ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ ᠳᠤ ᠬᠦᠴᠦᠨ ᠨᠡᠮᠡᠷᠢᠯᠡᠵᠦ᠂ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠶᠡᠬᠡᠪᠡᠷ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠰᠤᠳᠤᠯᠤᠨ | ᠰᠤᠷᠤᠯᠴᠠᠵᠤ ᠰᠣᠯᠢᠯᠴᠠᠬᠤ ᠶᠢ ᠠᠬᠢᠭᠤᠯᠬᠤ ᠰᠢᠯᠢᠳᠡᠭ ᠲᠠᠪᠴᠠᠩ ᠢ ᠪᠠᠶᠢᠭᠤᠯᠬᠤ ᠶᠢᠨ ᠲᠥᠯᠥᠭᠡ᠂ 12 ᠰᠠᠷ᠎ᠠ ᠶᠢᠨ 22 ᠤ ᠡᠳᠦᠷ᠂ ᠰᠢᠨ᠎ᠡ ᠪᠠᠷᠭᠤ ᠵᠡᠭᠦᠨ | ᠬᠤᠰᠢᠭᠤᠨ ᠤ ᠺᠢᠨᠣ᠋ ᠵᠦᠴᠦᠭᠡ ᠶᠢᠨ ᠲᠢᠶᠠᠲᠷ ᠲᠤ ︽ᠮᠥᠰᠥ ᠴᠠᠰᠤᠨ ᠤ ᠤᠮᠠᠷᠠᠲᠤ ᠬᠢᠯᠢ ᠰᠣᠨᠢᠷᠬᠠᠯ ᠢ ᠲᠠᠲᠠᠭᠰᠠᠨ ᠪᠣᠳᠠᠰ ᠤᠨ ᠪᠤᠰᠤ ᠰᠣᠶᠣᠯ ᠤᠨ ᠥᠪ︾ | ᠰᠢᠨ᠎ᠡ ᠪᠠᠷᠭᠤ ᠵᠡᠭᠦᠨ ᠬᠤᠰᠢᠭᠤᠨ ᠤ ︽ᠬᠦᠰᠡᠯ ᠤᠨ ᠣᠳᠣᠨ︾ ᠪᠠᠭᠠᠴᠤᠳ ᠤᠨ ᠤᠷᠠᠯᠢᠭ ᠤᠨ ᠨᠠᠭᠠᠳᠤᠮ ᠢ ᠠᠮᠵᠢᠯᠲᠠ ᠲᠠᠢ ᠡᠷᠭᠢᠯᠡᠪᠡ᠃ | ᠡᠨᠡ ᠤᠳᠠᠭᠠᠨ ᠤ ᠨᠠᠭᠠᠳᠤᠮ ᠨᠢ ᠤᠮᠠᠷᠠᠲᠤ ᠬᠢᠯᠢ ᠶᠢᠨ ᠰᠣᠶᠣᠯ ᠵᠠᠩ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠳᠡᠯᠭᠡᠨ | ᠦᠵᠡᠭᠦᠯᠬᠦ ᠴᠢᠬᠤᠯᠠ ᠴᠣᠩᠬᠤ ᠪᠣᠯᠤᠭᠰᠠᠨ ᠪᠥᠭᠡᠳ ᠵᠠᠯᠠᠭᠤᠴᠤᠳ ᠪᠠᠭᠠᠴᠤᠳ ᠲᠤ ᠤᠮᠠᠷᠠᠲᠤ ᠬᠢᠯᠢ ᠶᠢᠨ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠤᠨ | ᠰᠣᠶᠣᠯ ᠢ ᠣᠶᠢᠯᠠᠭᠠᠬᠤ ᠳᠤ ᠰᠢᠨ᠎ᠡ ᠡᠭᠦᠳᠡ ᠶᠢ ᠨᠡᠭᠡᠭᠡᠵᠦ ᠥᠭᠴᠦ᠂ ᠥᠷᠭᠡᠨ ᠣᠯᠠᠨ ᠪᠠᠭᠠᠴᠤᠳ ᠬᠡᠦᠬᠡᠳ ᠤᠨ ᠢᠳᠡᠪᠬᠢᠲᠡᠢ ᠪᠠᠷ ᠨᠡᠷ᠎ᠡ ᠮᠡᠳᠡᠭᠦᠯᠬᠦ ᠶᠢ | ᠳᠠᠶᠢᠴᠢᠯᠠᠵᠤ ᠴᠢᠳᠠᠭᠰᠠᠨ ᠪᠠᠶᠢᠨ᠎ᠠ᠃ | ᠲᠣᠰ ᠤᠳᠠᠭᠠᠨ ᠤ ᠨᠠᠭᠠᠳᠤᠮ ᠤᠨ ᠭᠤᠣᠯ ᠤᠷᠤᠯᠳᠤᠭᠠᠨ ᠤ ᠲᠦᠷᠦᠯ ᠵᠦᠢᠯ ᠨᠢ ᠪᠠᠭᠠᠴᠤᠳ ᠤᠨ ᠤᠷᠠᠨ ᠤᠩᠰᠢᠯᠭ᠎ᠠ ᠶᠢᠨ ᠤᠷᠤᠯᠳᠤᠭᠠᠨ ᠪᠠ | ᠪᠠᠭᠠᠴᠤᠳ ᠤᠨ ᠬᠤᠪᠴᠠᠰᠤ ᠵᠠᠰᠠᠯ ᠤᠨ ᠤᠷᠤᠯᠳᠤᠭᠠᠨ ᠤ ᠭᠤᠣᠯ ᠤᠷᠤᠯᠳᠤᠭᠠᠨ ᠪᠠᠶᠢᠵᠤ᠂ ᠤᠷᠠᠨ ᠤᠩᠰᠢᠯᠭ᠎ᠠ ᠶᠢᠨ ᠤᠷᠤᠯᠳᠤᠭᠠᠨ ᠳᠤ ᠪᠢᠴᠢᠬᠠᠨ ᠣᠷᠣᠯᠴᠠᠭᠴᠢ | ᠨᠠᠷ ᠣᠷᠭᠢᠯᠤᠮ᠎ᠠ ᠬᠠᠯᠠᠭᠤᠨ ᠰᠡᠳᠬᠢᠯᠭᠡ ᠪᠠᠷ ᠳᠣᠲᠣᠭᠠᠳᠤ ᠰᠡᠳᠬᠢᠯ ᠤᠨ ᠢᠳᠡᠪᠬᠢᠲᠡᠢ ᠥᠭᠡᠳᠡᠷᠬᠡᠭ ᠰᠡᠳᠬᠢᠯ ᠤᠨ ᠬᠦᠴᠦᠨ ᠢᠶᠠᠨ ᠢᠯᠡᠳᠬᠡᠵᠡᠭᠡᠵᠦ ᠪᠠᠶᠢᠯ᠎ᠠ︔ | ᠬᠤᠪᠴᠠᠰᠤ ᠵᠠᠰᠠᠯ ᠤᠨ ᠤᠷᠤᠯᠳᠤᠭᠠᠨ ᠳᠤ ᠪᠢᠴᠢᠬᠠᠨ ᠣᠷᠣᠯᠴᠠᠭᠴᠢ ᠨᠠᠷ ᠰᠢᠨ᠎ᠡ ᠰᠡᠪᠡᠭᠦᠨ᠂ ᠥᠪᠡᠷᠮᠢᠴᠡ ᠣᠨᠴᠠᠯᠢᠭ ᠲᠠᠢ ᠪᠥᠭᠡᠳ ᠪᠦᠲᠦᠭᠡᠯᠴᠢ ᠴᠢᠨᠠᠷ ᠲᠠᠢ | ᠬᠤᠪᠴᠠᠰᠤ ᠵᠠᠰᠠᠯ ᠢ ᠡᠮᠦᠰᠦᠨ ᠪᠡᠶ᠎ᠡ ᠳᠡᠭᠡᠨ ᠢᠲᠡᠭᠡᠯ ᠲᠠᠢ ᠪᠥᠭᠡᠳ ᠠᠭᠤᠵᠢᠭᠤ ᠲᠠᠯᠪᠢᠭᠤ ᠪᠠᠶᠢᠳᠠᠯ ᠢᠶᠠᠷ ᠬᠤᠪᠴᠠᠰᠤ ᠵᠠᠰᠠᠯ ᠤᠨ ᠥᠪᠡᠷᠮᠢᠴᠡ ᠣᠨᠴᠠᠯᠢᠭ ᠢᠶᠠᠨ | ᠣᠯᠠᠨ ᠳᠤ ᠰᠣᠨᠢᠷᠬᠠᠭᠤᠯᠪᠠ᠃ | | | | | | | | | | | | | | | | | | | | | | | | | | | | | | | | | | | | | | | | | | | | | |