ᠶᠠᠫᠤᠨ ᠤ ᠬᠢᠨ ᠴᠥᠮ᠎ᠡ ᠶᠢᠨ ᠪᠣᠬᠢᠷ ᠤᠨ ᠤᠰᠤ ᠶᠢ ᠳᠠᠯᠠᠶ ᠳᠤ ᠣᠷᠣᠭᠤᠯᠵᠤ ᠡᠬᠢᠯᠡᠭᠰᠡᠨ ᠠᠴᠠ ᠰᠦᠯᠵᠢᠶᠡᠨ ᠳᠡᠭᠡᠷᠡᠬᠢ ᠴᠥᠮ᠎ᠡ ᠶᠢᠨ ᠰᠠᠴᠤᠷᠠᠭ ᠢ | ᠪᠠᠶᠢᠴᠠᠭᠠᠬᠤ ᠬᠡᠮᠵᠢᠭᠦᠷ ᠤᠨ ᠪᠣᠷᠤᠯᠠᠭᠤᠯᠭ᠎ᠠ ᠬᠠᠯᠠᠭᠤᠷᠠᠵᠠᠢ᠂ ᠲᠤᠰ ᠬᠡᠮᠵᠢᠭᠦᠷ ᠢᠶᠠᠷ ᠡᠳᠦᠷ ᠲᠤᠲᠤᠮ ᠤᠨ ᠴᠥᠮ᠎ᠡ ᠶᠢᠨ ᠰᠠᠴᠤᠷᠠᠭ ᠤᠨ ᠬᠡᠮᠵᠢᠶ᠎ᠡ ᠶᠢ ᠦᠨᠡᠬᠡᠷ | ᠰᠢᠯᠭᠠᠨ ᠪᠠᠶᠢᠴᠠᠭᠠᠵᠤ ᠳᠡᠶᠢᠯᠳᠡᠭ ᠤᠤ︖ | ᠰᠤᠷᠪᠤᠯᠵᠢᠯᠠᠬᠴᠢ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠲᠠᠪᠴᠠᠩ ᠠᠴᠠ︽ᠴᠥᠮ᠎ᠡ ᠶᠢᠨ ᠰᠠᠴᠤᠷᠠᠭ ᠢ ᠪᠠᠶᠢᠴᠠᠭᠠᠬᠤ ᠬᠡᠮᠵᠢᠭᠦᠷ︾ ᠭᠡᠵᠦ | ᠬᠠᠶᠢᠭᠰᠠᠨ ᠳᠤ ᠲᠤᠰ ᠦᠢᠯᠡᠳᠬᠦᠨ ᠤ ︽ᠲᠤᠰ ᠭᠠᠷᠠᠭ ᠤᠨ ᠨᠡᠮᠡᠭᠳᠡᠯ ᠤᠨ ᠬᠤᠷᠳᠤᠴᠠ︾ ᠨᠢ 232% ᠲᠤ ᠬᠦᠷᠴᠡᠢ᠃ ᠦᠢᠯᠡᠳᠬᠦᠨ ᠤ ᠲᠠᠨᠢᠯᠴᠠᠭᠤᠯᠭ᠎ᠠ ᠳᠤ᠂ | ᠲᠤᠰ ᠬᠡᠮᠵᠢᠭᠦᠷ ᠢᠶᠠᠷ X ᠰᠠᠴᠤᠷᠠᠭ᠂ ᠪᠸᠲ᠋ᠠ ᠰᠠᠴᠤᠷᠠᠭ ᠵᠡᠷᠭᠡ ᠰᠠᠴᠤᠷᠠᠭ ᠪᠣᠳᠠᠰ ᠢ ᠬᠡᠮᠵᠢᠵᠦ ᠪᠤᠯᠬᠤ ᠪᠥᠭᠡᠳ ᠶᠠᠫᠤᠨ ᠤ ᠢᠳᠡᠭᠡᠨ᠂ ᠭᠤᠶᠣᠯᠠᠯ ᠤᠨ ᠡᠳ᠋᠂ | ᠳᠠᠯᠠᠶ ᠶᠢᠨ ᠢᠳᠡᠭᠡᠨ᠂ ᠬᠦᠳᠡᠷ᠂ ᠭᠠᠨᠳᠢᠭ ᠴᠢᠯᠠᠭᠤ ᠵᠡᠷᠭᠡ ᠶᠢ ᠪᠠᠶᠢᠴᠠᠭᠠᠵᠤ ᠪᠣᠯᠣᠨ᠎ᠠ ᠭᠡᠵᠡᠢ᠃ ᠦᠢᠯᠡᠴᠢᠯᠡᠭᠡᠨ ᠤ ᠬᠥᠮᠥᠨ ᠠᠴᠠ ᠯᠠᠪᠯᠠᠨ ᠠᠰᠠᠭᠤᠭᠰᠠᠨ ᠳᠤ᠂ ᠵᠠᠷᠢᠮ | ᠨᠢ ᠪᠡᠯᠡᠨ ᠪᠠᠷᠠᠭ᠎ᠠ ᠪᠠᠶᠢᠬᠤ ᠦᠭᠡᠢ᠂ ᠵᠠᠷᠢᠮ ᠨᠢ ᠣᠶᠢᠷ᠎ᠠ ᠶᠢᠨ ᠬᠤᠭᠤᠴᠠᠭᠠᠨ ᠤ ᠵᠠᠬᠢᠶᠠᠯᠠᠭ᠎ᠠ ᠶᠢᠨ ᠬᠡᠮᠵᠢᠶ᠎ᠡ ᠶᠡᠭᠡ᠂ ᠪᠠᠷᠠᠭ᠎ᠠ ᠶᠠᠪᠤᠭᠤᠯᠬᠤ ᠳᠤ ᠨᠡᠯᠢᠶᠡᠳ ᠤᠳᠠᠭᠠᠨ | ᠪᠠᠶᠢᠨ᠎ᠠ ᠭᠡᠵᠦ ᠢᠯᠡᠷᠬᠡᠶᠢᠯᠡᠵᠡᠢ᠃ | ᠡᠭᠦᠨ ᠤ ᠲᠤᠬᠠᠢ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠰᠠᠴᠤᠷᠠᠭ ᠢᠳᠡᠪᠬᠢ ᠴᠢᠨᠠᠷ ᠢ ᠬᠡᠮᠵᠢᠬᠦ ᠳᠤ ᠬᠡᠮᠵᠢᠭᠦᠷ ᠢᠶᠠᠷ ᠪᠠᠶᠢᠴᠠᠭᠠᠭᠠᠳ | ᠯᠡ ᠪᠣᠯᠴᠢᠬᠠᠬᠤ ᠪᠢᠰᠢ᠂ ᠪᠠᠰᠠ ᠤᠢᠯᠢᠭᠡᠷ ᠡᠳ᠋ ᠢ ᠴᠤᠭᠯᠠᠭᠤᠯᠬᠤ᠂ ᠤᠢᠯᠢᠭᠡᠷ ᠡᠳ᠋ ᠢ ᠤᠷᠢᠳ ᠢᠶᠠᠷ ᠰᠢᠢᠳᠪᠦᠷᠢᠯᠡᠬᠦ ᠵᠡᠷᠭᠡ ᠤᠯᠠᠨ ᠶᠠᠪᠤᠴᠠ ᠶᠢ ᠳᠠᠮᠵᠢᠳᠠᠭ᠃ | ᠬᠡᠮᠵᠢᠯᠲᠡ ᠶᠢᠨ ᠶᠠᠪᠤᠴᠠ ᠳᠤ᠂ ᠦᠯᠢᠭᠡᠷ ᠡᠳ᠋ ᠤᠨ ᠳᠣᠲᠣᠷᠠᠬᠢ ᠪᠣᠳᠠᠰ ᠨᠢ ᠠᠳᠠᠯᠢ ᠪᠤᠰᠤ ᠠᠴᠠ ᠪᠣᠯᠵᠤ ᠠᠷᠭ᠎ᠠ ᠨᠢ ᠴᠦ ᠠᠳᠠᠯᠢ ᠪᠤᠰᠤ ᠪᠠᠶᠢᠳᠠᠭ᠃ ᠡᠶᠢᠮᠦ ᠠᠴᠠ | ᠡᠩ ᠤᠨ ᠠᠷᠠᠳ ᠲᠤ ᠠᠪᠴᠤ ᠬᠡᠯᠡᠪᠡᠯ᠂ ᠲᠤᠰᠬᠠᠢ ᠮᠡᠷᠭᠡᠵᠢᠯ ᠤᠨ ᠮᠡᠳᠡᠯᠭᠡ ᠦᠭᠡᠢ ᠪᠠᠷ ᠡᠩ ᠤᠨ ᠬᠡᠮᠵᠢᠭᠦᠷ ᠢᠶᠠᠷ ᠰᠢᠯᠭᠠᠨ ᠪᠠᠶᠢᠴᠠᠭᠠᠬᠤ ᠳᠤ ᠲᠤᠩ ᠪᠡᠷᠬᠡᠲᠡᠢ ᠶᠤᠮ | ᠭᠡᠵᠡᠢ᠃ |