ᠲᠤᠭ᠎ᠠ ᠪᠠᠷᠢᠮᠲᠠ ᠶᠢ ᠦᠨᠳᠦᠰᠦᠯᠡᠪᠡᠯ᠂ ᠬᠥᠬᠦᠨ ᠪᠤᠯᠴᠢᠷᠬᠠᠢ ᠶᠢᠨ ᠥᠮᠡᠨ ᠨᠢ ᠨᠢᠭᠡᠨᠲᠡ ᠠᠭᠤᠰᠬᠢᠨ ᠥᠮᠡᠨ ᠢ ᠳᠠᠪᠠᠵᠤ ᠪᠦᠭᠦ ᠳᠡᠯᠡᠬᠡᠢ ᠶᠢᠨ ᠨᠢᠭᠡᠳᠦᠭᠡᠷ | ᠶᠡᠭᠡ ᠥᠮᠡᠨ ᠪᠣᠯᠤᠭᠰᠠᠨ ᠪᠠᠶᠢᠨ᠎ᠠ᠂ ᠡᠭᠦᠨ ᠳᠤ 99% ᠶᠢᠨ ᠡᠪᠡᠳᠴᠢᠲᠡᠨ ᠨᠢ ᠡᠮᠡᠭᠲᠡᠶᠢᠴᠦᠳ ᠪᠣᠯᠣᠨ᠎ᠠ᠂ ᠪᠦᠭᠦ ᠳᠡᠯᠡᠬᠡᠢ ᠳᠤ ᠵᠢᠯ ᠪᠦᠷᠢ 210 ᠲᠦᠮᠡ ᠭᠠᠷᠤᠢ | ᠡᠮᠡᠭᠲᠡᠢ ᠬᠥᠬᠦᠨ ᠪᠤᠯᠴᠢᠷᠬᠠᠢ ᠶᠢᠨ ᠥᠮᠡᠨ ᠤ ᠬᠤᠣᠷ ᠨᠥᠯᠥᠭᠡ ᠶᠢ ᠠᠮᠰᠠᠵᠤ ᠪᠤᠢ᠂ ᠬᠥᠬᠦᠨ ᠪᠤᠯᠴᠢᠷᠬᠠᠢ ᠶᠢᠨ ᠥᠮᠡᠨ ᠨᠢ ᠮᠥᠨ ᠴᠦ ᠮᠠᠨ ᠤ ᠤᠯᠤᠰ ᠤᠨ ᠡᠮᠡᠭᠲᠡᠢ | ᠶᠢᠨ ᠡᠪᠡᠳᠴᠢᠯᠡᠬᠦ ᠨᠣᠷᠮ᠎ᠠ ᠪᠠᠷ ᠬᠠᠮᠤᠭ ᠤᠨ ᠥᠨᠳᠥᠷ ᠥᠮᠡᠨ ᠡᠪᠡᠳᠴᠢᠨ ᠪᠠᠶᠢᠵᠤ᠂ ᠡᠮᠡᠭᠲᠡᠶᠢᠴᠦᠳ ᠤᠨ ᠡᠷᠡᠭᠦᠯ ᠮᠡᠨᠳᠦ ᠳᠤ ᠰᠦᠷᠳᠡᠭᠦᠯᠦᠯ ᠪᠣᠯᠵᠤ ᠪᠠᠶᠢᠭ᠎ᠠ | ᠬᠠᠮᠤᠭ ᠤᠨ ᠶᠡᠭᠡ ᠶᠠᠷᠭᠠᠴᠢᠨ ᠪᠣᠯᠵᠠᠢ᠃ ᠵᠢᠯ ᠪᠦᠷᠢ ᠶᠢᠨ 10 ᠰᠠᠷ᠎ᠠ ᠪᠣᠯ ᠳᠡᠯᠡᠬᠡᠢ ᠶᠢᠨ ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠨ ᠵᠠᠰᠠᠬᠤ ᠰᠠᠷ᠎ᠠ᠂ ᠪᠠᠰᠠ | ︽ᠶᠠᠭᠠᠨ ᠲᠣᠷᠭᠠᠨ ᠪᠦᠴᠡ ᠶᠢᠨ ᠰᠠᠷ᠎ᠠ︾ ᠭᠡᠳᠡᠭ᠂ ᠡᠭᠦᠨ ᠤ ᠵᠣᠷᠢᠯᠭ᠎ᠠ ᠨᠢ ᠪᠦᠭᠦ ᠨᠡᠶᠢᠭᠡᠮ ᠢᠶᠠᠷ ᠢᠶᠠᠨ ᠡᠮᠡᠭᠲᠡᠶᠢᠴᠦᠳ ᠤᠨ ᠬᠥᠬᠦᠨ ᠪᠤᠯᠴᠢᠷᠬᠠᠢ ᠶᠢᠨ ᠡᠷᠡᠭᠦᠯ ᠮᠡᠨᠳᠦ | ᠶᠢ ᠬᠠᠮᠲᠤ ᠪᠠᠷ ᠬᠠᠯᠠᠮᠵᠢᠯᠠᠬᠤ ᠶᠢ ᠤᠷᠢᠶᠠᠯᠠᠬᠤ ᠶᠢᠨ ᠲᠥᠯᠥᠭᠡ ᠶᠤᠮ᠃ ᠣᠶᠢᠷ᠎ᠠ ᠳᠤ ᠰᠤᠷᠪᠤᠯᠵᠢᠯᠠᠬᠴᠢ ᠭᠦᠭᠡᠬᠤᠳᠠ ᠶᠢᠨ ᠬᠢᠲᠠᠳ ᠮᠣᠩᠭᠤᠯ ᠡᠮᠨᠡᠯᠭᠡ ᠶᠢᠨ | ᠬᠤᠷᠢᠶᠠᠨ ᠤ ᠮᠣᠩᠭᠤᠯ ᠡᠮᠨᠡᠯᠭᠡ ᠶᠢᠨ ᠬᠥᠬᠦᠨ ᠪᠤᠯᠴᠢᠷᠬᠠᠢ ᠶᠢᠨ ᠰᠠᠯᠠᠭᠠᠨ ᠤ ᠳᠡᠳ᠋ ᠡᠷᠭᠢᠯᠡᠭᠴᠢ ᠡᠮᠴᠢ ᠦ᠋ ᠰᠢᠤ ᠯᠠᠨ ᠢ ᠰᠤᠷᠪᠤᠯᠵᠢᠯᠠᠵᠤ᠂ ᠦ᠋ ᠰᠢᠤ ᠯᠠᠨ ᠡᠮᠴᠢ | ᠥᠷᠭᠡᠨ ᠣᠯᠠᠨ ᠡᠮᠡᠭᠲᠡᠶᠢᠴᠦᠳ ᠢ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠡᠷᠲᠡ ᠰᠢᠭᠰᠢᠨ ᠪᠠᠶᠢᠴᠠᠭᠠᠵᠤ ᠡᠷᠲᠡ ᠢᠯᠡᠷᠡᠭᠦᠯᠵᠦ ᠡᠷᠲᠡ ᠡᠮᠨᠡᠨ | ᠵᠠᠰᠠᠬᠤ ᠬᠡᠷᠡᠭᠲᠡᠢ ᠭᠡᠵᠦ ᠰᠠᠨᠠᠭᠤᠯᠪᠠ᠃ | ︽ᠮᠠᠨ ᠤ ᠤᠯᠤᠰ ᠤᠨ ᠡᠮᠡᠭᠲᠡᠶᠢᠴᠦᠳ ᠤᠨ ᠨᠡᠷᠪᠡᠭᠳᠡᠵᠦ ᠪᠠᠶᠢᠭ᠎ᠠ ᠬᠥᠬᠦᠨ ᠪᠤᠯᠴᠢᠷᠬᠠᠢ ᠶᠢᠨ ᠥᠮᠡᠨ ᠤ ᠣᠨᠴᠠᠯᠢᠭ ᠪᠣᠯ ᠪᠤᠯᠴᠢᠷᠬᠠᠢ ᠶᠢᠨ ᠨᠢᠭᠲᠠ | ᠭᠡᠯᠪᠡᠷᠢ ᠶᠢᠨ ᠬᠥᠬᠦ ᠨᠠᠩ ᠣᠯᠠᠨ ᠪᠠᠶᠢᠳᠠᠭ᠂ ᠡᠭᠦᠨ ᠤ ᠳᠡᠭᠡᠷ᠎ᠡ ᠰᠢᠭᠰᠢᠨ ᠪᠠᠶᠢᠴᠠᠭᠠᠯᠲᠠ ᠨᠢ ᠪᠦᠷᠢᠨ ᠪᠤᠰᠤ᠂ ᠡᠷᠡᠭᠦᠯ ᠮᠡᠨᠳᠦ ᠶᠢᠨ ᠤᠬᠠᠮᠰᠠᠷ ᠳᠤᠲᠠᠮᠠᠭ ᠵᠡᠷᠭᠡ | ᠰᠢᠯᠲᠠᠭᠠᠨ ᠠᠴᠠ ᠪᠣᠯᠵᠤ᠂ ᠬᠥᠬᠦᠨ ᠪᠤᠯᠴᠢᠷᠬᠠᠢ ᠶᠢᠨ ᠥᠮᠡᠨ ᠤ ᠡᠬᠢᠨ ᠤ ᠬᠤᠭᠤᠴᠠᠭᠠᠨ ᠤ ᠣᠨᠣᠰᠢᠯᠠᠯᠲᠠ ᠶᠢᠨ ᠨᠤᠷᠮ᠎ᠠ ᠨᠢ 20% ᠬᠦᠷᠬᠦ ᠦᠭᠡᠢ ᠪᠠᠶᠢᠵᠤ᠂ | ᠰᠢᠭᠰᠢᠨ ᠪᠠᠶᠢᠴᠠᠭᠠᠯᠲᠠ ᠪᠠᠷ ᠳᠡᠮᠵᠢᠨ ᠢᠯᠡᠷᠡᠭᠦᠯᠦᠭᠰᠡᠨ ᠬᠠᠷᠢᠴᠠᠯ ᠨᠢ 5% ᠬᠦᠷᠬᠦ ᠦᠭᠡᠢ ᠪᠠᠶᠢᠳᠠᠭ᠃ ᠡᠭᠦᠨ ᠠᠴᠠ ᠭᠠᠳᠠᠨ᠎ᠠ᠂ ᠬᠥᠬᠦᠨ ᠪᠤᠯᠴᠢᠷᠬᠠᠢ ᠶᠢᠨ ᠥᠮᠡᠨ | ᠨᠢ ᠮᠠᠨ ᠤ ᠤᠯᠤᠰ ᠲᠤ 40 - 50 ᠨᠠᠰᠤᠨ ᠤ ᠬᠤᠭᠤᠴᠠᠭᠠᠨ ᠳᠤ ᠬᠠᠮᠤᠭ ᠤᠨ ᠣᠯᠠᠨ ᠡᠭᠦᠰᠴᠦ᠂ ᠡᠪᠡᠳᠴᠢᠯᠡᠬᠦ ᠨᠠᠰᠤ ᠨᠢ ᠠᠮᠧᠷᠢᠺᠠ ᠵᠡᠷᠭᠡ ᠬᠥᠭᠵᠢᠭᠰᠡᠨ | ᠤᠯᠤᠰ ᠤᠨ ᠬᠢ ᠠᠴᠠ ᠢᠯᠡᠳᠲᠡ ᠡᠷᠲᠡ ᠪᠠᠶᠢᠳᠠᠭ᠃ ᠬᠡᠷᠪᠡ ᠭᠡᠷ ᠪᠦᠯᠢ ᠳᠤᠨᠢ ᠬᠠᠪᠤᠳᠠᠷ ᠡᠪᠡᠳᠴᠢᠨ ᠤ ᠲᠡᠦᠬᠡ ᠲᠠᠢ᠂ ᠢᠯᠠᠩᠭᠤᠶ᠎ᠠ ᠬᠥᠬᠦᠨ ᠪᠤᠯᠴᠢᠷᠬᠠᠢ ᠶᠢᠨ | ᠥᠮᠡᠨ ᠣᠯᠣᠭᠰᠠᠨ ᠲᠡᠦᠬᠡ ᠲᠠᠢ ᠡᠮᠡᠭᠲᠡᠢ᠂ BRCA1/2 ᠭᠧᠨ ᠤ ᠡᠪᠡᠳᠴᠢᠯᠡᠭᠦᠯᠬᠦ ᠴᠢᠨᠠᠷᠲᠠᠢ ᠤᠳᠤᠮᠯᠠᠯ ᠤᠨ ᠭᠡᠨᠡᠳᠲᠡ ᠶᠢᠨ ᠬᠤᠪᠢᠰᠤᠯᠲᠠ ᠲᠠᠢ ᠡᠮᠡᠭᠲᠡᠢ᠂ | ᠠᠩᠬᠠᠨ ᠤ ᠰᠠᠷ᠎ᠠ ᠶᠢᠨ ᠭᠬᠢᠷ ᠨᠢ ᠨᠡᠯᠢᠶᠡᠳ ᠡᠷᠲᠡ ︵12 ᠨᠠᠰᠤ ᠬᠦᠷᠬᠦ ᠦᠭᠡᠢ︶ᠡᠮᠡᠭᠲᠡᠢ᠂ ᠬᠥᠩᠭᠡᠵᠢᠯᠲᠡ ᠶᠢᠨ ᠨᠠᠰᠤ ᠨᠢ ᠨᠡᠯᠢᠶᠡᠳ ᠣᠷᠣᠢ ᠪᠤᠶᠤ ᠬᠥᠬᠦᠭᠦᠯᠬᠦ | ᠲᠡᠦᠬᠡ ᠦᠭᠡᠢ ᠡᠮᠡᠭᠲᠡᠢ᠂ ᠡᠰᠡᠬᠦᠯ᠎ᠡ ᠣᠷᠳᠣ ᠬᠤᠭᠤᠴᠠᠭ᠎ᠠ ᠪᠠᠷ ᠡᠮ᠎ᠡ ᠬᠤᠷᠮᠣᠨ ᠢ ᠬᠡᠷᠡᠭᠯᠡᠭᠰᠡᠨ ᠡᠮᠡᠭᠲᠡᠢ ᠴᠥᠮ ᠠᠶᠤᠯ ᠶᠡᠬᠡᠲᠡᠢ ᠬᠥᠮᠥᠰ ᠲᠤ ᠲᠣᠭᠠᠴᠠᠭᠳᠠᠵᠤ᠂ | ᠡᠷᠲᠡ ᠰᠢᠭᠰᠢᠨ ᠪᠠᠶᠢᠴᠠᠭᠠᠯᠲᠠ ᠬᠢᠯᠭᠡᠬᠦ ᠴᠢᠬᠤᠯᠠᠲᠠᠢ ᠭᠤᠣᠯᠳᠠᠯᠭ᠎ᠠ ᠲᠠᠢ ᠬᠥᠮᠥᠰ ᠪᠣᠯᠣᠨ᠎ᠠ︾ ᠭᠡᠵᠦ ᠦ᠋ ᠰᠢᠤ ᠯᠠᠨ ᠡᠮᠴᠢ ᠲᠠᠨᠢᠯᠴᠠᠭᠤᠯᠪᠠ᠃ | ᠦ᠋ ᠰᠢᠤ ᠯᠠᠨ ᠡᠮᠴᠢ᠂ ᠭᠡᠪᠡᠴᠦ ᠣᠯᠠᠨ ᠢᠶᠠᠷ ᠢᠶᠠᠨ ᠠᠶᠤᠵᠤ ᠰᠠᠨᠳᠤᠷᠤᠭᠰᠠᠨ ᠤ ᠬᠡᠷᠡᠭ ᠦᠭᠡᠢ᠂ ᠲᠥᠷᠥᠯ ᠤᠭᠰᠠᠭ᠎ᠠ ᠶᠢᠨ ᠭᠧᠨ ᠵᠡᠷᠭᠡ ᠬᠤᠪᠢᠷᠠᠭᠤᠯᠵᠤ | ᠪᠣᠯᠣᠰᠢ ᠦᠭᠡᠢ ᠡᠯᠧᠮᠧᠨ᠋ᠲ ᠠᠴᠠ ᠭᠠᠳᠠᠨ᠎ᠠ᠂ ᠡᠳᠦᠷ ᠲᠤᠲᠤᠮ ᠤᠨ ᠠᠮᠢᠳᠤᠷᠠᠯ ᠳᠤᠮᠳᠠ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠲᠤᠰᠬᠠᠢ ᠮᠡᠷᠭᠡᠵᠢᠯ | ᠤᠨ ᠴᠢᠨᠠᠷᠲᠠᠢ ᠪᠠᠶᠢᠴᠠᠭᠠᠯᠲᠠ ᠬᠢᠪᠡᠯ ᠬᠥᠬᠦᠨ ᠪᠤᠯᠴᠢᠷᠬᠠᠢ ᠶᠢᠨ ᠥᠮᠡᠨ ᠤ ᠡᠳᠡᠭᠡᠷᠡᠯᠲᠡ ᠶᠢᠨ ᠨᠣᠷᠮ᠎ᠠ ᠨᠢ ᠴᠦ ᠮᠠᠰᠢ ᠥᠨᠳᠥᠷ ᠪᠠᠶᠢᠳᠠᠭ᠃ ᠡᠳᠦᠷ ᠲᠤᠲᠤᠮ ᠤᠨ | ᠠᠮᠢᠳᠤᠷᠠᠯ ᠳᠤᠮᠳᠠ᠂ ᠡᠮᠡᠭᠲᠡᠶᠢᠴᠦᠳ ᠰᠠᠷ᠎ᠠ ᠪᠦᠷᠢ ᠨᠢᠭᠡ ᠤᠳᠠᠭ᠎ᠠ ᠥᠪᠡᠷ ᠢ ᠪᠠᠨ ᠪᠠᠶᠢᠴᠠᠭᠠᠬᠤ ᠶᠢ ᠰᠠᠨᠠᠭᠤᠯᠵᠤ ᠪᠠᠶᠢᠨ᠎ᠠ᠂ ᠥᠪᠡᠷ ᠤᠨ ᠪᠡᠶ᠎ᠡ ᠪᠠᠨ ᠪᠠᠶᠢᠴᠠᠭᠠᠬᠤ ᠨᠢ | ᠬᠡᠳᠦᠶᠢᠪᠡᠷ ᠬᠥᠬᠦᠨ ᠪᠤᠯᠴᠢᠷᠬᠠᠢ ᠶᠢᠨ ᠥᠮᠡᠨ ᠤ ᠦᠬᠦᠬᠦ ᠨᠣᠷᠮ᠎ᠠ ᠶᠢ ᠪᠠᠭᠤᠷᠠᠭᠤᠯᠵᠤ ᠴᠢᠳᠠᠬᠤ ᠦᠭᠡᠢ ᠪᠤᠯᠪᠠᠴᠤ ᠣᠯᠠᠨ ᠤ ᠥᠮᠡᠨ ᠢ ᠰᠡᠷᠭᠡᠶᠢᠯᠡᠬᠦ ᠤᠬᠠᠮᠰᠠᠷ ᠢ | ᠪᠠᠲᠤᠯᠠᠵᠤ᠂ ᠰᠣᠨᠣᠷ ᠰᠡᠷᠡᠮᠵᠢ ᠶᠢ ᠳᠡᠭᠡᠭᠰᠢᠯᠡᠭᠦᠯᠵᠦ ᠪᠣᠯᠣᠨ᠎ᠠ᠃ ᠪᠣᠳᠠᠲᠠᠢ ᠠᠷᠭ᠎ᠠ ᠨᠢ ᠲᠣᠯᠢᠨ ᠳᠣᠲᠣᠷ᠎ᠠ ᠬᠤᠶᠠᠷ ᠲᠠᠯ᠎ᠠ ᠶᠢᠨ ᠬᠥᠬᠦᠨ ᠪᠤᠯᠴᠢᠷᠬᠠᠢ ᠶᠢᠨ ᠭᠡᠯᠪᠡᠷᠢ | ᠳᠦᠷᠰᠦ᠂ ᠶᠡᠭᠡ ᠪᠠᠭ᠎ᠠ᠂ ᠪᠣᠷᠣ ᠲᠥᠯᠥᠪ᠂ ᠬᠥᠬᠦᠨ ᠲᠣᠪᠴᠢ ᠠᠴᠠ ᠰᠢᠩᠭᠡᠨ ᠭᠤᠭᠤᠵᠢᠭᠰᠠᠨ ᠡᠰᠡᠬᠦ᠂ ᠠᠪᠴᠢᠭᠰᠠᠨ ᠡᠰᠡᠬᠦ᠂ ᠳᠦᠷᠰᠦ ᠬᠤᠪᠢᠷᠠᠭᠰᠠᠨ ᠡᠰᠡᠬᠦ ᠶᠢ | ᠨᠠᠷᠢᠨ ᠪᠠᠶᠢᠴᠠᠭᠠᠨ᠎ᠠ; ᠳᠠᠷᠠᠭ᠎ᠠ ᠨᠢ ᠬᠦᠷᠦᠯᠴᠡᠬᠦ ᠪᠠᠶᠢᠴᠠᠭᠠᠯᠲᠠ ᠬᠢᠵᠦ᠂ ᠪᠠᠷᠠᠭᠤᠨ ᠭᠠᠷ ᠢᠶᠠᠷ ᠢᠶᠠᠨ ᠵᠡᠭᠦᠨ ᠲᠠᠯ᠎ᠠ ᠶᠢᠨ ᠬᠥᠬᠦ ᠪᠠᠨ ᠪᠠᠶᠢᠴᠠᠭᠠᠵᠤ᠂ ᠵᠡᠭᠦᠨ ᠭᠠᠷ | ᠢᠶᠠᠷ ᠢᠶᠠᠨ ᠪᠠᠷᠠᠭᠤᠨ ᠲᠠᠯ᠎ᠠ ᠶᠢᠨ ᠬᠥᠬᠦ ᠪᠠᠨ ᠪᠠᠶᠢᠴᠠᠭᠠᠵᠤ᠂ ᠭᠠᠷ ᠤᠨ ᠬᠤᠷᠤᠭᠤ ᠪᠠᠨ ᠨᠡᠶᠢᠯᠡᠭᠦᠯᠦᠨ ᠴᠠᠭ ᠤᠨ ᠵᠡᠭᠦᠦ ᠶᠢᠨ ᠳᠠᠭᠠᠤ ᠪᠤᠶᠤ ᠴᠠᠭ ᠤᠨ ᠵᠡᠭᠦᠦ ᠶᠢᠨ | ᠡᠰᠡᠷᠭᠦ ᠴᠢᠭᠯᠡᠯ ᠢᠶᠠᠷ ᠬᠤᠷᠤᠭᠤᠨ ᠤ ᠬᠡᠪᠡᠯᠢ ᠶᠢᠨ ᠬᠡᠰᠡᠭ ᠢᠶᠠᠷ ᠬᠥᠬᠦᠨ ᠪᠤᠯᠴᠢᠷᠬᠠᠢ ᠶᠢ ᠲᠡᠮᠲᠡᠷᠢᠨ᠎ᠡ; ᠬᠠᠮᠤᠭ ᠰᠡᠭᠦᠯ ᠳᠤᠨᠢ ᠬᠥᠬᠦᠨ ᠲᠣᠪᠴᠢ᠂ ᠬᠥᠬᠦᠨ | ᠬᠦᠷᠢᠶ᠎ᠡ᠂ ᠰᠤᠭᠤᠨ ᠤ ᠬᠡᠰᠡᠭ ᠢ ᠪᠠᠶᠢᠴᠠᠭᠠᠨ᠎ᠠ᠂ ᠥᠩᠭᠡᠷᠡᠭᠰᠡᠨ ᠤ ᠪᠠᠶᠢᠴᠠᠭᠠᠯᠲᠠ ᠲᠠᠢ ᠠᠳᠠᠯᠢ ᠦᠭᠡᠢ ᠲᠠᠯ᠎ᠠ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ | ᠡᠮᠨᠡᠯᠭᠡ ᠳᠤ ᠣᠴᠢᠵᠤ ᠪᠠᠶᠢᠴᠠᠭᠠᠯᠭᠠᠬᠤ ᠬᠡᠷᠡᠭᠲᠡᠢ ᠭᠡᠪᠡ᠃ | ︽ᠬᠥᠬᠦᠨ ᠪᠤᠯᠴᠢᠷᠬᠠᠢ ᠶᠢᠨ ᠥᠮᠡᠨ ᠤ ᠠᠩᠬᠠᠨ ᠤ ᠢᠯᠡᠷᠡᠯ ᠨᠢ ᠶᠡᠷᠦ ᠨᠢ ᠡᠪᠡᠳᠬᠦ ᠪᠢᠰᠢ᠂ ᠬᠠᠷᠢᠨ ᠬᠠᠪᠤᠳᠠᠷ᠂ ᠬᠥᠬᠦᠨ ᠲᠣᠪᠴᠢ ᠠᠴᠠ ᠰᠢᠩᠭᠡᠨ | ᠭᠤᠭᠤᠵᠢᠬᠤ᠂ ᠰᠤᠭᠤᠨ ᠤ ᠯᠢᠮᠪᠠ ᠶᠢᠨ ᠵᠠᠩᠭᠢᠯᠠᠭ᠎ᠠ ᠬᠠᠪᠤᠳᠴᠤ ᠲᠤᠮᠤᠷᠠᠬᠤ ᠵᠡᠷᠭᠡ ᠡᠪᠡᠳᠴᠢᠨ ᠤ ᠢᠯᠡᠷᠡᠯ ᠢᠶᠠᠷ ᠭᠤᠣᠯ ᠢᠯᠡᠷᠡᠯ ᠪᠣᠯᠭᠠᠳᠠᠭ᠃ ᠡᠮᠡᠭᠲᠡᠶᠢᠴᠦᠳ | ᠲᠣᠭᠲᠠᠭᠰᠠᠨ ᠬᠤᠭᠤᠴᠠᠭ᠎ᠠ ᠲᠠᠢ ᠪᠠᠷ ᠬᠥᠬᠦᠨ ᠪᠤᠯᠴᠢᠷᠬᠠᠢ ᠶᠢᠨ ᠰᠢᠭᠰᠢᠨ ᠪᠠᠶᠢᠴᠠᠭᠠᠯᠲᠠ ᠶᠢ ᠢᠳᠡᠪᠬᠢᠲᠡᠢ ᠬᠢᠵᠦ᠂ ᠠᠰᠠᠭᠤᠳᠠᠯ ᠢᠯᠡᠷᠡᠪᠡᠯ ᠴᠠᠭ ᠲᠤᠬᠠᠢ ᠳᠤᠨᠢ | ᠡᠮᠨᠡᠯᠭᠡ ᠳᠤ ᠬᠦᠷᠴᠦ ᠡᠮᠨᠡᠭᠦᠯᠭᠦ ᠬᠡᠷᠡᠭᠲᠡᠢ᠂ 30 ᠨᠠᠰᠤᠨ ᠠᠴᠠ ᠳᠡᠭᠡᠭᠰᠢᠬᠢ ᠡᠮᠡᠭᠲᠡᠶᠢᠴᠦᠳ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠬᠥᠬᠦᠨ ᠪᠤᠯᠴᠢᠷᠬᠠᠢ | ᠶᠢᠨ ᠥᠩᠭᠡᠲᠦ ᠭᠡᠲᠦ ᠳᠣᠯᠭᠢᠶᠠᠨ ᠤ ᠪᠠᠶᠢᠴᠠᠭᠠᠯᠲᠠ ᠬᠢᠬᠦ ᠶᠢ ᠰᠠᠨᠠᠭᠤᠯᠵᠤ ᠪᠠᠶᠢᠨ᠎ᠠ; 40 ᠨᠠᠰᠤᠨ ᠠᠴᠠ ᠳᠡᠭᠡᠭᠰᠢᠬᠢ ᠡᠮᠡᠭᠲᠡᠶᠢᠴᠦᠳ ᠵᠢᠯ ᠪᠦᠷᠢ ᠲᠣᠭᠲᠠᠭᠰᠠᠨ | ᠬᠤᠭᠤᠴᠠᠭ᠎ᠠ ᠲᠠᠢ ᠪᠠᠷ ᠬᠥᠬᠦᠨ ᠪᠤᠯᠴᠢᠷᠬᠠᠢ ᠶᠢᠨ ᠮᠣᠯᠢᠪᠳᠧᠨ ᠫᠠᠢ ᠪᠠ ᠬᠥᠬᠦᠨ ᠪᠤᠯᠴᠢᠷᠬᠠᠢ ᠶᠢᠨ ᠥᠩᠭᠡᠲᠦ ᠭᠡᠲᠦ ᠳᠣᠯᠭᠢᠶᠠᠨ ᠢ ᠬᠠᠷᠢᠯᠴᠠᠨ ᠤᠶᠠᠯᠳᠤᠭᠤᠯᠤᠭᠰᠠᠨ | ᠪᠠᠶᠢᠴᠠᠭᠠᠯᠲᠠ ᠬᠢᠨ᠎ᠡ︾ ᠭᠡᠵᠦ ᠦ᠋ ᠰᠢᠤ ᠯᠠᠨ ᠡᠮᠴᠢ ᠬᠡᠯᠡᠨ᠎ᠡ᠃ | ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠲᠠ ᠬᠢᠬᠦ ᠠᠴᠠ ᠭᠠᠳᠠᠨ᠎ᠠ᠂ ᠡᠷᠡᠭᠦᠯ ᠰᠠᠷᠠᠭᠤᠯ᠂ ᠰᠢᠨᠵᠢᠯᠡᠬᠦ ᠤᠬᠠᠭᠠᠨᠴᠢ ᠠᠮᠢᠳᠤᠷᠠᠯ ᠤᠨ ᠳᠠᠳᠬᠠᠯ ᠢ | ᠪᠠᠲᠤᠯᠠᠬᠤ ᠨᠢ ᠮᠥᠨ ᠴᠦ ᠬᠥᠬᠦᠨ ᠪᠤᠯᠴᠢᠷᠬᠠᠢ ᠶᠢᠨ ᠥᠮᠡᠨ ᠤ ᠡᠭᠦᠰᠦᠯᠲᠡ ᠶᠢᠨ ᠨᠣᠷᠮ᠎ᠠ ᠶᠢ ᠪᠠᠭᠤᠷᠠᠭᠤᠯᠬᠤ ᠴᠢᠬᠤᠯᠠ ᠠᠷᠭ᠎ᠠ ᠵᠠᠮ ᠪᠣᠯᠣᠨ᠎ᠠ᠃ ᠢᠳᠡᠭᠡᠨ | ᠤᠮᠳᠠᠭᠠᠨ ᠤ ᠲᠠᠯ᠎ᠠ ᠪᠠᠷ ᠲᠣᠰᠣ ᠶᠡᠬᠡᠲᠡᠢ᠂ ᠥᠭᠡᠬᠦ ᠶᠡᠬᠡᠲᠡᠢ᠂ ᠰᠢᠬᠢᠷ ᠶᠡᠬᠡᠲᠡᠢ᠂ ᠢᠯᠴᠢ ᠶᠢᠨ ᠬᠡᠮᠵᠢᠶ᠎ᠡ ᠥᠨᠳᠥᠷ ᠪᠠ ᠭᠤᠱᠤᠭᠤᠨ ᠢᠳᠡᠭᠡᠨ ᠪᠠᠭ᠎ᠠ ᠢᠳᠡᠨ᠎ᠡ; | ᠰᠥᠨᠢᠵᠢᠨ ᠰᠠᠭᠤᠵᠤ ᠪᠤᠯᠬᠤ ᠦᠭᠡᠢ᠂ ᠤᠴᠢᠷ ᠨᠢ ᠤᠷᠲᠤ ᠬᠤᠭᠤᠴᠠᠭ᠎ᠠ ᠪᠠᠷ ᠰᠥᠨᠢᠵᠢᠨ ᠰᠠᠭᠤᠪᠠᠯ᠂ ᠪᠡᠶ᠎ᠡ ᠮᠠᠬᠠᠪᠤᠳ ᠤᠨ ᠠᠮᠢ ᠨᠠᠰᠤᠨ ᠤ ᠵᠢᠮ᠎ᠡ ᠬᠠᠤᠯᠢ | ᠰᠠᠮᠠᠭᠤᠷᠠᠵᠤ᠂ ᠮᠡᠳᠡᠷᠡᠯ ᠤᠨ ᠳᠣᠲᠣᠭᠠᠳᠤ ᠰᠢᠭᠦᠷᠡᠯ ᠤᠨ ᠰᠢᠰᠲ᠋ᠧᠮ ᠤᠨ ᠠᠵᠢᠯᠯᠠᠭ᠎ᠠ ᠲᠡᠩᠴᠡᠭᠦᠷᠢ ᠪᠠᠨ ᠠᠯᠳᠠᠵᠤ᠂ ᠡᠮ᠎ᠡ ᠬᠤᠷᠮᠣᠨ᠂ ᠵᠢᠷᠮᠦᠰᠦᠨ ᠤ ᠬᠤᠷᠮᠣᠨ | ᠲᠡᠩᠴᠡᠭᠦᠷᠢ ᠪᠠᠨ ᠠᠯᠳᠠᠵᠤ᠂ ᠬᠥᠬᠦᠨ ᠪᠤᠯᠴᠢᠷᠬᠠᠢ ᠶᠢᠨ ᠥᠮᠡᠨ ᠢ ᠡᠭᠦᠰᠬᠡᠵᠦ ᠮᠡᠳᠡᠨ᠎ᠡ; ᠪᠠᠶᠠᠰᠤᠩᠭᠤᠢ ᠰᠡᠳᠬᠢᠯᠭᠡ ᠲᠠᠢ ᠪᠠᠶᠢᠬᠤ ᠬᠡᠷᠡᠭᠲᠡᠢ᠂ ᠨᠠᠵᠠᠭᠠᠢ ᠤᠷᠮ᠎ᠠ | ᠰᠡᠳᠬᠢᠯᠭᠡ ᠨᠢ ᠪᠡᠶ᠎ᠡ ᠶᠢᠨ ᠳᠣᠲᠣᠭᠠᠳᠤ ᠶᠢᠨ ᠪᠡᠯᠭᠡ ᠶᠢᠨ ᠬᠤᠷᠮᠣᠨ ᠤ ᠬᠢᠷᠢ ᠲᠦᠪᠰᠢᠨ ᠢ ᠰᠠᠮᠠᠭᠤᠷᠠᠭᠤᠯᠵᠤ᠂ ᠳᠣᠲᠣᠭᠠᠳᠤ ᠰᠢᠭᠦᠷᠡᠯᠲᠡ ᠶᠢ ᠨᠠᠩ ᠠᠮᠠᠷᠬᠠᠨ | ᠲᠡᠩᠴᠡᠭᠦᠷᠢ ᠪᠠᠨ ᠠᠯᠳᠠᠭᠤᠯᠵᠤ᠂ ᠰᠣᠯᠢᠯᠴᠠᠭ᠎ᠠ ᠨᠢ ᠲᠡᠩᠴᠡᠭᠦᠷᠢ ᠪᠠᠨ ᠠᠯᠳᠠᠪᠠᠯ ᠬᠤᠣᠷᠲᠤ ᠡᠳ᠋ ᠣᠪᠣᠭᠠᠷᠠᠵᠤ᠂ ᠬᠥᠬᠦᠨ ᠪᠤᠯᠴᠢᠷᠬᠠᠢ ᠶᠢᠨ ᠡᠪᠡᠳᠴᠢᠨ ᠢ | ᠡᠭᠦᠰᠭᠡᠨ᠎ᠡ; ᠪᠠᠰᠠ ᠬᠡᠪ ᠤᠨ ᠪᠡᠶ᠎ᠡ ᠶᠢᠨ ᠬᠦᠨᠳᠦ ᠪᠠᠨ ᠪᠠᠲᠤᠯᠠᠬᠤ ᠬᠡᠷᠡᠭᠲᠡᠢ᠂ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠬᠡᠷᠡᠭᠲᠡᠢ᠂ ᠭᠡᠲᠦ ᠬᠦᠨᠳᠦ ᠪᠤᠶᠤ ᠮᠠᠷᠢᠶ᠎ᠠ | ᠲᠠᠢ ᠡᠮᠡᠭᠲᠡᠢ ᠶᠢᠨ ᠬᠥᠬᠦᠨ ᠪᠤᠯᠴᠢᠷᠬᠠᠢ ᠶᠢᠨ ᠥᠮᠡᠨ ᠳᠤ ᠨᠡᠷᠪᠡᠭᠳᠡᠬᠦ ᠨᠤᠷᠮ᠎ᠠ ᠨᠢ ᠪᠡᠶ᠎ᠡ ᠶᠢᠨ ᠥᠭᠡᠬᠦ ᠶᠢᠨ ᠨᠣᠷᠮ᠎ᠠ ᠨᠢ ᠬᠡᠪ ᠤᠨ ᠡᠮᠡᠭᠲᠡᠢ ᠠᠴᠠ ᠥᠨᠳᠥᠷ ᠪᠠᠶᠢᠳᠠᠭ; | ᠡᠮ᠎ᠡ ᠬᠤᠷᠮᠣᠨ ᠠᠭᠤᠯᠤᠭᠰᠠᠨ ᠡᠷᠡᠭᠦᠯᠵᠢᠯ ᠤᠨ ᠡᠳ᠋ ᠪᠠ ᠠᠷᠠᠰᠤ ᠬᠠᠮᠠᠭᠠᠯᠠᠬᠤ ᠡᠳ᠋ ᠢ ᠪᠠᠭ᠎ᠠ ᠰᠢᠩᠭᠡᠭᠡᠬᠦ ᠪᠠ ᠬᠦᠷᠦᠯᠴᠡᠬᠦ ᠦᠭᠡᠢ ᠪᠣᠯ ᠰᠠᠶᠢᠨ᠂ ᠡᠮ᠎ᠡ ᠬᠤᠷᠮᠣᠨ ᠢ | ᠭᠡᠲᠦ ᠠᠷᠪᠢᠨ ᠨᠥᠬᠦᠪᠦᠷᠢᠯᠡᠪᠡᠯ᠂ ᠰᠡᠳᠡᠯᠲᠡ ᠣᠯᠣᠭᠰᠠᠨ ᠠᠴᠠ ᠪᠣᠯᠵᠤ ᠰᠠᠪᠠᠨ ᠤ ᠪᠤᠯᠴᠢᠩ ᠤᠨ ᠬᠠᠪᠤᠳᠠᠷ᠂ ᠥᠨᠳᠡᠭᠡᠪᠴᠢ ᠶᠢᠨ ᠬᠠᠪᠤᠳᠠᠷ ᠡᠭᠦᠰᠬᠡᠵᠦ ᠮᠡᠳᠡᠬᠦ | ᠪᠥᠭᠡᠳ ᠬᠥᠬᠦᠨ ᠪᠤᠯᠴᠢᠷᠬᠠᠢ ᠳᠤ ᠴᠦ ᠬᠤᠣᠷᠲᠤ ᠬᠠᠪᠤᠳᠠᠷ ᠡᠭᠦᠰᠬᠡᠵᠦ ᠮᠡᠳᠡᠨ᠎ᠡ︾ ᠭᠡᠵᠦ ᠦ᠋ ᠰᠢᠤ ᠯᠠᠨ ᠡᠮᠴᠢ ᠰᠠᠨᠠᠭᠤᠯᠤᠯ᠎ᠠ᠃ |