ᠣᠴᠣᠶᠢᠵᠤ ᠰᠠᠭᠤᠪᠠᠯ ᠴᠢᠰᠤᠨ ᠳᠠᠷᠤᠯᠲᠠ ᠶᠢ ᠪᠠᠭᠤᠷᠠᠭᠤᠯᠤᠨ᠎ᠠ
ᠨᠡᠶᠢᠲᠡᠯᠡᠭᠰᠡᠨ ᠴᠠᠭ᠄
2024/12/25
          ᠠᠩᠭ᠍ᠯᠢ ᠶᠢᠨ ᠺᠠᠨᠲ᠋ᠧᠷᠪᠦ᠋ᠷᠶ᠋ᠢ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨᠲᠠᠨ ᠡᠮᠴᠢᠯᠡᠭᠡᠨ ᠤ ᠲᠤᠷᠰᠢᠯᠲᠠ ᠠᠴᠠ ᠢᠷᠡᠭᠰᠡᠨ ᠭᠡᠷᠡᠴᠢ ᠪᠠᠷᠢᠮᠲᠠ ᠶᠢ ᠬᠤᠷᠢᠶᠠᠩᠭᠤᠶᠢᠯᠠᠨ ᠵᠠᠳᠠᠯᠤᠭᠰᠠᠨ ᠤ ᠳ᠋ᠦᠩ ᠳᠤ ᠢᠯᠡᠷᠡᠭᠦᠯᠦᠭᠰᠡᠨ ᠢᠶᠠᠷ᠂ ᠲᠣᠭᠲᠠᠩᠭᠤᠢ ᠪᠠᠶᠢᠳᠠᠯ ᠤᠨ ᠣᠷᠳᠣ ᠬᠤᠭᠤᠴᠠᠭᠠᠨ ᠤ ᠬᠥᠳᠡᠯᠭᠡᠭᠡᠨ ︵ᠪᠡᠶ᠎ᠡ ᠪᠠᠨ ᠬᠥᠳᠡᠯᠭᠡᠬᠦ ᠦᠭᠡᠢ ᠪᠠᠷ ᠪᠤᠯᠴᠢᠩ ᠢ ᠬᠥᠳᠡᠯᠭᠡᠵᠦ ᠪᠣᠯᠣᠨ᠎ᠠ︶ ᠪᠣᠯ ᠴᠢᠰᠤᠨ ᠳᠠᠷᠤᠯᠲᠠ ᠶᠢ ᠪᠠᠭᠤᠷᠠᠭᠤᠯᠬᠤ ᠬᠠᠮᠤᠭ ᠤᠨ ᠰᠠᠶᠢᠨ ᠠᠷᠭ᠎ᠠ ᠮᠥᠨ᠃ ᠡᠭᠦᠨ ᠤ ᠬᠠᠮᠲᠤ᠂ ᠬᠦᠴᠢᠯᠲᠥ᠋ᠷᠥᠭᠴᠢᠲᠦ ᠪᠣᠯᠪᠠᠰᠤᠷᠠᠯ᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ ︵ᠵᠢᠱᠢᠶᠡᠯᠡᠪᠡᠯ ᠣᠴᠣᠶᠢᠬᠤ᠂ ᠡᠯᠢᠭᠡᠳᠡᠵᠦ ᠲᠤᠯᠬᠤ ᠪᠠ ᠬᠦᠨᠳᠦ ᠶᠢ ᠡᠷᠭᠦᠬᠦ ᠵᠡᠷᠭᠡ︶ ᠪᠣᠯᠣᠨ ᠥᠨᠳᠥᠷ ᠬᠦᠴᠦᠯᠡᠴᠡ ᠲᠠᠢ ᠵᠠᠪᠰᠠᠷᠯᠠᠯᠳᠤ ᠪᠣᠯᠪᠠᠰᠤᠷᠠᠯ ᠨᠢ ᠪᠠᠰᠠ ᠬᠦᠴᠦᠨ ᠲᠠᠢ ᠪᠠᠶᠢᠳᠠᠭ᠃ ︽ᠠᠩᠭ᠍ᠯᠢ ᠶᠢᠨ ᠪᠡᠶ᠎ᠡ ᠲᠠᠮᠢᠷ ᠤᠨ ᠠᠨᠠᠭᠠᠬᠤ ᠤᠬᠠᠭᠠᠨ ᠤ ᠰᠡᠳᠬᠦᠯ︾ ᠳᠡᠭᠡᠷ᠎ᠡ ᠨᠡᠶᠢᠲᠡᠯᠡᠭᠰᠡᠨ ᠡᠨᠡ ᠬᠦ ᠰᠤᠳᠤᠯᠭᠠᠨ ᠤ ᠦᠷ᠎ᠡ ᠪᠦᠲᠦᠭᠡᠯ ᠠᠴᠠ ᠣᠯᠣᠭᠰᠠᠨ ᠳ᠋ᠦᠩᠨᠡᠯᠲᠡ ᠭᠡᠪᠡᠯ᠄ ᠲᠣᠭᠲᠠᠩᠭᠤᠢ ᠪᠠᠶᠢᠳᠠᠯ ᠤᠨ ᠤᠷᠳᠤ ᠬᠤᠭᠤᠴᠠᠭᠠᠨ ᠤ ᠬᠥᠳᠡᠯᠭᠡᠭᠡᠨ ᠪᠣᠯ ᠠᠪᠴᠢᠯᠲᠠ ᠶᠢᠨ ᠳᠠᠷᠤᠯᠲᠠ ᠪᠠ ᠲᠡᠯᠡᠯᠲᠡ ᠶᠢᠨ ᠳᠠᠷᠤᠯᠲᠠ ᠶᠢ ᠪᠠᠭᠤᠷᠠᠭᠤᠯᠬᠤ ᠬᠠᠮᠤᠭ ᠤᠨ ᠪᠦᠲᠦᠮᠵᠢᠲᠡᠶ ᠬᠡᠪ ᠵᠠᠭᠪᠤᠷ ᠪᠣᠯᠣᠨ᠎ᠠ᠃ ᠲᠡᠷᠡ ᠨᠢ ᠯᠤᠭᠰᠢᠭᠤᠨ ᠰᠤᠳᠠᠯ ᠤᠨ ᠴᠢᠰᠤᠨ ᠳᠠᠷᠤᠯᠲᠠ ᠥᠨᠳᠥᠷ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠰᠢᠨ᠎ᠡ ᠬᠥᠳᠡᠯᠭᠡᠭᠡᠨ ᠤ ᠵᠢᠯᠣᠭᠤᠳᠤᠮᠵᠢ ᠶᠢ ᠲᠣᠭᠲᠠᠭᠠᠬᠤ ᠳᠤ ᠰᠠᠭᠤᠷᠢ ᠲᠠᠯᠪᠢᠵᠤ ᠥᠭᠪᠡ᠃          ᠴᠢᠰᠤᠨ ᠳᠠᠷᠤᠯᠲᠠ ᠶᠢ ᠬᠢᠵᠠᠭᠠᠷᠯᠠᠬᠤ ᠬᠠᠮᠤᠭ ᠰᠠᠶᠢᠨ ᠬᠥᠳᠡᠯᠭᠡᠭᠡᠨ ᠤ ᠭᠡᠯᠪᠡᠷᠢ ᠶᠢᠨ ᠰᠤᠷᠠᠭ ᠵᠠᠩᠭᠢ ᠶᠢ ᠰᠢᠨᠡᠴᠢᠯᠡᠬᠦ ᠶᠢᠨ ᠲᠥᠯᠥᠭᠡ᠂ ᠰᠤᠳᠤᠯᠭᠠᠲᠠᠳ ᠲᠤᠭ᠎ᠠ ᠪᠠᠷᠢᠮᠲᠠ ᠶᠢᠨ ᠬᠥᠮᠥᠷᠭᠡ ᠶᠢ ᠬᠠᠶᠢᠵᠤ᠂ ᠬᠤᠶᠠᠷ ᠭᠠᠷᠠᠭ ᠪᠤᠶᠤ ᠨᠡᠩ ᠤᠷᠲᠤ ᠬᠤᠭᠤᠴᠠᠭᠠᠨ ᠤ ᠬᠥᠳᠡᠯᠭᠡᠭᠡᠨ ᠤ ᠪᠣᠯᠪᠠᠰᠤᠷᠠᠯ ᠳᠤ ᠨᠥᠯᠥᠭᠡᠯᠡᠭᠳᠡᠭᠰᠡᠳ ᠤᠨ ᠲᠠᠶᠢᠪᠤᠩ ᠴᠢᠰᠤᠨ ᠳᠠᠷᠤᠯᠲᠠ ᠶᠢ ᠨᠥᠯᠥᠭᠡᠯᠡᠬᠦ ᠡᠮᠴᠢᠯᠡᠭᠡᠨ ᠤ ᠲᠤᠷᠰᠢᠯᠲᠠ ᠶᠢ ᠡᠷᠢᠪᠡ᠃ ᠬᠥᠳᠡᠯᠭᠡᠭᠡᠨ ᠤ ᠨᠥᠯᠥᠭᠡᠯᠡᠯ ᠢ ᠬᠦᠴᠢᠯᠲᠥ᠋ᠷᠥᠭᠴᠢᠲᠦ ᠪᠣᠯᠪᠠᠰᠤᠷᠠᠯ᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ᠂ ᠳᠡᠭᠡᠷᠡᠬᠢ ᠬᠤᠶᠠᠷ ᠵᠦᠢᠯ ᠤᠨ ᠪᠣᠯᠪᠠᠰᠤᠷᠠᠯ ᠤᠨ ᠤᠶᠠᠯᠳᠤᠯ᠂ᠥᠨᠳᠥᠷ ᠬᠦᠴᠦᠯᠡᠴᠡ ᠲᠠᠢ ᠵᠠᠪᠰᠠᠷᠯᠠᠯᠳᠤ ᠮᠠᠶ᠋ᠢᠭ ᠤᠨ ᠪᠣᠯᠪᠠᠰᠤᠷᠠᠯ ︵HIIT︶ ᠪᠠ ᠲᠣᠭᠲᠠᠩᠭᠤᠢ ᠪᠠᠶᠢᠳᠠᠯ ᠤᠨ ᠣᠷᠳᠣ ᠬᠤᠭᠤᠴᠠᠭᠠᠨ ᠤ ᠬᠥᠳᠡᠯᠭᠡᠭᠡᠨ ᠭᠡᠵᠦ ᠠᠩᠭᠢᠯᠠᠳᠠᠭ᠃          ᠵᠠᠳᠠᠯᠤᠯᠲᠠ ᠶᠢᠨ ᠳ᠋ᠦᠩ ᠳᠤ ᠢᠯᠡᠷᠡᠭᠦᠯᠦᠭᠰᠡᠨ ᠢᠶᠠᠷ᠂ ᠪᠤᠶ ᠪᠦᠬᠦᠢ ᠠᠳᠠᠯᠢ ᠪᠤᠰᠤ ᠲᠥᠷᠥᠯ ᠤᠨ ᠬᠥᠳᠡᠯᠭᠡᠭᠡᠨ ᠬᠢᠭᠰᠡᠨ ᠤ ᠳᠠᠷᠠᠭ᠎ᠠ᠂ ᠣᠷᠣᠯᠴᠠᠭᠰᠠᠳ ᠤᠨ ᠲᠠᠶᠢᠪᠤᠩ ᠠᠪᠴᠢᠯᠲᠠ ᠶᠢᠨ ᠳᠠᠷᠤᠯᠲᠠ ᠪᠠ ᠲᠡᠯᠡᠯᠲᠡ ᠶᠢᠨ ᠳᠠᠷᠤᠯᠲᠠ ᠨᠢ ᠴᠥᠮ ᠢᠯᠡᠳᠲᠡ ᠪᠠᠭᠤᠷᠠᠳᠠᠭ᠂ ᠭᠡᠪᠡᠴᠦ ᠲᠣᠭᠲᠠᠩᠭᠤᠢ ᠪᠠᠶᠢᠳᠠᠯ ᠤᠨ ᠣᠷᠳᠣ ᠬᠤᠭᠤᠴᠠᠭᠠᠨ ᠤ ᠬᠥᠳᠡᠯᠭᠡᠭᠡᠨ ᠤ ᠪᠣᠯᠪᠠᠰᠤᠷᠠᠯ ᠬᠢᠭᠰᠡᠨ ᠤ ᠳᠠᠷᠠᠭ᠎ᠠ᠂ ᠠᠪᠴᠢᠯᠲᠠ ᠶᠢᠨ ᠳᠠᠷᠤᠯᠲᠠ ᠪᠠ ᠲᠡᠯᠡᠯᠲᠡ ᠶᠢᠨ ᠳᠠᠷᠤᠯᠲᠠ ᠶᠢᠨ ᠳᠣᠷᠣᠭᠰᠢᠯᠠᠬᠤ ᠬᠡᠮᠵᠢᠶ᠎ᠡ ᠨᠢ ᠬᠠᠮᠤᠭ ᠤᠨ ᠶᠡᠭᠡ ᠪᠠᠶᠢᠳᠠᠭ᠃          ᠪᠣᠳᠠᠲᠠᠢ ᠪᠠᠷ ᠬᠡᠯᠡᠪᠡᠯ᠂ ᠬᠦᠴᠢᠯᠲᠥ᠋ᠷᠥᠭᠴᠢᠲᠦ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 4.49/2.53mmHg᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 4.55/3.04mmHg᠂ ᠬᠤᠶᠠᠷ ᠵᠦᠢᠯ ᠢ ᠤᠶᠠᠯᠳᠤᠭᠤᠯᠬᠤ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 6.04/2.54mmHg᠂ ᠥᠨᠳᠥᠷ ᠬᠦᠴᠦᠯᠡᠴᠡ ᠲᠠᠢ ᠵᠠᠪᠰᠠᠷᠯᠠᠯᠳᠤ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 4.08/2.50mmHg᠂ ᠲᠣᠭᠲᠠᠩᠭᠤᠢ ᠪᠠᠶᠢᠳᠠᠯ ᠤᠨ ᠣᠷᠳᠣ ᠬᠤᠭᠤᠴᠠᠭᠠᠨ ᠤ ᠬᠥᠳᠡᠯᠭᠡᠭᠡᠨ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 8.24/4mmHg ᠪᠣᠯᠣᠨ᠎ᠠ᠃ ᠠᠪᠴᠢᠯᠲᠠ ᠲᠡᠯᠡᠯᠲᠡ ᠶᠢᠨ ᠳᠠᠷᠤᠯᠲᠠ ᠶᠢ ᠪᠠᠭᠤᠷᠠᠭᠤᠯᠬᠤ ᠬᠦᠴᠦᠨ ᠲᠠᠢ ᠲᠤᠭ᠎ᠠ ᠬᠡᠮᠵᠢᠭᠳᠡᠯ ᠤᠨ ᠳᠡᠰ ᠳᠠᠷᠠᠭᠠᠯᠠᠯ ᠨᠢ ᠲᠣᠭᠲᠠᠩᠭᠤᠢ ᠪᠠᠶᠢᠳᠠᠯ ᠤᠨ ᠣᠷᠳᠣ ᠬᠤᠭᠤᠴᠠᠭᠠᠨ ᠤ ᠬᠥᠳᠡᠯᠭᠡᠭᠡᠨ ᠤ ᠪᠣᠯᠪᠠᠰᠤᠷᠠᠯ ︵98%︶᠂ ᠤᠶᠠᠯᠳᠤᠭᠤᠯᠬᠤ ᠪᠣᠯᠪᠠᠰᠤᠷᠠᠯ ︵76%︶᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ ︵46%︶᠂ ᠬᠦᠴᠢᠯᠲᠥ᠋ᠷᠥᠭᠴᠢᠲᠦ ᠪᠣᠯᠪᠠᠰᠤᠷᠠᠯ ︵40.5%︶ ᠪᠠ HIIT ︵39%︶ ᠪᠣᠯᠣᠨ᠎ᠠ᠃          ᠬᠤᠶᠠᠳᠠᠭᠢ ᠤᠳᠠᠭᠠᠨ ᠤ ᠵᠠᠳᠠᠯᠤᠯᠲᠠ ᠠᠴᠠ ᠦᠵᠡᠪᠡᠯ᠂ ᠬᠡᠷᠡᠮ ᠢ ᠲᠦᠰᠢᠵᠦ ᠣᠴᠣᠶᠢᠬᠤ ︵ᠲᠣᠭᠲᠠᠩᠭᠤᠢ ᠪᠠᠶᠢᠳᠠᠯ ᠤᠨ ᠣᠷᠳᠣ ᠬᠤᠭᠤᠴᠠᠭᠠᠨ ᠤ ᠬᠥᠳᠡᠯᠭᠡᠭᠡᠨ ᠤ ᠪᠣᠯᠪᠠᠰᠤᠷᠠᠯ︶ ᠪᠠ ᠭᠦᠶᠦᠬᠦ ︵ᠬᠦᠴᠢᠯᠲᠥ᠋ᠷᠥᠭᠴᠢᠲᠦ ᠪᠣᠯᠪᠠᠰᠤᠷᠠᠯ︶ ᠨᠢ ᠲᠣᠰ ᠲᠣᠰ ᠠᠪᠴᠢᠯᠲᠠ ᠶᠢᠨ ᠳᠠᠷᠤᠯᠲᠠ ᠶᠢ ᠪᠠᠭᠤᠷᠠᠭᠤᠯᠬᠤ ︵90.5%︶ ᠪᠠ ᠲᠡᠯᠡᠯᠲᠡ ᠶᠢᠨ ᠳᠠᠷᠤᠯᠲᠠ ᠶᠢ ᠪᠠᠭᠤᠷᠠᠭᠤᠯᠬᠤ︵91%︶ᠬᠠᠮᠤᠭ ᠤᠨ ᠪᠦᠲᠦᠮᠵᠢᠲᠡᠶ ᠲᠤᠰᠠᠭᠠᠷ ᠪᠣᠯᠪᠠᠰᠤᠷᠠᠯ ᠪᠣᠯᠣᠨ᠎ᠠ᠃ ᠶᠡᠷᠦᠩᠬᠡᠢ ᠳᠤᠨᠢ ᠠᠪᠴᠤ ᠬᠡᠯᠡᠪᠡᠯ᠂ ᠲᠣᠭᠲᠠᠩᠭᠤᠢ ᠪᠠᠶᠢᠳᠠᠯ ᠤᠨ ᠣᠷᠳᠣ ᠬᠤᠭᠤᠴᠠᠭᠠᠨ ᠤ ᠬᠥᠳᠡᠯᠭᠡᠭᠡᠨ ᠨᠢ ᠠᠪᠴᠢᠯᠲᠠ ᠶᠢᠨ ᠳᠠᠷᠤᠯᠲᠠ ᠪᠠ ᠲᠡᠯᠡᠯᠲᠡ ᠶᠢᠨ ᠳᠠᠷᠤᠯᠲᠠ ᠶᠢ ᠪᠠᠭᠤᠷᠠᠭᠤᠯᠬᠤ ᠳᠤ ᠬᠠᠮᠤᠭ ᠤᠨ ᠠᠰᠢᠭᠲᠠᠢ ᠪᠠᠶᠢᠳᠠᠭ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ