ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/12/25
          ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃          ᠨᠢᠭᠡ᠂ ᠭᠤᠣᠯ ᠡᠭᠦᠷᠭᠡ ᠬᠠᠷᠢᠭᠤᠴᠠᠯᠭ᠎ᠠ          ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠠᠵᠢᠯ ᠤᠨ ᠭᠤᠣᠯ ᠱᠤᠭᠤᠮ ᠢ ᠪᠠᠲᠤ ᠡᠵᠡᠮᠳᠡᠵᠦ᠂ ᠲᠡᠭᠦᠨ ᠢ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠬᠡᠷᠡᠭ ᠶᠠᠪᠤᠳᠠᠯ᠂ ᠨᠠᠰᠤᠲᠠᠶᠢᠴᠤᠳ ᠤᠨ ᠠᠵᠢᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠦᠢᠯᠡᠰ᠂ ᠣᠷᠣᠨ ᠬᠤᠪᠢᠶᠠᠷᠢᠯᠠᠯ ᠤᠨ ᠭᠠᠵᠠᠷ ᠤᠨ ᠨᠡᠷ᠎ᠡ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠠᠵᠢᠯ ᠣᠯᠭᠤᠵᠤ ᠲᠥᠪᠬᠢᠨᠡᠭᠦᠯᠬᠦ᠂ ᠬᠠᠷᠠᠭᠠᠯᠵᠠᠯ ᠦᠵᠡᠭᠦᠯᠵᠦ ᠰᠠᠶᠢᠰᠢᠶᠠᠬᠤ᠂ ᠡᠷᠬᠡ ᠠᠰᠢᠭ ᠢ ᠬᠠᠮᠠᠭᠠᠯᠠᠬᠤ᠂ ᠦᠢᠯᠡᠴᠢᠯᠡᠭᠡ ᠶᠢ ᠬᠠᠮᠢᠶᠠᠷᠬᠤ ᠵᠡᠷᠭᠡ ᠠᠵᠢᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃          ︵ᠬᠤᠶᠠᠷ︶ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ᠂ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠣᠲᠣᠮ ᠤᠨ ᠠᠵᠢᠯ ᠢ ᠡᠭᠦᠷᠭᠡᠯᠡᠨ᠎ᠡ᠃          ︵ᠭᠤᠷᠪᠠ︶ ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠬᠠᠮᠢᠶᠠᠷᠬᠤ ᠠᠷᠭ᠎ᠠ ᠶᠢ ᠬᠠᠷᠢᠭᠤᠴᠠᠨ ᠲᠣᠭᠲᠠᠭᠠᠵᠤ᠂ ᠬᠠᠤᠯᠢ ᠶᠣᠰᠣᠭᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠬᠤᠰᠢᠭᠤᠨ ᠤ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃          ︵ᠳᠥᠷᠪᠡ︶ ᠪᠥᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠪᠠ ᠪᠠᠷᠢᠮᠵᠢᠶ᠎ᠠ ᠶᠢ ᠬᠠᠷᠢᠭᠤᠴᠠᠨ ᠲᠤᠭᠤᠷᠪᠢᠨ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ᠂ ᠠᠮᠢᠳᠤᠷᠠᠯ ᠤᠨ ᠠᠷᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃          ︵ᠲᠠᠪᠤ︶ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠷᠭ᠎ᠠ᠂ ᠪᠠᠷᠢᠮᠵᠢᠶ᠎ᠠ ᠶᠢ ᠬᠠᠷᠢᠭᠤᠴᠠᠨ ᠲᠣᠭᠲᠠᠭᠠᠵᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠨ᠎ᠡ᠃ ᠡᠯ᠎ᠡ ᠰᠤᠮᠤ ᠪᠠᠯᠭᠠᠰᠤ ᠶᠢᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ᠂ ᠬᠠᠮᠢᠶᠠᠷᠬᠤ ᠪᠠ ᠵᠠᠭᠠᠭ ᠱᠤᠭᠤᠮ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃          (ᠵᠢᠷᠭᠤᠭ᠎ᠠ) ᠤᠷᠤᠬ ᠤᠨ ᠬᠠᠮᠢᠶᠠᠷᠤᠯᠲᠠ ᠶᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠬ ᠤᠨ ᠵᠠᠩᠰᠢᠯ ᠤᠨ ᠥᠭᠡᠷᠡᠴᠢᠯᠡᠯᠲᠡ ᠶᠢ ᠲᠤᠶᠢᠯᠬᠢᠠ ᠠᠬᠢᠭᠤᠯᠤᠨ᠎ᠠ᠃          ︵ᠲᠤᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ᠂ ᠦᠢᠯᠡᠴᠢᠯᠡᠭᠡᠨ ᠤ ᠵᠢᠷᠤᠮᠵᠢᠯ ᠢ ᠬᠠᠷᠢᠭᠤᠴᠠᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃          ︵ᠨᠠᠢᠮᠠ︶ ᠪᠥᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠤᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃          ︵ᠶᠢᠰᠦ︶ ᠬᠤᠰᠢᠭᠤᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠪᠣᠳᠠᠲᠠᠢ ᠠᠵᠢᠯ ᠢ ᠡᠭᠦᠷᠭᠡᠯᠡᠨ᠎ᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠨᠠᠰᠤᠲᠠᠶᠢᠴᠤᠳ ᠤᠨ ᠨᠡᠶᠢᠭᠡᠮ ᠤᠨ ᠣᠷᠣᠯᠴᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠠᠷᠪᠠ︶ ᠪᠥᠬᠦ ᠬᠤᠰᠢᠭᠤᠨ ᠤ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢ ᠬᠠᠷᠢᠭᠤᠴᠠᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃          ︵ᠠᠷᠪᠠᠨ ᠨᠢᠭᠡ︶ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠠᠷᠭ᠎ᠠ᠂ ᠪᠠᠷᠢᠮᠵᠢᠶ᠎ᠠ ᠶᠢ ᠬᠠᠷᠢᠭᠤᠴᠠᠨ ᠲᠣᠭᠲᠠᠭᠠᠵᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃          ︵ᠠᠷᠪᠠᠨ ᠬᠤᠶᠠᠷ︶ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠨᠡᠶᠢᠭᠡᠮ ᠤᠨ ᠬᠠᠨᠳᠢᠪᠯᠡᠨ ᠲᠤᠰᠠᠯᠠᠬᠤ ᠠᠵᠢᠯ ᠢ ᠵᠢᠯᠤᠭᠤᠳᠴᠤ᠂ ᠠᠰᠠᠷᠠᠮᠵᠢ ᠶᠢᠨ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃          ︵ᠠᠷᠪᠠᠨ ᠭᠤᠷᠪᠠ︶ ᠪᠥᠬᠦ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ ᠪᠠ ᠳᠥᠪᠬᠢᠨᠡᠭᠦᠯᠦᠨ ᠬᠠᠷᠠᠭᠠᠯᠵᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃          ︵ᠠᠷᠪᠠᠨ ᠳᠥᠷᠪᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠨᠴᠠᠭᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃          ︵ᠠᠷᠪᠠᠨ ᠲᠠᠪᠤ︶ ᠴᠡᠷᠢᠭ ᠠᠩᠭᠢ ᠠᠴᠠ ᠠᠵᠢᠯ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠴᠡᠷᠢᠭ ᠤᠨ ᠠᠯᠪᠠᠨ  ᠠᠴᠠ ᠪᠠᠭᠤᠭᠰᠠᠨ ᠪᠠᠶᠢᠯᠳᠤᠭᠴᠢ ᠪᠠ ᠴᠡᠷᠢᠭ ᠤᠨ ᠬᠠᠷᠢᠶ᠎ᠠ ᠦᠭᠡᠢ ᠠᠵᠢᠯ  ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠠ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ  ᠠᠴᠠ ᠪᠠᠭᠤᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃          ︵ᠠᠷᠪᠠᠨ ᠵᠢᠷᠭᠤᠭ᠎ᠠ︶ ᠴᠡᠷᠢᠭ ᠤᠨ ᠠᠯᠪᠠᠨ ᠠᠴᠠ ᠪᠠᠭᠤᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠪᠣᠯᠣᠨ ᠴᠡᠷᠢᠭ ᠢ ᠳᠠᠭᠠᠵᠤ ᠠᠵᠢᠯ ᠰᠢᠯᠵᠢᠭᠰᠡᠨ ᠭᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃          ︵ᠠᠷᠪᠠᠨ ᠳᠣᠯᠤᠭ᠎ᠠ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ  ᠠᠴᠠ ᠪᠠᠨ ᠰᠠᠯᠵᠤ ᠠᠮᠠᠷᠠᠭᠰᠠᠨ ᠪᠠ ᠠᠵᠢᠯ  ᠠᠴᠠ ᠪᠠᠨ ᠪᠠᠭᠤᠵᠤ ᠠᠮᠠᠷᠠᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠠᠴᠠ ᠬᠠᠯᠠᠭᠳᠠᠭᠰᠠᠳ ᠪᠠ ᠴᠡᠷᠢᠭ ᠤᠨ ᠬᠠᠷᠢᠶ᠎ᠠ ᠦᠭᠡᠢ ᠠᠵᠢᠯ  ᠠᠴᠠ ᠪᠠᠨ ᠪᠠᠭᠤᠵᠤ ᠠᠮᠠᠷᠠᠭᠰᠠᠨ ᠪᠠ ᠠᠵᠢᠯ  ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃          ︵ᠠᠷᠪᠠᠨ ᠨᠠᠢᠮᠠ︶ ᠰᠢᠷᠬᠠᠲᠤᠭᠰᠠᠨ᠂ ᠵᠡᠮᠳᠡᠭ ᠪᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠪᠣᠯᠣᠨ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠬᠤ ᠦᠭᠡᠢ ᠰᠢᠷᠬᠠᠲᠤᠭᠰᠠᠨ᠂ ᠵᠡᠮᠳᠡᠭ ᠪᠣᠯᠤᠭᠰᠠᠨ ᠴᠡᠷᠢᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃          ︵ᠠᠷᠪᠠ ᠶᠢᠰᠦ︶ ᠪᠥᠬᠦ ᠬᠤᠰᠢᠭᠤᠨ ᠤ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠵᠢᠩᠬᠢᠨᠢ ᠠᠯᠪᠠᠨ ᠤ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠭᠡᠷ ᠪᠦᠯᠢ ᠶᠢᠨ ᠬᠢᠨ ᠤ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃          ︵ᠬᠤᠷᠢ︶ ᠦᠷᠡᠭᠳᠡᠭᠰᠡᠨ ᠪᠠᠭᠠᠲᠤᠷ ᠵᠢᠴᠢ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠢᠷᠠᠭᠤ ᠠᠯᠳᠠᠷ ᠢ ᠱᠠᠩᠨᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠡ ᠳᠤ ᠵᠢᠭᠰᠠᠭᠠᠨ ᠣᠷᠣᠭᠤᠯᠬᠤ ᠪᠠᠷ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠤᠨ ᠵᠢᠭᠰᠠᠭᠠᠯᠲᠠ ᠶᠢ ᠬᠢᠨᠠᠨ ᠬᠠᠷᠭᠤᠭᠤᠯᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠤᠨ ᠨᠢᠭᠡᠴᠡ ᠪᠣᠯᠣᠨ ᠬᠤᠪᠢ ᠬᠥᠮᠥᠨ ᠤ ᠲᠡᠷᠢᠭᠦᠨ ᠤ ᠨᠡᠶᠢᠲᠡᠯᠢᠭ ᠦᠶᠯᠡ ᠠᠵᠢᠯᠯᠠᠭ᠎ᠠ ᠶᠢ ᠳ᠋ᠦᠩᠨᠡᠨ ᠰᠠᠶᠢᠰᠢᠶᠠᠬᠤ ᠪᠠ ᠤᠬᠠᠭᠤᠯᠤᠨ᠎ᠠ᠃          ︵ᠬᠤᠷᠢᠨ ᠨᠢᠭᠡ︶ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠭᠠᠨ ᠵᠢᠯᠤᠭᠤᠳᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠥᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ︵ᠬᠤᠷᠢᠨ ᠬᠤᠶᠠᠷ︶ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠥᠷᠢᠰᠦᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃          ︵ᠬᠤᠷᠢᠨ ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          ᠬᠤᠶᠠᠷ᠂ ᠳᠣᠲᠣᠭᠠᠳᠤ ᠪᠠᠶᠢᠭᠤᠯᠤᠮᠵᠢ          ︵ᠨᠢᠭᠡ︶ ᠠᠯᠪᠠᠨ ᠭᠡᠷ ︵ᠬᠠᠤᠯᠢ ᠳᠦᠷᠢᠮ ᠤᠨ ᠠᠯᠪᠠᠨ ᠭᠡᠷ᠂ ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠲᠠᠰᠤᠭ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ᠂ ᠨᠢᠭᠤᠴᠠ ᠶᠢ ᠬᠠᠮᠠᠭᠠᠯᠠᠬᠤ᠂ ᠴᠢᠬᠤᠯᠠ ᠨᠢᠭᠤᠴᠠ ᠮᠠᠲ᠋ᠧᠷᠢᠶᠠᠯ᠂ ᠮᠡᠳᠡᠭᠡ ᠵᠠᠩᠭᠢ᠂ ᠲᠠᠩᠰᠠ ᠡᠪᠬᠡᠮᠡᠯ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠬᠢᠨᠠᠨ ᠰᠢᠯᠭᠠᠯᠲᠠ ᠪᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠ ᠭᠠᠳᠠᠭᠠᠳᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ︔ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠷᠦᠭᠦᠯᠡᠨ ᠬᠠᠷᠢᠭᠤᠴᠠᠨ᠎ᠠ︔ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ︔ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠡᠮᠬᠢᠯᠡᠨ ᠲᠢᠭᠯᠡᠵᠦ ᠬᠢᠨᠠᠨ ᠬᠠᠷᠭᠤᠭᠤᠯᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ︔ ᠲᠣᠰ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠬᠤ᠂ ᠵᠢᠷᠤᠮᠵᠢᠭᠤᠯᠬᠤ ᠪᠠ ᠲᠡᠭᠦᠨ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ︔ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠠᠷᠠᠳ ᠤᠨ ᠶᠠᠪᠤᠳᠠᠯ ᠤᠨ ᠠᠵᠢᠯ ᠦᠢᠯᠡᠰ᠂ ᠠᠯᠪᠠᠨ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠣᠨ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠠᠴᠠ ᠰᠢᠯᠵᠢᠭᠦᠯᠦᠨ ᠥᠭᠭᠦᠭᠰᠡᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠲᠣᠰ ᠱᠠᠲᠤᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠠᠮᠢᠶᠠᠷᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠪᠠᠲᠤᠳᠬᠠᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠬᠦ᠋ᠷᠠᠩ ᠪᠠᠯᠭᠠᠰᠤᠨ ᠤ ᠠᠮᠬᠦ᠋ᠷᠠᠩ ᠶᠡᠭᠡ ᠵᠡᠭᠡᠯᠢ ᠶᠢᠨ 16 ᠳ᠋ᠤᠭᠠᠷ ᠨᠣᠮᠧᠷ ︵ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ 201203 ᠳ᠋ᠤᠭᠠᠷ ᠥᠷᠥᠭᠡ︶          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606414          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠪᠦᠦ ᠰᠢᠶᠣᠣ ᠵᠢᠶᠦ᠋ᠨ          ︵ᠬᠤᠶᠠᠷ︶ ᠨᠡᠶᠢᠭᠡᠮ ᠤᠨ ᠠᠪᠤᠷᠠᠨ ᠲᠤᠰᠠᠯᠠᠬᠤ ᠲᠠᠰᠤᠭ᠃ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠢᠵᠢ ᠪᠦᠷᠢᠳᠦᠭᠰᠡᠨ ᠠᠷᠭ᠎ᠠ ᠬᠡᠮᠵᠢᠶ᠎ᠡ ᠪᠠ ᠪᠠᠷᠢᠮᠵᠢᠶ᠎ᠠ ᠶᠢ ᠲᠤᠭᠤᠷᠪᠢᠵᠤ᠂ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ︔ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠣᠨ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠳᠠᠭᠠᠭᠠᠨ ᠭᠦᠢᠴᠡᠳᠬᠡᠨ᠎ᠡ᠃ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ ᠴᠠᠭᠠᠵᠠ ᠵᠡᠷᠭᠡ ᠠᠪᠤᠷᠠᠨ ᠲᠤᠰᠠᠯᠠᠬᠤ ᠬᠠᠮᠢᠶ᠎ᠠ ᠪᠦᠬᠦᠢ ᠠᠷᠭ᠎ᠠ ᠶᠢ ᠲᠤᠭᠤᠷᠪᠢᠨ ᠪᠢᠴᠢᠬᠦ ᠳᠤ ᠣᠷᠣᠯᠴᠠᠨ᠎ᠠ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠠᠮᠤᠭᠤᠯᠠᠩ ᠶᠡᠭᠡ ᠵᠡᠭᠡᠯᠢ ᠶᠢᠨ 16 ᠳ᠋ᠤᠭᠠᠷ ᠨᠣᠮᠧᠷ ︵ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ 103᠂ 206 ᠳ᠋ᠤᠭᠠᠷ ᠥᠷᠥᠭᠡ︶          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606414          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠣᠶᠤᠨᠰᠣᠳᠣ          ︵ᠭᠤᠷᠪᠠ︶ ᠨᠡᠶᠢᠭᠡᠮ ᠤᠨ ᠬᠡᠷᠡᠭ ᠶᠠᠪᠤᠳᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ︵ᠭᠠᠵᠠᠷ ᠤᠨ ᠨᠡᠷ᠎ᠡ ᠢ ᠬᠤᠪᠢᠶᠠᠬᠤ ᠲᠠᠰᠤᠭ︶᠃ ᠤᠷᠤᠭ ᠤᠨ ᠶᠣᠰᠣ ᠵᠠᠩᠰᠢᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠷᠤᠭ ᠤᠨ ᠪᠦᠷᠢᠳᠬᠡᠯ᠂ ᠡᠷᠭᠦᠨ ᠲᠡᠵᠢᠭᠡᠬᠦ ᠪᠦᠷᠢᠳᠬᠡᠯ᠂ ᠣᠷᠣᠰᠢᠭᠤᠯᠭ᠎ᠠ ᠶᠢᠨ ᠬᠠᠮᠢᠶᠠᠷᠤᠯᠲᠠ᠂ ᠵᠡᠮᠳᠡᠭᠴᠦᠳ ᠤᠨ ᠡᠷᠬᠡ ᠠᠰᠢᠭ ᠤᠨ ᠬᠠᠮᠠᠭᠠᠯᠠᠯᠲᠠ᠂ ᠠᠮᠢᠳᠤᠷᠠᠯ ᠤᠨ ᠠᠷᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ ᠣᠷᠤᠭ ᠤᠨ ᠳᠠᠩᠰᠠᠯᠠᠯᠲᠠ ᠶᠢᠨ ᠪᠠᠶᠢᠭᠤᠯᠤᠯᠭ᠎ᠠ ᠪᠣᠯᠣᠨ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ ᠦᠢᠯᠡᠴᠢᠯᠡᠭᠡ᠂ ᠠᠮᠢᠳᠤᠷᠠᠯ ᠤᠨ ᠠᠷᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠵᠤ ᠬᠠᠮᠢᠶᠠᠷᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠠᠮᠰᠠᠭᠴᠢ ᠶᠢᠨ ᠲᠦᠷ ᠴᠠᠭ ᠤᠨ ᠥᠮᠥᠭᠡᠷᠡᠵᠦ ᠠᠪᠤᠷᠠᠨ ᠲᠤᠰᠠᠯᠠᠬᠤ ᠠᠵᠢᠯ ᠢ ᠬᠠᠷᠢᠭᠤᠴᠠᠨ ᠥᠷᠨᠢᠭᠦᠯᠦᠨ᠎ᠡ︔ ᠪᠥᠬᠦ ᠬᠤᠰᠢᠭᠤᠨ ᠤ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠣᠯᠭᠤᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠬᠤ ᠪᠠ ᠬᠢᠨᠠᠯᠲᠠ ᠬᠠᠮᠢᠶᠠᠷᠬᠤ ᠠᠷᠭ᠎ᠠ ᠶᠢ ᠲᠤᠭᠤᠷᠪᠢᠵᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠨ᠎ᠠ︔ ᠬᠤᠰᠢᠭᠤᠨ ᠤ ᠲᠣᠰ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠶᠡᠷᠦᠩᠬᠡᠢ ᠲᠥᠰᠥᠯ ᠪᠠ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠴᠤ᠂ ᠰᠤᠮᠤ ︵ᠪᠠᠯᠭᠠᠰᠤ︶ ᠶᠢᠨ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠬᠦᠴᠦᠨ ᠦᠭᠡᠢ ᠪᠣᠯᠭᠠᠬᠤ᠂ ᠨᠡᠷ᠎ᠡ ᠶᠢ ᠨᠢ ᠬᠠᠯᠠᠬᠤ᠂ ᠵᠠᠭᠠᠭ ᠱᠤᠭᠤᠮ ᠢ ᠬᠤᠪᠢᠷᠠᠭᠤᠯᠬᠤ ᠪᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠠᠵᠢᠯ ᠢ ᠭᠤᠶᠤᠴᠢᠯᠠᠨ ᠮᠡᠳᠡᠭᠦᠯᠵᠦ᠂ ᠰᠤᠮᠤ ︵ᠪᠠᠯᠭᠠᠰᠤ︶  ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠬᠤᠪᠢᠷᠠᠯᠲᠠ ᠶᠢ ᠭᠤᠶᠤᠴᠢᠯᠠᠨ ᠮᠡᠳᠡᠭᠦᠯᠬᠦ ᠠᠵᠢᠯ ᠢ ᠳᠠᠭᠠᠭᠠᠨ ᠭᠦᠢᠴᠡᠳᠬᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠤᠯᠢ ᠶᠣᠰᠣᠭᠠᠷ ᠬᠠᠮᠢᠶᠠᠷᠴᠤ᠂ ᠬᠢᠯᠢ ᠶᠢᠨ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠨ᠎ᠡ︔ ᠪᠥᠬᠦ ᠬᠤᠰᠢᠭᠤᠨ ᠤ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠪᠠᠷᠢᠮᠵᠢᠶᠠᠲᠤ ᠭᠠᠵᠠᠷ ᠤᠨ ᠨᠡᠷ᠎ᠡ ᠶᠢ ᠲᠣᠭᠲᠠᠭᠠᠨ ᠨᠡᠶᠢᠲᠡᠯᠡᠵᠦ᠂ ᠭᠠᠵᠠᠷ ᠤᠨ ᠨᠡᠷ᠎ᠡ ᠶᠢᠨ ᠬᠡᠷᠡᠭᠯᠡᠯᠲᠡ ᠶᠢ ᠬᠢᠨᠠᠨ ᠪᠠᠶᠢᠴᠠᠭᠠᠵᠤ᠂ ᠲᠣᠭᠲᠠᠭᠰᠠᠨ ᠡᠷᠬᠡ ᠮᠡᠳᠡᠯ ᠤᠨ ᠳᠣᠲᠣᠷ᠎ᠠ ᠭᠠᠵᠠᠷ ᠤᠨ ᠨᠡᠷ᠎ᠡ ᠶᠢ ᠨᠡᠷᠡᠶᠢᠳᠬᠦ᠂ ᠨᠡᠷ᠎ᠡ ᠶᠢ ᠨᠢ ᠬᠠᠯᠠᠬᠤ ᠵᠦᠢᠯᠡᠰ ᠢ ᠳᠠᠭᠠᠭᠠᠨ ᠭᠦᠢᠴᠡᠳᠬᠡᠵᠦ᠂ ᠭᠠᠵᠠᠷ ᠤᠨ ᠨᠡᠷ᠎ᠡ ᠶᠢᠨ ᠲᠡᠮᠳᠡᠭ ᠢ ᠪᠠᠶᠢᠷᠢᠯᠠᠭᠤᠯᠬᠤ ᠪᠠ ᠰᠢᠨᠡᠳᠬᠡᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠪᠠᠶᠢᠴᠠᠭᠠᠨ᠎ᠠ︔ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠪᠠ ᠭᠠᠵᠠᠷ ᠤᠨ ᠨᠡᠷ᠎ᠡ ᠶᠢᠨ ᠳᠠᠩᠰᠠ ᠡᠪᠬᠡᠮᠡᠯ ᠢ ᠬᠠᠮᠢᠶᠠᠷᠤᠨ᠎ᠠ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠠᠮᠤᠭᠤᠯᠠᠩ ᠶᠡᠭᠡ ᠵᠡᠭᠡᠯᠢ ᠶᠢᠨ 16 ᠳ᠋ᠤᠭᠠᠷ ᠨᠣᠮᠧᠷ ︵ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠭ᠎ᠠ︶          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606414          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠯᠢᠦ ᠳ᠋ᠦᠩ ᠰᠢᠤᠸᠠᠢ          ︵ᠳᠥᠷᠪᠡ︶ ᠨᠠᠰᠤᠵᠢᠯ ᠤᠨ ᠦᠢᠯᠡᠴᠢᠯᠡᠭᠡ ᠪᠠ ᠬᠡᠦᠬᠡᠳ ᠤᠨ ᠠᠰᠠᠷᠠᠮᠵᠢ ᠶᠢᠨ ᠲᠠᠰᠤᠭ ︵ᠨᠠᠰᠤᠲᠠᠶᠢᠴᠤᠳ ᠤᠨ ᠠᠵᠢᠯ ᠤᠨ ᠲᠠᠰᠤᠭ ᠪᠠ ᠨᠢᠭᠦᠯᠡᠰᠦᠩᠭᠦᠢ ᠶᠢᠨ ᠦᠢᠯᠡᠰ ᠢ ᠠᠬᠢᠭᠤᠯᠬᠤ ᠲᠠᠰᠤᠭ︶᠃ ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠨ᠎ᠡ︔ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠦᠷᠢ ᠶᠢᠨ ᠳᠦᠷᠢᠮ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ᠂ ᠠᠷᠠᠳ ᠤᠨ ᠭᠤᠷᠪᠠᠨ ᠨᠠᠰᠤᠲᠠᠨ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠤᠨ᠎ᠠ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ ᠤ ᠨᠥᠬᠦᠪᠦᠷᠢ ᠵᠡᠷᠭᠡ ᠨᠥᠬᠦᠪᠦᠷᠢ ᠣᠯᠭᠤᠬᠤ ᠠᠵᠢᠯ ᠢ ᠬᠠᠷᠢᠭᠤᠴᠠᠨ᠎ᠠ︔ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠠᠷᠭ᠎ᠠ ᠬᠡᠮᠵᠢᠶ᠎ᠡ ᠶᠢ ᠲᠤᠭᠤᠷᠪᠢᠨ ᠪᠢᠴᠢᠬᠦ ᠪᠠ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠠᠵᠢᠯ ᠢ ᠵᠢᠯᠣᠭᠤᠳᠤᠨ ᠵᠣᠬᠢᠴᠠᠭᠤᠯᠵᠤ᠂ ᠪᠥᠬᠦ ᠬᠤᠰᠢᠭᠤᠨ ᠤ ᠬᠥᠮᠥᠨ ᠠᠮᠠ ᠶᠢᠨ ᠨᠠᠰᠤᠵᠢᠯᠲᠠ ᠶᠢᠨ ᠤᠯᠤᠰ ᠤᠨ ᠪᠠᠶᠢᠳᠠᠯ ᠤᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠲᠠᠶᠢᠴᠤᠳ ᠤᠨ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠬᠥᠮᠥᠨ ᠠᠮᠠ ᠶᠢᠨ ᠪᠠᠶᠢᠳᠠᠯ᠂ ᠨᠠᠰᠤᠲᠠᠶᠢᠴᠤᠳ ᠤᠨ ᠠᠵᠢᠯ ᠦᠢᠯᠡᠰ ᠤᠨ ᠬᠥᠭᠵᠢᠯᠲᠡ ᠲᠠᠢ ᠬᠠᠮᠵᠢᠯᠴᠠᠨ ᠪᠦᠷᠢᠳᠬᠡᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠡᠦᠬᠡᠳ ᠤᠨ ᠠᠰᠠᠷᠠᠮᠵᠢ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠪᠠᠲᠤᠯᠠᠬᠤ ᠳᠦᠷᠢᠮ ᠢ ᠪᠦᠷᠢᠨᠰᠢᠭᠦᠯᠦᠨ᠎ᠡ᠃ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠪᠠ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠨ᠎ᠠ︔ ᠬᠤᠰᠢᠭᠤᠨ ᠤ ᠲᠣᠰ ᠱᠠᠲᠤᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠲᠠᠷᠬᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠠᠮᠤᠭᠤᠯᠠᠩ ᠶᠡᠭᠡ ᠵᠡᠭᠡᠯᠢ ᠶᠢᠨ 16 ᠳ᠋ᠤᠭᠠᠷ ᠨᠣᠮᠧᠷ ︵ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ 205᠂ 207 ᠳ᠋ᠤᠭᠠᠷ ᠥᠷᠥᠭᠡ︶          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606414          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠾᠧ ᠰᠣᠨᠢᠨ          ︵ᠲᠠᠪᠤ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠠᠰᠤᠭ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠳ᠋ᠦᠩᠨᠡᠨ ᠬᠥᠬᠢᠭᠦᠯᠬᠦ᠂ ᠢᠷᠠᠭᠤ ᠠᠯᠳᠠᠷ ᠢ ᠱᠠᠩᠨᠠᠬᠤ ᠠᠵᠢᠯ ᠢ ᠡᠭᠦᠷᠭᠡᠯᠡᠵᠦ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠦᠬᠦᠢ ᠬᠥᠮᠥᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠡᠭᠦᠷᠭᠡᠯᠡᠨ᠎ᠡ︔ ᠬᠤᠰᠢᠭᠤᠨ ᠤ ᠲᠣᠰ ᠱᠠᠲᠤᠨ ᠤ ᠲᠥᠯᠥᠪᠯᠡᠭᠡ ᠪᠠᠷ ᠬᠤᠪᠢᠶᠠᠷᠢᠯᠠᠭᠰᠠᠨ ᠴᠡᠷᠢᠭ ᠠᠴᠠ ᠬᠠᠯᠠᠭᠳᠠᠭᠰᠠᠨ ᠺᠠᠳ᠋ᠷ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠬᠠᠯᠠᠭᠳᠠᠭᠰᠠᠨ ᠪᠠᠶᠢᠯᠳᠤᠭᠴᠢᠳ ᠤᠨ ᠣᠨ ᠤ ᠲᠥᠪᠬᠢᠨᠡᠭᠦᠯᠬᠦ᠂ ᠠᠵᠢᠯ ᠤᠨ ᠪᠠᠶᠢᠷᠢ ᠳᠤ ᠭᠠᠷᠬᠤ  ᠠᠴᠠ ᠡᠮᠦᠨᠡᠬᠢ ᠪᠣᠯᠪᠠᠰᠤᠷᠠᠭᠤᠯᠤᠯ ᠵᠡᠷᠭᠡ ᠡᠭᠦᠷᠭᠡ ᠶᠢ ᠡᠭᠦᠷᠭᠡᠯᠡᠵᠦ᠂ ᠰᠤᠮᠤ ᠪᠠᠯᠭᠠᠰᠤ ᠶᠢ ᠰᠢᠪᠠᠳᠠᠨ ᠵᠢᠯᠤᠭᠤᠳᠴᠤ ᠪᠠᠶᠢᠭᠠᠳ ᠣᠨ ᠤ ᠠᠵᠢᠯ ᠤᠨ ᠡᠭᠦᠷᠭᠡ ᠶᠢ ᠪᠡᠶᠡᠯᠡᠭᠦᠯᠦᠨ᠎ᠡ︔ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠴᠡᠷᠢᠭ ᠠᠩᠭᠢ ᠶᠢᠨ ᠠᠵᠢᠯ  ᠠᠴᠠ ᠪᠠᠨ ᠠᠮᠠᠷᠠᠭᠰᠠᠨ ᠪᠠ ᠠᠵᠢᠯ  ᠠᠴᠠ ᠪᠠᠨ ᠪᠠᠭᠤᠭᠰᠠᠨ ᠺᠠᠳ᠋ᠷ᠂ ᠴᠡᠷᠢᠭ ᠤᠨ ᠬᠠᠷᠢᠶ᠎ᠠ ᠦᠭᠡᠢ ᠠᠵᠢᠯ  ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ  ᠠᠴᠠ ᠪᠠᠨ ᠠᠮᠠᠷᠠᠭᠰᠠᠨ ᠪᠠ ᠠᠵᠢᠯ  ᠠᠴᠠ ᠪᠠᠨ ᠪᠠᠭᠤᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠᠨ  ᠠᠴᠠ ᠪᠠᠭᠤᠭᠰᠠᠳ ᠪᠠ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ︔ ᠪᠥᠬᠦ ᠬᠤᠰᠢᠭᠤᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠴᠡᠷᠢᠭ ᠠᠩᠭᠢ ᠶᠢᠨ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠳᠠᠯ ᠦᠢᠯᠡᠰ ᠴᠣᠭᠴᠠᠯᠠᠨ ᠠᠵᠢᠯ ᠣᠯᠬᠤ ᠣᠨ ᠤ ᠲᠥᠯᠥᠪᠯᠡᠭᠡ ᠶᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠡᠷᠢᠭ ᠠᠴᠠ ᠠᠵᠢᠯ ᠰᠢᠯᠵᠢᠭᠰᠡᠨ ᠺᠠᠳ᠋ᠷ ᠪᠠ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠭᠥᠯᠢᠶᠡᠨ ᠠᠪᠴᠤ ᠰᠢᠯᠵᠢᠭᠦᠯᠬᠦ᠂ ᠬᠠᠳᠠᠭᠠᠯᠠᠬᠤ ᠠᠵᠢᠯ ᠢ ᠡᠭᠦᠷᠭᠡᠯᠡᠵᠦ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ ᠪᠠ ᠰᠤᠷᠭᠠᠨ ᠬᠥᠮᠥᠵᠢᠭᠦᠯᠵᠦ ᠪᠣᠯᠪᠠᠰᠤᠷᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ︔ ᠪᠥᠬᠦ ᠬᠤᠰᠢᠭᠤᠨ ᠤ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠠᠰᠠᠷᠠᠮᠵᠢ ᠣᠯᠭᠤᠬᠤ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠠᠵᠢᠯ ᠢ ᠵᠣᠬᠢᠴᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠤᠨ᠎ᠠ︔ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠮᠵᠢ ᠦᠭᠡᠢ ᠰᠢᠷᠬᠠᠲᠤᠭᠰᠠᠨ᠂ ᠵᠡᠮᠳᠡᠭ ᠴᠡᠷᠢᠭ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠴᠡᠷᠢᠭ ᠤᠨ ᠠᠯᠪᠠᠨ  ᠠᠴᠠ ᠪᠠᠭᠤᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠵᠢᠴᠢ ᠴᠡᠷᠢᠭ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠪᠠᠶᠢᠭᠤᠯᠤᠮᠵᠢ ᠶᠢᠨ ᠲᠥᠯᠦᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠵᠢᠯᠣᠭᠤᠳᠤᠨ ᠬᠡᠷᠡᠭᠵᠢᠭᠦᠯᠦᠨ᠎ᠡ︔ ᠴᠡᠷᠢᠭ ᠢ ᠳᠠᠭᠠᠵᠤ ᠠᠵᠢᠯ ᠰᠢᠯᠵᠢᠬᠦ ᠭᠡᠷ ᠪᠦᠯᠢ ᠶᠢᠨ ᠬᠢᠨ ᠤ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠵᠢᠯᠣᠭᠤᠳᠤᠨ᠎ᠠ︔ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ᠂ ᠳᠤᠷᠠᠰᠬᠠᠯ ᠤᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠪᠠ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠵᠢᠯᠯᠠᠭ᠎ᠠ ᠶᠢ ᠵᠢᠯᠣᠭᠤᠳᠤᠨ ᠥᠷᠨᠢᠭᠦᠯᠦᠨ᠎ᠡ᠃ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠣᠲᠣᠮ ᠤᠨ ᠠᠵᠢᠯ ᠢ ᠬᠠᠷᠢᠭᠤᠴᠠᠨ᠎ᠠ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠠᠮᠤᠭᠤᠯᠠᠩ ᠶᠡᠭᠡ ᠵᠡᠭᠡᠯᠢ ᠶᠢᠨ 16 ᠳ᠋ᠤᠭᠠᠷ ᠨᠣᠮᠧᠷ ︵ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ 203 ᠳ᠋ᠤᠭᠠᠷ ᠥᠷᠥᠭᠡ︶          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606414          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠵᠠᠩ ᠶᠢᠩ          ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠪᠠ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠤᠳᠤᠷᠢᠳᠤᠨ᠎ᠠ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠠᠮᠤᠭᠤᠯᠠᠩ ᠶᠡᠭᠡ ᠵᠡᠭᠡᠯᠢ ᠶᠢᠨ 16 ᠳ᠋ᠤᠭᠠᠷ ᠨᠣᠮᠧᠷ ︵ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ︶          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606414          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠴᠡᠯᠮᠡᠭ          ᠭᠤᠷᠪᠠ᠂ ᠬᠠᠷᠢᠶ᠎ᠠ ᠪᠠᠶᠢᠭᠤᠯᠤᠮᠵᠢ          ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ          ᠰᠢᠨ᠎ᠡ ᠪᠠᠷᠭᠤ ᠵᠡᠭᠦᠨ ᠬᠤᠰᠢᠭᠤᠨ ᠤ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ︵ᠰᠢᠨ᠎ᠡ ᠪᠠᠷᠭᠤ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠪᠡ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠤᠨ ᠠᠯᠪᠠ  ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠮᠥᠨ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠲᠠᠰᠤᠭ ᠤᠨ ᠲᠠᠰ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ ᠨᠢ᠄ ᠪᠦᠭᠦ ᠬᠤᠰᠢᠭᠤᠨ ᠤ ᠬᠥᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ ᠤᠨ ᠢᠷᠡᠯᠲᠡ ᠦᠭᠡᠢ᠂ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠡᠭᠦᠷᠭᠡᠲᠦ ᠬᠥᠮᠥᠨ ᠦᠭᠡᠢ ᠪᠤᠶᠤ ᠲᠡᠭᠦᠨ ᠤ ᠬᠠᠤᠯᠢ ᠪᠠᠷ ᠲᠣᠭᠲᠠᠭᠠᠭᠰᠠᠨ ᠡᠭᠦᠷᠭᠡᠲᠦ ᠬᠥᠮᠥᠨ ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠢ ᠣᠨᠴᠠ ᠬᠦᠴᠢᠷᠳᠡᠯᠲᠡᠢ ᠥᠨᠥᠴᠢᠨ᠂ ᠨᠠᠰᠤᠲᠠᠨ᠂ ᠵᠡᠮᠳᠡᠭ ᠬᠥᠮᠥᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠠᠵᠢᠯ ᠢ ᠡᠭᠦᠷᠭᠡᠯᠡᠨ᠎ᠡ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601519          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠪᠠᠢ ᠯᠢᠨ          ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ          ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠲᠠᠰᠤᠭ ᠤᠨ ᠲᠠᠰ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ ᠨᠢ᠄          1. ᠬᠤᠰᠢᠭᠤᠨ ᠤ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠬᠠᠮᠢᠶ᠎ᠠ ᠪᠦᠬᠦᠢ ᠶᠡᠷᠦᠩᠬᠡᠶᠢᠯᠡᠭᠰᠡᠨ ᠦᠢᠯᠡᠴᠢᠯᠡᠭᠡ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃          2.ᠣᠷᠣᠰᠢᠭᠤᠯᠭ᠎ᠠ ᠶᠢᠨ ᠦᠢᠯᠡᠰ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃          3.ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ          ᠰᠢᠤᠳᠠᠨ ᠳ᠋ᠤᠭᠠᠷ᠄ 021200          ᠬᠠᠷᠢᠯᠴᠠᠬᠤ ᠤᠲᠠᠰᠤ᠄ 0470 ︱ 6606414          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠪᠦᠦ ᠰᠢᠶᠣᠣ ᠵᠢᠶᠦ᠋ᠨ          ︵ᠭᠤᠷᠪᠠ︶ ᠰᠢᠨ᠎ᠡ ᠪᠠᠷᠭᠤ ᠵᠡᠭᠦᠨ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ          ᠰᠢᠨ᠎ᠡ ᠪᠠᠷᠭᠤ ᠵᠡᠭᠦᠨ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠰᠢᠨ᠎ᠡ ᠪᠠᠷᠭᠤ ᠵᠡᠭᠦᠨ ᠬᠤᠰᠢᠭᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ᠂ ᠰᠢᠨ᠎ᠡ ᠪᠠᠷᠭᠤ ᠵᠡᠭᠦᠨ ᠬᠤᠰᠢᠭᠤᠨ ᠤ ᠣᠷᠣᠯᠭ᠎ᠠ ᠪᠠᠭᠠᠲᠠᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠥᠪ ᠤᠨ ᠫᠠᠶᠢᠰᠠ ᠶᠢ ᠡᠯᠭᠦᠪᠡ︶ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠲᠠᠰᠤᠭ ᠤᠨ ᠲᠠᠰ ᠲᠠᠢ ᠲᠡᠩᠴᠡᠨ᠎ᠡ᠃          1. ᠪᠦᠭᠦ ᠬᠤᠰᠢᠭᠤᠨ ᠤ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ︔ ᠪᠥᠬᠦ ᠬᠤᠰᠢᠭᠤᠨ ᠤ ᠲᠡᠨᠦᠭᠦᠯ ᠭᠤᠶᠢᠷᠠᠨᠴᠢᠳ ᠢ ᠡᠮᠬᠢ ᠳᠠᠷᠠᠭ᠎ᠠ ᠲᠠᠢ ᠪᠠᠷ ᠲᠣᠰᠴᠤ ᠬᠦᠷᠭᠡᠵᠦ ᠨᠤᠲᠤᠭ ᠲᠤᠨᠢ ᠬᠦᠷᠭᠡᠬᠦ ᠵᠡᠷᠭᠡ ᠠᠵᠢᠯ ᠢ ᠡᠭᠦᠷᠭᠡᠯᠡᠨ᠎ᠡ︔ ᠭᠡᠨᠡᠳᠲᠡ ᠶᠢᠨ ᠡᠪᠡᠳᠴᠢᠨ᠂ ᠬᠦᠨᠳᠦ ᠲᠦᠭᠰᠢᠭᠦᠷᠢᠲᠡᠢ ᠡᠪᠡᠳᠴᠢᠲᠡᠨ ᠵᠢᠴᠢ ᠮᠡᠳᠡᠷᠡᠯ ᠤᠨ ᠡᠪᠡᠳᠴᠢᠨ ᠲᠠᠢ ᠲᠡᠨᠦᠭᠦᠯ ᠭᠤᠶᠢᠷᠠᠨᠴᠢ ᠶᠢ ᠴᠠᠭ ᠲᠤᠬᠠᠢ ᠳᠤᠨᠢ ᠡᠮᠨᠡᠯᠭᠡ ᠳᠤ ᠬᠦᠷᠭᠡᠵᠦ ᠡᠮᠨᠡᠭᠦᠯᠬᠦ ᠶᠢᠨ ᠬᠠᠮᠲᠤ ᠬᠠᠷᠠᠭᠠᠯᠵᠠᠬᠤ ᠦᠢᠯᠡᠴᠢᠯᠡᠭᠡ ᠬᠠᠩᠭᠠᠨ᠎ᠠ︔ ᠣᠷᠳᠣ ᠬᠤᠭᠤᠴᠠᠭ᠎ᠠ ᠪᠠᠷ ᠰᠠᠭᠠᠲᠠᠭᠰᠠᠨ ᠬᠥᠮᠥᠰ ᠵᠢᠴᠢ ᠪᠡᠶ᠎ᠡ ᠶᠢᠨ ᠭᠠᠷᠤᠯ ᠢ ᠨᠢ ᠲᠣᠳᠣᠯᠠᠬᠤ ᠶᠢᠨ ᠠᠷᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠭᠴᠢᠳ ᠢ ᠢᠯᠭᠠᠨ ᠲᠣᠳᠣᠯᠠᠬᠤ᠂ ᠨᠠᠶᠢᠳᠠᠨ ᠲᠡᠵᠢᠭᠡᠯᠭᠡᠬᠦ᠂ ᠲᠥᠪᠬᠢᠨᠡᠭᠦᠯᠬᠦ ᠵᠡᠷᠭᠡ ᠠᠵᠢᠯ ᠢ ᠡᠭᠦᠷᠭᠡᠯᠡᠨ᠎ᠡ᠃          2.ᠲᠡᠨᠦᠭᠦᠴᠢᠯᠡᠨ ᠭᠤᠶᠢᠷᠠᠨᠴᠢᠯᠠᠬᠤ᠂ ᠬᠢᠨᠠᠨ ᠬᠠᠮᠠᠭᠠᠯᠠᠯᠲᠠ ᠶᠢᠨ ᠬᠠᠯᠳᠠᠯᠭ᠎ᠠ ᠳᠤ ᠤᠴᠠᠷᠠᠬᠤ᠂ ᠲᠦᠷ ᠴᠠᠭ ᠬᠢᠨᠠᠨ ᠬᠠᠮᠠᠭᠠᠯᠠᠬᠤ ᠬᠥᠮᠥᠨ ᠦᠭᠡᠢ ᠵᠡᠷᠭᠡ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠬᠤ ᠵᠢᠴᠢ ᠲᠦᠷ ᠴᠠᠭ ᠤᠨ ᠬᠢᠨᠠᠨ ᠬᠠᠮᠠᠭᠠᠯᠠᠬᠤ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠢᠴᠢ ᠥᠨᠥᠴᠢᠨ ᠵᠡᠮᠳᠡᠭ ᠬᠡᠦᠬᠡᠳ ᠢ ᠲᠥᠷᠥᠯ ᠬᠤᠪᠢᠶᠠᠨ ᠪᠠᠲᠤᠯᠠᠬᠤ᠂ ᠬᠠᠮᠢᠶ᠎ᠠ ᠪᠦᠬᠦᠢ ᠪᠦᠷᠢᠳᠬᠡᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠨ᠎ᠡ᠃          3. ᠪᠥᠬᠦ ᠬᠤᠰᠢᠭᠤᠨ ᠤ ᠣᠷᠣᠯᠭ᠎ᠠ ᠪᠠᠭᠠᠲᠠᠢ ᠭᠡᠷ ᠪᠦᠯᠢ᠂ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠵᠢᠴᠢ ᠪᠤᠰᠤᠳ ᠵᠠᠰᠠᠭ ᠤᠨ ᠣᠷᠳᠣᠨ ᠤ ᠲᠤᠰᠬᠠᠢ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠤᠨ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠢ ᠬᠠᠷᠭᠤᠭᠤᠯᠬᠤ ᠵᠡᠷᠭᠡ ᠠᠵᠢᠯ ᠢ ᠡᠭᠦᠷᠭᠡᠯᠡᠨ᠎ᠡ ︔ ᠬᠠᠷᠭᠤᠭᠤᠯᠬᠤ ᠲᠠᠩᠰᠠ ᠡᠪᠬᠡᠮᠡᠯ ᠢ ᠪᠠᠶᠢᠭᠤᠯᠬᠤ ᠪᠠ ᠬᠠᠮᠢᠶᠠᠷᠴᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠰᠦᠯᠵᠢᠶᠡᠨ ᠳᠤ ᠬᠤᠯᠪᠣᠭᠰᠠᠨ ᠮᠡᠳᠡᠭᠡ ᠵᠠᠩᠭᠢ ᠶᠢ ᠬᠠᠷᠭᠤᠭᠤᠯᠬᠤ ᠰᠢᠰᠲ᠋ᠧᠮ ᠤᠨ ᠲᠤᠭ᠎ᠠ ᠪᠠᠷᠢᠮᠲᠠ ᠶᠢᠨ ᠬᠠᠮᠠᠭᠠᠯᠠᠯᠲᠠ ᠶᠢ ᠬᠠᠷᠢᠭᠤᠴᠠᠨ᠎ᠠ︔ ᠰᠤᠮᠤ ᠪᠠᠯᠭᠠᠰᠤ ᠶᠢᠨ ᠣᠷᠣᠯᠭ᠎ᠠ ᠪᠠᠭᠠᠲᠠᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠠᠵᠢᠯ ᠢ ᠵᠢᠯᠣᠭᠤᠳᠤᠨ᠎ᠠ᠃          4.ᠪᠦᠭᠦ ᠬᠤᠰᠢᠭᠤᠨ ᠤ ᠪᠠᠶᠢᠩᠭᠤ ᠶᠢᠨ ᠴᠢᠨᠠᠷᠲᠠᠢ ᠨᠡᠶᠢᠭᠡᠮ ᠠᠴᠠ ᠲᠤᠰᠠᠯᠠᠨ ᠬᠦᠷᠭᠡᠭᠰᠡᠨ ᠵᠣᠭᠤᠰ ᠪᠣᠳᠠᠰ ᠢ ᠬᠦᠯᠢᠶᠡᠨ ᠠᠪᠬᠤ᠂ ᠪᠦᠬᠦᠯᠢ ᠪᠠᠷ ᠤᠬᠢᠶᠠᠬᠤ᠂ ᠠᠷᠢᠭᠤᠳᠬᠠᠬᠤ᠂ ᠰᠢᠯᠵᠢᠭᠦᠯᠦᠨ ᠬᠦᠷᠭᠡᠬᠦ ᠵᠢᠴᠢ ᠨᠡᠶᠢᠭᠡᠮ ᠠᠴᠠ ᠲᠤᠰᠠᠯᠠᠨ ᠬᠦᠷᠭᠡᠭᠰᠡᠨ ᠡᠳ᠋ ᠪᠣᠳᠠᠰ ᠢ ᠬᠠᠮᠢᠶᠠᠷᠴᠤ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ᠃          5.ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠠᠮᠤᠭᠤᠯᠠᠩ ᠶᠡᠭᠡ ᠵᠡᠭᠡᠯᠢ ᠶᠢᠨ 16 ᠳ᠋ᠤᠭᠠᠷ ᠨᠣᠮᠧᠷ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/754/0/page_1.html          ᠬᠠᠷᠢᠯᠴᠠᠬᠤ ᠤᠲᠠᠰᠤ᠄ 0470 ︱ 6602474          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠣᠶᠤᠨᠰᠣᠳᠣ          ︵ᠳᠥᠷᠪᠡ︶ ᠰᠢᠨ᠎ᠡ ᠪᠠᠷᠭᠤ ᠵᠡᠭᠦᠨ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠳᠣᠷᠣᠭᠰᠢ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠭᠡᠵᠦ ᠲᠣᠪᠴᠢᠯᠠᠨ᠎ᠠ︶ ᠨᠢ ᠰᠢᠨ᠎ᠡ ᠪᠠᠷᠭᠤ ᠵᠡᠭᠦᠨ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠲᠠᠰᠤᠭ ᠤᠨ ᠲᠠᠰ ᠲᠠᠢ ᠲᠡᠩᠴᠡᠨ᠎ᠡ᠃          ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠭᠤᠣᠯ ᠡᠭᠦᠷᠭᠡ ᠬᠠᠷᠢᠭᠤᠴᠠᠯᠭ᠎ᠠ᠄          1.ᠬᠤᠰᠢᠭᠤᠨ ᠤ ᠲᠣᠰ ᠱᠠᠲᠤᠨ ᠤ ᠨᠢᠭᠡᠴᠡ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠵᠠᠰᠠᠭ ᠵᠠᠬᠢᠷᠭᠠᠨ ᠤ ᠬᠠᠷᠢᠴᠠᠭ᠎ᠠ᠂ ᠬᠠᠩᠭᠠᠯᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠬᠦᠯᠢᠶᠡᠨ ᠠᠪᠬᠤ ᠪᠠ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠠᠵᠢᠯ ᠢ ᠬᠠᠪᠰᠤᠷᠤᠨ ᠪᠡᠶᠡᠯᠡᠭᠦᠯᠦᠨ᠎ᠡ︔ ᠴᠡᠷᠢᠭ ᠤᠨ ᠠᠯᠪᠠᠨ ᠠᠴᠠ ᠬᠠᠯᠠᠭᠳᠠᠭᠰᠠᠳ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠮᠵᠢᠨ ᠥᠷᠨᠢᠭᠦᠯᠦᠨ᠎ᠡ᠃          2.ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ᠂ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠵᠠᠬᠢᠳᠠᠯ ᠰᠣᠷᠪᠤᠯᠵᠢᠯᠠᠭ᠎ᠠ ᠬᠢᠬᠦ ᠪᠠ ᠤᠲᠠᠰᠤᠨ ᠳᠡᠭᠡᠷ᠎ᠡ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠮᠵᠢᠨ ᠥᠷᠨᠢᠭᠦᠯᠦᠨ᠎ᠡ︔ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠬᠠᠷᠢᠭᠤᠯᠲᠠ᠂ ᠡᠷᠬᠡ ᠠᠰᠢᠭ ᠤᠨ ᠵᠥᠪᠯᠡᠯᠭᠡ᠂ ᠰᠡᠳᠬᠢᠴᠡ ᠶᠢᠨ ᠵᠢᠯᠣᠭᠤᠳᠤᠯᠭ᠎ᠠ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠬᠤᠯᠪᠣᠭᠳᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠬᠥᠲᠥᠯᠥᠨ ᠵᠢᠯᠤᠭᠤᠳᠬᠤ ᠵᠡᠷᠭᠡ ᠠᠵᠢᠯ ᠢ ᠡᠭᠦᠷᠭᠡᠯᠡᠨ᠎ᠡ᠃          3. ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠪᠠ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠬᠠᠩᠭᠠᠬᠤ ᠶᠢ ᠬᠠᠷᠢᠭᠤᠴᠠᠨ᠎ᠠ︔ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠴᠡᠷᠢᠭ ᠢ ᠳᠠᠭᠠᠭᠰᠠᠨ ᠭᠡᠷ ᠪᠦᠯᠢ ᠶᠢᠨ ᠬᠥᠮᠥᠰ ᠢ ᠤᠷᠢᠵᠤ ᠡᠯᠰᠡᠬᠦ ᠬᠤᠷᠠᠯ᠂ ᠲᠠᠨᠢᠯᠴᠠᠭᠤᠯᠬᠤ ᠬᠤᠷᠠᠯ᠂ ᠠᠵᠢᠯ ᠣᠯᠭᠤᠯᠲᠠ ᠶᠢᠨ ᠶᠠᠷᠢᠶᠠᠨ ᠤ ᠲᠠᠪᠴᠠᠩ ᠵᠡᠷᠭᠡ ᠶᠢ ᠳᠠᠭᠠᠭᠠᠨ ᠡᠷᠭᠢᠯᠡᠨ᠎ᠡ᠃          4.ᠣᠨᠴᠠ ᠬᠦᠴᠢᠷᠳᠡᠯᠲᠡᠢ ᠴᠡᠷᠢᠭ ᠤᠨ ᠠᠯᠪᠠᠨ ᠠᠴᠠ ᠪᠠᠭᠤᠭᠰᠠᠳ ᠪᠣᠯᠣᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠡᠭᠦᠷᠭᠡᠯᠡᠨ᠎ᠡ᠃          5.ᠴᠡᠷᠢᠭ ᠤᠨ ᠭᠡᠷ ᠪᠦᠯᠢ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠡᠪᠡᠳᠴᠢᠨ ᠲᠠᠢ ᠨᠤᠲᠤᠭ ᠲᠠᠭᠠᠨ ᠪᠤᠴᠠᠭᠰᠠᠨ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠬᠠᠮᠵᠢᠨ ᠥᠷᠨᠢᠭᠦᠯᠦᠨ᠎ᠡ᠃          6. ᠴᠡᠷᠢᠭ ᠤᠨ ᠠᠯᠪᠠᠨ  ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠮᠠᠲ᠋ᠧᠷᠢᠶᠠᠯ ᠢ ᠬᠠᠮᠢᠶᠠᠷᠬᠤ᠂ ᠬᠤᠷᠢᠶᠠᠩᠭᠤᠶᠢᠯᠠᠨ ᠵᠠᠳᠠᠯᠬᠤ᠂ ᠮᠡᠳᠡᠭᠦᠯᠦᠨ ᠬᠦᠷᠭᠡᠬᠦ ᠪᠠ ᠬᠠᠮᠢᠶ᠎ᠠ ᠪᠦᠬᠦᠢ ᠮᠡᠳᠡᠭᠡ ᠵᠠᠩᠭᠢ ᠶᠢᠨ ᠰᠢᠰᠲ᠋ᠧᠮ ᠢ ᠠᠵᠢᠯᠯᠠᠭᠤᠯᠵᠤ ᠪᠠᠲᠤᠯᠠᠬᠤ ᠵᠡᠷᠭᠡ ᠠᠵᠢᠯ ᠢ ᠬᠠᠷᠢᠭᠤᠴᠠᠨ᠎ᠠ᠃          7.ᠰᠤᠮᠤ ᠪᠠᠯᠭᠠᠰᠤ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠲᠤᠬᠠᠶᠢᠯᠠᠭᠰᠠᠨ ᠠᠵᠢᠯ ᠤᠨ ᠵᠢᠭᠠᠨ ᠵᠢᠯᠤᠭᠤᠳᠬᠤ ᠠᠵᠢᠯ ᠢ ᠡᠭᠦᠷᠭᠡᠯᠡᠨ᠎ᠡ᠃          8.ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃ᠠᠵᠢᠯᠯᠠᠬᠤ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠰᠢᠨ᠎ᠡ ᠪᠠᠷᠭᠤ ᠵᠡᠭᠦᠨ ᠬᠤᠰᠢᠭᠤᠨ ᠤ ᠬᠥᠭᠵᠢᠯ ᠵᠡᠭᠡᠯᠢ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ ᠶᠢᠨ ᠲᠤᠬᠠᠶᠢᠯᠠᠭᠰᠠᠨ ᠠᠵᠢᠯ ᠤᠨ ᠲᠢᠩᠬᠢᠮ︶          ᠰᠢᠤᠳᠠᠨ ᠳ᠋ᠤᠭᠠᠷ᠄ 021200          ᠰᠢᠤᠳᠠᠨ ᠬᠠᠶᠢᠷᠴᠠᠭ᠄ xzqtyjrj@163.com          ᠰᠦᠯᠵᠢᠶᠡᠨ ᠤ ᠬᠠᠶ᠋ᠢᠭ᠄ http://www.xzq.gov.cn/OpennessContent/showList/764/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠠᠵᠢᠯ ᠤᠨ ᠤᠲᠠᠰᠤ᠄ 0470 ︱ 6601236          ᠳᠥᠷᠪᠡ᠂ ᠴᠢᠮᠡᠭᠡ ᠨᠡᠪᠲᠡᠷᠡᠯᠭᠡ ᠶᠢᠨ ᠬᠠᠶ᠋ᠢᠭ᠂ ᠠᠵᠢᠯᠯᠠᠬᠤ ᠴᠠᠭ᠂ ᠰᠢᠤᠳᠠᠨ ᠳ᠋ᠤᠭᠠᠷ᠂ ᠠᠵᠢᠯ ᠤᠨ ᠤᠲᠠᠰᠤ᠂ ᠬᠠᠷᠢᠭᠤᠴᠠᠯᠭᠠᠲᠠᠨ ᠤ ᠣᠪᠣᠭ ᠨᠡᠷ᠎ᠡ          ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠠᠮᠤᠭᠤᠯᠠᠩ ᠶᠡᠭᠡ ᠵᠡᠭᠡᠯᠢ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606414          ᠰᠦᠯᠵᠢᠶᠡᠨ ᠤ ᠬᠠᠶ᠋ᠢᠭ᠄ http://www.xzq.gov.cn/OpennessContent/showList/754/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠶᠢᠨ ᠭᠠᠩ
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ