12 ᠳ᠋ᠤᠭᠠᠷ ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠬᠢᠨ ᠱᠣᠣᠮᠠᠢ ᠶᠢᠨ ᠠᠮᠲᠠᠲᠤ ᠢᠳᠡᠭᠡᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ | ᠲᠤᠬᠠᠢ ᠶᠢᠨ ᠲᠠᠯᠠᠪᠠᠢ ᠳᠠᠬᠢ ᠵᠢᠭᠤᠯᠴᠢᠯᠠᠭᠰᠠᠳ ᠤᠨ ᠲᠤᠭ᠎ᠠ 3.17 ᠲᠦᠮᠡᠨ ᠬᠥᠮᠥᠨ ᠤᠳᠠᠭ᠎ᠠ ᠳᠤ ᠬᠦᠷᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠣᠯᠠᠨ | ᠬᠥᠮᠥᠨ ᠳᠤ ᠱᠣᠣᠮᠠᠢ ᠶᠢ ᠵᠣᠭᠤᠰ ᠬᠤᠷᠢᠶᠠᠬᠤ ᠦᠭᠡᠢ ᠪᠠᠷ ᠠᠮᠲᠠᠯᠠᠭᠤᠯᠬᠤ᠂ ᠱᠣᠣᠮᠠᠢ ᠪᠠᠷ ᠭᠤᠣᠯ ᠰᠡᠳᠦᠪ ᠢᠶᠠᠨ ᠪᠣᠯᠭᠠᠭᠰᠠᠨ ᠲᠣᠮᠣ ᠬᠡᠯᠪᠡᠷᠢ ᠶᠢᠨ ᠲᠣᠨᠣᠭᠯᠠᠯ | ᠤᠷᠠᠯᠢᠭ ᠤᠨ ᠦᠵᠡᠭᠦᠯᠭᠡ ᠵᠡᠷᠭᠡ ᠠᠵᠢᠯᠯᠠᠭ᠎ᠠ ᠨᠢ ᠵᠢᠭᠤᠯᠴᠢᠯᠠᠭᠰᠠᠳ ᠢ ᠲᠠᠲᠠᠵᠤ᠂ ᠤᠤᠭᠠᠯ ᠡᠭᠦᠳᠦᠯᠲᠡ ᠶᠢᠨ ᠭᠤᠴᠣᠯᠠᠯ ᠠᠶᠠᠯᠭᠤ ︽ᠬᠤᠨᠢᠨ ᠤ ᠮᠢᠬ᠎ᠠ | ᠰᠣᠩᠭᠢᠨ᠎ᠠ ᠶᠢᠨ ᠢᠳᠡᠭᠡ︾᠂ ︽ᠱᠣᠣᠮᠠᠢ ᠶᠢ ᠶᠠᠷᠢᠬᠤᠢ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠵᠠᠯᠭᠠᠭ᠎ᠠ ᠪᠠᠷ ᠲᠣᠭᠯᠠᠪᠠ᠃ ︽ᠬᠥᠬᠡᠬᠤᠲᠠ ᠳᠤ ᠱᠣᠣᠮᠠᠢ | ᠠᠮᠲᠠᠯᠠᠬᠤᠢ︾ ᠨᠢ ᠨᠢᠭᠡᠨᠲᠡ ᠨᠢᠭᠡ ᠵᠦᠢᠯ ᠤᠨ ᠬᠠᠯᠠᠮᠰᠢᠯᠲᠤ ᠦᠵᠡᠭᠳᠡᠯ ᠪᠣᠯᠵᠤ᠂ ᠵᠢᠭᠤᠯᠴᠢᠯᠠᠭᠰᠠᠳ ᠳᠤᠷᠠᠲᠠᠶ᠎ᠠ ᠮᠥᠩᠭᠦ ᠭᠠᠷᠭᠠᠨ ᠬᠤᠳᠠᠯᠳᠤᠵᠤ ᠠᠪᠬᠤ ᠢᠳᠡᠭᠡᠨ | ᠪᠣᠯᠵᠠᠢ᠂ 12 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠂ ᠪᠦᠬᠦ ᠰᠦᠯᠵᠢᠶᠡᠨ ᠤ ᠬᠠᠮᠢᠶ᠎ᠠ ᠪᠦᠬᠦᠢ ᠮᠡᠳᠡᠭᠡ ᠵᠠᠩᠭᠢ 2009 ᠵᠤᠷᠪᠤᠰ ᠪᠠᠶᠢᠵᠤ᠂ ᠤᠩᠰᠢᠯᠭ᠎ᠠ ᠶᠢᠨ | ᠬᠡᠮᠵᠢᠶ᠎ᠡ ᠨᠢ 5746 ᠲᠦᠮᠡᠨ ᠬᠥᠮᠥᠨ ᠤᠳᠠᠭ᠎ᠠ ᠳᠤ ᠬᠦᠷᠴᠦ᠂ ᠰᠣᠨᠢᠷᠬᠠᠭᠰᠠᠨ ᠬᠡᠮᠵᠢᠶ᠎ᠡ ᠨᠢ 8385 ᠲᠦᠮᠡᠨ ᠤᠳᠠᠭ᠎ᠠ ᠳᠤ ᠬᠦᠷᠦᠭᠰᠡᠨ ᠪᠠᠶᠢᠨ᠎ᠠ᠂ ᠱᠣᠣᠮᠠᠢ ᠶᠢᠨ | ᠠᠮᠲᠠᠲᠤ ᠢᠳᠡᠭᠡᠨ ᠤ ᠶᠡᠭᠡ ᠨᠠᠶᠢᠷ ᠤᠨ ᠲᠤᠰ ᠡᠳᠦᠷ ᠲᠠᠬᠢ ᠲᠥᠪ ᠲᠧᠯᠸᠢᠰ ᠤᠨ ᠸᠢᠳᠢᠤ᠋᠂ ᠳᠡᠭᠦᠯᠢᠯᠲᠡ ᠬᠠᠮ ᠵᠠᠭᠤᠴᠢᠯᠠᠭᠤᠷ ᠵᠡᠷᠭᠡ ᠠᠬᠤᠢ ᠲᠠᠯᠠᠪᠤᠷ ᠤᠨ ᠰᠢᠭᠤᠳ | ᠨᠡᠪᠲᠡᠷᠡᠭᠦᠯᠭᠡ ᠶᠢᠨ ᠦᠵᠡᠭᠴᠢ ᠶᠢᠨ ᠲᠤᠭ᠎ᠠ ᠮᠢᠩᠭᠠᠨ ᠲᠦᠮᠡᠨ ᠬᠥᠮᠥᠨ ᠤᠳᠠᠭ᠎ᠠ ᠶᠢ ᠳᠠᠪᠠᠵᠤ᠂ ᠰᠢᠨᠬᠤᠸᠠ ᠬᠤᠷᠢᠶ᠎ᠠ᠂ ᠠᠷᠠᠳ ᠤᠨ ᠡᠳᠦᠷ ᠤᠨ ᠰᠣᠨᠢᠨ ᠵᠡᠷᠭᠡ | ᠲᠥᠪ ᠤᠨ ᠱᠠᠲᠤᠨ ᠤ ᠵᠠᠭᠤᠴᠢᠯᠠᠭᠤᠷ ᠤᠨ ᠮᠡᠳᠡᠭᠡᠯᠡᠭᠰᠡᠨ ᠮᠡᠳᠡᠭᠡᠯᠡᠯ 200 ᠰᠢᠬᠠᠮ ᠤᠳᠠᠭ᠎ᠠ ᠪᠠᠶᠢᠵᠤ᠂ ᠪᠢᠴᠢᠯ ᠪᠦᠷᠭᠡ᠂ ᠲᠢᠺ ᠲᠣᠺ᠂ ᠬᠤᠷᠳᠤᠨ ᠭᠠᠷ ᠲᠤ ᠪᠣᠢ | ᠪᠣᠯᠤᠭᠰᠠᠨ ᠬᠠᠯᠠᠮᠰᠢᠯ ᠴᠡᠭ 20 ᠰᠢᠬᠠᠮ ᠪᠣᠯᠪᠠ᠃ ︵ᠬᠥᠬᠡᠬᠤᠲᠠ ᠶᠢᠨ ᠵᠠᠰᠠᠭ ᠤᠨ ᠣᠷᠳᠣᠨ︶ |