | ᠬᠤᠷᠢᠶᠠᠩᠭᠤᠶᠢᠯᠠᠬᠤ ᠪᠠ ᠬᠡᠷᠡᠭᠯᠡᠬᠦ ᠠᠵᠢᠯ ᠢ ᠬᠠᠷᠢᠭᠤᠴᠠᠨ᠎ᠠ︔ ᠰᠤᠷᠭᠠᠨ ᠬᠥᠮᠦᠵᠢᠯ ᠤᠨ ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠪᠠ | ᠮᠡᠷᠭᠡᠵᠢᠯ ᠤᠨ ᠳᠡᠮᠵᠢᠯᠭᠡ ᠶᠢᠨ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ | ᠳᠣᠲᠣᠷᠠᠬᠢ ᠮᠡᠳᠡᠭᠡ ᠵᠠᠩᠭᠢᠵᠢᠯᠲᠠ ᠳᠤ ᠮᠡᠷᠭᠡᠵᠢᠯ ᠤᠨ ᠳᠡᠮᠵᠢᠯᠭᠡ ᠦᠢᠯᠡᠴᠢᠯᠡᠭᠡ ᠬᠠᠩᠭᠠᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ | ᠳᠦᠷᠢᠮ ᠲᠣᠭᠲᠠᠭᠠᠯ᠂ ᠠᠷᠭ᠎ᠠ ᠪᠠ ᠪᠠᠷᠢᠮᠵᠢᠶ᠎ᠠ ᠶᠢ ᠲᠣᠭᠲᠠᠭᠠᠨ᠎ᠠ︔ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠢ ᠵᠢᠯᠣᠭᠤᠳᠤᠨ᠎ᠠ︔ | ᠳᠤᠮᠳᠠ ᠵᠡᠷᠭᠡ ᠶᠢᠨ ᠪᠠ ᠳᠤᠮᠳᠠ ᠵᠡᠷᠭᠡ ᠠᠴᠠ ᠳᠣᠷᠣᠭᠰᠢᠬᠢ ᠰᠤᠷᠭᠠᠨ ᠬᠥᠮᠦᠵᠢᠯ ᠤᠨ ᠠᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠬᠦ ᠪᠠ ᠪᠠᠶᠢᠴᠠᠭᠠᠵᠤ ᠰᠢᠯᠭᠠᠨ | ᠠᠪᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠵᠤ᠂ | ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠳᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠬᠢᠨ᠎ᠡ︔ | ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠠ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ | ᠬᠢᠨᠠᠨ ᠵᠢᠯᠣᠭᠤᠳᠤᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ | ᠡᠭᠦᠷᠭᠡᠯᠡᠨ᠎ᠡ᠃ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠦᠨᠳᠦᠰᠦᠨ | ᠱᠤᠭᠤᠮ ᠢᠶᠠᠷ ᠭᠤᠣᠯ ᠪᠣᠯᠭᠠᠨ᠂ ᠲᠣᠰ ᠨᠢᠭᠡᠴᠡ ᠶᠢᠨ ᠢᠶᠠᠨ ᠠᠵᠢᠯ ᠤᠨ ᠡᠭᠦᠷᠭᠡ ᠪᠠ ᠣᠨᠴᠠᠯᠢᠭ ᠲᠠᠢ ᠤᠶᠠᠯᠳᠤᠭᠤᠯᠤᠨ᠂ ᠨᠠᠮ ᠤᠨ ᠦᠵᠡᠯ ᠰᠠᠨᠠᠭ᠎ᠠ᠂ ᠵᠣᠬᠢᠶᠠᠨ | ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠨ᠂ ᠨᠠᠮ ᠤᠨ ᠦᠵᠡᠯ ᠰᠠᠨᠠᠭ᠎ᠠ | ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠪᠠᠷᠢᠮᠲᠠᠯᠠᠨ | ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ᠦᠰᠦᠨ ᠪᠤᠶᠢᠵᠢᠯᠲᠠ ᠳᠤ ᠦᠢᠯᠡᠴᠢᠯᠡᠨ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠤᠰᠢᠭᠤᠨ ᠤ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯ ᠦᠢᠯᠡᠰ ᠤᠨ ᠣᠷᠣᠨ ᠲᠤᠭ᠎ᠠ 17 ︵ᠡᠭᠦᠨ ᠳᠤ᠄ ᠬᠠᠮᠢᠶᠠᠷᠤᠯᠲᠠ ᠶᠢᠨ ᠠᠵᠢᠯᠲᠠᠨ ᠤ | ᠣᠷᠣᠨ ᠲᠤᠭ᠎ᠠ 3᠂ ᠲᠤᠰᠬᠠᠢ ᠮᠡᠷᠭᠡᠵᠢᠯ ᠤᠨ ᠠᠵᠢᠯᠲᠠᠨ ᠤ ᠣᠷᠣᠨ ᠲᠤᠭ᠎ᠠ 14 ᠪᠣᠶ︶᠃ ᠲᠠᠰᠤᠭ ᠤᠨ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ | ᠲᠤᠭ᠎ᠠ ᠶᠢ 3 ᠨᠡᠷᠡᠰ ︵1 ᠵᠢᠩᠬᠢᠨᠢ 2 ᠳᠡᠳ᠋︶ ᠬᠢᠨᠠᠨ ᠲᠣᠭᠲᠠᠭᠠᠨ᠎ᠠ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠤᠶᠢᠲᠤ ᠲᠠᠯ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6603589 | ᠠᠵᠢᠯᠯᠠᠬᠤ ᠴᠠᠭ᠄ ᠵᠣᠨ ᠤ ᠤᠯᠠᠷᠢᠯ ᠤᠨ 9᠄ 00 ︱ 12᠄ 00᠂ 14᠄ 30 ︱ 17᠄ 30᠂ ᠡᠪᠦᠯ ᠤᠨ ᠤᠯᠠᠷᠢᠯ ᠤᠨ 9᠄ 00 ︱ | 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠢᠦᠢ ᠬᠠᠢ ᠶᠢᠩ | ᠰᠦᠯᠵᠢᠶᠡᠨ ᠤ ᠬᠠᠶ᠋ᠢᠭ᠄ http://www.xzq.gov.cn/OpennessContent/showList/751/0/page_1.html |