ᠤᠯᠠᠭᠠᠨᠮᠥ᠋ᠴᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠥᠷᠭᠡᠨ ᠤᠯᠠᠨ ᠠᠷᠠᠳ ᠲᠦᠮᠡᠨ ᠳᠤ ᠰᠢᠯᠢᠳᠡᠭ ᠰᠣᠶᠣᠯ ᠤᠨ ᠡᠬᠢ | ᠪᠠᠶᠠᠯᠢᠭ ᠢ ᠦᠷᠭᠦᠯᠵᠢᠯᠡᠨ ᠬᠠᠩᠭᠠᠬᠤ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠬᠢᠨ ᠭᠤᠷᠪᠠᠨ ᠰᠠᠷ᠎ᠠ ᠰᠢᠬᠠᠮ ᠤᠨ | ᠬᠤᠭᠤᠴᠠᠭ᠎ᠠ ᠲᠠᠢ ᠵᠠᠭᠤᠨ ᠡᠳᠦᠷ ᠤᠨ ᠴᠡᠷᠢᠭ ᠤᠨ ᠶᠡᠭᠡ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ 2024 ᠣᠨ ᠤ 12 ᠰᠠᠷ᠎ᠠ ᠶᠢᠨ 25 ᠤ ᠡᠳᠦᠷ ᠦᠷ᠎ᠡ | ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠭᠠᠷᠭᠠᠵᠠᠢ᠃ | ᠲᠣᠰ ᠤᠳᠠᠭᠠᠨ ᠤ ᠠᠵᠢᠯᠯᠠᠭ᠎ᠠ ᠳᠤ᠂ ᠰᠢᠨ᠎ᠡ ᠪᠠᠷ ᠡᠭᠦᠳᠦᠭᠰᠡᠨ ᠫᠷᠣᠭ᠍ᠷᠠᠮ ᠤᠨ ᠳᠡᠭᠡᠭᠰᠢᠯᠡᠯᠲᠡ ᠪᠠ ︽ᠨᠢᠭᠡ ᠵᠦᠢᠯ ᠳᠤ ᠮᠡᠷᠭᠡᠰᠢᠵᠦ ᠣᠯᠠᠨ ᠵᠦᠢᠯ ᠳᠤ | ᠴᠠᠭᠠᠷᠠᠭᠰᠠᠨ︾ ᠲᠠᠯ᠎ᠠ ᠠᠴᠠ ᠭᠠᠷᠳᠠᠵᠤ᠂ ᠬᠢᠴᠢᠶᠡᠯ ᠤᠨ ᠲᠣᠬᠢᠷᠠᠭᠤᠯᠤᠯᠲᠠ ᠪᠠᠶᠠᠯᠢᠭ ᠪᠥᠭᠡᠳ ᠪᠣᠳᠠᠲᠠᠢ ᠪᠠᠶᠢᠵᠤ᠂ ᠳᠠᠭᠤᠤ ᠬᠥᠭᠵᠢᠮ ᠤᠨ ᠣᠨᠣᠯ᠂ ᠳᠠᠭᠤᠯᠠᠬᠤ᠂ | ᠬᠥᠭᠵᠢᠮᠳᠡᠬᠦ᠂ ᠪᠥᠵᠢᠭ ᠤᠨ ᠬᠡᠯᠪᠡᠷᠢ ᠳᠦᠷᠰᠦ ᠵᠢᠴᠢ ᠲᠠᠶᠢᠰᠠᠨ ᠤ ᠲᠣᠭᠯᠠᠯᠲᠠ ᠶᠢᠨ ᠣᠯᠠᠨ ᠬᠦᠷᠢᠶᠡᠨ ᠤ ᠶᠡᠷᠦᠩᠬᠡᠶᠢᠯᠡᠭᠰᠡᠨ ᠤᠷ᠎ᠠ ᠴᠢᠳᠠᠪᠤᠷᠢ ᠶᠢ ᠰᠤᠷᠤᠯᠴᠠᠵᠤ᠂ | ᠭᠡᠰᠢᠭᠦᠳ ᠤᠨ ᠪᠦᠬᠦᠯᠢ ᠴᠣᠭᠴᠠ ᠶᠢᠨ ᠬᠡᠪ ᠴᠢᠨᠠᠷ ᠪᠠ ︽ᠨᠢᠭᠡ ᠵᠦᠢᠯ ᠳᠤ ᠮᠡᠷᠭᠡᠰᠢᠵᠦ ᠣᠯᠠᠨ ᠵᠦᠢᠯ ᠳᠤ ᠴᠠᠭᠠᠷᠠᠭᠰᠠᠨ︾ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ︽ᠵᠠᠭᠤᠨ ᠡᠳᠦᠷ ᠤᠨ ᠴᠡᠷᠢᠭ ᠤᠨ ᠶᠡᠭᠡ ᠪᠣᠯᠪᠠᠰᠤᠷᠠᠯ︾ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠬᠡᠪ | ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠥᠷᠨᠢᠭᠦᠯᠦᠭᠰᠡᠨ ᠨᠢᠭᠡ ᠵᠦᠢᠯ ᠤᠨ ᠬᠠᠷᠢᠯᠴᠠᠨ ᠰᠤᠷᠤᠯᠴᠠᠵᠤ ᠬᠠᠷᠢᠯᠴᠠᠨ ᠯᠠᠪᠯᠠᠯᠲᠠ ᠪᠣᠯᠭᠠᠵᠤ ᠬᠠᠷᠢᠯᠴᠠᠨ | ᠤᠷᠤᠭᠰᠢᠯᠠᠭᠤᠯᠬᠤ ᠠᠵᠢᠯᠯᠠᠭ᠎ᠠ ᠮᠥᠨ᠂ ᠬᠤᠶᠢᠰᠢᠳᠠ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠦᠷᠭᠦᠯᠵᠢᠯᠡᠨ ᠲᠤᠯᠭᠤᠷ ᠵᠣᠷᠢᠯᠲᠠ ᠪᠠᠨ ᠮᠠᠷᠲᠠᠯ | ᠦᠭᠡᠢ ᠪᠠᠷ ᠡᠷᠡᠮᠡᠬᠡᠶᠢᠯᠡᠨ ᠤᠷᠤᠭᠰᠢᠯᠠᠵᠤ᠂ ᠵᠣᠬᠢᠶᠠᠨ ᠪᠦᠲᠦᠭᠡᠵᠦ ᠲᠣᠭᠯᠠᠬᠤ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠤᠯᠠᠭᠠᠨᠮᠥ᠋ᠴᠢᠷ ᠤᠨ | ᠦᠨᠳᠦᠰᠦᠨ ᠱᠠᠲᠤᠨ ᠳᠤ ᠦᠢᠯᠡᠴᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | | | | | | | | | | | | | | | | | | | | | | | | | | | | | | | | | |