ᠠᠮᠧᠷᠢᠺᠠ ᠶᠢᠨ ᠳ᠋ᠦᠯᠠᠨᠨᠧ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨᠲᠠᠨ ᠬᠠᠮᠤᠭ ᠤᠨ ᠰᠢᠨ᠎ᠡ ᠨᠢᠭᠡ ᠬᠤᠭᠤᠴᠠᠭᠠᠨ ᠤ ︽ᠯᠤᠭᠰᠢᠭᠤᠨ ᠰᠤᠳᠠᠯ ᠤᠨ | ᠥᠭᠡᠬᠦᠵᠢᠨ ᠬᠠᠲᠠᠭᠤᠷᠠᠭᠰᠠᠨ ᠰᠡᠳᠬᠦᠯ︾ ᠳᠡᠭᠡᠷ᠎ᠡ ᠥᠭᠦᠯᠡᠯ ᠨᠡᠶᠢᠲᠡᠯᠡᠵᠦ᠂ ᠲᠠᠳᠠ ᠠᠩᠭ᠍ᠯᠢ ᠶᠢᠨ 40 ᠭᠠᠷᠤᠢ ᠲᠦᠮᠡᠨ ᠨᠠᠰᠤᠨ ᠳᠤ ᠭᠦᠷᠦᠭᠰᠡᠨ | ᠣᠷᠣᠯᠴᠠᠭᠴᠢ ᠶᠢᠨ ᠲᠤᠭ᠎ᠠ ᠪᠠᠷᠢᠮᠲᠠ ᠶᠢ ᠴᠤᠭᠯᠠᠭᠤᠯᠤᠭᠰᠠᠨ ᠪᠠᠶᠢᠵᠤ᠂ ᠡᠭᠦᠨ ᠳᠤ ᠲᠡᠳᠡᠨ ᠤ ᠭᠡᠷ ᠪᠦᠯᠢ ᠶᠢᠨ ᠲᠡᠦᠬᠡ᠂ ᠤᠳᠤᠮᠰᠢᠯ ᠤᠨ ᠠᠶᠤᠯ ᠲᠦᠭᠰᠢᠭᠦᠷᠢ ᠶᠢᠨ | ᠬᠦᠴᠦᠨ ᠵᠦᠢᠯ ᠪᠠ ᠨᠢᠭᠡᠨᠲᠡ ᠲᠣᠭᠲᠠᠭᠠᠭᠰᠠᠨ ᠠᠶᠤᠯ ᠲᠦᠭᠰᠢᠭᠦᠷᠢ ᠶᠢᠨ ᠬᠦᠴᠦᠨ ᠵᠦᠢᠯ᠂ ᠵᠢᠱᠢᠶᠡᠯᠡᠪᠡᠯ ᠴᠢᠰᠤᠨ ᠳᠠᠷᠤᠯᠲᠠ ᠥᠨᠳᠥᠷ ᠡᠪᠡᠳᠴᠢᠨ ᠪᠠ ᠲᠠᠮᠠᠬᠢ | ᠲᠠᠲᠠᠭᠰᠠᠨ ᠲᠡᠦᠬᠡ ᠵᠢᠴᠢ ᠲᠡᠳᠡᠨ ᠤ ᠠᠮᠢᠳᠤᠷᠠᠯ ᠤᠨ ᠵᠠᠩ ᠳᠠᠳᠬᠠᠯ ᠢ ᠪᠠᠭᠲᠠᠭᠠᠭᠰᠠᠨ ᠲᠤᠭ᠎ᠠ ᠪᠠᠷᠢᠮᠲᠠ ᠶᠢ ᠴᠤᠭᠯᠠᠭᠤᠯᠤᠭᠰᠠᠨ ᠪᠥᠭᠡᠳ ᠣᠷᠣᠯᠴᠠᠭᠴᠢ ᠶᠢ 12 | ᠵᠢᠯ ᠬᠠᠭᠠᠰ ᠤᠨ ᠬᠤᠭᠤᠴᠠᠭ᠎ᠠ ᠲᠠᠢ ᠳᠠᠭᠠᠵᠤ ᠰᠤᠷᠪᠤᠯᠵᠢᠯᠠᠭᠰᠠᠨ ᠪᠠᠶᠢᠨ᠎ᠠ ᠭᠡᠵᠡᠢ᠃ ᠵᠠᠳᠠᠯᠤᠯᠲᠠ ᠠᠴᠠ ᠦᠵᠡᠪᠡᠯ᠂ ᠡᠳᠦᠷ ᠪᠦᠷᠢ 5 ᠳᠠᠪᠬᠤᠷ ᠠᠰᠠᠷ ᠤᠨ ᠱᠠᠲᠤ | ᠠᠪᠠᠷᠢᠬᠤ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ 20% ᠪᠠᠷ ᠪᠠᠭᠤᠷᠠᠭᠤᠯᠵᠤ ᠴᠢᠳᠠᠳᠠᠭ ᠢ ᠮᠡᠳᠡᠭᠰᠡᠨ ᠪᠠᠶᠢᠨ᠎ᠠ᠃ | ᠰᠤᠳᠤᠯᠭᠠᠲᠠᠳ ᠤᠨ ᠬᠡᠯᠡᠬᠦ ᠪᠠᠷ᠂ ᠡᠳᠦᠷ ᠪᠦᠷᠢ 10000 ᠠᠯᠬᠤᠮ ᠠᠯᠬᠤᠬᠤ ᠲᠠᠢ ᠠᠳᠠᠯᠢᠳᠬᠠᠪᠠᠯ᠂ ᠠᠰᠠᠷ ᠤᠨ ᠱᠠᠲᠤ ᠠᠪᠠᠷᠢᠬᠤ ᠨᠢ ᠵᠢᠷᠦᠬᠡ | ᠴᠢᠰᠤᠨ ᠰᠤᠳᠠᠯ ᠤᠨ ᠡᠷᠡᠭᠦᠯ ᠮᠡᠨᠳᠦ ᠳᠤ ᠨᠠᠩ ᠠᠰᠢᠭᠲᠠᠢ ᠪᠠᠶᠢᠳᠠᠭ᠃ ᠡᠭᠦᠨ ᠠᠴᠠ ᠭᠠᠳᠠᠨ᠎ᠠ᠂ ᠰᠤᠳᠤᠯᠭᠠᠨ ᠳᠤ ᠪᠠᠰᠠ ᠡᠳᠦᠷ ᠪᠦᠷᠢ ᠠᠰᠠᠷ ᠤᠨ ᠱᠠᠲᠤ ᠠᠪᠠᠷᠢᠭᠠ | ᠦᠭᠡᠢ ᠬᠥᠮᠥᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ 32% ᠢᠶᠠᠷ ᠨᠡᠮᠡᠭᠳᠡᠭᠰᠡᠨ ᠢ ᠣᠯᠵᠤ ᠮᠡᠳᠡᠵᠡᠢ᠃ ᠡᠭᠦᠨ ᠠᠴᠠ | ᠡᠮᠦᠨᠡᠬᠢ ᠰᠤᠳᠤᠯᠭᠠᠨ ᠠᠴᠠ ᠦᠵᠡᠪᠡᠯ᠂ ᠡᠳᠦᠷ ᠪᠦᠷᠢ ᠠᠰᠠᠷ ᠤᠨ ᠱᠠᠲᠤ ᠠᠪᠠᠷᠢᠬᠤ ᠨᠢ ᠰᠣᠯᠢᠯᠴᠠᠭᠠᠨ ᠤ ᠬᠠᠮ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ | ᠪᠠᠭᠠᠰᠬᠠᠵᠤ᠂ ᠴᠢᠰᠤᠨ ᠳᠠᠷᠤᠯᠲᠠ ᠶᠢ ᠪᠠᠭᠤᠷᠠᠭᠤᠯᠤᠨ᠂ ᠲᠡᠩᠴᠡᠭᠦᠷᠢ ᠪᠠ ᠠᠷᠤᠭ ᠶᠠᠰᠤᠨ ᠤ ᠪᠤᠯᠴᠢᠩ ᠢ ᠰᠠᠶᠢᠵᠢᠷᠠᠭᠤᠯᠬᠤ ᠳᠤ ᠠᠰᠢᠭᠲᠠᠢ ᠪᠠᠶᠢᠳᠠᠭ᠃ | ᠡᠳᠡᠭᠡᠷ ᠢᠯᠡᠷᠡᠭᠦᠯᠦᠯᠲᠡ ᠨᠢ ᠠᠰᠠᠷ ᠤᠨ ᠱᠠᠲᠤ ᠠᠪᠠᠷᠢᠬᠤ ᠨᠢ ᠡᠩ ᠤᠨ ᠬᠥᠮᠥᠰ ᠤᠨ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠴᠢᠨᠠᠷᠲᠠᠢ | ᠵᠢᠷᠦᠬᠡ ᠴᠢᠰᠤᠨ ᠰᠤᠳᠠᠯ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠴᠢᠬᠤᠯᠠ ᠠᠷᠭ᠎ᠠ ᠬᠡᠮᠵᠢᠶ᠎ᠡ ᠪᠤᠯᠬᠤ ᠳᠠᠯᠳᠠ ᠳᠠᠪᠠᠭᠤᠯᠢᠭ ᠢ ᠴᠢᠬᠤᠯᠠᠴᠢᠯᠠᠭᠰᠠᠨ ᠪᠠᠶᠢᠨ᠎ᠠ᠃ | ᠣᠬᠤᠷᠬᠠᠨ ᠬᠤᠭᠤᠴᠠᠭᠠᠨ ᠳᠤ ᠥᠨᠳᠥᠷ ᠬᠦᠴᠦᠯᠡᠴᠡ ᠲᠠᠢ ᠠᠰᠠᠷ ᠤᠨ ᠱᠠᠲᠤ ᠪᠠᠷ ᠠᠪᠠᠷᠢᠬᠤ ᠪᠣᠯ ᠵᠢᠷᠦᠬᠡ ᠠᠭᠤᠰᠬᠢᠨ ᠤ ᠡᠷᠡᠭᠦᠯ ᠮᠡᠨᠳᠦ ᠪᠠ ᠥᠭᠡᠬᠦᠯᠢᠭ | ᠡᠳ᠋ ᠤᠨ ᠪᠠᠶᠢᠳᠠᠯ ᠢ ᠰᠠᠶᠢᠵᠢᠷᠠᠭᠤᠯᠬᠤ ᠨᠢᠭᠡ ᠵᠦᠢᠯ ᠤᠨ ᠪᠦᠲᠦᠮᠵᠢᠲᠡᠶ ᠠᠷᠭ᠎ᠠ ᠪᠣᠯᠣᠨ᠎ᠠ᠃ | ᠭᠡᠪᠡᠴᠦ ᠰᠤᠳᠤᠯᠭᠠᠲᠠᠳ ᠠᠴᠠ ᠬᠡᠳᠦᠶᠢᠪᠡᠷ ᠡᠳᠦᠷ ᠪᠦᠷᠢ ᠢᠯᠡᠭᠦᠬᠡᠨ ᠠᠰᠠᠷ ᠤᠨ ᠱᠠᠲᠤ ᠠᠪᠠᠷᠢᠬᠤ ᠨᠢ ᠡᠷᠡᠭᠦᠯ ᠮᠡᠨᠳᠦ ᠳᠤ ᠠᠰᠢᠭᠲᠠᠢ ᠪᠤᠯᠪᠠᠴᠤ ᠡᠨᠡ | ᠬᠦ ᠬᠥᠳᠡᠯᠭᠡᠭᠡᠨ ᠳᠤ ᠳᠠᠳᠬᠤ ᠦᠭᠡᠢ ᠪᠠᠶᠢᠳᠠᠯ ᠢᠯᠡᠷᠡᠪᠡᠯ ᠡᠪ ᠢ ᠨᠢ ᠦᠵᠡᠵᠦ ᠪᠠᠶᠢᠭᠠᠳ ᠵᠤᠬᠰᠤᠬᠤ ᠬᠡᠷᠡᠭᠲᠡᠢ ᠭᠡᠵᠦ ᠰᠠᠨᠠᠭᠤᠯᠵᠠᠢ᠃ |