APP ᠶᠢᠨ ︽ᠴᠠᠬᠢᠮ ᠵᠢᠭᠡᠯᠡᠯᠭᠡ︾ ᠨᠠᠶᠢᠳᠠᠪᠤᠷᠢᠲᠠᠢ ᠤᠤ︖
ᠨᠡᠶᠢᠲᠡᠯᠡᠭᠰᠡᠨ ᠴᠠᠭ᠄
2024/12/26
          ᠰᠢᠯᠵᠢᠮᠡᠯ ᠢᠨᠲ᠋ᠧᠷ ᠰᠦᠯᠵᠢᠶ᠎ᠡ ᠶᠢᠨ ᠲᠦᠭᠡᠮᠡᠯᠵᠢᠯᠲᠡ ᠪᠠ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠤ ᠳᠡᠭᠡᠭᠰᠢᠯᠡᠯᠲᠡ ᠶᠢ ᠳᠠᠭᠠᠯᠳᠤᠨ᠂ ᠰᠦᠯᠵᠢᠶ᠎ᠡ ᠪᠠᠷ ᠲᠥᠯᠥᠬᠦ᠂ ᠰᠦᠯᠵᠢᠶᠡᠨ ᠠᠴᠠ ᠵᠣᠭᠤᠰ ᠵᠢᠭᠡᠯᠡᠬᠦ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠠᠷᠠᠳ ᠤᠯᠠᠨ ᠤ ᠡᠳᠦᠷ ᠲᠤᠲᠤᠮ ᠤᠨ ᠠᠮᠢᠳᠤᠷᠠᠯ ᠳᠤᠮᠳᠠ ᠤᠯᠠᠮ ᠠᠴᠠ ᠤᠯᠠᠮ ᠲᠦᠭᠡᠮᠡᠯ ᠪᠣᠯᠵᠤ ᠪᠠᠶᠢᠨ᠎ᠠ᠃ ᠣᠳᠣᠬᠠᠨ ᠳᠤ ᡁᠢ ᠹᠦ᠋ ᠪᠤᠤ ᠶᠢᠨ︽ᠵᠢᠭᠡᠯᠡᠯᠭᠡ︾᠂ ᠵᠢᠷᠭᠢᠶ᠎ᠡ  ᠶᠢᠨ ︽ᠪᠢᠴᠢᠯ ᠵᠢᠭᠡᠯᠡᠯᠭᠡ︾ ᠵᠡᠷᠭᠡ ᠨᠡᠯᠢᠶᠡᠳ ᠲᠠᠨᠢᠯ ᠲᠠᠰᠤᠯ ᠪᠣᠯᠤᠭᠰᠠᠨ ᠵᠢᠭᠡᠯᠡᠯᠭᠡ ᠶᠢᠨ ᠦᠢᠯᠡᠳᠬᠦᠨ ᠠᠴᠠ ᠭᠠᠳᠠᠨ᠎ᠠ᠂ ᠵᠠᠷᠢᠮ ᠪᠠᠷᠠᠭ᠎ᠠ ᠬᠤᠳᠠᠯᠳᠤᠨ ᠠᠪᠬᠤ᠂ ᠵᠠᠬᠢᠶᠠᠯᠠᠭ᠎ᠠ ᠶᠢᠨ ᠬᠤᠭᠤᠯᠠ ᠵᠡᠷᠭᠡ ᠠᠮᠢᠳᠤᠷᠠᠯ ᠤᠨ ᠦᠢᠯᠡᠴᠢᠯᠡᠭᠡ ᠬᠠᠩᠭᠠᠳᠠᠭ APP ᠴᠤ ᠠᠷᠭ᠎ᠠ ᠪᠦᠭᠦᠨ ᠢ ᠰᠦᠪᠡᠭᠴᠢᠯᠡᠨ ᠵᠢᠭᠡᠯᠡᠯᠭᠡ ᠶᠢᠨ ᠦᠢᠯᠡᠴᠢᠯᠡᠭᠡ ᠭᠠᠷᠭᠠᠵᠤ ᠢᠷᠡᠵᠡᠢ᠃ ᠶᠠᠭᠤᠨ ᠠᠴᠠ ᠪᠣᠯᠣᠭᠠᠳ ᠡᠯ᠎ᠡ ᠵᠦᠢᠯ ᠤᠨ APP ︽ᠴᠠᠬᠢᠮ ᠵᠢᠭᠡᠯᠡᠯᠭᠡ︾ ᠶᠢᠨ ᠦᠢᠯᠡᠴᠢᠯᠡᠭᠡ ᠣᠯᠠᠰᠢᠷᠠᠵᠤ ᠢᠷᠡᠭᠰᠡᠨ ᠪᠣᠯ︖ ᠡᠨᠡ ᠨᠢ ᠬᠡᠷᠡᠭᠯᠡᠭᠴᠢᠳ ᠲᠤ ᠶᠠᠮᠠᠷ ᠶᠠᠮᠠᠷ ᠳᠠᠯᠳᠠ ᠭᠡᠮ ᠢ ᠠᠪᠴᠢᠷᠠᠭᠰᠠᠨ ᠪᠤᠶ︖ᠰᠦᠯᠵᠢᠶᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠡᠷᠬᠢᠨ ᠬᠥᠭᠵᠢᠭᠦᠯᠬᠦ ᠪᠤᠶ︖          APP ᠶᠠᠭᠠᠬᠢᠬᠤ ᠳᠠᠭᠠᠨ ᠬᠡᠷᠡᠭᠯᠡᠭᠴᠢᠳ ᠲᠤ ︽ᠴᠠᠬᠢᠮ ᠵᠢᠭᠡᠯᠡᠯᠭᠡ︾ ᠲᠠᠯᠪᠢᠬᠤ ᠳᠤᠷᠠᠲᠠᠢ ᠪᠤᠶ︖          ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠳᠥᠭᠦᠮᠴᠢᠯᠡᠵᠦ ᠬᠡᠯᠡᠪᠡᠯ ᠡᠨᠡ ᠪᠣᠯ ᠲᠠᠪᠴᠠᠩ ᠳᠠᠭᠠᠨ ᠬᠡᠷᠡᠭᠯᠡᠭᠴᠢ ᠣᠯᠣᠭᠰᠠᠨ ᠤ ᠲᠠᠷᠠᠭ᠎ᠠ ᠤᠷᠤᠰᠴᠠ ᠶᠢ ᠪᠡᠯᠡᠨ ᠮᠥᠩᠭᠦ ᠪᠤᠯᠭᠠᠬᠤ ᠴᠢᠬᠤᠯᠠ ᠠᠷᠭ᠎ᠠ ᠭᠡᠯᠪᠡᠷᠢ ᠮᠥᠨ ᠭᠡᠵᠡᠢ᠂ ᠡᠭᠦᠨ ᠤ ᠠᠷᠤ ᠳᠤ ᠣᠯᠠᠨ ᠲᠠᠯ᠎ᠠ ᠶᠢᠨ ᠬᠦᠴᠦᠨ ᠵᠦᠢᠯ ᠬᠤᠯᠪᠣᠭᠳᠠᠵᠤ ᠪᠤᠢ᠄ ᠡᠩ ᠲᠡᠷᠢᠭᠦᠨ ᠳᠤ᠂ ᠵᠢᠭᠡᠯᠡᠯᠭᠡ ᠶᠢᠨ ᠦᠢᠯᠡᠳᠬᠦᠨ ᠢ ᠣᠷᠣᠭᠤᠯᠤᠨ ᠠᠪᠴᠢᠷᠠᠪᠠᠯ ᠬᠥᠷᠥᠩᠭᠡ ᠶᠢᠨ ᠠᠵᠢᠯᠯᠠᠭᠠᠨ ᠢ ᠨᠠᠩ ᠪᠦᠲᠦᠮᠵᠢᠲᠡᠶ ᠪᠠᠷ ᠶᠠᠪᠤᠭᠳᠠᠭᠤᠯᠵᠤ ᠴᠢᠳᠠᠨ᠎ᠠ᠃ ᠵᠢᠭᠡᠯᠡᠯᠭᠡ ᠶᠢᠨ ᠦᠢᠯᠡᠴᠢᠯᠡᠭᠡ ᠬᠠᠩᠭᠠᠬᠤ ᠪᠠᠷ ᠳᠡᠮᠵᠢᠨ᠂ ᠲᠠᠪᠴᠠᠩ ᠨᠢ ᠲᠡᠭᠦᠨ ᠤ ᠶᠡᠭᠡ ᠬᠡᠮᠵᠢᠶᠡᠨ ᠤ ᠬᠡᠷᠡᠭᠯᠡᠭᠴᠢᠳ ᠢ ᠵᠣᠭᠤᠰ ᠵᠢᠭᠡᠯᠡᠬᠦ ᠳᠠᠯᠳᠠ ᠬᠡᠷᠡᠭᠯᠡᠭᠴᠢ ᠪᠣᠯᠭᠠᠨ ᠬᠤᠪᠢᠷᠠᠭᠤᠯᠵᠤ᠂ ᠡᠭᠦᠨ ᠤ ᠤᠯᠠᠮ ᠠᠴᠠ ᠪᠡᠯᠡ ᠮᠥᠩᠭᠦᠨ ᠤ ᠡᠷᠭᠢᠯᠲᠡ ᠶᠢ ᠨᠡᠮᠡᠭᠳᠡᠭᠦᠯᠵᠦ ᠪᠣᠯᠣᠨ᠎ᠠ᠃ ᠡᠭᠦᠨ ᠤ ᠬᠠᠮᠲᠤ᠂ ᠵᠢᠭᠡᠯᠡᠯᠭᠡ ᠶᠢᠨ ᠦᠢᠯᠡᠳᠬᠦᠨ᠂ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠢᠶᠠᠷ ᠳᠠᠮᠵᠢᠭᠤᠯᠤᠨ ᠬᠡᠷᠡᠭᠯᠡᠭᠴᠢ ᠶᠢᠨ ᠵᠢᠭᠡᠯᠡᠯᠭᠡ ᠶᠢᠨ ᠬᠦᠦ ᠮᠥᠩᠭᠦ ᠶᠢ ᠪᠤᠴᠠᠭᠠᠬᠤ ᠵᠡᠷᠭᠡ ᠠᠷᠭ᠎ᠠ ᠭᠡᠯᠪᠡᠷᠢ ᠶᠢ ᠠᠰᠢᠭᠯᠠᠨ ᠣᠯᠠᠨ ᠡᠰᠢᠵᠢᠭᠰᠡᠨ ᠠᠰᠢᠭ ᠣᠯᠵᠠᠪᠤᠷᠢ ᠶᠢᠨ ᠵᠠᠭᠪᠤᠷ ᠢ ᠪᠡᠶᠡᠯᠡᠭᠦᠯᠵᠦ᠂ ᠲᠠᠩ ᠭᠠᠭᠴᠠ ᠲᠤᠬᠠᠶᠢᠯᠠᠭᠰᠠᠨ ᠠᠵᠢᠯ ᠳᠤ ᠲᠦᠰᠢᠭᠯᠡᠬᠦ ᠶᠢ ᠪᠠᠭᠠᠰᠬᠠᠵᠤ ᠪᠣᠯᠣᠨ᠎ᠠ᠃          ᠳᠠᠷᠠᠭᠠᠯᠠᠪᠠᠯ᠂ ᠵᠢᠭᠡᠯᠡᠯᠭᠡ ᠶᠢᠨ ᠦᠢᠯᠡᠳᠬᠦᠨ ᠢ ᠣᠷᠣᠭᠤᠯᠤᠨ ᠠᠪᠴᠢᠷᠠᠬᠤ ᠨᠢ ᠬᠡᠷᠡᠭᠯᠡᠭᠴᠢᠳ ᠤᠨ ᠨᠠᠭᠠᠯᠳᠤᠩᠬᠠᠢ ᠴᠢᠨᠠᠷ ᠢ ᠨᠡᠮᠡᠭᠳᠡᠭᠦᠯᠵᠦ ᠪᠣᠯᠣᠨ᠎ᠠ᠃ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠢᠶᠠᠷ ᠵᠢᠱᠢᠶᠡᠯᠡᠪᠡᠯ᠂ ᠬᠡᠷᠡᠭᠯᠡᠭᠴᠢᠳ ᠲᠤ ᠵᠢᠭᠡᠯᠡᠯᠭᠡ ᠶᠢᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠬᠤᠭᠤᠯᠠ ᠤᠮᠳᠠᠭᠠᠨ ᠤ ᠵᠦᠢᠯ ᠢ ᠲᠣᠬᠢᠷᠠᠭᠤᠯᠤᠨ ᠬᠦᠷᠭᠡᠬᠦ ᠲᠥᠭᠦᠮ ᠬᠠᠩᠭᠠᠯᠭ᠎ᠠ ᠶᠢᠨ ᠬᠤᠳᠠᠯᠳᠤᠭᠠᠴᠢᠨ ᠪᠠᠶᠢᠭᠰᠠᠨ ᠠᠴᠠ ᠪᠦᠭᠦ ᠲᠠᠯ᠎ᠠ ᠶᠢᠨ ᠠᠮᠢᠳᠤᠷᠠᠯ ᠤᠨ ᠦᠢᠯᠡᠴᠢᠯᠡᠭᠡᠨ ᠤ ᠲᠠᠪᠴᠠᠩ ᠪᠣᠯᠭᠠᠨ ᠬᠤᠪᠢᠷᠠᠭᠤᠯᠬᠤ ᠨᠢ ᠨᠠᠩ ᠥᠨᠳᠥᠷ ᠬᠡᠷᠡᠭᠯᠡᠭᠴᠢ ᠶᠢᠨ ᠦᠯᠡᠳᠡᠭᠡᠨ ᠬᠠᠳᠠᠭᠠᠯᠠᠬᠤ ᠨᠣᠷᠮ᠎ᠠ ᠶᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ ᠪᠠᠰᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠪᠠᠨ ᠤᠯᠠᠮ ᠨᠢᠭᠡ ᠠᠯᠬᠤᠮ ᠪᠠᠬᠢᠵᠢᠭᠦᠯᠵᠦ ᠪᠣᠯᠣᠨ᠎ᠠ᠃          ᠰᠦᠯᠵᠢᠶᠡᠨ ᠠᠴᠠ ᠮᠥᠩᠭᠦᠨ ᠭᠦᠢᠯᠭᠡᠭᠡᠨ ᠤ ᠦᠢᠯᠡᠴᠢᠯᠡᠭᠡ ᠠᠪᠬᠤ ᠳᠤ ᠶᠠᠭᠤ ᠶᠢ ᠠᠩᠬᠠᠷᠬᠤ ᠬᠡᠷᠡᠭᠲᠡᠢ ᠪᠤᠶ︖          ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠤᠳᠤᠯᠤᠭᠴᠢ ᠯᠧᠦ ᠹᠧᠢ ᠫᠧᠩ ᠤᠨ ᠦᠵᠡᠬᠦ ᠪᠠᠷ᠂ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠴᠥᠮ ᠬᠢᠨᠠᠨ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠵᠥᠪᠰᠢᠶᠡᠷᠡᠯ ᠤᠨ ᠦᠨᠡᠮᠯᠡᠯ ᠲᠠᠢ ᠪᠠᠶᠢᠯᠭᠠᠬᠤ ᠬᠡᠷᠡᠭᠲᠡᠢ᠂ ᠵᠥᠪᠰᠢᠶᠡᠷᠡᠯ ᠤᠨ ᠦᠨᠡᠮᠯᠡᠯ ᠦᠭᠡᠢ ᠪᠠᠷ ᠮᠥᠩᠭᠦᠨ ᠭᠦᠢᠯᠭᠡᠭᠡᠨ ᠤ ᠦᠢᠯᠡᠴᠢᠯᠡᠭᠡ ᠬᠢᠬᠦ ᠨᠢ ᠲᠣᠭᠲᠠᠭᠠᠯ ᠠᠴᠠ ᠵᠥᠷᠢᠴᠡᠭᠰᠡᠨ ᠶᠠᠪᠤᠳᠠᠯ ᠮᠥᠨ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠴᠤ ᠪᠠᠲᠤᠯᠠᠭ᠎ᠠ ᠦᠭᠡᠢ ᠪᠠᠶᠢᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠢᠨᠲ᠋ᠧᠷ ᠰᠦᠯᠵᠢᠶ᠎ᠡ ᠶᠢᠨ ᠠᠷᠭ᠎ᠠ ᠵᠠᠮ ᠢᠶᠠᠷ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠳᠤ ᠲᠤᠰᠬᠠᠢ ᠠᠷᠭ᠎ᠠ ᠵᠠᠮ ᠭᠠᠷᠭᠠᠬᠤ ᠴᠢᠬᠤᠯᠠᠲᠠᠢ᠂ ᠪᠠᠶᠢᠭᠤᠯᠤᠮᠵᠢ ᠬᠠᠮᠲᠤᠷᠠᠯᠴᠠᠬᠤ ᠳᠠᠭᠠᠨ ᠴᠤ ᠬᠠᠮᠲᠤᠷᠠᠯᠴᠠᠭᠠᠨ ᠤ ᠬᠡᠪᠴᠢᠶ᠎ᠡ ᠪᠠᠨ ᠲᠣᠳᠣᠷᠬᠠᠶᠢᠯᠠᠬᠤ ᠶᠢᠨ ᠬᠠᠮᠲᠤ ᠴᠢᠩᠭ᠎ᠠ ᠵᠢᠷᠤᠮᠯᠠᠬᠤ ᠴᠢᠬᠤᠯᠠᠲᠠᠢ ᠭᠡᠵᠡᠢ᠃          ᠵᠤᠤ ᠯᠢᠶᠠᠨ ᠬᠡᠷᠡᠭᠯᠡᠭᠡᠨ ᠤ ᠮᠥᠩᠭᠦᠨ ᠭᠦᠢᠯᠭᠡᠭᠡᠨ ᠤ ᠬᠢᠵᠠᠭᠠᠷᠲᠤ ᠺᠤᠮᠫᠠᠨᠢ ᠶᠢᠨ ᠲᠡᠷᠢᠭᠦᠨ ᠰᠤᠳᠤᠯᠤᠭᠴᠢ᠂ ᠹᠦᠳᠠᠨ ᠶᠡᠭᠡ ᠰᠤᠷᠭᠠᠭᠤᠯᠢ ᠶᠢᠨ ᠮᠥᠩᠭᠦᠨ ᠭᠦᠢᠯᠭᠡᠭᠡᠨ ᠤ ᠰᠤᠳᠤᠯᠭᠠᠨ ᠤ ᠬᠦᠷᠢᠶᠡᠯᠡᠩ ᠤᠨ ᠲᠤᠰᠢᠶᠠᠯ ᠬᠠᠪᠰᠤᠷᠭᠠᠭᠰᠠᠨ ᠰᠤᠳᠤᠯᠤᠭᠴᠢ ᠳ᠋ᠦᠩ ᠰᠢ ᠮᠢᠶᠣᠣ ᠢᠯᠡᠷᠬᠡᠶᠢᠯᠡᠬᠦ ᠳᠡᠭᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠤᠯᠠᠮ ᠳᠣᠷᠣᠭᠰᠢᠯᠠᠬᠤ ᠲᠤᠲᠤᠮ ᠤᠯᠠᠮ ᠰᠠᠶᠢᠨ ᠭᠡᠰᠡᠨ ᠶᠠᠪᠤᠳᠠᠯ ᠪᠢᠰᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠢᠨᠲ᠋ᠧᠷ ᠰᠦᠯᠵᠢᠶᠡᠨ ᠤ ᠲᠠᠪᠴᠠᠩ ᠠᠷᠭ᠎ᠠ ᠬᠡᠮᠵᠢᠶ᠎ᠡ ᠠᠪᠴᠤ ᠪᠠᠶᠢᠭᠠᠳ ᠭᠡᠲᠦ ᠳᠣᠷᠣᠭᠰᠢᠯᠠᠬᠤ᠂ ᠭᠡᠲᠦ ᠢᠲᠡᠭᠡᠮᠵᠢ ᠣᠯᠭᠤᠬᠤ ᠠᠴᠠ ᠪᠣᠯᠤᠭᠰᠠᠨ︽ᠵᠢᠭᠡᠯᠡᠯᠭᠡ ᠲᠠᠯᠪᠢᠵᠤ ᠪᠤᠯᠬᠤ ᠦᠭᠡᠢ︾᠂︽ᠭᠡᠲᠦ ᠵᠢᠭᠡᠯᠡᠯᠭᠡ ᠲᠠᠯᠪᠢᠬᠤ︾ᠵᠡᠷᠭᠡ ᠠᠰᠠᠭᠤᠳᠠᠯ ᠢ ᠪᠦᠲᠦᠮᠵᠢᠲᠡᠶ ᠰᠡᠷᠭᠡᠶᠢᠯᠡᠵᠦ᠂ ︽ᠬᠠᠮᠲᠤ ᠶᠢᠨ ᠵᠢᠭᠡᠯᠡᠯᠭᠡ ᠶᠢᠨ ᠲᠦᠭᠰᠢᠭᠦᠷᠢ︾ᠡᠭᠦᠰᠬᠦ ᠲᠣᠬᠢᠶᠠᠯᠳᠤᠮᠵᠢ ᠶᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ ᠭᠡᠵᠡᠢ᠃          ︽ᠲᠠᠪᠴᠠᠩ ᠨᠢ ᠬᠡᠷᠡᠭᠯᠡᠭᠴᠢ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠣᠯᠵᠤ ᠠᠪᠬᠤ ᠳᠠᠭᠠᠨ ᠬᠠᠮᠤᠭ ᠤᠨ ᠪᠠᠭ᠎ᠠ ᠪᠤᠯᠭᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ︾᠃ ᠳ᠋ᠦᠩ ᠰᠢ ᠮᠢᠶᠣᠣ ᠶᠢᠨ ᠦᠵᠡᠬᠦ ᠪᠠᠷ᠂ ᠣᠯᠵᠤ ᠪᠤᠯᠬᠤ ᠦᠭᠡᠢ ᠮᠡᠳᠡᠭᠡ ᠵᠠᠩᠭᠢ ᠶᠢ ᠶᠠᠭᠠᠬᠢᠭᠰᠠᠨ ᠴᠤ ᠴᠤᠭᠯᠠᠭᠤᠯᠵᠤ ᠪᠤᠯᠬᠤ ᠦᠭᠡᠢ᠃ ᠬᠡᠷᠪᠡ ᠵᠢᠭᠡᠯᠡᠯᠭᠡ ᠶᠢᠨ ᠮᠥᠩᠭᠦᠨ ᠳᠤ ᠠᠰᠠᠭᠤᠳᠠᠯ ᠭᠠᠷᠪᠠᠯ ᠬᠠᠤᠯᠢ ᠶᠣᠰᠣᠭᠠᠷ ᠨᠡᠬᠡᠮᠵᠢᠯᠡᠨ ᠬᠤᠷᠢᠶᠠᠯᠭᠠᠬᠤ ᠬᠡᠷᠡᠭᠲᠡᠢ᠃ ᠡᠭᠦᠨ ᠤ ᠬᠠᠮᠲᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠪᠦᠭᠦ ᠲᠠᠯ᠎ᠠ ᠪᠠᠷ ᠣᠨᠣᠪᠴᠢᠲᠠᠶ᠂ ᠴᠠᠭ ᠲᠤᠬᠠᠢ ᠳᠤᠨᠢ ᠨᠡᠶᠢᠲᠡᠯᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠭᠦᠢᠴᠡᠳ ᠪᠥᠭᠡᠳ ᠦᠨᠡᠨ ᠪᠣᠳᠠᠲᠠᠢ ᠪᠠᠷ ᠮᠡᠳᠡᠭᠳᠡᠬᠦ ᠬᠡᠷᠡᠭᠲᠡᠢ᠃ ᠵᠢᠱᠢᠶᠡᠯᠡᠪᠡᠯ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠬᠡᠳᠦᠢ ᠪᠠᠶᠢᠬᠤ᠂ ᠬᠦᠦ ᠮᠥᠩᠭᠦ ᠶᠢᠨ ᠨᠣᠷᠮ᠎ᠠ ᠨᠢ ᠡᠳᠦᠷ ᠤᠨ ᠬᠦᠦ ᠮᠥᠩᠭᠦ ᠶᠢᠨ ᠨᠣᠷᠮ᠎ᠠ ᠶᠤᠮ ᠤᠤ ᠰᠠᠷ᠎ᠠ ᠶᠢᠨ ᠬᠦᠦ ᠮᠥᠩᠭᠦ ᠶᠢᠨ ᠨᠣᠷᠮ᠎ᠠ ᠶᠤᠮ ᠤᠤ᠂ ᠪᠤᠰᠤᠳ ᠳᠠᠭᠠᠳᠬᠠᠯ ᠤᠨ ᠵᠠᠷᠤᠳᠠᠯ ᠪᠠ ᠳᠠᠭᠠᠭᠠᠯᠲᠠ ᠶᠢᠨ ᠵᠠᠷᠤᠳᠠᠯ ᠪᠠᠶᠢᠬᠤ ᠡᠰᠡᠬᠦ ᠵᠡᠷᠭᠡ ᠶᠢ ᠨᠠᠷᠢᠯᠢᠭ ᠲᠣᠳᠣᠷᠬᠠᠶᠢᠯᠠᠬᠤ ᠶᠠᠪᠤᠳᠠᠯ ᠪᠣᠯᠣᠨ᠎ᠠ ᠭᠡᠵᠡᠢ᠃          ᠬᠡᠷᠡᠭᠯᠡᠭᠴᠢᠳ ᠰᠣᠨᠣᠷ ᠰᠡᠷᠡᠮᠵᠢ ᠪᠠᠨ ᠬᠡᠷᠬᠢᠨ ᠲᠡᠭᠡᠭᠰᠢᠯᠡᠭᠦᠯᠭᠦ ᠪᠤᠶ︖          ᠬᠠᠮᠢᠭ᠎ᠠ ᠰᠠᠢ ᠦᠭᠡᠢ ᠬᠠᠷᠠᠭᠳᠠᠬᠤ ᠪᠣᠯᠤᠭᠰᠠᠨ︽ᠵᠢᠭᠡᠯᠡᠯᠭᠡ︾ ᠨᠢ ᠬᠡᠰᠡᠭ ᠬᠥᠮᠥᠰ ᠲᠤ ᠦᠨᠡᠬᠡᠷ ᠳᠥᠭᠦᠮ ᠦᠵᠡᠭᠦᠯᠵᠡᠢ᠃ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠲᠠᠢ ᠬᠠᠷᠢᠴᠠᠭᠤᠯᠪᠠᠯ᠂ APP ᠶᠢᠨ ᠵᠢᠭᠡᠯᠡᠯᠭᠡ ᠶᠢᠨ ᠠᠮᠢᠳᠤᠯᠢᠭ ᠴᠢᠨᠠᠷ ᠨᠢ ᠪᠠᠴᠢᠮ ᠪᠠᠶᠢᠳᠠᠯ᠂ ᠭᠠᠴᠢᠭᠳᠠᠭᠰᠠᠨ ᠦᠶ᠎ᠡ ᠳᠤ ᠪᠡᠯᠡ ᠮᠥᠩᠭᠦᠨ ᠤ ᠳᠡᠮᠵᠢᠯᠭᠡ ᠣᠯᠬᠤ ᠴᠢᠬᠤᠯᠠᠲᠠᠢ ᠬᠡᠷᠡᠭᠯᠡᠭᠴᠢᠳ ᠲᠤ ᠪᠣᠳᠠᠲᠠᠢ ᠬᠠᠪᠰᠤᠷᠤᠯᠭ᠎ᠠ ᠦᠵᠡᠭᠦᠯᠪᠡ᠃ ᠭᠡᠪᠡᠴᠦ ᠡᠨᠡ ᠨᠢ ᠪᠠᠰᠠ ᠬᠡᠷᠡᠭᠯᠡᠭᠴᠢᠳ ᠢ ᠬᠡᠲᠦᠷᠡᠲᠡᠯ᠎ᠡ ᠵᠣᠭᠤᠰ ᠵᠢᠭᠡᠯᠡᠬᠦ ᠪᠤᠶᠤ ᠰᠠᠨᠠᠭᠠᠨ ᠳᠤ ᠦᠭᠡᠢ ᠪᠠᠷ ᠵᠣᠭᠤᠰ ᠵᠢᠭᠡᠯᠡᠬᠦ ᠳᠤ ᠬᠦᠷᠦᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃          ᠠᠩᠬᠠᠷᠤᠭᠤᠰᠢᠲᠠᠢ ᠨᠢ ᠭᠡᠪᠡᠯ᠂ APP ᠶᠢᠨ ᠳᠣᠲᠣᠷᠠᠬᠢ ᠵᠢᠭᠡᠯᠡᠯᠭᠡ ᠨᠢ ᠶᠡᠷᠦ ᠳᠡᠭᠡᠨ ᠢᠲᠡᠭᠡᠮᠵᠢᠲᠦ ᠵᠢᠭᠡᠯᠡᠯᠭᠡ ᠮᠥᠨ᠂ ᠬᠡᠳᠦᠶᠢᠪᠡᠷ ᠬᠦᠦ ᠶᠢᠨ ᠨᠣᠷᠮ᠎ᠠ  ᠨᠢ ᠬᠡᠷᠡᠭᠯᠡᠭᠡᠨ ᠤ ᠵᠢᠭᠡᠯᠡᠯᠭᠡ ᠠᠴᠠ ᠳᠣᠣᠷ᠎ᠠ ᠪᠠᠶᠢᠳᠠᠭ ᠪᠤᠯᠪᠠᠴᠤ ᠬᠤᠭᠤᠴᠠᠭ᠎ᠠ ᠨᠢ ᠬᠡᠲᠦᠷᠡᠪᠡᠯ ᠪᠤᠶ ᠪᠤᠯᠬᠤ ᠬᠦᠦ ᠮᠥᠩᠭᠦ ᠨᠢ ᠪᠠᠩᠬᠢ ᠶᠢᠨ ᠪᠠᠷᠢᠴᠠᠭᠠᠲᠤ ᠵᠢᠭᠡᠯᠡᠯᠭᠡ ᠠᠴᠠ ᠬᠤᠯᠠ ᠥᠨᠳᠥᠷ ᠪᠠᠶᠢᠳᠠᠭ᠃ ᠠᠵᠢᠯ ᠲᠥᠷᠥᠯ ᠤᠨ ᠬᠥᠮᠥᠰ ᠤᠨ ᠰᠠᠨᠠᠭᠤᠯᠤᠭᠰᠠᠨ ᠢᠶᠠᠷ᠂ ᠡᠯ᠎ᠡ ᠵᠦᠢᠯ ᠤᠨ APP ᠳᠣᠲᠣᠷᠠᠬᠢ ᠵᠢᠭᠡᠯᠡᠯᠭᠡ ᠶᠢᠨ ᠦᠢᠯᠡᠳᠬᠦᠨ ᠨᠢ ᠳᠣᠣᠷ᠎ᠠ ᠬᠦᠦ ᠪᠠᠷ ᠬᠡᠷᠡᠭᠯᠡᠭᠴᠢᠳ ᠢ ᠥᠳᠥᠭᠡᠨ ᠲᠠᠲᠠᠵᠤ᠂ ᠬᠡᠷᠡᠭᠯᠡᠭᠴᠢ ᠡᠯ᠎ᠡ ᠵᠦᠢᠯ ᠤᠨ ᠬᠤᠪᠢ ᠬᠥᠮᠥᠨ ᠤ ᠮᠡᠳᠡᠭᠡ ᠵᠠᠩᠭᠢ ᠪᠠᠨ ᠲᠠᠭᠯᠠᠪᠠᠯ᠂ ᠵᠢᠯ ᠤᠨ ᠬᠦᠦ ᠮᠥᠩᠭᠦ ᠶᠢᠨ ᠨᠣᠷᠮ᠎ᠠ ᠨᠢ ᠳᠠᠷᠤᠢ ᠥᠰᠴᠦ᠂ ᠨᠢᠭᠡ ᠵᠢᠯ ᠤᠨ ᠬᠦᠦ ᠮᠥᠩᠭᠦ ᠨᠢ ᠨᠠᠭᠠᠲᠤ ᠵᠠᠬ᠎ᠠ ᠳᠠᠭᠠᠨ 10% ᠪᠠᠷ ᠥᠰᠴᠦ᠂ ᠨᠠᠩ ᠥᠨᠳᠥᠷ ᠨᠢ ᠴᠢᠨᠠᠭᠰᠢᠯᠠᠪᠠᠯ 20% ᠶᠢ ᠳᠠᠪᠠᠭ᠋ᠤ ᠪᠣᠯᠣᠨ᠎ᠠ᠂ ᠭᠡᠬᠦ ᠳᠡᠭᠡᠨ ᠡᠲᠡᠭᠡᠷ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠨᠢ ᠶᠡᠷᠦ ᠳᠡᠭᠡᠨ 2% ᠠᠴᠠ 3% ᠶᠢ ᠯᠡ ᠬᠡᠷᠡᠭᠰᠡᠳᠡᠭ ᠭᠡᠵᠡᠢ᠃          ᠳ᠋ᠦᠩ ᠰᠢ ᠮᠢᠶᠣᠣ ᠰᠠᠨᠠᠭᠤᠯᠬᠤ ᠳᠠᠭᠠᠨ᠂ ᠡᠩ ᠤᠨ ᠮᠥᠩᠭᠦᠨ ᠭᠦᠢᠯᠭᠡᠭᠡᠨ ᠤ ᠬᠡᠷᠡᠭᠯᠡᠭᠴᠢᠳ ᠬᠡᠷᠪᠡ ᠵᠢᠭᠡᠯᠡᠯᠭᠡ ᠠᠪᠬᠤ ᠴᠢᠬᠤᠯᠠᠲᠠᠢ ᠪᠣᠯ ᠠᠯᠢ ᠴᠢᠳᠠᠬᠤ ᠪᠠᠷ ᠵᠢᠩᠬᠢᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠡᠷᠢᠬᠦ ᠬᠡᠷᠡᠭᠲᠡᠢ᠃ ᠬᠡᠷᠪᠡ ᠰᠦᠯᠵᠢᠶᠡᠨ ᠤ ᠲᠠᠪᠴᠠᠩ ᠠᠴᠠ ᠵᠢᠭᠡᠯᠡᠯᠭᠡ ᠠᠪᠬᠤ ᠳᠤ ᠭᠦᠷᠪᠡᠯ᠂ ᠵᠠᠪᠠᠯ ᠨᠠᠶᠢᠳᠠᠪᠤᠷᠢᠲᠠᠢ ᠲᠣᠮᠣ ᠰᠦᠯᠵᠢᠶᠡᠨ ᠤ ᠲᠠᠪᠴᠠᠩ ᠢ ᠡᠷᠢᠬᠦ ᠬᠡᠷᠡᠭᠲᠡᠢ ᠭᠡᠵᠡᠢ᠃          ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠠᠴᠠ ᠬᠡᠷᠡᠭᠯᠡᠭᠴᠢᠳ ᠤᠨ ᠡᠷᠬᠡ ᠠᠰᠢᠭ ᠢ ᠬᠡᠷᠬᠢᠨ ᠬᠠᠮᠠᠭᠠᠯᠠᠬᠤ ᠪᠤᠢ︖          ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠠᠴᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠡᠭᠦᠨ ᠠᠴᠠ ᠡᠮᠦᠨ᠎ᠡ᠂ ᠤᠤᠯ ᠤᠨ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ︽ᠰᠦᠯᠵᠢᠶᠡᠨ ᠤ ᠪᠠᠭ᠎ᠠ ᠲᠣᠭᠠᠨ ᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︵ᠰᠠᠨᠠᠯ ᠬᠤᠷᠢᠶᠠᠬᠤ ᠨᠣᠣᠷᠠᠭ︶︾ ᠶᠢ ᠨᠡᠶᠢᠲᠡᠯᠡᠵᠡᠢ᠃ ᠡᠨᠡ ᠵᠢᠯ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠨᠢᠭᠡᠨᠲᠡ ᠪᠡᠶᠡᠯᠡᠭᠦᠯᠵᠦ᠂ 5000 ᠰᠢᠬᠠᠮ P2P ᠰᠦᠯᠵᠢᠶᠡᠨ ᠤ ᠵᠢᠭᠡᠯᠡᠯᠭᠡ ᠶᠢᠨ ᠪᠠᠶᠢᠭᠤᠯᠤᠮᠵᠢ ᠶᠢ ᠪᠦᠭᠦᠨ ᠢ ᠵᠣᠭᠰᠣᠭᠠᠪᠠ᠃          ᠲᠥᠪ ᠪᠠᠩᠬᠢ ᠶᠢᠨ ᠣᠶᠢᠷ᠎ᠠ ᠳᠤ ᠨᠡᠶᠢᠲᠡᠯᠡᠭᠰᠡᠨ︽2023 ᠣᠨ ᠤ ᠭᠤᠷᠪᠠᠳᠤᠭᠠᠷ ᠤᠯᠠᠷᠢᠯ ᠤᠨ ᠳᠤᠮᠳᠠᠳᠤ ᠤᠯᠤᠰ ᠤᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠮᠡᠳᠡᠭᠦᠯᠦᠯᠲᠡ︾ ᠳᠤ ᠪᠠᠰᠠ ᠵᠢᠭᠠᠵᠤ ᠭᠠᠷᠭᠠᠭᠰᠠᠨ ᠨᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠪᠠ ᠳᠦᠷᠢᠮ ᠵᠢᠷᠤᠮ ᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠭ᠎ᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠦ ᠴᠢᠨᠠᠷ ᠪᠠ ᠴᠠᠭᠲᠤ ᠴᠢᠨᠠᠷ ᠢ ᠳᠡᠭᠡᠭᠰᠢᠯᠡᠭᠦᠯᠦᠨ᠎ᠡ; ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠠ ᠳᠠᠯᠳᠠ ᠭᠡᠮ ᠢ ᠦᠷᠭᠦᠯᠵᠢᠯᠡᠨ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠦᠢᠯᠡᠳᠬᠦᠨ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠪᠠ ᠦᠨᠡᠯᠡᠨ ᠵᠢᠱᠢᠯᠲᠡ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠡᠪ ᠤᠨ ᠪᠤᠰᠤ ᠪᠠᠶᠢᠳᠠᠯ ᠵᠢᠴᠢ ᠬᠢᠮᠤᠷᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠ ᠠᠮᠤᠷ ᠲᠦᠪᠰᠢᠨ ᠢ ᠪᠠᠲᠤᠯᠠᠨ᠎ᠠ ᠭᠡᠵᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ