2021 ᠣᠨ ᠠᠴᠠ ᠨᠠᠭᠠᠰᠢ᠂ ᠣᠷᠳᠣᠰ ᠬᠤᠲᠠ ᠤᠷᠢᠳ ᠬᠤᠵᠢᠳ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ | ︵ᠪᠡᠭᠡᠵᠢᠩ︶ ᠶᠢᠨ ᠥᠪᠥᠷ ᠮᠣᠩᠭᠤᠯ ᠳᠠᠬᠢ ᠰᠤᠳᠤᠯᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠳᠠᠬᠢ ᠡᠨᠧᠷᠭᠢ ᠶᠢᠨ ᠰᠤᠳᠤᠯᠭᠠᠨ ᠤ | ᠬᠦᠷᠢᠶᠡᠯᠡᠩ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠦᠬᠠᠨ︶ ᠶᠢᠨ ᠥᠪᠥᠷ ᠮᠣᠩᠭᠤᠯ ᠳᠠᠬᠢ ᠰᠤᠳᠤᠯᠭᠠᠨ ᠤ ᠬᠦᠷᠢᠶᠡᠯᠡᠩ ᠵᠡᠷᠭᠡ | ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠪᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ 30 ᠵᠤᠷᠪᠤᠰ︾ ᠢ ᠨᠡᠶᠢᠲᠡᠯᠡᠨ | ᠬᠡᠷᠡᠭᠵᠢᠭᠦᠯᠵᠦ᠂ ᠨᠡᠶᠢᠲᠡ 10.1 ᠳ᠋ᠦᠩᠰᠢᠭᠤᠷ ᠲᠥᠭᠦᠷᠢᠭ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ 600 | ᠭᠠᠷᠤᠢ ᠡᠷᠦᠬᠡ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠣᠭᠴᠠ ᠳᠤ ᠠᠰᠢᠭ ᠬᠦᠷᠲᠡᠭᠡᠪᠡ᠃ ᠪᠡᠯᠭᠡ ᠲᠡᠮᠳᠡᠭ ᠤᠨ ᠴᠢᠨᠠᠷᠲᠠᠢ ᠨᠢᠭᠡ ᠪᠦᠯᠦᠭ ᠲᠥᠷᠥᠯ | ᠵᠦᠢᠯ ᠢ ᠲᠦᠷᠭᠡᠳᠬᠡᠨ ᠬᠡᠷᠡᠭᠵᠢᠭᠦᠯᠵᠦ᠂ ᠣᠷᠳᠣᠰ ᠲᠠᠬᠢ ᠲᠤᠷᠰᠢᠯᠲᠠ ᠶᠢᠨ ᠲᠠᠰᠤᠭ ᠨᠢ ᠥᠪᠥᠷ ᠮᠣᠩᠭᠤᠯ ᠳᠠᠬᠢ ᠲᠤᠷᠰᠢᠯᠲᠠ ᠶᠢᠨ ᠲᠠᠰᠤᠭ ᠪᠠ ᠤᠯᠤᠰ ᠤᠨ | ᠲᠠᠰ ᠤᠨ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠠᠵᠢᠯ ᠤᠨ ᠥᠷᠲᠡᠭᠡ ᠪᠠᠷ ᠵᠥᠪᠰᠢᠶᠡᠷᠡᠭᠳᠡᠵᠦ᠂ CO2\ ᠨᠡᠶᠢᠯᠡᠮᠡᠯ ᠬᠡᠢ ᠶᠢᠨ ᠨᠢᠭᠡ ᠠᠯᠬᠤᠮ ᠤᠨ | ᠠᠷᠭ᠎ᠠ ᠪᠠᠷ ᠦᠨᠦᠷᠲᠦ ᠨᠡᠭᠦᠷᠦᠭᠴᠢ ᠦᠢᠯᠡᠳᠬᠦ ᠮᠡᠷᠭᠡᠵᠢᠯ ᠵᠡᠷᠭᠡ 3 ᠵᠦᠢᠯ ᠤᠨ ᠮᠡᠷᠭᠡᠵᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠤᠯᠠᠷᠢᠭᠤᠯᠬᠤ︔ | ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ ᠡᠨᠧᠷᠭᠢ ᠶᠢᠨ ᠰᠤᠳᠤᠯᠭᠠᠨ ᠤ ᠬᠦᠷᠢᠶᠡᠯᠡᠩ ᠤᠨ ︽ᠲᠡᠭ ᠨᠡᠭᠦᠷᠡᠰᠦᠲᠥ᠋ᠷᠥᠭᠴᠢᠲᠦ︾ ᠨᠢᠰᠬᠡᠯ ᠤᠨ ᠪᠠᠭᠤᠳᠠᠯ᠂ | ᠳᠡᠭᠡᠳᠦ ᠲᠠᠰ ᠤᠨ ᠣᠶᠤᠨᠴᠢᠯᠠᠭᠰᠠᠨ ᠠᠭᠤᠷᠬᠠᠢ ᠵᠡᠷᠭᠡ ᠲᠥᠷᠥᠯ ᠵᠦᠢᠯ ᠤᠨ ᠬᠦᠴᠦᠲᠡᠢ ᠠᠬᠢᠭᠤᠯᠤᠯᠲᠠ︔ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ | ᠶᠡᠭᠡ ᠰᠤᠷᠭᠠᠭᠤᠯᠢ ︵ᠪᠡᠭᠡᠵᠢᠩ︶ ᠶᠢᠨ ᠥᠪᠥᠷ ᠮᠣᠩᠭᠤᠯ ᠳᠠᠬᠢ ᠰᠤᠳᠤᠯᠭᠠᠨ ᠤ ᠬᠦᠷᠢᠶᠡᠯᠡᠩ ᠭᠦᠨ ᠬᠡᠰᠡᠭ ᠤᠨ ᠨᠡᠭᠦᠷᠡᠰᠦ ᠪᠠᠷ ᠬᠡᠢ ᠦᠢᠯᠡᠳᠬᠦ & | ᠨᠡᠭᠦᠷᠡᠰᠦᠲᠥ᠋ᠷᠥᠭᠴᠢ ᠶᠢ ᠪᠢᠲᠡᠭᠦᠮᠵᠢᠯᠡᠨ ᠬᠠᠳᠠᠭᠠᠯᠠᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠪᠥᠬᠦ ᠤᠯᠤᠰ ᠤᠨ ᠠᠩᠬᠠᠳᠠᠭᠴᠢ ᠢᠵᠢ ᠣᠶᠤᠨᠲᠤ | ᠠᠭᠤᠷᠬᠠᠢ ᠶᠢᠨ ᠲᠡᠭᠡᠭᠡᠪᠦᠷᠢ ᠶᠢᠨ ᠮᠠᠰᠢᠨ ᠬᠥᠮᠥᠨ ᠤ ︽ᠠᠭᠤᠯᠠ ᠠᠴᠢᠬᠤ︾ ᠪᠠ ᠨᠡᠭᠦᠷᠡᠰᠦᠨ ᠠᠭᠤᠷᠬᠠᠢ ᠶᠢᠨ ᠭᠡᠨᠡᠳᠲᠡ ᠶᠢᠨ ᠤᠰᠤᠨ ᠴᠣᠭᠴᠠ ᠶᠢ ᠠᠮᠤᠷ | ᠲᠦᠪᠰᠢᠨ ᠢᠶᠠᠷ ᠭᠦᠨ ᠬᠠᠳᠠᠭᠠᠯᠠᠬᠤ ᠵᠠᠩᠭᠢᠯᠠᠭ᠎ᠠ ᠶᠢᠨ ᠮᠡᠷᠭᠡᠵᠢᠯ ᠵᠡᠷᠭᠡ 4 ᠵᠦᠢᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ | ᠨᠡᠶᠢᠲᠡᠯᠡᠬᠦ ᠶᠢ ᠲᠦᠯᠬᠢᠨ ᠠᠬᠢᠭᠤᠯᠪᠠ᠃ ᠣᠶᠢᠷ᠎ᠠ ᠳᠤ᠂ ᠣᠷᠳᠣᠰ ᠬᠤᠲᠠ ᠶᠢᠨ ︽ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠯᠦᠭᠵᠢᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ︾ ᠥᠭᠡᠷᠡᠴᠢᠯᠡᠯᠲᠡ ᠶᠢᠨ ᠬᠡᠷᠡᠭ ᠤᠨ ᠵᠢᠱᠢᠶ᠎ᠡ ᠨᠢ ᠳᠤᠮᠳᠠᠳᠤ ᠤᠯᠤᠰ ᠤᠨ ᠥᠭᠡᠷᠡᠴᠢᠯᠡᠯᠲᠡ ᠶᠢᠨ 2024 | ᠣᠨ ᠳᠠᠬᠢ ᠣᠷᠣᠨ ᠨᠤᠲᠤᠭ ᠤᠨ ᠬᠤᠪᠢ ᠳᠠᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠬᠤᠲᠠ ᠶᠢᠨ ᠬᠡᠪᠴᠢᠶᠡᠨ ᠤ ᠬᠡᠷᠡᠭ ᠤᠨ ᠵᠢᠱᠢᠶ᠎ᠡ ᠳᠤ | ᠰᠣᠩᠭᠤᠭᠳᠠᠨ ᠣᠷᠣᠵᠤ᠂ ᠪᠥᠬᠦ ᠣᠷᠣᠨ ᠤ ᠴᠣᠷᠢ ᠶᠢᠨ ᠭᠠᠭᠴᠠ ᠡᠨᠡ ᠬᠦ ᠢᠷᠠᠭᠤ ᠠᠯᠳᠠᠷ ᠢ ᠭᠥᠷᠳᠡᠭᠰᠡᠨ ᠬᠤᠲᠠ ᠶᠢᠨ ᠬᠡᠪᠴᠢᠶᠡᠨ ᠤ ᠬᠡᠷᠡᠭ ᠤᠨ ᠵᠢᠱᠢᠶ᠎ᠡ | ᠪᠣᠯᠤᠭᠰᠠᠨ ᠪᠠᠶᠢᠨ᠎ᠠ᠃ ︵ᠣᠷᠳᠣᠰ ᠬᠤᠲᠠ ᠶᠢᠨ ᠵᠠᠰᠠᠭ ᠤᠨ ᠣᠷᠳᠣᠨ︶ |