ᠵᠠᠯᠠᠭᠤᠴᠤᠳ ᠪᠠᠭᠠᠴᠤᠳ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠠᠷᠪᠠᠨ ᠶᠡᠭᠡ ᠭᠡᠮ ᠰᠣᠭᠤᠭ ᠢ ᠰᠡᠷᠭᠡᠶᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/12/25
          ᠰᠦᠯᠵᠢᠶ᠎ᠡ ᠬᠡᠷᠡᠭᠯᠡᠬᠦ ᠶᠠᠪᠤᠴᠠ ᠳᠤ ᠵᠠᠯᠠᠭᠤᠴᠤᠳ ᠪᠠᠭᠠᠴᠤᠳ ᠮᠡᠬᠡᠯᠡᠯ ᠤᠨ ᠴᠢᠨᠠᠷ ᠢᠶᠠᠷ ᠴᠢᠩᠭ᠎ᠠ ᠵᠠᠷᠢᠮ ᠰᠦᠯᠵᠢᠶᠡᠨ ᠤ ᠮᠡᠳᠡᠭᠡ ᠵᠠᠩᠭᠢ ᠲᠠᠢ ᠣᠶᠢᠷᠠᠳᠬᠤ ᠨᠢ ᠵᠠᠶᠢᠯᠠᠰᠢ ᠦᠭᠡᠢ ᠶᠤᠮ᠂ ᠲᠠᠨᠢᠯᠲᠠ ᠣᠶᠢᠯᠠᠭᠠᠯᠲᠠ ᠳᠤᠲᠠᠮᠠᠭ ᠠᠴᠠ ᠪᠣᠯᠵᠤ ᠲᠠᠳᠠ ᠰᠠᠨᠠᠮᠰᠠᠷ ᠦᠭᠡᠢ ᠪᠠᠷ ᠰᠦᠯᠵᠢᠶᠡᠨ ᠳᠡᠭᠡᠷ᠎ᠡ ᠬᠤᠪᠢ ᠬᠥᠮᠥᠨ ᠤ ᠮᠡᠳᠡᠭᠡ ᠵᠠᠩᠭᠢ ᠪᠠᠨ ᠵᠠᠳᠠᠷᠠᠭᠤᠯᠵᠤ᠂ ᠴᠢᠨᠠᠭᠰᠢᠯᠠᠭᠠᠳ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠤᠨ ᠤᠷᠠᠨ ᠰᠠᠶᠢᠬᠠᠨ ᠦᠭᠡ ᠶᠠᠷᠢᠶ᠎ᠠ ᠳᠤ ᠥᠳᠥᠭᠡᠭᠳᠡᠨ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠴᠦ ᠬᠢᠳᠡᠭ᠃ ᠡᠨᠡ ᠪᠠᠶᠢᠳᠠᠯ ᠳᠤ ᠴᠢᠭᠯᠡᠭᠦᠯᠦᠨ ᠳᠣᠣᠷ᠎ᠠ ᠦᠷᠭᠦᠯᠵᠢ ᠲᠣᠬᠢᠶᠠᠯᠳᠤᠳᠠᠭ᠂ ᠠᠮᠤᠷ ᠲᠦᠪᠰᠢᠨ ᠳᠤ ᠬᠠᠮᠤᠭ ᠤᠨ ᠶᠡᠭᠡ ᠨᠥᠯᠥᠭᠡ ᠲᠠᠢ 10 ᠶᠠᠪᠤᠳᠠᠯ ᠢ ᠰᠣᠩᠭᠤᠵᠤ᠂ ᠵᠠᠯᠠᠭᠤᠴᠤᠳ ᠪᠠᠭᠠᠴᠤᠳ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠶᠢ ᠰᠠᠨᠠᠭᠤᠯᠵᠤ ᠪᠠᠶᠢᠨ᠎ᠠ᠃          ᠨᠢᠭᠡ᠂ ᠵᠢᠷᠭᠢᠶ᠎ᠡ ᠶᠢᠨ ᠨᠠᠶᠢᠵᠠ ᠶᠢᠨ ᠲᠣᠭᠤᠷᠢᠭ ᠲᠠᠭᠠᠨ ᠲᠠᠨᠢᠯ ᠪᠤᠰᠤ ᠬᠥᠮᠥᠨ ᠳᠤ ᠵᠢᠷᠤᠭ ᠰᠡᠭᠦᠳᠡᠷ ᠢᠶᠠᠨ ᠦᠵᠡᠭᠦᠯᠵᠦ ᠪᠤᠯᠬᠤ ᠦᠭᠡᠢ᠃ ᠵᠢᠷᠭᠢᠶ᠎ᠡ ᠨᠢ ᠨᠠᠰᠤᠨ ᠳᠤ ᠥᠯᠥ ᠭᠦᠷᠦᠭᠰᠡᠳ ᠤᠨ ᠦᠷᠭᠦᠯᠵᠢ ᠬᠡᠷᠡᠭᠯᠡᠳᠡᠭ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠪᠠᠭᠠᠵᠢ ᠪᠣᠯᠬᠤᠷ᠂ ᠤᠯᠠᠨᠬᠭᠢ ᠬᠥᠮᠥᠰ ᠵᠢᠷᠭᠢᠶ᠎ᠡ ᠳᠡᠭᠡᠷ᠎ᠡ ᠪᠠᠨ ᠥᠪᠡᠷ ᠤᠨ ᠢᠳᠡᠭᠡᠨ ᠤᠮᠳᠠᠭᠠᠨ᠂ ᠭᠠᠵᠠᠷ ᠣᠷᠣᠨ ᠵᠡᠷᠭᠡ ᠠᠮᠢᠳᠤᠷᠠᠯ ᠳᠤᠮᠳᠠᠬᠢ ᠠᠯᠢᠪᠠ ᠪᠠᠨ ᠲᠡᠮᠳᠡᠭᠯᠡᠬᠦ ᠳᠠᠳᠬᠠᠯ ᠲᠠᠢ ᠪᠣᠯᠤᠭᠰᠠᠨ ᠶᠤᠮ᠃ ᠬᠡᠳᠦᠶᠢᠪᠡᠷ ᠵᠢᠷᠭᠢᠶ᠎ᠡ ᠬᠡᠷᠡᠭᠯᠡᠭᠴᠢ ᠶᠢᠨ ︽ᠨᠠᠶᠢᠵᠠ ᠶᠢᠨ ᠲᠣᠭᠤᠷᠢᠭ︾ ᠲᠤ ᠵᠥᠪᠭᠡᠨ ᠨᠠᠶᠢᠵᠠ ᠴᠢᠨᠢ ᠰᠠᠶ᠋ᠢ ᠴᠢᠨᠦ ᠬᠤᠪᠢᠶᠠᠯᠴᠠᠭᠰᠠᠨ ᠵᠢᠷᠤᠭ ᠰᠡᠭᠦᠳᠡᠷ ᠢ ᠦᠵᠡᠬᠦ ᠪᠤᠶᠤ ᠦᠭᠡ ᠦᠯᠡᠳᠡᠭᠡᠵᠦ ᠪᠤᠯᠬᠤ ᠪᠤᠯᠪᠠᠴᠤ᠂ ᠡᠨᠡ ᠬᠦ ᠬᠠᠷᠢᠴᠠᠩᠭᠤᠢ ᠪᠢᠲᠡᠭᠦᠮᠵᠢᠯᠡᠭᠰᠡᠨ ᠲᠣᠭᠤᠷᠢᠭ ᠲᠤ ︽ᠠᠷᠤ ᠡᠭᠦᠳᠡ︾ ᠴᠦ ᠪᠠᠶᠢᠳᠠᠭ ᠢ ᠠᠩᠬᠠᠷᠬᠤ ᠬᠡᠷᠡᠭᠲᠡᠢ᠂ ᠬᠡᠷᠪᠡ ︽ᠲᠠᠨᠢᠯ ᠪᠤᠰᠤ ᠬᠥᠮᠥᠨ 10 ᠬᠤᠪᠢ ᠵᠢᠷᠤᠭ ᠰᠡᠭᠦᠳᠡᠷ ᠦᠵᠡᠬᠦ ᠶᠢ ᠵᠥᠪᠰᠢᠶᠡᠷᠡᠨ᠎ᠡ︾ ᠭᠡᠵᠦ ᠲᠣᠬᠢᠷᠠᠭᠤᠯᠪᠠᠯ᠂ ︽ᠣᠷᠴᠢᠮ ᠤᠨ ᠬᠥᠮᠥᠰ︾ ᠡᠭᠦᠨ ᠢ ᠠᠰᠢᠭᠯᠠᠨ᠂ ᠵᠢᠷᠭᠢᠶ᠎ᠡ ᠶᠢᠨ ᠨᠠᠶᠢᠵᠠ ᠪᠢᠰᠢ ᠪᠠᠶᠢᠭᠰᠠᠨ ᠴᠦ ᠴᠢᠨᠦ ᠵᠢᠷᠤᠭ ᠰᠡᠭᠦᠳᠡᠷ ᠢ ᠴᠢᠨᠢ ᠳᠤᠷ᠎ᠠ ᠪᠠᠷ ᠬᠡᠷᠡᠭᠯᠡᠵᠦ᠂ ᠬᠤᠪᠢ ᠶᠢᠨ ᠨᠢᠭᠤᠴᠠ ᠶᠢ ᠴᠢᠨᠢ ᠵᠠᠳᠠᠷᠠᠭᠤᠯᠵᠤ ᠮᠡᠳᠡᠬᠦ ᠶᠤᠮ᠃          ᠬᠤᠶᠠᠷ᠂ ᠪᠢᠴᠢᠯ ᠪᠦᠷᠭᠡ᠂ ᠵᠢᠷᠤᠭ ᠤᠨ ᠴᠣᠮᠤᠭ᠂ ᠮᠥᠷ ᠵᠡᠷᠭᠡ ᠪᠠᠷ ᠬᠤᠪᠢ ᠶᠢᠨ ᠨᠢᠭᠤᠴᠠ ᠶᠢ ᠵᠠᠳᠠᠷᠠᠭᠤᠯᠬᠤ ᠠᠴᠠ ᠬᠢᠴᠢᠶᠡ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠵᠢᠷᠭᠤᠭᠠᠨ ᠬᠤᠪᠢ ᠠᠴᠠ ᠳᠡᠭᠡᠭᠰᠢᠬᠢ ᠵᠠᠯᠠᠭᠤᠴᠤᠳ ᠪᠠᠭᠠᠴᠤᠳ ︵61.6%︶ ᠪᠢᠴᠢᠯ ᠪᠦᠷᠭᠡ ᠬᠡᠷᠡᠭᠯᠡᠵᠦ᠂ ᠡᠨᠡ ᠪᠦᠭᠦᠶᠢᠯᠡ ᠰᠦᠯᠵᠢᠶᠡᠨ ᠤ ᠠᠷᠠᠳ ᠠᠴᠠ ︵54.7%︶ ᠢᠯᠡᠭᠦᠦ ᠪᠠᠶᠢᠳᠠᠭ᠃ ᠨᠠᠰᠤᠨ ᠳᠤ ᠥᠯᠥ ᠭᠦᠷᠦᠭᠰᠡᠳ ᠰᠦᠯᠵᠢᠶᠡᠨ ᠳᠡᠭᠡᠷ᠎ᠡ ᠨᠠᠶᠢᠵᠠᠯᠠᠬᠤ ᠦᠶ᠎ᠡ ᠳᠤ᠂ 32.3 % ᠨᠢ ᠦᠨᠡᠨ ᠣᠪᠣᠭ ᠨᠡᠷ᠎ᠡ ᠪᠠᠨ ᠨᠡᠶᠢᠲᠡᠯᠡᠵᠦ᠂ ᠰᠤᠷᠭᠠᠭᠤᠯᠢ ᠶᠢᠨ ᠨᠡᠷ᠎ᠡ ︵20.9%︶᠂ ᠢᠮᠧᠯ ︵18.4%︶᠂ ᠵᠢᠷᠤᠭ ᠰᠡᠭᠦᠳᠡᠷ ︵15 . 5%︶᠂ ᠠᠩᠭᠢ ︵12.1%︶᠂ ᠭᠠᠷ ᠤᠲᠠᠰᠤᠨ ᠤ ᠨᠣᠮᠧᠷ ︵7.3%︶ ᠵᠡᠷᠭᠡ ᠰᠢᠭᠤᠳ ᠪᠠᠶᠢᠷᠢ ᠲᠣᠭᠲᠠᠭᠠᠬᠤ ᠪᠠ ᠢᠯᠭᠠᠨ ᠲᠠᠨᠢᠬᠤ ᠳᠤ ᠠᠮᠠᠷᠬᠠᠨ ᠬᠤᠪᠢ ᠬᠥᠮᠥᠨ ᠤ ᠮᠡᠳᠡᠭᠡ ᠵᠠᠩᠭᠢ ᠪᠠᠨ ᠢᠯᠡ ᠪᠣᠯᠭᠠᠳᠠᠭ ᠬᠠᠷᠢᠴᠠᠯ ᠴᠦ ᠨᠡᠯᠢᠶᠡᠳ ᠶᠡᠭᠡ ᠪᠠᠶᠢᠳᠠᠭ᠃ ᠤᠯᠠᠨᠬᠭᠢ ᠬᠥᠮᠥᠰ ᠭᠠᠷᠠᠭ ᠤᠨ ᠰᠡᠭᠦᠯᠴᠢ ᠪᠤᠶᠤ ᠠᠮᠠᠷᠠᠯᠲᠠ ᠪᠠᠷ ᠭᠠᠳᠠᠭᠰᠢ ᠭᠠᠷᠴᠤ ᠵᠤᠭᠠᠴᠠᠬᠤ ᠳᠠᠭᠠᠨ ᠪᠢᠴᠢᠯ ᠪᠦᠷᠭᠡ ᠪᠠᠷ ᠰᠢᠭᠤᠳ ᠨᠠᠪᠲᠠᠷᠡᠭᠦᠯᠵᠦ᠂ ᠥᠩᠭᠡ ᠦᠵᠡᠮᠵᠢ᠂ ᠬᠤᠪᠢ ᠶᠢᠨ ᠰᠡᠭᠦᠳᠡᠷ ᠢᠶᠠᠨ ᠦᠷᠭᠦᠯᠵᠢ ᠰᠠᠴᠤᠵᠤ ᠬᠤᠪᠢᠶᠠᠯᠴᠠᠳᠠᠭ᠃ ᠪᠠᠶᠠᠷ ᠭᠦᠷ ᠲᠠᠢ ᠪᠠᠶᠢᠬᠤ ᠶᠢᠨ ᠬᠠᠮᠲᠤ ᠥᠪᠡᠷ ᠤᠨ ᠨᠢᠭᠤᠴᠠ ᠪᠠᠨ ᠬᠠᠮᠠᠭᠠᠯᠠᠬᠤ ᠪᠠᠨ ᠪᠢᠲᠡᠭᠡᠢ ᠮᠠᠷᠲᠠᠭᠠᠷᠠᠢ ᠭᠡᠵᠦ ᠰᠠᠨᠠᠭᠤᠯᠤᠶ᠎ᠠ᠂ ᠪᠢᠴᠢᠯ ᠪᠦᠷᠭᠡ ᠪᠠᠷ ᠵᠤᠭᠠᠴᠠᠬᠤ ᠴᠠᠭ᠂ ᠬᠥᠮᠥᠨ ᠤ ᠲᠤᠭ᠎ᠠ ᠵᠡᠷᠭᠡ ᠮᠡᠳᠡᠭᠡ ᠵᠠᠩᠭᠢ ᠪᠠᠨ ᠪᠢᠲᠡᠭᠡᠢ ᠵᠠᠳᠠᠷᠠᠭᠤᠯ᠃ ᠬᠡᠷᠪᠡ ᠨᠡᠶᠢᠲᠡᠯᠡᠬᠦ ᠶᠢ ᠰᠠᠨᠠᠪᠠᠯ ᠪᠦᠷᠭᠡ ᠶᠢᠨ ᠨᠠᠶᠢᠵᠠ ᠪᠠᠨ ᠠᠨᠬᠭᠢᠯᠠᠨ ᠬᠤᠪᠢᠶᠠᠭᠰᠠᠨ ᠤ ᠲᠠᠷᠠᠭ᠎ᠠ ᠨᠡᠶᠢᠲᠡᠯᠡᠵᠦ ᠪᠣᠯᠣᠨ᠎ᠠ᠃          ᠭᠤᠷᠪᠠ᠂ ᠰᠦᠯᠵᠢᠶᠡᠨ ᠪᠠᠩᠬᠢ ᠶᠢ ᠵᠦᠢ ᠵᠣᠬᠢᠰᠲᠠᠢ ᠬᠡᠷᠡᠭᠯᠡᠬᠦ ᠬᠡᠷᠡᠭᠲᠡᠢ᠃ ᠰᠦᠯᠵᠢᠶᠡᠨ ᠪᠠᠩᠬᠢ ᠶᠢ ᠬᠡᠷᠡᠭᠯᠡᠬᠦ ᠳᠤ ᠳᠣᠣᠷᠠᠬᠢ ᠬᠡᠳᠦᠨ ᠲᠠᠯ᠎ᠠ ᠶᠢ ᠵᠠᠪᠠᠯ ᠪᠠᠲᠤ ᠴᠡᠭᠡᠵᠢᠯᠡᠬᠦ ᠬᠡᠷᠡᠭᠲᠡᠢ᠄ ᠪᠤᠰᠤᠳ ᠲᠤ ᠶᠠᠭᠠᠬᠢᠭᠰᠠᠨ ᠴᠤ ᠨᠢᠭᠤᠴᠠ ᠨᠣᠮᠧᠷ ᠢᠶᠠᠨ ᠬᠡᠯᠡᠵᠦ ᠥᠭᠴᠦ ᠪᠤᠯᠬᠤ ᠦᠭᠡᠢ; ᠤᠲᠠᠰᠤᠨ ᠤ ᠳ᠋ᠤᠭᠠᠷ ᠢᠶᠠᠨ ᠬᠤᠯᠪᠤᠬᠤ; ᠵᠥᠪ ᠣᠨᠣᠪᠴᠢᠲᠠᠶ ᠰᠦᠯᠵᠢᠶᠡᠨ ᠬᠠᠶ᠋ᠢᠭ ᠢ ᠭᠠᠷ ᠢᠶᠠᠷ ᠰᠢᠪᠡᠵᠦ ᠰᠦᠯᠵᠢᠶᠡᠨ ᠪᠠᠩᠬᠢ ᠳᠤ ᠣᠷᠣᠭᠤᠯᠬᠤ ᠶᠢᠨ ᠬᠠᠮᠲᠤ ᠠᠪᠳᠠᠷ᠎ᠠ ᠳᠠᠭᠠᠨ ᠬᠢᠵᠦ᠂ ᠬᠤᠯᠪᠣᠭᠠᠰᠤ ᠪᠤᠶᠤ ᠬᠠᠶᠢᠯᠲᠠ ᠪᠠᠷ ᠪᠠᠩᠬᠢ ᠶᠢᠨ ᠰᠦᠯᠵᠢᠶᠡᠨ ᠳᠤ ᠣᠷᠣᠵᠤ ᠪᠤᠯᠬᠤ ᠥᠭᠡᠶ;ᠸᠢᠷᠦ᠋ᠰ ᠤᠰᠠᠳᠬᠠᠬᠤ ᠰᠣᠹᠲ ᠤᠭᠰᠠᠷᠠᠬᠤ ᠶᠢᠨ ᠬᠠᠮᠲᠤ ᠴᠠᠭ ᠲᠤᠬᠠᠢ ᠳᠤᠨᠢ ᠰᠢᠰᠲ᠋ᠧᠮ ᠢᠶᠠᠨ ᠰᠢᠨᠡᠴᠢᠯᠡᠬᠦ ᠭᠡᠷᠡᠭᠲᠡᠶ; ᠢᠷᠡᠯᠲᠡ ᠨᠢ ᠲᠣᠳᠣᠷᠬᠠᠢ ᠪᠤᠰᠤ ᠢᠮᠧᠯ ᠪᠤᠶᠤ ᠭᠠᠷ ᠤᠲᠠᠰᠤᠨ ᠤ ᠣᠬᠤᠷ ᠮᠡᠳᠡᠭᠡᠨ ᠤ ᠬᠤᠯᠪᠣᠭᠠᠰᠤ ᠶᠢ ᠨᠡᠭᠡᠭᠡᠵᠦ ᠪᠤᠯᠬᠤ ᠦᠭᠡᠢ᠃          ᠳᠥᠷᠪᠡ᠂ ᠣᠯᠠᠨ ᠨᠡᠶᠢᠲᠡ ᠶᠢᠨ ᠲᠠᠯᠠᠪᠤᠷ ᠤᠨ ᠰᠦᠢᠳᠬᠡᠯ ᠬᠤᠷᠢᠶᠠᠬᠤ ᠦᠭᠡᠢ ᠤᠲᠠᠰᠤ ᠦᠭᠡᠢ ᠰᠦᠯᠵᠢᠶ᠎ᠡ ᠶᠢ ᠪᠣᠯᠭᠤᠮᠵᠢᠲᠠᠢ ᠬᠡᠷᠡᠭᠯᠡᠬᠦ ᠬᠡᠷᠡᠭᠲᠡᠢ᠃ ᠤᠯᠠᠨᠬᠭᠢ ᠬᠥᠮᠥᠰ ᠤᠯᠠᠨ ᠨᠡᠶᠢᠲᠡ ᠶᠢᠨ ᠲᠠᠯᠠᠪᠤᠷ ᠲᠤ ᠭᠠᠷ ᠤᠲᠠᠰᠤ ᠪᠠᠨ ᠭᠠᠷᠭᠠᠨ ᠦᠨ᠎ᠡ ᠲᠥᠯᠥᠪᠦᠷᠢ ᠦᠭᠡᠢ ᠤᠲᠠᠰᠤ ᠦᠭᠡᠢ ᠰᠦᠯᠵᠢᠶ᠎ᠡ ᠬᠠᠶᠢᠬᠤ ᠳᠠᠳᠬᠠᠯ ᠲᠠᠢ᠃ ᠵᠠᠷᠢᠮ ᠬᠠᠤᠯᠢ ᠪᠤᠰᠤ ᠡᠲᠡᠭᠡᠳ ᠵᠦᠢ ᠪᠤᠰᠤ ᠠᠷᠭ᠎ᠠ ᠪᠠᠷᠢᠯ ᠢᠶᠠᠷ ᠨᠢᠭᠡ ᠺᠤᠮᠫᠢᠦ᠋ᠲ᠋ᠧᠷ᠂ ᠨᠢᠭᠡ ᠢᠵᠢ ᠤᠲᠠᠰᠤ ᠦᠭᠡᠢ ᠰᠦᠯᠵᠢᠶ᠎ᠡ ᠵᠢᠴᠢ ᠨᠢᠭᠡ ᠰᠦᠯᠵᠢᠶᠡᠨ ᠤ ᠪᠣᠭᠤᠯᠲᠠ ᠶᠢ ᠵᠠᠳᠠᠯᠬᠤ ᠵᠥᠭᠡᠯᠡᠨ ᠲᠣᠨᠤᠭ ᠢᠶᠠᠷ ᠨᠢᠭᠡ ᠨᠢᠭᠤᠴᠠ ᠨᠣᠮᠧᠷ ᠦᠭᠡᠢ Wi — Fi ᠪᠠᠶᠢᠭᠤᠯᠳᠠᠭ᠃ ᠬᠡᠷᠡᠭᠯᠡᠭᠴᠢ ᠲᠣᠰ Wi — Fi ᠶᠢ ᠬᠡᠷᠡᠭᠯᠡᠪᠡᠯ᠂ ᠬᠠᠤᠯᠢ ᠪᠤᠰᠤ ᠡᠲᠡᠭᠡᠳ ᠲᠠᠨ ᠤ ᠭᠠᠷ ᠤᠲᠠᠰᠤᠨ ᠳᠠᠬᠢ ᠮᠠᠲ᠋ᠧᠷᠢᠶᠠᠯ ᠢ ᠬᠤᠯᠠᠭᠠᠶᠢᠯᠠᠨ ᠠᠪᠴᠤ ᠪᠤᠯᠳᠠᠭ᠃ ᠡᠶᠢᠮᠦ ᠠᠴᠠ ᠦᠨ᠎ᠡ ᠲᠥᠯᠥᠪᠦᠷᠢ ᠦᠭᠡᠢ Wi — Fi ᠬᠡᠷᠡᠭᠯᠡᠬᠦ ᠳᠡᠭᠡᠨ Wi — Fi ᠬᠠᠩᠭᠠᠭᠴᠢ ᠶᠢ ᠨᠠᠷᠢᠪᠴᠢᠯᠠᠵᠤ ᠦᠵᠡᠬᠦ ᠬᠡᠷᠡᠭᠲᠡᠢ᠃ ᠡᠭᠦᠨ ᠤ ᠬᠠᠮᠲᠤ᠂ ᠵᠠᠷᠢᠮ ᠣᠯᠠᠨ ᠨᠡᠶᠢᠲᠡ ᠶᠢᠨ ᠭᠠᠵᠠᠷ ᠠᠯᠢ ᠴᠢᠳᠠᠬᠤ ᠪᠠᠷ ᠬᠤᠪᠢ ᠬᠥᠮᠥᠨ ᠤ ᠲᠠᠩᠰᠠ ᠪᠠ ᠨᠢᠭᠤᠴᠠ ᠨᠣᠮᠧᠷ ᠤᠨ ᠮᠡᠳᠡᠭᠡ ᠵᠠᠩᠭᠢ ᠪᠦᠬᠦᠢ ᠵᠥᠭᠡᠯᠡᠨ ᠲᠣᠨᠤᠭ ᠢ ᠬᠡᠷᠡᠭᠯᠡᠬᠦ ᠦᠭᠡᠢ ᠪᠠᠶᠢᠬᠤ ᠬᠡᠷᠡᠭᠲᠡᠢ᠃          ᠲᠠᠪᠤ᠂ ᠲᠣᠭᠯᠠᠭᠠᠮ ᠳᠣᠲᠣᠷᠠᠬᠢ ᠰᠦᠢᠳᠬᠡᠯ ᠬᠤᠷᠢᠶᠠᠬᠤ ᠲᠦᠷᠦᠯ ᠵᠦᠢᠯ ᠢ ᠴᠠᠭᠠᠵᠠᠯᠠᠬᠤ ᠬᠡᠷᠡᠭᠲᠡᠢ᠃ ᠣᠯᠠᠩᠬᠢ ᠬᠥᠮᠥᠰ ᠰᠤᠯᠠ ᠰᠡᠯᠡᠭᠦᠦ ᠴᠠᠭ ᠲᠠᠭᠠᠨ ᠡᠯᠧᠺᠲᠷᠣᠨ ᠲᠣᠭᠯᠠᠭᠠᠮ ᠨᠠᠭᠠᠳᠤᠳᠠᠭ ᠪᠣᠯᠬᠤᠷ ᠬᠡᠳᠦᠨ ᠵᠦᠢᠯ ᠢ ᠠᠩᠬᠠᠷᠬᠤ ᠬᠡᠷᠡᠭᠲᠡᠢ ᠪᠠᠶᠢᠳᠠᠭ᠃ ᠬᠠᠮᠤᠭ ᠤᠨ ᠲᠦᠷᠦᠭᠦᠨ ᠳᠤ᠂ ᠪᠠᠩᠬᠢ ᠶᠢᠨ ᠺᠠᠷᠲ ᠪᠠ ᠳᠠᠩᠰᠠ ᠶᠢ ᠪᠢᠲᠡᠭᠡᠢ ᠬᠤᠯᠪᠣᠭᠠᠷᠠᠢ᠃ ᠵᠠᠷᠢᠮ ᠳᠠᠭᠠᠨ ᠰᠠᠨᠠᠮᠰᠠᠷ ᠦᠭᠡᠢ ᠳᠠᠷᠤᠭᠰᠠᠨ ᠠᠴᠠ ᠪᠣᠯᠵᠤ ᠪᠤᠴᠠᠭᠠᠵᠤ ᠲᠡᠶᠢᠯᠭᠦ ᠦᠭᠡᠢ ᠮᠥᠩᠭᠦ ᠪᠣᠯᠵᠤ ᠮᠡᠳᠡᠨ᠎ᠡ᠃ ᠲᠠᠭᠢᠪᠠᠯ᠂ ᠠᠯᠪᠠᠨ ᠤ ᠳᠡᠯᠭᠡᠭᠦᠷ ᠠᠴᠠ ᠲᠣᠭᠯᠠᠭᠠᠮ ᠪᠠᠭᠤᠯᠭᠠᠨ ᠠᠪᠬᠤ ᠳᠠᠭᠠᠨ ᠤᠷᠢᠳ ᠢᠶᠠᠷ ᠦᠨᠡᠯᠡᠭᠡ ᠶᠢ ᠦᠵᠡᠭᠡᠷᠡᠢ᠂ ᠬᠡᠷᠪᠡ ᠲᠣᠭᠯᠠᠭᠠᠮ ᠳᠤ ᠡᠶᠢᠮᠦᠷᠬᠦᠦ ᠠᠰᠠᠭᠤᠳᠠᠯ ᠪᠠᠶᠢᠬᠤ ᠶᠢ ᠣᠯᠵᠤ ᠮᠡᠳᠡᠪᠡᠯ ᠤᠭᠰᠠᠷᠠᠵᠤ ᠪᠤᠯᠬᠤ ᠦᠭᠡᠢ᠃          ᠵᠢᠷᠭᠤᠭ᠎ᠠ᠂ ᠬᠠᠭᠤᠷᠮᠠᠭ APP ᠶᠢ ᠰᠡᠷᠭᠡᠶᠢᠯᠡᠬᠦ ᠳᠤ ᠬᠦᠴᠢᠷ᠃ ᠣᠶᠤᠨᠲᠤ ᠭᠠᠷ ᠤᠲᠠᠰᠤᠨ ᠤ APP ᠳᠡᠯᠭᠡᠭᠦᠷ ᠲᠤ᠂ ᠡᠳᠦᠷ ᠪᠦᠷᠢ ᠲᠦᠭ ᠲᠦᠮᠡᠨ ᠰᠢᠨ᠎ᠡ APP ᠲᠦᠷᠦᠵᠦ᠂ ᠡᠭᠦᠨ ᠳᠤ ᠬᠠᠭᠤᠷᠮᠠᠭ ᠨᠢ ᠴᠦ ᠪᠤᠢ᠂ ᠲᠠᠳᠠ ᠬᠠᠯᠠᠮᠰᠢᠯ ᠲᠠᠢ ᠠᠳᠠᠯᠢᠪᠲᠤᠷ ᠨᠡᠷ᠎ᠡ ᠪᠠᠷ ᠠᠰᠢᠭ ᠬᠦᠷᠲᠡᠵᠦ᠂ ᠴᠢᠨᠠᠭᠰᠢᠯᠠᠪᠠᠯ ︽ᠠᠶᠤᠯ︾ ᠴᠦ ᠨᠢᠭᠤᠭᠳᠠᠳᠠᠭ᠃ 1. ᠢᠲᠡᠭᠡᠮᠵᠢ ᠰᠠᠶᠢᠲᠠᠢ ᠠᠯᠪᠠᠨ ᠤ ᠳᠡᠯᠭᠡᠭᠦᠷ ᠠᠴᠠ ᠰᠠᠭᠤᠯᠭᠠᠬᠤ ᠬᠡᠷᠡᠭᠲᠡᠢ᠃ 2. ᠰᠠᠭᠤᠯᠭᠠᠭᠰᠠᠨ ᠬᠡᠮᠵᠢᠶ᠎ᠡ ᠵᠢᠴᠢ ᠬᠡᠷᠡᠭᠯᠡᠭᠴᠢ ᠶᠢᠨ ᠦᠨᠡᠯᠡᠭᠡ ᠶᠢ ᠨᠠᠷᠢᠯᠢᠭ ᠦᠵᠡᠵᠦ᠂ ᠶᠡᠷᠦ ᠳᠡᠭᠡᠨ ᠰᠠᠭᠤᠯᠭᠠᠭᠰᠠᠨ ᠬᠡᠮᠵᠢᠶ᠎ᠡ ᠪᠠᠷ ᠬᠠᠮᠤᠭ ᠤᠨ ᠶᠡᠭᠡ APP ᠪᠣᠯ ᠠᠯᠪᠠᠨ ᠤ ᠲᠠᠯ᠎ᠠ ᠶᠢᠨ ᠲᠣᠬᠢᠶᠠᠯᠳᠤᠮᠵᠢ ᠪᠠᠷ ᠬᠠᠮᠤᠭ ᠤᠨ ᠶᠡᠭᠡ ᠪᠠᠶᠢᠳᠠᠭ᠃ 3. ᠨᠡᠭᠡᠭᠡᠨ ᠠᠰᠢᠭᠯᠠᠬᠤ ᠬᠤᠳᠠᠯᠳᠤᠭᠠᠴᠢᠨ ᠤ ᠮᠠᠲ᠋ᠧᠷᠢᠶᠠᠯ ᠵᠢᠴᠢ ᠲᠡᠭᠦᠨ ᠳᠤ ᠬᠠᠷᠢᠶᠠᠯᠠᠭᠳᠠᠬᠤ ᠪᠤᠰᠤᠳ ᠦᠢᠯᠡᠳᠬᠦᠨ ᠢ ᠬᠢᠨᠠᠮᠠᠭᠠᠢ ᠪᠠᠶᠢᠴᠠᠭᠠᠨ ᠦᠵᠡᠬᠦ ᠬᠡᠷᠡᠭᠲᠡᠢ᠂ ᠤᠴᠢᠷ ᠨᠢ ᠣᠯᠠᠩᠬᠢ ᠲᠣᠭᠠᠨ ᠤ ᠬᠠᠭᠤᠷᠮᠠᠭ APP ᠪᠣᠯ ᠴᠥᠮ ᠳᠠᠩ ᠭᠠᠭᠴᠠ ᠦᠢᠯᠡᠳᠬᠦᠨ ᠮᠥᠨ᠃ ︽ᠲᠤᠤ ᠪᠦᠦ︾ APP  ᠪᠠᠷ ᠵᠢᠱᠢᠶᠡᠯᠡᠪᠡᠯ᠂ ᠵᠠᠷᠢᠮ ᠬᠠᠭᠤᠷᠮᠠᠭ ᠬᠡᠪ ᠨᠢ ᠵᠥᠪᠭᠡᠨ ᠵᠢᠩᠬᠢᠨᠢ ᠬᠡᠪ ᠤᠨ ᠤᠯᠠᠪᠤᠷ ᠥᠩᠭᠡ ᠶᠢ ᠵᠦᠷᠵᠢ ᠶᠢᠨ ᠤᠯᠠᠭᠠᠨ ᠥᠩᠭᠡ ᠪᠣᠯᠭᠠᠨ ᠥᠭᠡᠷᠡᠴᠢᠯᠡᠵᠦ᠂ ᠪᠤᠰᠤᠳ ᠨᠠᠷᠢᠨ ᠵᠦᠢᠯᠡᠰ ᠢ ᠪᠦᠷᠢᠮᠦᠰᠦᠨ ᠠᠳᠠᠯᠢ ᠪᠣᠯᠭᠠᠨ ᠳᠠᠭᠤᠷᠢᠶᠠᠨ ᠵᠣᠬᠢᠶᠠᠭᠰᠠᠨ ᠪᠠᠶᠢᠳᠠᠭ; ᠵᠠᠷᠢᠮ ᠬᠠᠭᠤᠷᠮᠠᠭ ᠬᠡᠪ ᠨᠢ ᠵᠥᠪᠭᠡᠨ ᠲᠡᠮᠳᠡᠭ ᠳᠡᠭᠡᠷᠡᠬᠢ ︽ᠲᠤᠤ︾ ᠦᠰᠦᠭ ᠤᠨ ᠲᠢᠭ ᠢ ᠨᠢ ᠰᠣᠯᠢᠭᠰᠠᠨ ᠪᠠᠶᠢᠳᠠᠭ᠃          ᠳᠣᠯᠤᠭ᠎ᠠ᠂ ᠬᠤᠶᠠᠷ ᠬᠡᠮᠵᠢᠯᠲᠦ ᠺᠣᠳ᠋ ᠢ ᠳᠤᠷ᠎ᠠ ᠪᠠᠷ ᠰᠢᠷᠪᠢᠵᠦ ᠪᠤᠯᠬᠤ ᠦᠭᠡᠢ᠃ ᠬᠠᠮᠤᠭ ᠰᠠᠶᠢᠨ ᠨᠢ ᠭᠠᠷ ᠤᠲᠠᠰᠤᠨ ᠳᠠᠭᠠᠨ ᠬᠤᠶᠠᠷ ᠬᠡᠮᠵᠢᠯᠲᠦ ᠺᠣᠳ᠋ ᠢ ᠪᠠᠶᠢᠴᠠᠭᠠᠬᠤ ᠪᠠᠭᠠᠵᠢ ᠤᠭᠰᠠᠷᠠᠪᠠᠯ ᠵᠣᠬᠢᠨ᠎ᠠ᠂ ᠡᠨᠡ ᠲᠥᠷᠥᠯ ᠤᠨ ᠪᠠᠭᠠᠵᠢ ᠨᠢ ᠬᠤᠶᠠᠷ ᠬᠡᠮᠵᠢᠯᠲᠦ ᠺᠣᠳ᠋ ᠳᠠᠬᠢ ᠰᠤᠷᠠᠭ ᠵᠠᠩᠭᠢ ᠶᠢ ᠠᠦ᠋ᠲ᠋ᠣ᠋ ᠪᠠᠷ ᠪᠠᠶᠢᠴᠠᠭᠠᠨ ᠰᠢᠯᠭᠠᠵᠤ᠂ ᠠᠮᠤᠷ ᠲᠦᠪᠰᠢᠨ ᠤ ᠰᠦᠷᠳᠡᠭᠦᠯᠦᠯ ᠪᠠᠶᠢᠬᠤ ᠡᠰᠡᠬᠦ ᠶᠢ ᠮᠠᠭᠠᠳᠯᠠᠵᠤ ᠴᠢᠳᠠᠳᠠᠭ᠃          ᠨᠠᠢᠮᠠ᠂ ᠸᠢᠷᠦ᠋ᠰ ᠲᠠᠢ ᠰᠣᠹᠲ ᠢ ᠬᠢᠴᠢᠶᠡ᠃ ᠣᠳᠣᠬᠠᠨ ᠳᠤ ᠰᠦᠯᠵᠢᠶᠡᠨ ᠤ ᠬᠠᠶᠢᠯᠲᠠ ᠮᠠᠰᠢ ᠲᠥᠭᠦᠮ ᠪᠣᠯᠵᠠᠢ᠂ ᠭᠡᠪᠡᠴᠦ ᠡᠨᠡ ᠨᠢ ᠮᠡᠳᠡᠭᠡ ᠵᠠᠩᠭᠢ ᠶᠢᠨ ᠬᠡᠮᠵᠢᠶ᠎ᠡ ᠮᠤᠨᠳᠠᠭ ᠶᠡᠭᠡ ᠠᠴᠠ ᠪᠣᠯᠵᠤ ᠢᠯᠭᠠᠨ ᠲᠠᠨᠢᠬᠤ ᠳᠤ ᠬᠦᠴᠢᠷ ᠪᠣᠯᠤᠭᠰᠠᠨ ᠢ ᠬᠠᠷᠠᠭᠤᠯᠵᠤ ᠪᠠᠶᠢᠨ᠎ᠠ᠂ ᠰᠣᠹᠲ ᠰᠠᠭᠤᠯᠭᠠᠬᠤ ᠠᠴᠠ ᠡᠮᠦᠨ᠎ᠡ ᠤᠷᠢᠳ ᠢᠶᠠᠷ ᠪᠠᠶᠢᠴᠠᠭᠠᠯᠲᠠ ᠬᠢᠵᠦ᠂ ᠰᠢᠨ᠎ᠡ ᠬᠡᠪᠯᠡᠯ ᠤᠨ ᠸᠢᠷᠦ᠋ᠰ ᠢ ᠡᠰᠡᠷᠭᠦᠴᠡᠬᠦ ᠰᠣᠹᠲ ᠢ ᠬᠡᠷᠡᠭᠯᠡᠪᠡᠯ ᠬᠠᠮᠤᠭ ᠰᠠᠶᠢᠨ᠃ ᠸᠢᠷᠦ᠋ᠰ ᠲᠠᠢ ᠰᠣᠹᠲ ᠤᠨ ᠭᠤᠣᠯ ᠬᠤᠣᠷ ᠬᠥᠨᠥᠭᠡᠯ ᠳᠤ᠂ ᠮᠥᠩᠭᠦ ᠬᠤᠷᠣᠭᠳᠠᠬᠤ᠂ ᠬᠤᠪᠢ ᠶᠢᠨ ᠨᠢᠭᠤᠴᠠ ᠬᠤᠯᠠᠭᠠᠶᠢᠯᠠᠭᠳᠠᠬᠤ ᠪᠠ ᠳᠤᠷ᠎ᠠ ᠪᠠᠷ ᠰᠦᠢᠳᠬᠡᠯ ᠬᠠᠰᠤᠬᠤ ᠨᠢ ᠡᠮᠦᠨ᠎ᠡ ᠭᠤᠷᠪᠠ ᠳᠤ ᠵᠢᠭᠰᠠᠭᠠᠭᠳᠠᠵᠤ ᠪᠤᠢ᠃ ᠡᠳᠡᠭᠡᠷ ᠸᠢᠷᠦ᠋ᠰ ᠲᠠᠢ ᠰᠣᠹᠲ ᠨᠢ ᠠᠷᠤ ᠬᠥᠰᠢᠭᠡᠨ ᠳᠤ ᠬᠡᠷᠡᠭᠯᠡᠭᠴᠢ ᠶᠢᠨ ᠣᠷᠣᠨ ᠪᠠᠶᠢᠷᠢ ᠶᠢᠨ ᠮᠡᠳᠡᠭᠡ ᠵᠠᠩᠭᠢ᠂ ᠤᠲᠠᠰᠤ ᠨᠡᠪᠲᠡᠷᠡᠭᠰᠡᠨ ᠲᠡᠮᠳᠡᠭᠯᠡᠯ᠂ ᠤᠲᠠᠰᠤᠨ ᠤ ᠳ᠋ᠤᠭᠠᠷ ᠵᠢᠴᠢ ᠣᠬᠤᠷ ᠮᠡᠳᠡᠭᠡ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠲᠡᠭᠦᠨ ᠢ ᠲᠣᠭᠲᠠᠭᠰᠠᠨ ᠦᠢᠯᠡᠴᠢᠯᠡᠭᠦᠷ ᠲᠤ ᠬᠦᠷᠭᠡᠵᠦ᠂ ᠵᠢᠱᠢᠬᠦᠶ᠎ᠡ ᠪᠡᠷᠬᠡ ᠬᠤᠣᠷ ᠬᠥᠨᠥᠭᠡᠯ ᠤᠴᠠᠷᠠᠭᠤᠯᠳᠠᠭ᠃          ᠶᠢᠰᠦ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠳᠠᠭᠠᠨ ᠪᠣᠯᠭᠤᠮᠵᠢᠯᠠᠬᠤ ᠬᠡᠷᠡᠭᠲᠡᠢ᠃ ᠰᠦᠯᠵᠢᠶᠡᠨ ᠬᠤᠳᠠᠯᠳᠤᠭᠠᠨ ᠤ ᠲᠥᠭᠦᠮ ᠲᠠᠯ᠎ᠠ ᠶᠢ ᠡᠳ᠋ᠯᠡᠬᠦ ᠶᠢᠨ ᠬᠠᠮᠲᠤ ᠳᠣᠣᠷᠠᠬᠢ ᠬᠡᠳᠦᠨ ᠲᠠᠯ᠎ᠠ ᠶᠢ ᠮᠠᠷᠲᠠᠵᠤ ᠪᠤᠯᠬᠤ ᠦᠭᠡᠢ᠄ ᠵᠠᠪᠠᠯ ᠭᠤᠷᠪᠠᠳᠠᠭᠢ ᠡᠲᠡᠭᠡᠳ ᠤᠨ ᠠᠷᠠᠯᠵᠢᠶᠠᠨ ᠤ ᠲᠠᠪᠴᠠᠩ ᠢᠶᠠᠷ ᠲᠣᠭᠠᠴᠠᠭ᠎ᠠ ᠬᠢᠬᠦ ᠭᠡᠷᠡᠭᠲᠡᠢ; ᠬᠤᠳᠠᠯᠳᠤᠭᠴᠢ ᠶᠢᠨ ᠢᠲᠡᠭᠡᠯ ᠤᠨ ᠬᠡᠮᠵᠢᠶ᠎ᠡ ᠶᠢ ᠨᠠᠷᠢᠨ ᠪᠠᠶᠢᠴᠠᠭᠠᠵᠤ᠂ ᠬᠠᠭᠤᠷᠮᠠᠭᠯᠠᠭᠰᠠᠨ ᠢᠲᠡᠭᠡᠯ ᠤᠨ ᠬᠡᠮᠵᠢᠶ᠎ᠡ ᠳᠤ ᠪᠢᠲᠡᠭᠡᠢ ᠲᠥᠭᠡᠷᠢᠭᠳᠡ; ᠳᠣᠣᠷ᠎ᠠ ᠦᠨ᠎ᠡ ᠳᠤ ᠪᠢᠲᠡᠭᠡᠢ ᠰᠣᠭᠲᠣᠭᠤᠷᠠᠵᠤ᠂ ᠲᠡᠭᠷᠢ ᠳᠡᠭᠡᠷ᠎ᠡ ᠠᠴᠠ ᠱᠠᠯᠪᠢᠩ ᠤᠨᠠᠬᠤ ᠦᠭᠡᠢ ᠶᠢ ᠰᠠᠨᠠ᠃          ᠠᠷᠪᠠ᠂ ᠲᠣᠭᠯᠠᠭᠠᠮ ᠳᠤ ᠮᠥᠩᠭᠦ ᠦᠷᠡᠬᠦ ᠠᠴᠠ ᠬᠢᠴᠢᠶᠡ᠃ ᠲᠣᠭᠯᠠᠭᠠᠮ ᠤᠨ ᠲᠣᠨᠤᠭ ᠲᠥᠬᠦᠭᠡᠷᠦᠮᠵᠢ ᠵᠡᠷᠭᠡ ᠡᠳ᠋ ᠪᠣᠳᠠᠰ ᠢ ᠬᠤᠳᠠᠯᠳᠤᠨ ᠠᠪᠴᠤ ᠰᠦᠯᠵᠢᠶᠡᠨ ᠳᠡᠭᠡᠷ᠎ᠡ ᠠᠷᠠᠯᠵᠢᠶᠠᠯᠠᠬᠤ ᠳᠠᠭᠠᠨ᠂ ᠰᠦᠯᠵᠢᠶᠡᠨ ᠳᠡᠭᠡᠷ᠎ᠡ ᠤᠷᠢᠳ ᠢᠶᠠᠷ ᠪᠡᠷᠢᠴᠠᠭᠠᠨ ᠤ ᠮᠥᠩᠭᠦ᠂ ᠪᠠᠲᠤᠯᠠᠭ᠎ᠠ ᠶᠢᠨ ᠮᠥᠩᠭᠦ ᠥᠭᠬᠦ ᠵᠡᠷᠭᠡ ᠪᠠᠶᠢᠳᠠᠯ ᠢ ᠣᠨᠴᠠᠭᠠᠶᠢᠯᠠᠨ ᠰᠡᠷᠡᠮᠵᠢᠯᠡᠬᠦ ᠬᠡᠷᠡᠭᠲᠡᠢ᠃ ᠲᠣᠭᠠᠴᠠᠭ᠎ᠠ ᠬᠢᠬᠦ ᠲᠠᠪᠴᠠᠩ ᠪᠤᠶᠤ ᠰᠦᠯᠵᠢᠶᠡᠨ ᠳᠡᠭᠡᠷᠡᠬᠢ ᠪᠠᠩᠬᠢ ᠶᠢᠨ ᠬᠠᠮᠢᠶ᠎ᠠ ᠪᠦᠬᠦᠢ ᠰᠦᠯᠵᠢᠶᠡᠨ ᠬᠠᠶ᠋ᠢᠭ ᠢ ᠬᠠᠷᠭᠤᠭᠤᠯᠬᠤ ᠶᠢ ᠠᠩᠬᠠᠷᠴᠤ᠂ ᠮᠡᠬᠡᠯᠡᠭᠳᠡᠬᠦ ᠠᠴᠠ ᠵᠠᠶᠢᠯᠠᠰᠬᠢᠬᠦ ᠬᠡᠷᠡᠭᠲᠡᠢ᠃ ᠬᠠᠮᠤᠭ ᠤᠨ ᠰᠠᠶᠢᠨ ᠨᠢ ᠲᠣᠭᠠᠴᠠᠭ᠎ᠠ ᠬᠢᠬᠦ ᠲᠠᠪᠴᠠᠩ ᠪᠤᠶᠤ ᠰᠦᠯᠵᠢᠶᠡᠨ ᠳᠡᠭᠡᠷᠡᠬᠢ ᠪᠠᠩᠬᠢ ᠶᠢᠨ ᠬᠠᠶ᠋ᠢᠭ ᠢ ᠬᠠᠳᠠᠭᠠᠯᠠᠵᠤ᠂ ᠪᠤᠷᠤᠭᠤ ᠰᠢᠯᠵᠢᠭᠦᠯᠬᠦ ᠠᠴᠠ ᠵᠠᠶᠢᠯᠠᠰᠬᠢᠨ᠎ᠡ᠃ ᠡᠭᠦᠨ ᠤ ᠬᠠᠮᠲᠤ᠂ ᠺᠤᠮᠫᠢᠦ᠋ᠲ᠋ᠧᠷ ᠳᠡᠭᠡᠷ᠎ᠡ ᠵᠣᠬᠢᠬᠤ ᠬᠡᠮᠵᠢᠶᠡᠨ ᠤ ᠸᠢᠷᠦ᠋ᠰ ᠢ ᠰᠡᠷᠭᠡᠶᠢᠯᠡᠬᠦ ᠰᠣᠹᠲ ᠰᠠᠭᠤᠯᠭᠠᠬᠤ ᠨᠢ ᠠᠷᠠᠯᠵᠢᠶᠠᠨ ᠤ ᠲᠦᠭᠰᠢᠭᠦᠷᠢ ᠶᠢ ᠭᠦᠢᠴᠡᠳ ᠪᠠᠭᠤᠷᠠᠭᠤᠯᠤᠨ᠎ᠠ᠃          ᠮᠡᠳᠡᠭᠡ ᠵᠠᠩᠭᠢ ᠶᠢᠨ ᠴᠠᠭ ᠦᠶ᠎ᠡ ᠳᠤ᠂ ᠰᠦᠯᠵᠢᠶ᠎ᠡ ᠨᠢ ᠬᠡᠦᠬᠡᠳ ᠨᠢᠭᠡᠪᠦᠷᠢ ᠶᠢᠨ ᠠᠮᠢᠳᠤᠷᠠᠯ ᠪᠠ ᠰᠤᠷᠤᠯᠴᠠᠯᠭ᠎ᠠ ᠳᠤ ᠪᠦᠷ ᠴᠢᠬᠤᠯᠠ ᠨᠥᠯᠥᠭᠡ ᠦᠵᠡᠭᠦᠯᠳᠡᠭ᠃ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠠᠷᠪᠠᠨ ᠶᠡᠭᠡ ᠭᠡᠮ ᠰᠣᠭᠤᠭ ᠢ ᠰᠡᠷᠭᠡᠶᠢᠯᠡᠵᠦ᠂ ᠬᠡᠦᠬᠡᠳ ᠪᠠᠭᠠᠴᠤᠳ ᠤᠨ ᠡᠷᠡᠭᠦᠯ ᠮᠡᠨᠳᠦ  ᠪᠠᠷ ᠰᠦᠯᠵᠢᠶ᠎ᠡ ᠠᠰᠢᠭᠯᠠᠬᠤ ᠶᠢ ᠬᠠᠮᠠᠭᠠᠯᠠᠨ ᠰᠠᠬᠢᠬᠤ ᠬᠡᠷᠡᠭᠲᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ