2024 ᠣᠨ ᠤ 1 ︱ 11 ᠰᠠᠷ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/12/25
          ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤ ᠪᠦᠬᠦ ᠬᠤᠰᠢᠭᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ  ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠢᠯᠡᠷᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠳᠠᠷᠤᠯᠲᠠ ᠶᠢ ᠳᠠᠭᠠᠭᠠᠨ ᠠᠵᠢᠯᠯᠠᠵᠤ᠂ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠬᠥᠭᠵᠢᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠢ ᠳᠡᠭᠡᠨ ᠡᠷᠭᠢᠨ ᠳᠡᠭᠡᠭᠰᠢᠯᠡᠵᠦ᠂ ᠠᠵᠤ ᠠᠬᠤᠢ ᠶᠢᠨ ᠠᠵᠢᠯᠯᠠᠭᠠᠨ ᠤ ᠢᠳᠡᠪᠬᠢ ᠬᠦᠴᠦᠨ ᠵᠦᠢᠯ ᠨᠡᠮᠡᠭᠳᠡᠵᠦ᠂ ᠠᠵᠤ ᠠᠬᠤᠢ ᠶᠢᠨ ᠭᠤᠣᠯ ᠪᠣᠯᠬᠤ ᠭᠦᠢᠴᠡᠳᠬᠡᠯ ᠲᠤᠭ᠎ᠠ  ᠨᠢ ᠰᠠᠶᠢᠨ ᠪᠠᠶᠢᠳᠠᠯ ᠬᠠᠨᠳᠤᠰᠢ ᠶᠢ ᠢᠯᠡᠷᠡᠭᠦᠯᠪᠡ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠵᠤ ᠠᠵᠢᠯ ᠢᠶᠠᠨ ᠭᠦᠢᠴᠡᠳᠬᠡᠪᠡ          1—11 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.9%  ᠪᠠᠷ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 11052.4 ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9%  ᠪᠠᠷ ᠪᠠᠭᠤᠷᠠᠪᠠ︔ᠰᠢᠨ᠎ᠡ ᠰᠣᠷᠭᠤᠭ᠂ ᠬᠥᠯᠳᠡᠭᠡᠨ ᠬᠠᠳᠠᠭᠠᠯᠠᠭᠰᠠᠨ ᠮᠢᠬᠠᠨ ᠤ ᠭᠠᠷᠤᠯᠲᠠ 2992.1 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 72.6% ᠪᠠᠷ ᠪᠠᠭᠤᠷᠠᠪᠠ︔ᠴᠠᠭᠠᠨ ᠢᠳᠡᠭᠡᠨ ᠤ ᠭᠠᠷᠤᠯᠲᠠ 2057 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.9%  ᠪᠠᠷ ᠪᠠᠭᠤᠷᠠᠵᠠᠢ᠃          ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ          1—11 ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 13.2% ᠢᠶᠠᠷ ᠨᠡᠮᠡᠭᠳᠡᠪᠡ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 40.2%  ᠢᠶᠠᠷ ᠨᠡᠮᠡᠭᠳᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.8 ᠳᠠᠬᠢᠨ ᠨᠡᠮᠡᠭᠳᠡᠵᠡᠢ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 52 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 8᠂ 500 ︱ 5000 ᠲᠦᠮᠡᠨ ᠲᠥᠭᠦᠷᠢᠭ ᠤᠨ ᠲᠥᠷᠥᠯ ᠵᠦᠢᠯ 40᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 4 ᠪᠣᠶ᠃1—11 ᠰᠠᠷ᠎ᠠ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 7340 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.7% ᠪᠠᠷ ᠨᠡᠮᠡᠭᠳᠡᠨ᠂ ᠪᠣᠷᠣᠯᠠᠭᠤᠯᠤᠯᠲᠠ ᠶᠢᠨ ᠬᠡᠮᠵᠢᠶ᠎ᠡ 2390 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.0% ᠪᠠᠷ ᠨᠡᠮᠡᠭᠳᠡᠵᠡᠢ᠃          ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ          1—11 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 6.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ᠃          ᠳᠥᠷᠪᠡ᠂ ᠡᠳ᠋ ᠤᠨ ᠵᠠᠰᠠᠭ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ          1—11 ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 9176 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠪᠠᠭᠤᠷᠠᠪᠠ᠂ ᠡᠭᠦᠨ ᠳᠤ ᠭᠠᠶᠢᠯᠢ ᠶᠢᠨ ᠣᠷᠣᠯᠭ᠎ᠠ 5725 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠪᠡ︔ᠭᠠᠶᠢᠯᠢ ᠶᠢᠨ ᠪᠤᠰᠤ ᠣᠷᠣᠯᠭ᠎ᠠ 3451 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 25.8% ᠪᠠᠷ ᠪᠠᠭᠤᠷᠠᠪᠠ᠃ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 95947 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃          ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠪᠠᠶᠢᠨ᠎ᠠ          11 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 151104 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 128190 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠪᠡ︔ ᠳᠡᠯᠭᠡᠷᠡᠩᠭᠦᠢ ᠤᠳᠬ᠎ᠠ ᠶᠢᠨ ᠵᠠᠰᠠᠭ ᠤᠨ ᠣᠷᠳᠣᠨ ᠤ ᠬᠠᠳᠠᠭᠠᠯᠠᠮᠵᠢ 19386 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.9% ᠪᠠᠭᠤᠷᠠᠵᠠᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 125035 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9%  ᠪᠠᠷ ᠨᠡᠮᠡᠭᠳᠡᠪᠡ᠃ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ 112252 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.7% ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 12783 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.7% ᠪᠠᠷ ᠪᠠᠭᠤᠷᠠᠪᠠ᠃          ᠶᠡᠷᠦᠩᠬᠡᠢ ᠳᠤᠨᠢ ᠠᠪᠴᠤ ᠦᠵᠡᠪᠡᠯ᠂ 1-11 ᠰᠠᠷ᠎ᠠ ᠳᠤ᠂ ᠪᠥᠬᠦ ᠬᠤᠰᠢᠭᠤᠨ ᠤ ᠠᠵᠤ ᠠᠬᠤᠢ ᠬᠦᠴᠢᠷ  ᠢ ᠰᠥᠷᠦᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠷᠬᠡ ᠠᠰᠠᠭᠤᠳᠠᠯ  ᠢ ᠬᠦᠴᠦᠯᠡᠨ ᠰᠢᠢᠳᠪᠦᠷᠢᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ  ᠢ ᠲᠦᠷᠭᠡᠪᠴᠢᠯᠡᠨ ᠪᠠᠶᠢᠭᠤᠯᠵᠤ᠂ ᠰᠢᠨ᠎ᠡ ᠬᠥᠳᠡᠯᠭᠡᠭᠴᠢ ᠬᠦᠴᠦᠨ ᠰᠢᠨ᠎ᠡ ᠳᠠᠪᠠᠭᠤᠯᠢᠭ  ᠢ ᠲᠦᠷᠭᠡᠪᠴᠢᠯᠡᠨ ᠪᠣᠶᠢᠵᠢᠭᠤᠯᠵᠠᠢ᠃ ᠲᠠᠷᠠᠭᠠᠴᠢ ᠶᠢᠨ ᠱᠠᠲᠤᠨ ᠳᠤ᠂ ᠰᠢᠨ᠎ᠡ ᠪᠠᠷᠭᠤ ᠵᠡᠭᠦᠨ ᠬᠤᠰᠢᠭᠤ ᠠᠵᠤ ᠠᠬᠤᠢ ᠶᠢᠨ ᠠᠵᠢᠯᠯᠠᠭᠠᠨ ᠤ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠬᠤ ᠶᠢ ᠦᠷᠭᠦᠯᠵᠢᠯᠡᠨ ᠠᠬᠢᠭᠤᠯᠵᠤ᠂ ᠲᠦᠷᠦᠭᠦᠸ ᠬᠠᠭᠠᠰ ᠵᠢᠯ ᠳᠤ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠭᠰᠠᠨ ᠰᠠᠭᠤᠷᠢᠨ ᠳᠡᠭᠡᠷ᠎ᠡ᠂ ᠦᠷᠭᠦᠯᠵᠢᠯᠡᠨ ᠯᠠᠪᠳᠠᠭᠤᠨ ᠲᠣᠭᠲᠠᠭᠤᠨ ᠢᠶᠠᠷ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ