ᠪᠥᠬᠦ ᠣᠷᠣᠨ ᠤ ᠠᠩᠬᠠᠳᠠᠭᠴᠢ ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ᠵᠢᠴᠢ ᠳ᠋ᠠᠶᠢᠲ᠋ᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠬᠥᠬᠡᠬᠤᠲᠠ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/12/24
          12 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ︵ᠪᠥᠬᠦ ᠣᠷᠣᠨ ᠤ ᠠᠩᠬᠠᠳᠠᠭᠴᠢ︶ ᠵᠢᠴᠢ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠬᠢᠭᠡᠳ ᠲᠤᠰ ᠬᠦᠷᠢᠶᠡᠯᠡᠩ ᠳᠤ ᠣᠷᠣᠵᠤ ᠰᠠᠭᠤᠬᠤ ᠠᠵᠤ ᠠᠬᠤᠶᠢᠯᠠᠯ ᠤᠨ ᠵᠥᠪᠯᠡᠯᠴᠡᠭᠡᠷ ᠲᠣᠬᠢᠷᠠᠯᠴᠠᠬᠤ ᠶᠣᠰᠣᠯᠠᠯ ᠶᠠᠪᠤᠭᠳᠠᠪᠠ᠃ ᠬᠦᠷᠢᠶᠡᠯᠡᠩ ᠲᠣᠭᠤᠷᠢᠭ ᠤᠨ ᠶᠡᠷᠦᠩᠬᠡᠢ ᠬᠢᠨᠠᠨ ᠲᠣᠭᠲᠠᠭᠠᠭᠰᠠᠨ ᠲᠠᠯᠠᠪᠠᠶ ᠨᠢ 19.757 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠣᠲᠣ ᠪᠣᠯᠲᠠᠯ᠎ᠠ ᠨᠡᠶᠢᠲᠡ 150 ᠭᠠᠷᠤᠢ ᠳ᠋ᠠᠶᠢᠲ᠋ᠠ ᠶᠢᠨ ᠡᠯᠧᠮᠧᠨ᠋ᠲ ᠤᠨ ᠬᠠᠮᠢᠶ᠎ᠠ ᠪᠦᠬᠦᠢ ᠠᠵᠤ ᠠᠬᠤᠶᠢᠯᠠᠯ ᠢ ᠨᠡᠪᠲᠡᠷᠡᠯᠴᠡᠭᠦᠯᠦᠨ ᠵᠣᠯᠭᠠᠭᠤᠯᠵᠤ᠂ ᠨᠢᠭᠡᠨᠲᠡ 50 ᠭᠠᠷᠤᠢ ᠠᠵᠤ ᠠᠬᠤᠶᠢᠯᠠᠯ ᠣᠷᠣᠵᠤ ᠰᠠᠭᠤᠭᠰᠠᠨ ᠪᠥᠭᠡᠳ ᠠᠵᠤ ᠦᠢᠯᠡᠰ ᠲᠤ ᠬᠤᠯᠪᠣᠭᠳᠠᠬᠤ ᠦᠢᠯᠡᠳᠬᠦᠨ ᠤ ᠥᠷᠲᠡᠭ ᠨᠢ ᠪᠠᠷᠤᠭ 30 ᠳ᠋ᠦᠩᠰᠢᠭᠤᠷ ᠲᠥᠭᠦᠷᠢᠭ ᠲᠤ ᠬᠦᠷᠴᠡᠢ᠃ ᠵᠥᠪᠯᠡᠯᠴᠡᠭᠡᠷ ᠲᠣᠬᠢᠷᠠᠯᠴᠠᠬᠤ ᠶᠣᠰᠣᠯᠠᠯ ᠤᠨ ᠠᠬᠤᠢ ᠲᠠᠯᠠᠪᠠᠢ ᠳᠤ᠂ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠱᠧᠨᠵᠧᠨ ᠳᠠᠬᠢ ᠳ᠋ᠠᠶᠢᠲ᠋ᠠ ᠶᠢ ᠠᠷᠠᠯᠵᠢᠶᠠᠯᠠᠬᠤ ᠭᠠᠵᠠᠷ ᠵᠡᠷᠭᠡ 8 ᠠᠵᠤ ᠠᠬᠤᠶᠢᠯᠠᠯ ᠯᠤᠭ᠎ᠠ ᠵᠥᠪᠯᠡᠯᠴᠡᠭᠡᠷ ᠲᠣᠬᠢᠷᠠᠯᠴᠠᠵᠤ᠂ ᠲᠤᠬᠠᠶᠢᠯᠠᠭᠰᠠᠨ ᠠᠵᠢᠯ ᠨᠢ ᠳ᠋ᠠᠶᠢᠲ᠋ᠠ ᠶᠢᠨ ᠪᠡᠯᠡ ᠣᠷᠣᠭᠤᠯᠤᠯᠲᠠ᠂ ᠳ᠋ᠠᠶᠢᠲ᠋ᠠ ᠶᠢ ᠠᠷᠠᠯᠵᠢᠶᠠᠯᠠᠬᠤ᠂ ᠳ᠋ᠠᠶᠢᠲ᠋ᠠ ᠶᠢᠨ ᠭᠡᠷᠡᠴᠢᠯᠡᠯ ᠵᠢᠴᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠪᠠ᠃ ︵ᠬᠥᠬᠡᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ