ᠬᠢᠴᠢᠶᠡᠯ ᠤᠨ ᠲᠠᠩᠬᠢᠮ ᠪᠣᠯᠭᠠᠨ ᠳᠤ ᠰᠤᠷᠤᠬᠴᠢᠳ ᠤᠨ ᠪᠡᠶ᠎ᠡ ᠶᠢᠨ ᠥᠨᠳᠥᠷ ᠢ ᠦᠨᠳᠦᠰᠦᠯᠡᠨ ᠲᠣᠬᠢᠷᠠᠭᠤᠯᠵᠤ ᠪᠤᠯᠬᠤ ᠰᠢᠷᠡᠭᠡ ᠰᠠᠨᠳᠠᠯᠢ ᠪᠤᠶᠤ 2 | ᠠᠴᠠ 3 ᠵᠦᠢᠯ ᠤᠨ ᠬᠢᠴᠢᠶᠡᠯ ᠤᠨ ᠰᠢᠷᠡᠭᠡ ᠰᠠᠨᠳᠠᠯᠢ ᠶᠢ ᠪᠡᠯᠡᠳᠬᠡᠬᠦ ᠬᠡᠷᠡᠭᠲᠡᠢ᠃ ᠡᠳᠦᠷ ᠤᠨ ᠬᠤᠶᠠᠷ ᠴᠠᠭ ᠭᠠᠳᠠᠨ᠎ᠠ ᠬᠥᠳᠡᠯᠭᠡᠭᠡᠨ ᠬᠢᠬᠦ ᠪᠠ ᠨᠢᠭᠡ ᠴᠠᠭ ᠪᠡᠶ᠎ᠡ ᠶᠢᠨ | ᠲᠠᠮᠢᠷ ᠤᠨ ᠪᠣᠯᠪᠠᠰᠤᠷᠠᠯ ᠬᠢᠬᠦ ᠶᠢ ᠪᠠᠲᠤᠯᠠᠵᠤ᠂ ᠵᠣᠬᠢᠶᠠᠮᠠᠯ ᠤᠶᠤᠨ ᠢᠶᠠᠷ ᠬᠠᠷᠠᠭ᠎ᠠ ᠶᠢ ᠰᠢᠭᠰᠢᠨ ᠪᠠᠶᠢᠴᠠᠭᠠᠬᠤ ᠠᠦ᠋ᠲ᠋ᠣᠴᠢᠯᠠᠭᠰᠠᠨ ᠬᠡᠮᠵᠢᠶ᠎ᠡ ᠶᠢ ᠳᠡᠭᠡᠭᠰᠢᠯᠡᠭᠦᠯᠪᠡᠯ | ᠵᠣᠬᠢᠨ᠎ᠠ ᠁ ᠲᠦᠷᠦᠭᠦᠬᠡᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ︽ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠬᠠᠮᠢᠶᠠᠷᠬᠤ ᠮᠡᠷᠭᠡᠵᠢᠯ ᠤᠨ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠠᠭᠠᠰᠤ ᠠᠴᠠ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠳᠤ ᠲᠣᠬᠢᠷᠠᠬᠤ ᠮᠡᠷᠭᠡᠵᠢᠯ ᠪᠠ ᠶᠡᠷᠦᠩᠬᠡᠶᠢᠯᠡᠨ ᠬᠠᠮᠢᠶᠠᠷᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠡᠶᠢᠭᠡᠮ ᠤᠨ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ | ᠬᠠᠷᠢᠭᠤᠯᠲᠠ ᠥᠭᠴᠡᠢ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠰᠢᠯᠠᠯ ᠤᠨ ᠮᠡᠷᠭᠡᠵᠢᠯ ᠢᠶᠠᠷ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠪᠡ | ᠣᠳᠣᠬᠠᠨ ᠳᠤ᠂ ᠮᠠᠨ ᠤ ᠤᠯᠤᠰ ᠲᠤ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠡᠷᠲᠡ ᠡᠭᠦᠰᠬᠦ᠂ ᠣᠯᠠᠨ ᠡᠭᠦᠰᠬᠦ ᠬᠠᠨᠳᠤᠰᠢ ᠲᠠᠢ ᠪᠣᠯᠵᠤ᠂ ᠨᠢᠭᠡᠨᠲᠡ | ᠬᠡᠦᠬᠡᠳ ᠤᠨ ᠡᠷᠡᠭᠦᠯ ᠮᠡᠨᠳᠦ ᠪᠠ ᠪᠦᠭᠦ ᠲᠠᠯ᠎ᠠ ᠶᠢᠨ ᠬᠥᠭᠵᠢᠯᠲᠡ ᠶᠢ ᠨᠥᠯᠥᠭᠡᠯᠡᠬᠦ ᠲᠣᠪᠣᠶᠢᠮ᠎ᠠ ᠠᠰᠠᠭᠤᠳᠠᠯ ᠪᠣᠯᠵᠤ ᠪᠠᠶᠢᠨ᠎ᠠ᠃ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠵᠦ ᠪᠤᠯᠬᠤ ᠶᠢ ᠰᠥᠷᠴᠦ ᠪᠤᠯᠬᠤ ᠦᠭᠡᠢ᠂ ᠡᠷᠲᠡ ᠤᠷᠢᠳᠴᠢᠯᠠᠨ ᠰᠡᠷᠭᠡᠶᠢᠯᠡᠵᠦ᠂ ᠡᠷᠲᠡ ᠢᠯᠡᠷᠡᠭᠦᠯᠵᠦ᠂ ᠡᠷᠲᠡ ᠭᠠᠷ ᠲᠦᠷᠦᠭᠦ ᠬᠡᠷᠡᠭᠲᠡᠢ᠃ ︽ᠵᠦᠭᠯᠡᠭᠦᠷ︾ ᠲᠤ | ᠳᠤᠷᠠᠳᠤᠭᠰᠠᠨ ᠪᠠ ᠰᠤᠳᠤᠯᠭᠠᠨ ᠤ ᠢᠯᠡᠷᠡᠭᠦᠯᠦᠭᠰᠡᠨ ᠢᠶᠠᠷ᠂ ᠣᠶᠢᠷ᠎ᠠ ᠬᠠᠷᠠᠭ᠎ᠠ ᠲᠠᠢ ᠪᠤᠯᠬᠤ ᠨᠢ ᠣᠯᠠᠨ ᠵᠦᠢᠯ ᠤᠨ ᠬᠦᠴᠦᠨ ᠵᠦᠢᠯ ᠤᠨ ᠬᠠᠮᠲᠤ ᠶᠢᠨ ᠦᠢᠯᠡᠳᠦᠯ ᠤᠨ | ᠦᠷ᠎ᠡ ᠳ᠋ᠦᠩ ᠮᠥᠨ᠂ ᠬᠡᠦᠬᠡᠳ ᠪᠠᠭᠠᠴᠤᠳ ᠲᠤ ᠠᠮᠠᠷᠬᠠᠨ ᠨᠡᠷᠪᠡᠭᠳᠡᠬᠦ ᠴᠢᠨᠠᠷ ᠨᠡᠶᠢᠳᠡᠮ ᠣᠷᠣᠰᠢᠵᠤ ᠪᠠᠶᠢᠨ᠎ᠠ᠃ | ᠡᠭᠦᠨ ᠳᠤ᠂ ᠠᠨᠾᠦ᠋ᠢ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠶᠢᠨ | ᠫᠷᠤᠹᠧᠰᠰᠤᠷ ᠲᠤᠤ ᠹᠠᠩ ᠪᠢᠶᠣᠣ ᠶᠢᠨ ᠲᠠᠨᠢᠯᠴᠠᠭᠤᠯᠤᠭᠰᠠᠨ ᠢᠶᠠᠷ᠂ ᠤᠳᠤᠮᠰᠢᠯ ᠤᠨ ᠬᠦᠴᠦᠨ ᠵᠦᠢᠯ᠂ ᠣᠷᠴᠢᠨ ᠲᠣᠭᠤᠷᠢᠨ ᠤ ᠬᠦᠴᠦᠨ ᠵᠦᠢᠯ᠂ ᠨᠢᠳᠦᠨ ᠤ | ᠬᠤᠪᠢᠰᠤᠯ ᠤᠨ ᠵᠢᠮ᠎ᠡ ᠶᠣᠰᠣ ᠵᠢᠴᠢ ᠨᠡᠶᠢᠭᠡᠮ ᠤᠨ ᠰᠣᠶᠣᠯ ᠤᠨ ᠬᠦᠴᠦᠨ ᠵᠦᠢᠯ ᠵᠡᠷᠭᠡ ᠣᠯᠠᠨ ᠵᠦᠢᠯ ᠤᠨ ᠡᠪᠡᠳᠴᠢᠨ ᠤ ᠰᠢᠯᠲᠠᠭᠠᠨ ᠢ ᠪᠣᠳᠣᠯᠬᠢᠯᠠᠭᠰᠠᠨ | ᠰᠠᠭᠤᠷᠢᠨ ᠳᠡᠭᠡᠷ᠎ᠡ᠂ ᠣᠶᠢᠷ᠎ᠠ ᠬᠠᠷᠠᠭ᠎ᠠ ᠶᠢᠨ ᠡᠪᠡᠳᠴᠢᠨ ᠤ ᠰᠢᠯᠲᠠᠭᠠᠨ ᠢ ᠠᠯᠤᠰ ᠦᠵᠦᠭᠦᠷ ᠤᠨ ᠡᠯᠧᠮᠧᠨ᠋ᠲ︵ᠠᠵᠤ ᠦᠢᠯᠡᠳᠪᠦᠷᠢᠵᠢᠯᠲᠡ ᠪᠠ ᠬᠤᠲᠠᠴᠢᠯᠠᠯᠲᠠ ᠶᠢᠨ | ᠠᠬᠢᠴᠠ ᠶᠢᠨ ᠲᠦᠷᠭᠡᠳᠬᠦ᠂ ᠰᠤᠷᠭᠠᠨ ᠬᠥᠮᠦᠵᠢᠯ ᠤᠨ ᠳᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠵᠡᠷᠭᠡ ︽ᠬᠤᠣᠰ ᠢᠷᠲᠦ ᠰᠡᠯᠡᠮ᠎ᠡ︾ ᠶᠢᠨ | ᠦᠢᠯᠡᠳᠦᠯ︶᠂ ᠵᠠᠪᠰᠠᠷ ᠤᠨ ᠡᠯᠧᠮᠧᠨ᠋ᠲ︵ᠭᠡᠷ ᠤᠨ ᠭᠠᠳᠠᠨᠠᠬᠢ ᠬᠥᠳᠡᠯᠭᠡᠭᠡᠨ ᠤ ᠴᠠᠭ ᠬᠦᠷᠦᠯᠴᠡᠬᠦ ᠦᠭᠡᠢ᠂ ᠣᠶᠢᠷ᠎ᠠ ᠵᠠᠢ ᠳᠤ ᠨᠢᠳᠦ ᠪᠠᠨ ᠭᠡᠳᠦ ᠠᠷᠪᠢᠨ ᠭᠡᠳᠦ ᠡᠷᠲᠡ | ᠬᠡᠷᠡᠭᠯᠡᠬᠦ᠂ ᠭᠡᠷᠡᠯ ᠲᠤᠰᠬᠠᠬᠤ ᠭᠡᠷᠡᠯ ᠤᠨ ᠵᠢᠭᠰᠠᠯ ᠤᠨ ᠬᠤᠪᠢᠷᠠᠯᠲᠠ ᠪᠠ ᠬᠥᠮᠥᠨ ᠤ ᠬᠦᠴᠦ ᠪᠠᠷ ᠭᠡᠷᠡᠯᠲᠦᠭᠦᠯᠭᠦ ᠴᠠᠭ ᠤᠷᠲᠤ ᠵᠡᠷᠭᠡ︶ᠪᠠ ᠣᠶᠢᠷ᠎ᠠ ᠦᠵᠦᠭᠦᠷ ᠤᠨ | ᠡᠯᠧᠮᠧᠨ᠋ᠲ︵ᠤᠳᠤᠮᠰᠢᠯ ᠤᠨ ᠬᠤᠪᠢᠰᠤᠯ ᠵᠡᠷᠭᠡ︶ᠭᠡᠵᠦ ᠬᠤᠷᠢᠶᠠᠩᠭᠤᠶᠢᠯᠠᠵᠤ ᠪᠣᠯᠣᠨ᠎ᠠ᠃ ᠡᠭᠦᠨ ᠢ ᠦᠨᠳᠦᠰᠦᠯᠡᠨ᠂ ᠬᠤᠯᠪᠣᠭᠳᠠᠯ ᠪᠦᠬᠦᠢ ᠡᠷᠳᠡᠮᠲᠡᠳ ᠡᠪᠡᠳᠴᠢᠨ ᠤ | ᠰᠢᠯᠲᠠᠭᠠᠨ ᠳᠤ ᠭᠠᠷ ᠲᠦᠷᠦᠭᠦ᠂ ᠦᠶᠯᠡ ᠠᠵᠢᠯᠯᠠᠭ᠎ᠠ ᠬᠢᠭᠡᠳ ᠣᠷᠴᠢᠨ ᠲᠣᠭᠤᠷᠢᠨ ᠳᠤ ᠭᠠᠷ ᠲᠦᠷᠦᠭᠦ ᠪᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠭᠠᠷ | ᠲᠦᠷᠦᠭᠦ ᠣᠨᠣᠯ ᠢ ᠳᠤᠷᠠᠳᠤᠨ ᠭᠠᠷᠭᠠᠵᠠᠢ᠃ | ︽ᠣᠳᠣᠬᠠᠨ ᠳᠤ ᠭᠠᠷ ᠲᠦᠷᠦᠭᠦ ᠭᠤᠣᠯᠳᠠᠯᠭ᠎ᠠ ᠪᠠᠨ ᠭᠤᠣᠯᠳᠠᠭᠤ ᠵᠠᠪᠰᠠᠷ ᠤᠨ ᠬᠦᠴᠦᠨ ᠵᠦᠢᠯ ᠳᠤ ᠬᠠᠨᠳᠤᠭᠤᠯᠵᠤ ᠪᠠᠶᠢᠨ᠎ᠠ᠂ ᠶᠠᠭ ᠡᠶᠢᠮᠦᠷᠬᠦᠦ | ᠣᠨᠣᠯ ᠤᠨ ᠠᠬᠤᠢ ᠪᠠᠶᠢᠳᠠᠯ ᠤᠨ ᠳᠣᠣᠷ᠎ᠠ᠂ ᠤᠯᠤᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠠᠴᠠ ᠵᠣᠬᠢᠶᠠᠨ ᠪᠠᠶᠢᠭᠤᠯᠤᠨ ︿ᠵᠦᠭᠯᠡᠭᠦᠷ﹀ ᠢ | ᠲᠣᠭᠲᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠭᠤᠷᠪᠠᠨ ᠳᠡᠰ ᠢᠶᠠᠷ ᠬᠠᠷᠰᠢᠯᠠᠬᠤ ᠮᠡᠷᠭᠡᠵᠢᠯ ᠪᠠ ᠪᠣᠳᠠᠲᠠᠢ ᠬᠡᠷᠡᠭᠵᠢᠭᠦᠯᠬᠦ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠪᠠᠶᠢᠨ᠎ᠠ︾ᠭᠡᠵᠦ ᠲᠤᠤ ᠹᠠᠩ ᠪᠢᠶᠣᠣ ᠬᠡᠯᠡᠪᠡ᠃ | ᠪᠣᠳᠠᠲᠠᠢ ᠪᠠᠷ ᠬᠡᠯᠡᠪᠡᠯ᠂︽ᠵᠦᠭᠯᠡᠭᠦᠷ︾ ᠤᠨ ᠨᠢᠭᠡᠳᠦᠭᠡᠷ ᠳᠡᠰ ᠤᠨ ᠤᠷᠢᠳᠴᠢᠯᠠᠨ ᠰᠡᠷᠭᠡᠶᠢᠯᠡᠯᠲᠡ ᠳᠤ ᠣᠶᠢᠷ᠎ᠠ ᠬᠠᠷᠠᠭ᠎ᠠ ᠶᠢᠨ ᠲᠦᠭᠰᠢᠭᠦᠷᠢ ᠶᠢᠨ ᠦᠶᠯᠡ | ᠠᠵᠢᠯᠯᠠᠭ᠎ᠠ ᠶᠢ ᠬᠢᠨᠠᠨ ᠬᠡᠮᠵᠢᠵᠦ ᠦᠨᠡᠯᠡᠬᠦ ᠪᠠ ᠲᠡᠭᠦᠨ ᠳᠤ ᠭᠠᠷ ᠲᠦᠷᠦᠭᠦ᠂ ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ᠤᠨ ᠬᠠᠷᠠᠭᠠᠨ ᠰᠡᠷᠡᠯ ᠤᠨ ᠣᠷᠴᠢᠨ | ᠲᠣᠭᠤᠷᠢᠨ ᠢ ᠰᠠᠶᠢᠵᠢᠷᠠᠭᠤᠯᠬᠤ᠂ ᠡᠳᠦᠷ ᠲᠡᠭᠡᠨ ᠭᠡᠷ ᠤᠨ ᠭᠠᠳᠠᠨᠠᠬᠢ ᠬᠥᠳᠡᠯᠭᠡᠭᠡᠨ ᠢ ᠬᠤᠶᠠᠷ ᠴᠠᠭ ᠬᠢᠬᠦ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠨᠢᠭᠡ ᠴᠠᠭ ᠬᠢᠬᠦ᠂ | ᠪᠠᠭᠰᠢ ᠰᠣᠷᠣᠬᠴᠢ ᠭᠡᠷ ᠤᠨ ᠠᠬᠠᠮᠠᠳ ᠪᠦᠭᠦ ᠠᠵᠢᠯᠲᠠᠨ ᠤ ᠡᠷᠡᠭᠦᠯ ᠮᠡᠨᠳᠦ ᠶᠢᠨ ᠬᠥᠮᠦᠵᠢᠯ ᠵᠡᠷᠭᠡ ᠳᠥᠷᠪᠡᠨ ᠲᠠᠯ᠎ᠠ ᠪᠠᠭᠲᠠᠨ᠎ᠠ᠃ ᠬᠤᠶᠠᠳᠤᠭᠠᠷ ᠳᠡᠰ ᠤᠨ | ᠤᠷᠢᠳᠴᠢᠯᠠᠨ ᠰᠡᠷᠭᠡᠶᠢᠯᠡᠯᠲᠡ ᠳᠤ ᠬᠠᠷᠠᠭᠠᠨ ᠤ ᠡᠷᠡᠭᠦᠯ ᠮᠡᠨᠳᠦ ᠶᠢ ᠰᠢᠭᠰᠢᠨ ᠪᠠᠶᠢᠴᠠᠭᠠᠬᠤ ᠪᠠ ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠡᠮᠵᠢᠯᠡᠭᠦᠯᠭᠦ ᠬᠠᠮᠢᠶᠠᠷᠤᠯᠲᠠ | ᠬᠤᠶᠠᠷ ᠲᠠᠯ᠎ᠠ ᠶᠢ ᠴᠢᠬᠤᠯᠠᠴᠢᠯᠠᠵᠤ᠂ ᠣᠶᠢᠷ᠎ᠠ ᠬᠠᠷᠠᠭ᠎ᠠ ᠶᠢ ᠳᠡᠰ ᠬᠤᠪᠢᠶᠠᠨ ᠬᠠᠮᠢᠶᠠᠷᠬᠤ ᠶᠢ ᠴᠢᠩᠭᠠᠳᠬᠠᠨ᠂ ᠡᠷᠲᠡ ᠠᠴᠠ ᠤᠷᠢᠳᠴᠢᠯᠠᠨ ᠰᠡᠷᠡᠮᠵᠢᠯᠡᠭᠦᠯᠵᠦ᠂ | ᠡᠷᠲᠡ ᠠᠴᠠ ᠢᠯᠡᠷᠡᠭᠦᠯᠵᠦ᠂ ᠡᠷᠲᠡ ᠠᠴᠠ ᠣᠨᠣᠰᠢᠯᠠᠬᠤ ᠶᠢ ᠴᠢᠬᠤᠯᠠᠴᠢᠯᠠᠬᠤ ᠬᠡᠷᠡᠭᠲᠡᠢ᠃ ᠭᠤᠷᠪᠠᠳᠤᠭᠠᠷ ᠳᠡᠰ ᠤᠨ ᠤᠷᠢᠳᠴᠢᠯᠠᠨ ᠰᠡᠷᠭᠡᠶᠢᠯᠡᠯᠲᠡ ᠳᠤ ᠭᠤᠣᠯᠳᠠᠭᠤ | ᠣᠶᠢᠷ᠎ᠠ ᠬᠠᠷᠠᠭ᠎ᠠ ᠶᠢ ᠰᠢᠨᠵᠢᠯᠡᠬᠦ ᠤᠬᠠᠭᠠᠨᠴᠢ ᠪᠠᠷ ᠵᠠᠯᠠᠷᠠᠭᠤᠯᠬᠤ ᠪᠠ ᠭᠡᠳᠦ ᠣᠶᠢᠷ᠎ᠠ ᠬᠠᠷᠠᠭ᠎ᠠ ᠪᠣᠯᠣᠨ ᠳᠠᠪᠬᠤᠴᠠᠭᠰᠠᠨ ᠡᠪᠡᠳᠴᠢᠨ ᠢ ᠰᠡᠷᠭᠡᠶᠢᠯᠡᠨ ᠡᠵᠡᠮᠳᠡᠬᠦ ᠶᠢ | ᠪᠠᠭᠲᠠᠭᠠᠵᠤ᠂ ᠣᠶᠢᠷ᠎ᠠ ᠬᠠᠷᠠᠭ᠎ᠠ ᠶᠢ ᠳᠡᠰ ᠬᠤᠪᠢᠶᠠᠬᠤ ᠪᠠ ᠵᠠᠰᠠᠨ ᠰᠠᠶᠢᠵᠢᠷᠠᠭᠤᠯᠬᠤ ᠶᠢ ᠰᠠᠶᠢᠲᠤᠷ ᠬᠢᠬᠦ ᠶᠢ ᠴᠢᠬᠤᠯᠠᠴᠢᠯᠠᠵᠤ᠂ ᠣᠨᠴᠠᠭᠠᠶᠢᠯᠠᠨ ᠬᠦᠨᠳᠦ ᠬᠡᠮᠵᠢᠶᠡᠨ ᠤ | ᠣᠶᠢᠷ᠎ᠠ ᠬᠠᠷᠠᠭ᠎ᠠ ᠪᠤᠯᠬᠤ ᠪᠠ ᠡᠪᠡᠳᠴᠢᠨ ᠤ ᠵᠦᠢ ᠶᠢᠨ ᠬᠥᠭᠵᠢᠯᠲᠡ ᠶᠢ ᠰᠡᠷᠭᠡᠶᠢᠯᠡᠨ ᠡᠵᠡᠮᠳᠡᠵᠦ᠂ ᠨᠢᠳᠦᠨ ᠤ ᠤᠬᠤᠷᠬᠠᠢ ᠶᠢᠨ ᠡᠪᠡᠳᠴᠢᠨ ᠤ ᠬᠤᠪᠢᠷᠠᠯᠲᠠ ᠶᠢ | ᠰᠡᠷᠭᠡᠶᠢᠯᠡᠨ ᠵᠠᠰᠠᠵᠤ᠂ ᠬᠠᠷᠠᠭ᠎ᠠ ᠪᠠᠨ ᠠᠯᠳᠠᠬᠤ ᠲᠦᠭᠰᠢᠭᠦᠷᠢ ᠶᠢ ᠪᠠᠭᠠᠰᠬᠠᠬᠤ ᠶᠢ ᠴᠢᠬᠤᠯᠠᠴᠢᠯᠠᠨ᠎ᠠ᠃ | ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ︽ᠵᠦᠭᠯᠡᠭᠦᠷ︾ ᠨᠢ ᠣᠶᠢᠷ᠎ᠠ ᠬᠠᠷᠠᠭ᠎ᠠ ᠶᠢᠨ ᠲᠦᠭᠰᠢᠭᠦᠷᠢ ᠶᠢᠨ ᠦᠶᠯᠡ ᠠᠵᠢᠯᠯᠠᠭ᠎ᠠ ᠶᠢ ᠬᠢᠨᠠᠨ ᠬᠡᠮᠵᠢᠵᠦ | ᠦᠨᠡᠯᠡᠬᠦ ᠠᠷᠭ᠎ᠠ ᠶᠢ ᠪᠠᠶᠢᠭᠤᠯᠬᠤ ᠪᠠᠷ ᠳᠠᠮᠵᠢᠭᠤᠯᠤᠨ᠂ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠨᠥᠯᠥᠭᠡᠯᠡᠬᠦ ᠲᠦᠭᠰᠢᠭᠦᠷᠢ ᠶᠢᠨ ᠦᠶᠯᠡ ᠠᠵᠢᠯᠯᠠᠭ᠎ᠠ ᠶᠢᠨ | ᠬᠦᠴᠦᠨ ᠵᠦᠢᠯ ᠢ ᠢᠯᠭᠠᠨ ᠲᠠᠨᠢᠵᠤ᠂ ᠡᠭᠦᠨ ᠤ ᠤᠯᠠᠮ ᠠᠴᠠ ᠬᠠᠨᠳᠤᠯᠭᠠᠲᠤ ᠴᠢᠨᠠᠷᠲᠠᠢ ᠪᠠᠷ ᠬᠠᠮᠢᠶᠠᠷᠬᠤ ᠠᠷᠭ᠎ᠠ ᠪᠠᠷᠢᠯ ᠠᠪᠬᠤ ᠶᠢ ᠰᠠᠨᠠᠭᠠᠴᠢᠯᠠᠵᠠᠢ᠃ ᠰᠤᠷᠭᠠᠭᠤᠯᠢ᠂ | ᠭᠡᠷ ᠪᠦᠯᠢ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠳᠤ᠂ ᠰᠣᠷᠣᠬᠴᠢᠳ ᠤᠨ ᠪᠦᠯᠦᠭᠯᠡᠯ ᠢᠶᠠᠷ ᠬᠠᠮᠢᠶᠠᠷᠬᠤ ᠭᠤᠣᠯ ᠴᠣᠭᠴᠠ ᠪᠤᠯᠭᠠᠵᠤ᠂ ᠤᠷᠢᠳᠴᠢᠯᠠᠨ | ᠰᠡᠷᠭᠡᠶᠢᠯᠡᠬᠦ᠂ ᠠᠬᠢᠭᠤᠯᠬᠤ᠂ ᠬᠠᠮᠠᠭᠠᠯᠠᠬᠤ᠂ ᠲᠥᠷᠥ ᠶᠢᠨ ᠪᠣᠳᠣᠯᠭ᠎ᠠ ᠶᠢᠨ ᠬᠥᠭᠵᠢᠯᠲᠡ ᠪᠠ ᠬᠠᠮᠵᠢᠯᠴᠠᠬᠤ ᠲᠠᠪᠤᠨ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠠᠵᠢᠯᠯᠠᠭ᠎ᠠ ᠪᠠᠷ ᠳᠠᠮᠵᠢᠭᠤᠯᠤᠨ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠬᠦ ᠶᠢ ᠠᠬᠢᠭᠤᠯᠤᠨ᠎ᠠ᠃ | ︽ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤ ᠵᠥᠪᠭᠡᠨ ᠵᠠᠰᠠᠨ ᠵᠠᠯᠠᠷᠠᠭᠤᠯᠬᠤ ᠮᠡᠷᠭᠡᠵᠢᠯ ᠤᠨ ᠬᠥᠭᠵᠢᠯᠲᠡ ᠳᠤ ᠲᠦᠰᠢᠭᠯᠡᠭᠡᠳ ᠪᠤᠯᠬᠤ ᠦᠭᠡᠢ᠂ | ᠬᠠᠷᠢᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠬᠤ ᠮᠡᠷᠭᠡᠵᠢᠯ ᠢ ᠬᠡᠷᠡᠭᠯᠡᠨ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ ᠬᠡᠷᠡᠭᠲᠡᠢ᠃ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠪᠠᠯ ᠰᠠᠶ᠋ᠢ ᠬᠤᠯᠠ ᠬᠠᠷᠠᠭ᠎ᠠ ᠶᠢᠨ ᠨᠥᠭᠡᠴᠡ ᠶᠢᠨ | ᠬᠤᠷᠣᠭᠳᠠᠯ ᠢ ᠭᠡᠳᠦ ᠲᠦᠷᠭᠡᠨ ᠪᠤᠯᠭᠠᠬᠤ᠂ ᠳᠣᠣᠷ᠎ᠠ ᠬᠡᠮᠵᠢᠶᠡᠨ ᠤ ᠣᠶᠢᠷ᠎ᠠ ᠬᠠᠷᠠᠭ᠎ᠠ ᠠᠴᠠ ᠳᠡᠭᠡᠳᠦ ᠬᠡᠮᠵᠢᠶᠡᠨ ᠤ ᠣᠶᠢᠷ᠎ᠠ ᠬᠠᠷᠠᠭ᠎ᠠ ᠲᠡᠶᠢᠰᠢ ᠬᠥᠭᠵᠢᠬᠦ᠂ ᠳᠡᠭᠡᠳᠦ | ᠬᠡᠮᠵᠢᠶᠡᠨ ᠤ ᠣᠶᠢᠷ᠎ᠠ ᠬᠠᠷᠠᠭ᠎ᠠ ᠶᠢᠨ ᠡᠪᠡᠳᠴᠢᠨ ᠤ ᠵᠦᠢ ᠶᠢᠨ ᠬᠤᠪᠢᠷᠠᠯᠲᠠ ᠵᠡᠷᠭᠡ ᠶᠢ ᠠᠯᠭᠤᠷᠯᠠᠭᠤᠯᠤᠨ ᠪᠠᠭᠠᠰᠬᠠᠵᠤ ᠴᠢᠳᠠᠨ᠎ᠠ︾ ᠭᠡᠵᠦ ᠪᠡᠭᠡᠵᠢᠩ ᠶᠡᠭᠡ | ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠫᠷᠤᠹᠧᠰᠰᠤᠷ ᠸᠠᠩ ᠺᠠᠢ ᠬᠡᠯᠡᠯ᠎ᠡ᠃ | ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢᠨ ᠬᠥᠮᠦᠵᠢᠯ ᠪᠠ ᠵᠢᠯᠣᠭᠤᠳᠤᠯᠭ᠎ᠠ ᠶᠢ ᠰᠠᠶᠢᠲᠤᠷ ᠬᠢᠬᠦ ᠬᠡᠷᠡᠭᠲᠡᠢ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2020 ᠣᠨ ᠳᠤ | ᠪᠦᠭᠦ ᠤᠯᠤᠰ ᠤᠨ ᠬᠡᠦᠬᠡᠳ ᠪᠠᠭᠠᠴᠤᠳ ᠤᠨ ᠶᠡᠷᠦᠩᠬᠡᠢ ᠣᠶᠢᠷ᠎ᠠ ᠬᠠᠷᠠᠭ᠎ᠠ ᠶᠢᠨ ᠨᠣᠷᠮ᠎ᠠ 52.7% ᠪᠠᠶᠢᠵᠤ᠂ 2018 ᠣᠨ︵53.6%︶ ᠤ ᠬᠢ ᠠᠴᠠ 0.9 | ᠵᠠᠭᠤᠨ ᠤ ᠬᠤᠪᠢ ᠪᠠᠭᠤᠷᠠᠵᠠᠢ᠃ | ︽ᠤᠳᠤ ᠪᠤᠯᠳᠠᠯ᠎ᠠ ᠣᠶᠢᠷ᠎ᠠ ᠬᠠᠷᠠᠭ᠎ᠠ ᠶᠢ ᠵᠠᠰᠠᠵᠤ ᠡᠳᠡᠭᠡᠷᠡᠭᠦᠯᠬᠦ ᠪᠤᠶᠤ ᠬᠤᠪᠢᠷᠠᠭᠤᠯᠵᠤ ᠳᠡᠶᠢᠯᠭᠦ ᠠᠷᠭ᠎ᠠ ᠥᠴᠥᠬᠡᠨ ᠴᠦ ᠪᠠᠶᠢᠬᠤ ᠦᠭᠡᠢ︾ᠭᠡᠵᠦ ᠸᠠᠩ | ᠺᠠᠢ ᠢᠯᠡᠷᠬᠡᠶᠢᠯᠡᠪᠡ᠃ ᠡᠮᠴᠢᠯᠡᠭᠡᠨ ᠳᠡᠭᠡᠷ᠎ᠡ ᠣᠶᠢᠷ᠎ᠠ ᠬᠠᠷᠠᠭ᠎ᠠ ᠶᠢ ᠵᠠᠰᠠᠬᠤ ᠶᠠᠪᠤᠴᠠ ᠳᠤ ᠲᠤᠶᠢᠯ ᠤᠨ ᠴᠥᠭᠡᠨ ᠲᠣᠭᠠᠨ ᠤ ᠣᠶᠢᠷ᠎ᠠ ᠬᠠᠷᠠᠭ᠎ᠠ ᠲᠠᠢ ᠬᠡᠦᠬᠡᠳ | ᠪᠠᠭᠠᠴᠤᠳ ᠲᠤ ᠨᠢᠳᠦᠨ ᠤ ᠲᠡᠩᠭᠡᠯᠢᠭ ᠤᠨ ᠲᠦᠷ ᠵᠠᠭᠤᠷ᠎ᠠ ᠶᠢᠨ ᠤᠬᠤᠷᠢᠯᠲᠠ ᠪᠤᠶᠤ ᠣᠶᠢᠷ᠎ᠠ ᠬᠠᠷᠠᠭ᠎ᠠ ᠶᠢᠨ ᠬᠡᠮᠵᠢᠭᠳᠡᠯ ᠪᠠᠭᠠᠰᠬᠤ ᠪᠠᠶᠢᠳᠠᠯ ᠢᠯᠡᠷᠡᠳᠡᠭ᠃ ᠡᠨᠡ ᠨᠢ | ᠭᠡᠷ ᠤᠨ ᠭᠠᠳᠠᠨᠠᠬᠢ ᠬᠥᠳᠡᠯᠭᠡᠭᠡᠨ ᠢ ᠴᠢᠩᠭᠠᠳᠬᠠᠬᠤ᠂ ᠣᠶᠢᠷ᠎ᠠ ᠵᠠᠢ ᠳᠤ ᠨᠢᠳᠦ ᠬᠡᠷᠡᠭᠯᠡᠬᠦ ᠶᠢ ᠪᠠᠭᠠᠰᠬᠠᠬᠤ᠂ ᠵᠠᠷᠢᠮ ᠡᠮᠴᠢᠯᠡᠭᠡᠨ ᠤ ᠠᠷᠭ᠎ᠠ ᠪᠠᠷᠢᠯ ᠢ ᠬᠡᠷᠡᠭᠯᠡᠭᠰᠡᠨ ᠲᠠᠢ | ᠬᠤᠯᠪᠤᠭ᠎ᠠ ᠲᠠᠢ ᠶᠤᠮ᠂ ᠭᠡᠪᠡᠴᠦ ᠨᠢᠳᠦᠨ ᠤ ᠲᠡᠩᠭᠡᠯᠢᠭ ᠤᠨ ᠤᠬᠤᠷᠢᠯᠲᠠ ᠪᠤᠶᠤ ᠣᠶᠢᠷ᠎ᠠ ᠬᠠᠷᠠᠭ᠎ᠠ ᠶᠢᠨ ᠬᠡᠮᠵᠢᠭᠳᠡᠯ ᠤᠨ ᠪᠠᠭᠤᠷᠠᠯᠲᠠ ᠨᠢ ᠡᠮᠴᠢᠯᠡᠭᠡᠨ ᠳᠤ | ᠲᠤᠶᠢᠯ ᠤᠨ ᠴᠥᠭᠡᠨ ᠪᠠᠶᠢᠳᠠᠭ᠂ ᠬᠠᠷᠢᠨ ᠬᠡᠪ ᠤᠨ ᠪᠠᠶᠢᠳᠠᠯ ᠪᠢᠰᠢ ᠶᠤᠮ᠂ ᠬᠡᠷᠪᠡ ᠰᠡᠭᠦᠯᠴᠢ ᠶᠢᠨ ᠬᠤᠭᠤᠴᠠᠭᠠᠨ ᠳᠤ ᠣᠶᠢᠷ᠎ᠠ ᠵᠠᠢ ᠳᠤ ᠨᠢᠳᠦ ᠬᠡᠷᠡᠭᠯᠡᠬᠦ ᠬᠦᠴᠦᠯᠡᠴᠡ | ᠨᠢ ᠨᠡᠮᠡᠭᠳᠡᠪᠡᠯ ᠣᠶᠢᠷ᠎ᠠ ᠬᠠᠷᠠᠭ᠎ᠠ ᠶᠢᠨ ᠬᠡᠮᠵᠢᠭᠳᠡᠯ ᠨᠢ ᠮᠥᠨ ᠯᠡ ᠳᠠᠭᠢᠨ ᠨᠡᠮᠡᠭᠳᠡᠬᠦ ᠪᠣᠯᠣᠨ᠎ᠠ᠃ ︽ᠣᠶᠢᠷ᠎ᠠ ᠬᠠᠷᠠᠭ᠎ᠠ ᠡᠭᠦᠰᠬᠦ ᠳᠤ ᠭᠦᠷᠪᠡᠯ᠂ ᠦᠷᠭᠦᠯᠵᠢᠯᠡᠨ ᠣᠶᠢᠷ᠎ᠠ | ᠵᠠᠢ ᠠᠴᠠ ᠨᠢᠳᠦ ᠬᠡᠷᠡᠭᠯᠡᠬᠦ ᠣᠷᠴᠢᠨ ᠲᠣᠭᠤᠷᠢᠨ ᠳᠤ ᠬᠤᠪᠢᠷᠠᠯᠲᠠ ᠭᠠᠷᠬᠤ ᠦᠭᠡᠢ ᠤᠴᠢᠷ ᠠᠴᠠ ᠣᠶᠢᠷ᠎ᠠ ᠬᠠᠷᠠᠭ᠎ᠠ ᠲᠠᠢ ᠬᠡᠦᠬᠡᠳ ᠪᠠᠭᠠᠴᠤᠳ ᠤᠨ ᠣᠯᠠᠩᠬᠢ | ᠲᠣᠭᠠᠨ ᠤ ᠣᠶᠢᠷ᠎ᠠ ᠬᠠᠷᠠᠭ᠎ᠠ ᠲᠠᠢ ᠡᠪᠡᠳᠴᠢᠲᠡᠨ ᠤ ᠭᠷᠡᠳᠦ᠋ᠰ ᠤᠨ ᠲᠤᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠳᠡᠭ᠃ ᠣᠶᠢᠷ᠎ᠠ ᠬᠠᠷᠠᠭ᠎ᠠ ᠶᠢ ᠬᠤᠪᠢᠷᠠᠭᠤᠯᠬᠤ᠂ | ᠨᠢᠳᠦᠨ ᠤ ᠲᠡᠩᠭᠡᠯᠢᠭ ᠢ ᠠᠪᠴᠢᠭᠤᠯᠵᠤ ᠴᠢᠳᠠᠨ᠎ᠠ ᠭᠡᠵᠦ ᠵᠠᠷᠯᠠᠭᠰᠠᠨ ᠶᠠᠮᠠᠷᠪᠠ ᠡᠮᠴᠢᠯᠡᠭᠡᠨ ᠤ ᠠᠷᠭ᠎ᠠ ᠨᠢ ᠴᠥᠮ ᠥᠰᠬᠡᠭᠡᠨ ᠳᠥᠰᠬᠡᠭᠡᠨ ᠲᠠᠢ ᠪᠠ ᠬᠤᠳᠠᠯ | ᠬᠠᠭᠤᠷᠮᠠᠭ ᠤᠬᠠᠭᠤᠯᠭ᠎ᠠ ᠪᠣᠯᠣᠨ᠎ᠠ︾ᠭᠡᠵᠦ ᠸᠠᠩ ᠺᠠᠢ ᠰᠠᠨᠠᠭᠤᠯᠤᠯ᠎ᠠ᠃ | ︽ᠣᠶᠢᠷ᠎ᠠ ᠬᠠᠷᠠᠭ᠎ᠠ ᠲᠠᠢ ᠰᠤᠷᠤᠬᠴᠢ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠰᠢᠯ ᠲᠠᠭᠠᠷᠠᠭᠤᠯᠬᠤ ᠬᠡᠷᠡᠭᠲᠡᠢ᠂ ᠡᠭᠦᠨ ᠤ ᠵᠣᠷᠢᠯᠭ᠎ᠠ ᠨᠢ ᠬᠤᠯᠠ | ᠪᠠᠶᠢᠭ᠎ᠠ ᠶᠠᠭᠤᠮ᠎ᠠ ᠶᠢ ᠲᠣᠳᠣᠷᠬᠠᠢ ᠬᠠᠷᠠᠬᠤ ᠶᠢᠨ ᠲᠥᠯᠥᠭᠡ ᠶᠤᠮ᠂ ᠨᠡᠩ ᠴᠢᠬᠤᠯᠠ ᠨᠢ ᠣᠶᠢᠷ᠎ᠠ ᠬᠠᠷᠠᠭ᠎ᠠ ᠶᠢᠨ ᠬᠡᠮᠵᠢᠭᠳᠡᠯ ᠤᠨ ᠤᠯᠠᠮ ᠨᠢᠭᠡ ᠠᠯᠬᠤᠮ ᠬᠥᠭᠵᠢᠬᠦ ᠶᠢ | ᠬᠤᠷᠢᠭᠯᠠᠬᠤ ᠶᠢᠨ ᠲᠥᠯᠥᠭᠡ ᠶᠤᠮ︾ᠭᠡᠵᠦ ᠸᠠᠩ ᠺᠠᠢ ᠴᠢᠬᠤᠯᠠᠴᠢᠯᠠᠵᠠᠢ᠃ ᠭᠡᠷ ᠤᠨ ᠠᠬᠠᠮᠠᠳ ᠵᠠᠪᠠᠯ ᠵᠢᠩᠬᠢᠨᠢ ᠡᠮᠨᠡᠯᠭᠡ ᠶᠢᠨ ᠬᠤᠷᠢᠶ᠎ᠠ ᠶᠢ ᠰᠣᠩᠭᠤᠵᠤ | ᠬᠡᠦᠬᠡᠳ ᠲᠡᠭᠡᠨ ᠭᠡᠷᠡᠯ ᠰᠢᠯᠭᠠᠭᠤᠯᠤᠨ ᠰᠢᠯ ᠲᠠᠭᠠᠷᠠᠭᠤᠯᠵᠤ ᠥᠭᠬᠦ ᠬᠡᠷᠡᠭᠲᠡᠢ᠃ ᠰᠢᠯ ᠢᠯᠲᠠᠰᠤ ᠶᠢ ᠪᠤᠯᠪᠠᠰᠤᠷᠠᠭᠤᠯᠬᠤ ᠳᠠᠭᠠᠨ ᠵᠠᠪᠠᠯ ᠬᠡᠦᠬᠡᠨ ᠬᠠᠷᠠᠭ᠎ᠠ ᠶᠢᠨ ᠵᠠᠢ ᠪᠠᠷ | ᠨᠢ ᠪᠤᠯᠪᠠᠰᠤᠷᠠᠭᠤᠯᠵᠤ᠂ ᠭᠡᠷᠡᠯ ᠤᠨ ᠤᠬᠠᠭᠠᠨ ᠤ ᠲᠥᠪ ᠢ ᠨᠢᠭᠡ ᠨᠢᠭᠡ ᠪᠠᠷ ᠰᠢᠯᠵᠢᠭᠦᠯᠵᠦ᠂ ᠬᠠᠷᠢᠴᠠᠩᠭᠤᠢ ᠪᠠᠷ ᠰᠢᠯᠵᠢᠭᠦᠯᠬᠦ ᠨᠢ ᠬᠡᠳᠦᠢ ᠪᠠᠭ᠎ᠠ ᠪᠣᠯ ᠬᠡᠦᠬᠡᠳ ᠤᠨ | ᠵᠡᠭᠦᠬᠦ ᠳᠤ ᠲᠡᠳᠦᠢ ᠲᠠᠭᠠᠯᠠᠮᠵᠢᠲᠠᠢ ᠪᠠᠶᠢᠳᠠᠭ᠃ ᠰᠢᠯ ᠲᠠᠭᠠᠷᠠᠭᠤᠯᠤᠬᠰᠠᠨ ᠤ ᠳᠠᠷᠠᠭ᠎ᠠ᠂ ᠬᠡᠦᠬᠡᠳ ᠤᠨ ᠬᠡᠦᠬᠡᠨ ᠬᠠᠷᠠᠭ᠎ᠠ ᠶᠢᠨ ᠵᠠᠢ ᠪᠣᠯᠣᠨ ᠰᠢᠯ ᠢᠯᠲᠠᠰᠤ ᠶᠢᠨ | ᠭᠡᠷᠡᠯ ᠤᠨ ᠤᠬᠠᠭᠠᠨ ᠤ ᠲᠥᠪ ᠤᠨ ᠲᠤᠭ᠎ᠠ ᠬᠡᠮᠵᠢᠭᠳᠡᠯ ᠨᠢ ᠨᠢᠭᠡᠳᠦᠯᠲᠡᠢ ᠪᠠᠶᠢᠬᠤ ᠡᠰᠡᠬᠦ ᠶᠢ ᠪᠠᠶᠢᠴᠠᠭᠠᠵᠤ᠂ ᠵᠡᠭᠦᠬᠦ ᠳᠤ ᠲᠠᠭᠠᠯᠠᠮᠵᠢᠲᠠᠢ᠂ ᠬᠠᠷᠠᠭ᠎ᠠ ᠶᠢ ᠵᠠᠰᠠᠬᠤ ᠪᠠ | ᠬᠠᠷᠠᠭᠠᠨ ᠤ ᠴᠢᠳᠠᠪᠤᠷᠢ ᠶᠢ ᠰᠠᠶᠢᠵᠢᠷᠠᠭᠤᠯᠬᠤ ᠵᠣᠷᠢᠯᠭ᠎ᠠ ᠳᠤ ᠬᠦᠷᠬᠦ ᠶᠢ ᠪᠣᠳᠣᠯᠬᠢᠯᠠᠪᠠᠯ ᠵᠣᠬᠢᠨ᠎ᠠ᠃ | ᠱᠠᠩᠬᠠᠢ ᠬᠤᠲᠠ ᠶᠢᠨ ᠨᠢᠳᠦᠨ ᠤ ᠡᠪᠡᠳᠴᠢᠨ ᠢ ᠰᠡᠷᠭᠡᠶᠢᠯᠡᠨ ᠵᠠᠰᠠᠬᠤ ᠲᠥᠪ᠂ ᠱᠠᠩᠬᠠᠢ ᠬᠤᠲᠠ ᠶᠢᠨ ᠨᠢᠳᠦᠨ ᠤ ᠰᠠᠯᠠᠭᠠᠨ ᠤ ᠡᠮᠨᠡᠯᠭᠡ ᠶᠢᠨ | ᠬᠤᠷᠢᠶᠠᠨ ᠤ ᠳᠠᠷᠤᠭ᠎ᠠ ᠽᠧᠦ ᠬᠠᠢ ᠳ᠋ᠦᠩ ᠤᠨ ᠦᠵᠡᠬᠦ ᠪᠠᠷ᠂ ᠬᠠᠷᠠᠭ᠎ᠠ ᠶᠢ ᠰᠢᠭᠰᠢᠨ ᠪᠠᠶᠢᠴᠠᠭᠠᠬᠤ ᠬᠠᠮᠢᠶᠠᠷᠤᠯᠲᠠ ᠨᠢ ᠬᠠᠷᠠᠭ᠎ᠠ ᠶᠢᠨ ᠬᠡᠪ ᠤᠨ ᠪᠤᠰᠤ ᠪᠠᠶᠢᠳᠠᠯ ᠪᠤᠶᠤ | ᠰᠡᠵᠢᠭᠯᠡᠯᠲᠡᠢ ᠨᠢᠳᠦᠨ ᠤ ᠡᠪᠡᠳᠴᠢᠨ ᠢ ᠡᠷᠲᠡ ᠢᠯᠡᠷᠡᠭᠦᠯᠵᠦ᠂ ᠡᠭᠦᠨ ᠤ ᠤᠯᠠᠮ ᠠᠴᠠ ᠥᠪᠡᠷᠮᠢᠴᠡ ᠣᠨᠴᠠᠯᠢᠭ ᠲᠠᠢ᠂ ᠬᠠᠨᠳᠤᠯᠭᠠᠲᠤ ᠴᠢᠨᠠᠷ ᠢᠶᠠᠷ ᠴᠢᠩᠭ᠎ᠠ ᠰᠡᠷᠭᠡᠶᠢᠯᠡᠨ | ᠡᠵᠡᠮᠳᠡᠬᠦ ᠲᠥᠰᠥᠯ ᠢ ᠬᠠᠩᠭᠠᠵᠤ ᠪᠣᠯᠣᠨ᠎ᠠ᠃ ᠡᠭᠦᠨ ᠤ ᠲᠤᠯᠠᠳᠠ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠳᠤᠮᠳᠠ ᠬᠠᠷᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠰᠢᠭᠰᠢᠨ ᠪᠠᠶᠢᠴᠠᠭᠠᠬᠤ ᠳᠦᠷᠢᠮ ᠢ ᠪᠠᠶᠢᠭᠤᠯᠵᠤ᠂ ᠰᠢᠭᠰᠢᠨ ᠪᠠᠶᠢᠴᠠᠭᠠᠬᠤ ᠳᠠᠪᠲᠠᠮᠵᠢ ᠶᠢ ᠰᠤᠷᠤᠯᠭ᠎ᠠ ᠶᠢᠨ ᠵᠢᠯ ᠪᠦᠷᠢ ᠳᠤ 2 ᠤᠳᠠᠭ᠎ᠠ ᠠᠴᠠ | ᠳᠤᠲᠠᠭᠤ ᠪᠠᠶᠢᠯᠭᠠᠵᠤ ᠪᠤᠯᠬᠤ ᠦᠭᠡᠢ᠃ ᠡᠭᠦᠨ ᠤ ᠬᠠᠮᠲᠤ ᠵᠣᠬᠢᠶᠠᠮᠠᠯ ᠤᠶᠤᠨ ᠤ ᠮᠡᠷᠭᠡᠵᠢᠯ ᠢᠶᠠᠷ ᠬᠠᠷᠠᠭᠠᠨ ᠤ ᠪᠠᠶᠢᠴᠠᠭᠠᠯᠲᠠ ᠶᠢᠨ ᠠᠦ᠋ᠲ᠋ᠣᠴᠢᠯᠠᠯᠲᠠ ᠶᠢᠨ | ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ ᠪᠠ ᠲᠦᠭᠡᠮᠡᠯᠵᠢᠭᠦᠯᠦᠯᠲᠡ ᠶᠢᠨ ᠴᠢᠨᠠᠷ ᠢ ᠳᠡᠭᠡᠭᠰᠢᠯᠡᠭᠦᠯᠵᠦ ᠪᠣᠯᠣᠨ᠎ᠠ ᠽᠧᠦ ᠬᠠᠢ ᠳ᠋ᠦᠩ | ᠰᠠᠨᠠᠭᠤᠯᠵᠠᠢ᠃ | ︽ᠣᠶᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠱᠠᠭᠠᠷᠳᠠᠯᠭ᠎ᠠ ᠠᠴᠠ ᠦᠵᠡᠪᠡᠯ᠂ ᠡᠳᠦᠷ ᠪᠦᠷᠢ ᠭᠡᠷ ᠤᠨ ᠭᠠᠳᠠᠨ᠎ᠠ 2 ᠴᠠᠭ ᠬᠥᠳᠡᠯᠭᠡᠭᠡᠨ ᠬᠢᠬᠦ | ᠭᠡᠷᠡᠭᠲᠡᠢ; ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠱᠠᠭᠠᠷᠳᠠᠯᠭ᠎ᠠ ᠠᠴᠠ ᠦᠵᠡᠪᠡᠯ᠂ ᠬᠡᠦᠬᠡᠳ ᠪᠠᠭᠠᠴᠤᠳ ᠳᠤᠮᠳᠠᠴᠢ ᠪᠠᠷ ᠡᠳᠦᠷ ᠪᠦᠷᠢ ᠨᠠᠭᠠᠲᠤ ᠵᠠᠬ᠎ᠠ ᠳᠠᠭᠠᠨ 1 | ᠴᠠᠭ ᠤᠨ ᠳᠤᠮᠳᠠ ᠵᠡᠷᠭᠡ ᠠᠴᠠ ᠥᠨᠳᠥᠷ ᠬᠦᠴᠦᠯᠡᠴᠡ ᠲᠠᠢ ᠪᠡᠶ᠎ᠡ ᠶᠢᠨ ᠬᠥᠳᠡᠯᠭᠡᠭᠡᠨ ᠢ ᠬᠢᠵᠦ᠂ ᠬᠦᠴᠢᠯᠲᠥ᠋ᠷᠥᠭᠴᠢᠲᠦ ᠬᠥᠳᠡᠯᠭᠡᠭᠡᠨ ᠢᠶᠠᠷ ᠭᠤᠣᠯ ᠪᠣᠯᠭᠠᠨ᠎ᠠ᠃ | ᠭᠠᠷᠠᠭ ᠪᠦᠷᠢ ᠨᠠᠭᠠᠲᠤ ᠵᠠᠬ᠎ᠠ ᠳᠠᠭᠠᠨ 3 ᠡᠳᠦᠷ ᠨᠢ ᠥᠨᠳᠥᠷ ᠬᠦᠴᠦᠯᠡᠴᠡ ᠲᠠᠢ ᠬᠦᠴᠢᠯᠲᠥ᠋ᠷᠥᠭᠴᠢᠲᠦ ᠬᠥᠳᠡᠯᠭᠡᠭᠡᠨ ᠬᠢᠬᠦ ᠬᠡᠷᠡᠭᠲᠡᠢ ᠪᠥᠭᠡᠳ ᠪᠤᠯᠴᠢᠩ ᠮᠢᠬ᠎ᠠ | ᠪᠣᠯᠣᠨ ᠠᠷᠤᠭ ᠶᠠᠰᠤ ᠶᠢ ᠴᠢᠩᠭᠠᠷᠠᠭᠤᠯᠬᠤ ᠬᠥᠳᠡᠯᠭᠡᠭᠡᠨ ᠢ ᠬᠢᠬᠦ ᠬᠡᠷᠡᠭᠲᠡᠢ︾ ᠭᠡᠵᠦ ᠽᠧᠦ ᠬᠠᠢ ᠳ᠋ᠦᠩ ᠬᠡᠯᠡᠯ᠎ᠡ᠃ | ᠡᠯᠧᠺᠲᠷᠣᠨ ᠪᠦᠲᠦᠭᠡᠭᠳᠡᠬᠦᠨ ᠢ ᠵᠥᠪ ᠬᠡᠷᠡᠭᠯᠡᠵᠦ ᠬᠠᠷᠠᠭ᠎ᠠ ᠪᠠᠨ ᠬᠠᠮᠠᠭᠠᠯᠠᠪᠠᠯ ᠵᠣᠬᠢᠨ᠎ᠠ | ᠣᠳᠣᠬᠠᠨ ᠳᠤ ᠡᠯᠧᠺᠲᠷᠣᠨ ᠪᠦᠲᠦᠭᠡᠭᠳᠡᠬᠦᠨ ᠨᠢ ᠪᠠᠷᠤᠭ ᠰᠤᠷᠤᠬᠴᠢᠳ ᠤᠨ ᠰᠤᠷᠤᠯᠭ᠎ᠠ ᠠᠮᠢᠳᠤᠷᠠᠯ ᠤᠨ ᠵᠠᠪᠠᠯ ᠬᠡᠷᠡᠭᠰᠡᠬᠦ ᠵᠦᠢᠯ ᠪᠣᠯᠵᠤ ᠪᠠᠶᠢᠨ᠎ᠠ᠃ | ᠲᠡᠭᠡᠪᠡᠯ ᠰᠤᠷᠭᠠᠭᠤᠯᠢ ᠪᠣᠯᠣᠨ ᠭᠡᠷ ᠪᠦᠯᠢ ᠶᠢᠨ ᠬᠢᠨ ᠡᠯᠧᠺᠲᠷᠣᠨ ᠪᠦᠲᠦᠭᠡᠭᠳᠡᠬᠦᠨ ᠢ ᠬᠡᠷᠬᠢᠨ ᠰᠣᠩᠭᠤᠪᠠᠯ ᠵᠣᠬᠢᠬᠤ ᠪᠤᠢ︖ ᠰᠤᠷᠤᠬᠴᠢᠳ ᠡᠯᠧᠺᠲᠷᠣᠨ | ᠪᠦᠲᠦᠭᠡᠭᠳᠡᠬᠦᠨ ᠢ ᠬᠡᠷᠬᠢᠨ ᠵᠥᠪ ᠬᠡᠷᠡᠭᠯᠡᠵᠦ ᠬᠠᠷᠠᠭ᠎ᠠ ᠪᠠᠨ ᠬᠠᠮᠠᠭᠠᠯᠠᠬᠤ ᠪᠤᠶ︖ | ︽ᠬᠠᠷᠠᠭᠠᠨ ᠳᠡᠯᠭᠡᠴᠡ ᠶᠢᠨ ᠲᠥᠷᠥᠯ ᠤᠨ ᠡᠯᠧᠺᠲᠷᠣᠨ ᠪᠦᠲᠦᠭᠡᠭᠳᠡᠬᠦᠨ ᠤ ᠳᠡᠯᠭᠡᠴᠡ ᠶᠢᠨ ᠭᠡᠷᠡᠯᠲᠦᠴᠡ᠂ ᠣᠷᠴᠢᠨ ᠲᠣᠭᠤᠷᠢᠨ ᠤ ᠭᠡᠷᠡᠯᠲᠦᠴᠡ᠂ ᠦᠵᠡᠬᠦ | ᠵᠠᠢ ᠪᠣᠯᠣᠨ ᠢᠯᠡᠷᠡᠬᠦ ᠴᠠᠭ ᠪᠣᠯ ᠬᠡᠦᠬᠡᠳ ᠪᠠᠭᠠᠴᠤᠳ ᠤᠨ ᠬᠠᠷᠠᠭ᠎ᠠ ᠶᠢ ᠨᠥᠯᠥᠭᠡᠯᠡᠬᠦ ᠭᠤᠣᠯ ᠬᠦᠴᠦᠨ ᠵᠦᠢᠯ ᠮᠥᠨ︾ ᠭᠡᠵᠦ ᠪᠡᠭᠡᠵᠢᠩ ᠶᠡᠭᠡ ᠰᠤᠷᠭᠠᠭᠤᠯᠢ ᠶᠢᠨ | ᠬᠡᠦᠬᠡᠳ ᠪᠠᠭᠠᠴᠤᠳ ᠵᠠᠯᠠᠭᠤᠴᠤᠳ ᠤᠨ ᠡᠷᠡᠭᠦᠯ ᠬᠠᠮᠠᠭᠠᠯᠠᠯ ᠤᠨ ᠰᠤᠳᠤᠯᠭᠠᠨ ᠤ ᠭᠠᠵᠠᠷ ᠤᠨ ᠫᠷᠤᠹᠧᠰᠰᠤᠷ ᠮᠠ ᠵᠢᠶᠦ᠋ᠨ ᠲᠠᠨᠢᠯᠴᠠᠭᠤᠯᠤᠯ᠎ᠠ᠃ ᠡᠯᠧᠺᠲᠷᠣᠨ | ᠳᠡᠯᠭᠡᠴᠡ ᠶᠢᠨ ᠣᠨᠴᠠᠯᠢᠭ ᠪᠣᠯ ᠡᠭᠴᠡ ᠭᠡᠷᠡᠯ ᠲᠠᠢ᠂ ᠬᠥᠬᠡ ᠭᠡᠷᠡᠯ ᠲᠠᠢ᠂ ᠳᠡᠯᠭᠡᠴᠡ ᠶᠢᠨ ᠰᠣᠯᠢᠭᠳᠠᠯ ᠨᠢ ᠲᠦᠷᠭᠡᠨ᠂ ᠥᠨᠳᠥᠷ ᠬᠠᠷᠢᠴᠠᠭᠤᠯᠤᠯ ᠲᠠᠢ᠂ ᠥᠩᠭᠡ ᠪᠤᠳᠤᠭ | ᠨᠢ ᠬᠢᠯᠠᠭᠠᠷ᠂ ᠣᠶᠢᠯᠲᠠ ᠨᠢ ᠠᠷᠪᠢᠨ ᠪᠠᠶᠢᠵᠤ᠂ ᠨᠢᠳᠦᠨ ᠤ ᠪᠤᠯᠴᠢᠩ ᠢ ᠲᠠᠰᠤᠷᠠᠯᠲᠠ ᠦᠭᠡᠢ ᠪᠠᠴᠢᠮ ᠪᠠᠶᠢᠳᠠᠯ ᠳᠤ ᠪᠠᠶᠢᠯᠭᠠᠵᠤ ᠠᠮᠠᠷᠬᠠᠨ ᠶᠠᠳᠠᠷᠠᠭᠤᠯᠳᠠᠭ᠃ | ᠲᠣᠬᠢᠷᠠᠭᠤᠯᠬᠤ ᠴᠢᠳᠠᠪᠤᠷᠢ ᠬᠦᠷᠦᠯᠴᠡᠬᠦ ᠦᠭᠡᠢ ᠪᠤᠶᠤ ᠲᠣᠬᠢᠷᠠᠭᠤᠯᠬᠤ ᠨᠢ ᠤᠳᠠᠭᠠᠰᠢᠷᠠᠭᠰᠠᠨ ᠠᠴᠠ ᠪᠣᠳᠠᠰ ᠢ ᠲᠣᠳᠣᠷᠬᠠᠢ ᠣᠯᠵᠤ ᠦᠵᠡᠬᠦ ᠶᠢᠨ ᠠᠷᠭ᠎ᠠ ᠦᠭᠡᠢ | ᠪᠣᠯᠵᠤ᠂ ᠬᠤᠯᠠ ᠬᠠᠷᠠᠭᠠᠨ ᠤ ᠴᠢᠨᠠᠷᠲᠠᠢ ᠲᠥᠪᠯᠡᠷᠡᠯ ᠠᠴᠠ ᠵᠠᠶᠢᠳᠠᠬᠤ᠂ ᠨᠢᠳᠦᠨ ᠲᠡᠩᠭᠡᠯᠢᠭ ᠲᠤ ᠰᠡᠳᠦᠯᠲᠡ ᠥᠭᠬᠦ ᠤᠷᠲᠤ ᠶᠢᠨ ᠬᠡᠮᠵᠢᠶ᠎ᠡ ᠶᠢ ᠨᠡᠮᠡᠭᠳᠡᠭᠦᠯᠬᠦ᠂ ᠬᠤᠯᠠ | ᠬᠠᠷᠠᠭᠠᠨ ᠤ ᠨᠥᠭᠡᠴᠡ ᠶᠢᠨ ᠬᠡᠮᠵᠢᠶ᠎ᠡ ᠶᠢ ᠲᠦᠷᠭᠡᠨ ᠢᠶᠠᠷ ᠬᠤᠷᠣᠭᠳᠠᠭᠤᠯᠵᠤ᠂ ᠣᠶᠢᠷ᠎ᠠ ᠬᠠᠷᠠᠭ᠎ᠠ ᠶᠢᠨ ᠡᠭᠦᠰᠬᠦ ᠶᠢ ᠨᠡᠮᠡᠭᠳᠡᠭᠦᠯᠦᠨ᠎ᠡ᠃ ᠬᠡᠦᠬᠡᠳ ᠪᠠᠭᠠᠴᠤᠳ ᠤᠨ | ᠨᠢᠳᠦᠨ ᠴᠡᠴᠡᠭᠡᠢ ᠶᠢᠨ ᠨᠡᠪᠲᠡᠯᠬᠦ ᠴᠢᠨᠠᠷ ᠨᠢ ᠰᠠᠶᠢᠨ᠂ ᠭᠡᠷᠡᠯ ᠤᠨ ᠰᠡᠳᠦᠯᠲᠡ ᠳᠤ ᠰᠣᠷᠭᠤᠭ ᠪᠠᠶᠢᠵᠤ᠂ ᠭᠡᠷᠡᠯ ᠤᠨ ᠬᠤᠪᠢᠷᠠᠯᠲᠠ ᠳᠤ ᠬᠠᠷᠢᠭᠤ ᠲᠤᠰᠬᠠᠯ ᠭᠠᠷᠭᠠᠬᠤ | ᠴᠢᠳᠠᠪᠤᠷᠢ ᠨᠢ ᠴᠢᠩᠭ᠎ᠠ ᠪᠠᠶᠢᠵᠤ᠂ ᠬᠠᠷᠠᠭᠠᠨ ᠳᠡᠯᠭᠡᠴᠡ ᠶᠢᠨ ᠲᠦᠷᠦᠯ ᠤᠨ ᠡᠯᠧᠺᠲᠷᠣᠨ ᠪᠦᠲᠦᠭᠡᠭᠳᠡᠬᠦᠨ ᠤ ᠨᠥᠯᠥᠭᠡ ᠶᠢ ᠨᠡᠩ ᠠᠮᠠᠷᠬᠠᠨ ᠭᠦᠷᠳᠡᠳᠡᠭ᠃ | ᠡᠭᠦᠨ ᠤ ᠲᠤᠯᠠᠳᠠ ᠮᠠ ᠵᠢᠶᠦ᠋ᠨ ᠰᠠᠨᠠᠭᠤᠯᠬᠤ ᠳᠠᠭᠠᠨ᠂ ᠭᠡᠷ ᠪᠦᠯᠢ ᠶᠢᠨ ᠬᠢᠨ ᠡᠯᠧᠺᠲᠷᠣᠨ ᠪᠦᠲᠦᠭᠡᠭᠳᠡᠬᠦᠨ ᠰᠣᠩᠭᠤᠬᠤ ᠳᠠᠭᠠᠨ ᠲᠤᠰᠬᠠᠯᠲᠠ ᠶᠢᠨ | ᠮᠠᠰᠢᠨ᠂ ᠲᠧᠯᠸᠢᠰ᠂ ᠺᠤᠮᠫᠢᠦ᠋ᠲ᠋ᠧᠷ᠂ ᠭᠠᠷ ᠤᠲᠠᠰᠤ ᠶᠢ ᠬᠡᠷᠡᠭᠯᠡᠬᠦ ᠲᠠᠰ ᠳᠠᠷᠠᠭᠠᠯᠠᠯ ᠲᠠᠢ ᠪᠠᠶᠢᠬᠤ ᠬᠡᠷᠡᠭᠲᠡᠢ ᠭᠡᠵᠡᠢ᠃ | ︽ᠶᠡᠷᠦᠩᠬᠡᠢ ᠵᠠᠷᠴᠢᠮ ᠨᠢ ᠪᠣᠯ ᠳᠡᠯᠭᠡᠴᠡ ᠨᠢ ᠬᠡᠳᠦᠢ ᠶᠡᠭᠡ᠂ ᠢᠯᠭᠠᠮᠵᠢ ᠶᠢᠨ ᠨᠤᠷᠮ᠎ᠠ ᠨᠢ ᠬᠡᠳᠦᠢ ᠥᠨᠳᠥᠷ ᠪᠣᠯ ᠲᠡᠳᠦᠢ ᠰᠠᠶᠢᠨ᠂ ᠣᠷᠴᠢᠨ | ᠲᠣᠭᠤᠷᠢᠨ ᠤ ᠪᠠᠶᠢᠳᠠᠯ ᠢ ᠦᠨᠳᠦᠰᠦᠯᠡᠨ ᠭᠡᠷᠡᠯᠲᠦᠴᠡ ᠪᠠᠨ ᠲᠣᠬᠢᠷᠠᠭᠤᠯᠤᠨ᠎ᠠ᠃ ᠰᠤᠷᠭᠠᠭᠤᠯᠢ ᠶᠢᠨ ᠣᠯᠠᠨ ᠵᠠᠭᠤᠴᠢᠲᠤ ᠬᠢᠴᠢᠶᠡᠯ ᠤᠨ ᠭᠡᠷ ᠲᠤ ᠲᠣᠮᠣ ᠬᠡᠮᠵᠢᠶ᠎ᠡ ᠲᠠᠢ | ᠲᠤᠰᠬᠠᠭᠤᠷ ᠪᠤᠶᠤ ᠺᠤᠮᠫᠢᠦ᠋ᠲ᠋ᠧᠷ ᠤᠨ ᠳᠡᠯᠭᠡᠴᠡ ᠶᠢ ᠰᠣᠩᠭᠤᠵᠤ᠂ ᠡᠷᠭᠢᠨ ᠲᠣᠭᠤᠷᠢᠨ ᠤ ᠣᠷᠴᠢᠨ ᠲᠣᠭᠤᠷᠢᠨ ᠨᠢ ᠨᠡᠯᠢᠶᠡᠳ ᠪᠦᠳᠡᠭᠢ ᠦᠶ᠎ᠡ ᠳᠤ ᠥᠷᠥᠭᠡᠨ ᠤ ᠪᠠᠨ | ᠳ᠋ᠧᠩ ᠤᠨ ᠭᠡᠷᠡᠯ ᠢ ᠠᠰᠠᠭᠠᠨ ᠭᠡᠷᠡᠯᠲᠦᠭᠦᠯᠵᠦ᠂ ᠭᠡᠳᠦ ᠪᠦᠳᠡᠭᠢ ᠣᠷᠴᠢᠨ ᠳᠤ ᠡᠯᠧᠺᠲᠷᠣᠨ ᠪᠦᠲᠦᠭᠡᠭᠳᠡᠬᠦᠨ ᠬᠡᠷᠡᠭᠯᠡᠬᠦ ᠠᠴᠠ ᠵᠠᠶᠢᠯᠠᠰᠬᠢᠬᠦ ᠨᠢ ᠵᠦᠢᠲᠡᠢ︾ᠭᠡᠵᠦ ᠮᠠ | ᠵᠢᠶᠦ᠋ᠨ ᠴᠢᠬᠤᠯᠠᠴᠢᠯᠠᠨ ᠶᠠᠷᠢᠪᠠ᠃ ᠬᠡᠷᠪᠡ ᠰᠦᠯᠵᠢᠶ᠎ᠡ ᠪᠠᠷ ᠳᠡᠮᠵᠢᠨ ᠰᠤᠷᠤᠯᠴᠠᠬᠤ ᠴᠢᠬᠤᠯᠠᠲᠠᠢ ᠦᠶ᠎ᠡ ᠳᠤ᠂ ᠲᠧᠯᠸᠢᠰ᠂ ᠲᠠᠯᠪᠢᠭᠤᠷ ᠺᠤᠮᠫᠢᠦ᠋ᠲ᠋ᠧᠷ ᠵᠡᠷᠭᠡ ᠲᠣᠮᠣ | ᠳᠡᠯᠭᠡᠴᠡ ᠲᠠᠢ ᠡᠯᠧᠺᠲᠷᠣᠨ ᠪᠦᠲᠦᠭᠡᠭᠳᠡᠬᠦᠨ ᠢ ᠰᠣᠩᠭᠤᠵᠤ᠂ ᠳᠡᠯᠭᠡᠴᠡ ᠶᠢᠨ ᠶᠡᠭᠡ ᠪᠠᠭ᠎ᠠ ᠨᠢ ᠠᠳᠠᠯᠢᠬᠠᠨ ᠤᠷᠢᠳᠠᠯ ᠳᠣᠣᠷ᠎ᠠ᠂ ᠳᠡᠯᠭᠡᠴᠡ ᠶᠢᠨ ᠢᠯᠭᠠᠮᠵᠢ ᠪᠠᠷ | ᠥᠨᠳᠥᠷ ᠡᠯᠧᠺᠲᠷᠣᠨ ᠪᠦᠲᠦᠭᠡᠭᠳᠡᠬᠦᠨ ᠢ ᠰᠣᠩᠭᠤᠪᠠᠯ ᠵᠣᠬᠢᠨ᠎ᠠ᠃ ᠲᠧᠯᠸᠢᠰ ᠦᠵᠡᠬᠦ ᠵᠠᠢ ᠨᠢ ᠳᠡᠯᠭᠡᠴᠡ ᠶᠢᠨ ᠲᠠᠰᠢᠭᠤᠪᠴᠢ ᠶᠢᠨ ᠵᠠᠢ ᠶᠢᠨ 4 ᠳᠠᠭᠢᠨ ᠠᠴᠠ ᠪᠠᠭ᠎ᠠ | ᠪᠠᠶᠢᠵᠤ ᠪᠤᠯᠬᠤ ᠦᠭᠡᠢ᠂ ᠺᠤᠮᠫᠢᠦ᠋ᠲ᠋ᠧᠷ ᠦᠵᠡᠬᠦ ᠵᠠᠢ ᠨᠢ 50 ᠰᠠᠨᠲ᠋ᠢᠮᠧᠲᠷ ᠠᠴᠠ ᠪᠠᠭ᠎ᠠ ᠪᠠᠶᠢᠵᠤ ᠪᠤᠯᠬᠤ ᠦᠭᠡᠢ᠂ ᠭᠠᠷ ᠤᠲᠠᠰᠤ ᠦᠵᠡᠬᠦ ᠵᠠᠢ ᠨᠢ 40 | ᠰᠠᠨᠲ᠋ᠢᠮᠧᠲᠷ ᠠᠴᠠ ᠪᠠᠭ᠎ᠠ ᠪᠠᠶᠢᠵᠤ ᠪᠤᠯᠬᠤ ᠦᠭᠡᠢ᠃ ᠮᠠ ᠵᠢᠶᠦ᠋ᠨ ᠪᠠᠰᠠ ᠬᠡᠦᠬᠡᠳ ᠪᠠᠭᠠᠴᠤᠳ ᠤᠨ ᠤᠨᠲᠠᠬᠤ ᠥᠷᠥᠭᠡᠨ ᠳᠤ ᠲᠧᠯᠸᠢᠰ᠂ ᠺᠤᠮᠫᠢᠦ᠋ᠲ᠋ᠧᠷ ᠲᠠᠯᠪᠢᠬᠤ | ᠦᠭᠡᠢ᠂ ᠰᠥᠨᠢ ᠳᠡᠭᠡᠨ ᠭᠡᠷᠡᠯ ᠠᠴᠠ ᠵᠠᠶᠢᠯᠠᠭᠤᠯᠬᠤ ᠴᠣᠩᠬᠤᠨ ᠪᠦᠲᠡᠭᠡᠯᠭᠡ ᠬᠡᠷᠡᠭᠯᠡᠵᠦ᠂ ᠰᠥᠨᠢ ᠳ᠋ᠧᠩ ᠢᠶᠠᠨ ᠠᠰᠠᠭᠠᠵᠤ ᠤᠨᠲᠠᠬᠤ ᠦᠭᠡᠢ ᠪᠠᠶᠢᠵᠤ᠂ ᠥᠨᠳᠥᠷ | ᠭᠡᠷᠡᠯᠲᠦᠴᠡ ᠲᠠᠢ᠂ ᠬᠥᠬᠡ ᠭᠡᠷᠡᠯ ᠲᠠᠢ ᠡᠯᠧᠺᠲᠷᠣᠨ ᠪᠦᠲᠦᠭᠡᠭᠳᠡᠬᠦᠨ ᠤ ᠭᠡᠷᠡᠯ ᠤᠨ ᠳᠣᠣᠷ᠎ᠠ ᠪᠠᠶᠢᠬᠤ ᠶᠢ ᠴᠠᠭ ᠢ ᠪᠠᠭᠠᠰᠬᠠᠬᠤ ᠪᠤᠶᠤ ᠵᠠᠶᠢᠯᠠᠰᠬᠢᠵᠦ ᠴᠢᠳᠠᠪᠠᠯ ᠨᠡᠩ | ᠰᠠᠶᠢᠨ ᠭᠡᠵᠦ ᠰᠠᠨᠠᠭᠤᠯᠵᠠᠢ᠃ |