ᠨᠢᠭᠡ ᠳᠤ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠪᠠ᠃ ᠬᠢᠯᠢ ᠬᠢᠵᠠᠭᠠᠷ ᠣᠷᠣᠨ ᠳᠤ ᠬᠤᠯᠪᠣᠭᠳᠠᠬᠤ ᠠᠮᠤᠷ | ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠡᠨᠡ ᠵᠢᠯ ᠠᠴᠠ ᠨᠠᠭᠠᠰᠢ ᠬᠢᠯᠢ ᠬᠢᠵᠠᠭᠠᠷ ᠣᠷᠣᠨ ᠢ ᠴᠠᠭᠳᠠᠨ ᠪᠠᠶᠢᠴᠠᠭᠠᠬᠤ ᠴᠠᠭᠳᠠᠭᠠᠨ ᠤ ᠬᠦᠴᠦᠨ ᠢ | ᠨᠡᠶᠢᠲᠡ 8332 ᠬᠥᠮᠥᠨ ᠤᠳᠠᠭ᠎ᠠ ᠬᠥᠳᠡᠯᠭᠡᠵᠦ᠂ 1821 ᠤᠳᠠᠭ᠎ᠠ ᠲᠤᠬᠠᠢ ᠶᠢᠨ ᠭᠠᠵᠠᠷ ᠲᠤ ᠨᠢ ᠬᠦᠷᠴᠦ ᠪᠠᠶᠢᠴᠠᠭᠠᠨ᠂ ᠬᠢᠯᠢ ᠬᠢᠵᠠᠭᠠᠷ ᠣᠷᠣᠨ ᠳᠤ ᠬᠦᠷᠴᠦ | ᠦᠯᠦ ᠪᠣᠯᠬᠤ ᠬᠤᠷᠢᠭ᠎ᠠ ᠲᠠᠢ ᠪᠠᠶᠢᠬᠤ ᠪᠠᠷ 85 ᠲᠡᠷᠭᠡ ᠬᠥᠰᠬᠡ᠂ 220 ᠬᠥᠮᠥᠨ ᠢ ᠴᠡᠪᠡᠷᠯᠡᠨ ᠪᠤᠴᠠᠭᠠᠵᠤ᠂ ᠬᠠᠤᠯᠢ ᠪᠤᠰᠤ ᠪᠠᠷ ᠬᠢᠯᠢ ᠠᠴᠠ ᠭᠠᠷᠬᠤ ᠪᠠᠷ | ᠣᠷᠣᠯᠳᠤᠭᠰᠠᠨ 5 ᠬᠥᠮᠥᠨ ᠢ ᠬᠠᠰᠢᠨ ᠬᠤᠷᠢᠭᠯᠠᠵᠤ᠂ ᠬᠢᠯᠢ ᠬᠢᠵᠠᠭᠠᠷ ᠢ ᠬᠤᠯᠠᠭᠤᠨ ᠳᠠᠪᠠᠭᠤ ᠪᠠᠷ ᠣᠷᠣᠯᠳᠤᠵᠤ ᠪᠠᠶᠢᠭᠰᠠᠨ 2 ᠬᠥᠮᠥᠨ ᠳᠤ ᠴᠣᠬᠢᠯᠲᠠ ᠥᠭᠪᠡ᠃ | ᠬᠤᠶᠠᠷ ᠲᠤ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠪᠡ᠃ ︽ᠨᠢᠭᠡ ᠪᠦᠰᠡ ᠨᠢᠭᠡ | ᠵᠠᠮ︾ ᠪᠠ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠶᠢᠭᠤᠯᠤᠯᠲᠠ ᠶᠢᠨ ᠲᠣᠭᠤᠷᠢᠨ ᠳᠤ᠂ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠬᠦ ᠬᠦᠴᠦᠨ ᠢᠶᠠᠷ ᠪᠠᠶᠢᠭᠤᠯᠵᠤ᠂ ᠭᠠᠳᠠᠭᠠᠳᠤ ᠳᠤ ᠬᠤᠯᠪᠣᠭᠳᠠᠬᠤ 35 ᠵᠥᠷᠢᠴᠡᠯ ᠵᠢᠭᠤᠷᠠᠯᠳᠤᠭᠠᠨ ᠢ | ᠠᠮᠵᠢᠯᠲᠠ ᠲᠠᠢ ᠪᠠᠷ ᠡᠶᠡᠳᠡᠭᠦᠯᠪᠡ᠃ ᠭᠤᠷᠪᠠ ᠳᠤ᠂ ᠬᠢᠯᠢ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ ᠰᠠᠭᠤᠷᠢ ᠶᠢ ᠪᠠᠬᠢᠵᠢᠭᠦᠯᠪᠡ᠃ ᠴᠠᠭᠳᠠᠭᠠᠨ ᠤ ᠬᠦᠴᠦᠨ ᠢ | ᠲᠣᠬᠢᠷᠠᠭᠤᠯᠤᠨ ᠨᠡᠶᠢᠲᠡ 17103 ᠡᠷᠦᠬᠡ ᠳᠤ ᠰᠤᠷᠪᠤᠯᠵᠢᠯᠠᠨ ᠬᠦᠷᠴᠦ᠂ ᠨᠡᠭᠦᠳᠡᠯ ᠬᠥᠮᠥᠨ ᠠᠮᠠ ᠶᠢ ᠨᠡᠶᠢᠲᠡ 29782 ᠬᠥᠮᠥᠨ ᠤᠳᠠᠭ᠎ᠠ ᠵᠢᠭᠰᠠᠭᠠᠨ | ᠪᠠᠶᠢᠴᠠᠭᠠᠵᠤ᠂ 1609 ᠮᠠᠯᠴᠢᠨ ᠡᠷᠦᠬᠡ ᠶᠢᠨ 3716 ᠬᠥᠮᠥᠨ ᠤᠳᠠᠭ᠎ᠠ ᠶᠢ ᠰᠤᠷᠪᠤᠯᠵᠢᠯᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ | ᠰᠠᠨᠠᠭᠠᠴᠢᠯᠠᠭ᠎ᠠ ᠠᠴᠠ ᠪᠠᠨ 194 ᠤᠳᠠᠭ᠎ᠠ ᠡᠶᠡᠳᠡᠭᠦᠯᠦᠨ ᠵᠣᠭᠰᠣᠭᠠᠪᠠ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠡᠷᠢᠶᠡᠨ ᠬᠤᠲᠠ ᠶᠢᠨ ᠵᠠᠰᠠᠭ ᠤᠨ ᠣᠷᠳᠣᠨ︶ | |