ᠡᠪᠦᠳᠦᠭ ᠪᠣᠭᠤᠮᠲᠠ ᠶᠢᠨ 2024 ᠣᠨ ᠤ 1 ︱ 11 ᠰᠠᠷ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/12/24
          2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 11 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭᠠᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠵᠢᠯᠯᠠᠭᠠᠨ ᠤ ᠪᠠᠶᠢᠳᠠᠯ ᠳᠣᠣᠷᠠᠬᠢ ᠮᠡᠲᠦ᠄                 ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 2024 ᠣᠨ ᠤ ᠡᠪᠦᠳᠦᠭ ᠪᠣᠭᠤᠮᠲᠠ ᠶᠢᠨ 1—11 ᠰᠠᠷ᠎ᠠ ᠳᠤ ᠬᠢᠯᠢ ᠪᠠᠷ ᠣᠷᠣᠭᠤᠯᠵᠤ ᠭᠠᠷᠭᠠᠭᠰᠠᠨ ᠬᠥᠮᠥᠨ ᠨᠡᠶᠢᠲᠡ 4.95 ᠲᠦᠮᠡᠨ ᠬᠥᠮᠥᠨ ᠤᠳᠠᠭ᠎ᠠ ︵ᠬᠢᠯᠢ ᠪᠠᠷ ᠣᠷᠣᠵᠤ ᠢᠷᠡᠭᠰᠡᠨ ᠬᠥᠮᠥᠨ 2.48 ᠲᠦᠮᠡᠨ ᠬᠥᠮᠥᠨ ᠤᠳᠠᠭ᠎ᠠ᠂ ᠬᠢᠯᠢ ᠪᠠᠷ ᠭᠠᠷᠴᠤ ᠶᠠᠪᠤᠭᠰᠠᠨ ᠬᠥᠮᠥᠨ 2.47 ᠲᠦᠮᠡᠨ ᠬᠥᠮᠥᠨ ᠤᠳᠠᠭ᠎ᠠ︶ ᠬᠦᠷᠴᠡᠢ︔ ᠬᠢᠯᠢ ᠪᠠᠷ ᠣᠷᠣᠭᠤᠯᠵᠤ ᠭᠠᠷᠭᠠᠬᠤ ᠲᠡᠷᠭᠡ ᠨᠡᠶᠢᠲᠡ 3.25 ᠲᠦᠮᠡᠨ ᠤᠳᠠᠭ᠎ᠠ ︵ᠬᠢᠯᠢ ᠪᠠᠷ ᠣᠷᠣᠵᠤ ᠢᠷᠡᠭᠰᠡᠨ ᠲᠡᠷᠭᠡ 1.62 ᠲᠦᠮᠡᠨ ᠤᠳᠠᠭ᠎ᠠ᠂ ᠬᠢᠯᠢ ᠪᠠᠷ ᠭᠠᠷᠴᠤ ᠶᠠᠪᠤᠭᠰᠠᠨ ᠲᠡᠷᠭᠡ 1.63 ᠲᠦᠮᠡᠨ ᠤᠳᠠᠭ᠎ᠠ ︶︔ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠡᠶᠢᠲᠡ 50.4 ᠲᠦᠮᠡᠨ ᠲᠣᠨ ᠳᠤ ᠬᠦᠷᠴᠦ᠂ ᠣᠳᠣᠬᠠᠨ ᠳᠤ ᠪᠣᠭᠤᠮᠲᠠ ᠶᠢᠨ ᠣᠨ ᠤ ᠡᠭᠦᠷᠭᠡ ᠪᠠᠨ ᠨᠢᠭᠡᠨᠲᠡ 72% ᠢᠶᠠᠷ ᠪᠡᠶᠡᠯᠡᠭᠦᠯᠪᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ