ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠪᠣᠯ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠤ ᠰᠠᠭᠤᠷᠢ ᠮᠥᠨ᠂ ᠲᠡᠷᠡ ᠨᠢ ᠨᠡᠶᠢᠭᠡᠮ ᠳᠤ ᠨᠡᠩ | ᠣᠯᠠᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠬᠠᠩᠭᠠᠵᠤ᠂ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠵᠦ ᠪᠠᠶᠢᠳᠠᠭ᠃ ᠪᠢᠳᠡ | ᠭᠠᠭᠴᠠ ᠬᠦ ᠲᠠᠰᠤᠷᠠᠯᠲᠠ ᠦᠭᠡᠢ ᠴᠢᠷᠮᠠᠶᠢᠨ ᠰᠤᠷᠤᠯᠴᠠᠵᠤ ᠥᠪᠡᠷ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠣᠷᠣᠯᠭ᠎ᠠ ᠶᠢᠨ ᠢᠷᠡᠯᠲᠡ ᠪᠠᠨ ᠣᠯᠠᠨ ᠡᠰᠢᠵᠢᠭᠦᠯᠵᠦ᠂ | ᠡᠳ᠋ ᠤᠨ ᠶᠠᠪᠤᠳᠠᠯ ᠢᠶᠠᠨ ᠵᠦᠢ ᠵᠣᠬᠢᠰᠲᠠᠢ ᠲᠥᠯᠥᠪᠵᠢᠭᠦᠯᠪᠡᠯ ᠰᠠᠶ᠋ᠢ ᠳᠤᠮᠳᠠ ᠵᠡᠷᠭᠡ ᠶᠢᠨ ᠣᠷᠣᠯᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠠᠪᠠᠵᠤ᠂ ᠨᠡᠩ ᠪᠠᠶᠠᠨ | ᠴᠢᠨᠡᠭᠡᠯᠢᠭ ᠪᠥᠭᠡᠳ ᠲᠠᠪᠠ ᠲᠤᠬᠠᠲᠠᠢ ᠠᠮᠢᠳᠤᠷᠠᠯ ᠢ ᠡᠳ᠋ᠯᠡᠵᠦ ᠴᠢᠳᠠᠨ᠎ᠠ᠃ | ᠲᠦᠷᠦᠭᠦᠬᠡᠨ ︽ᠲᠤᠮᠳᠠᠳᠦ ᠶᠢᠨ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ 400 ᠳ᠋ᠦᠡᠭᠰᠢᠭᠤᠷ ᠢ ᠳᠠᠪᠠᠪᠠ︾ ᠭᠡᠬᠦ ᠮᠡᠳᠡᠭᠡ ᠬᠥᠮᠥᠰ ᠤᠨ | ᠠᠩᠬᠠᠷᠤᠯ ᠢ ᠶᠡᠭᠡ ᠪᠠᠷ ᠲᠠᠲᠠᠵᠠᠢ᠃ ᠡᠭᠦᠨ ᠤ ᠰᠢᠯᠲᠠᠭᠠᠨ ᠨᠢ ᠪᠠᠢ ᠶᠠᠨ ᠰᠥᠩ ᠲᠥᠪ ᠲᠧᠯᠸᠢᠰ ᠤᠨ ᠨᠢᠭᠡ ᠤᠳᠠᠭᠠᠨ ᠤ ᠨᠡᠪᠲᠡᠷᠡᠭᠦᠯᠭᠡ ᠳᠤ ᠪᠠᠨ ᠳᠤᠮᠳᠠᠳᠤ | ᠤᠯᠤᠰ ᠤᠨ ᠣᠯᠠᠨ ᠤᠯᠤᠰ ᠤᠨ ᠠᠵᠤ ᠠᠬᠤᠢ ᠶᠢᠨ ᠰᠣᠯᠢᠯᠴᠠᠭᠠᠨ ᠤ ᠲᠥᠪ ᠤᠨ ᠬᠡᠷᠡᠭ ᠡᠷᠭᠢᠯᠡᠭᠴᠢᠳ ᠤᠨ ᠳᠡᠳ᠋ ᠳᠠᠷᠤᠭ᠎ᠠ ᠸᠠᠩ ᠢ ᠮᠢᠩ ᠲᠠᠢ ᠤᠲᠠᠰᠤ ᠪᠠᠷ | ᠬᠤᠯᠪᠣᠭᠳᠠᠵᠤ᠄ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠠᠷ᠎ᠠ ᠶᠢᠨ ᠣᠷᠣᠯᠭ᠎ᠠ 3000 ᠲᠥᠭᠦᠷᠢᠭ ᠢ ᠳᠠᠪᠠᠪᠠᠯ ᠳᠠᠷᠤᠢ ᠳᠤᠮᠳᠠ ᠵᠡᠷᠭᠡ ᠶᠢᠨ | ᠣᠷᠣᠯᠭ᠎ᠠ ᠲᠠᠢ ᠬᠥᠮᠥᠰ ᠲᠤ ᠲᠣᠭᠠᠴᠢᠭᠳᠠᠨ᠎ᠠ ᠭᠡᠰᠡᠨ ᠠᠴᠠ ᠪᠤᠳᠣᠪᠠᠯ᠂ ᠳᠤᠮᠳᠠᠳᠤ ᠶᠢᠨ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠨᠢᠭᠡᠨᠲᠡ 4 ᠳ᠋ᠦᠩᠰᠢᠭᠤᠷ ᠢ | ᠳᠠᠪᠠᠵᠠᠢ᠂ ᠭᠡᠪᠡᠴᠦ ᠡᠳᠡᠭᠡᠷ ᠬᠥᠮᠥᠰ ᠶᠡᠷᠦ ᠨᠢ ᠥᠪᠡᠷ ᠢ ᠪᠠᠨ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠭᠡᠵᠦ ᠪᠤᠳᠣᠳᠠᠭ ᠦᠭᠡᠢ᠂ ᠭᠡᠳᠡᠷᠭᠦ ᠪᠠᠨ ᠬᠠᠷᠢᠨ | ᠲᠡᠪᠴᠢᠳᠡᠭ ᠨᠢ ᠶᠠᠭᠤᠨ ᠤ ᠤᠴᠢᠷ ᠪᠤᠢ︖ ᠭᠡᠰᠡᠨ ᠠᠰᠠᠭᠤᠯᠳᠠ ᠳᠤᠷᠠᠳᠴᠠᠢ᠃ ᠦᠨᠡᠨ ᠳᠡᠭᠡᠨ᠂ ᠰᠦᠯᠵᠢᠶᠡᠨ ᠨᠠᠶᠢᠵᠠ ᠨᠠᠷ ᠴᠦ ᠳᠤᠮᠳᠠ ᠵᠡᠷᠭᠡ ᠶᠢᠨ | ᠣᠷᠣᠯᠭ᠎ᠠ ᠲᠠᠢ ᠬᠥᠮᠥᠰ ᠤᠨ ᠪᠠᠷᠢᠮᠵᠢᠶ᠎ᠠ ᠨᠢ ᠶᠠᠭᠤ ᠪᠤᠯᠬᠤ ᠶᠢ ᠥᠪᠡᠷ ᠢᠶᠠᠨ ᠴᠦ ᠮᠡᠳᠡᠬᠦ ᠦᠭᠡᠢ ᠪᠠᠶᠢᠨ᠎ᠠ ᠭᠡᠵᠦ ᠢᠯᠡᠷᠬᠡᠶᠢᠯᠡᠭᠰᠡᠨ ᠪᠠᠶᠢᠨ᠎ᠠ᠃ | ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠭᠡᠳᠡᠭ ᠨᠢ ᠶᠡᠷᠦ ᠳᠡᠭᠡᠨ ᠨᠢᠭᠡ ᠠᠵᠤ ᠠᠬᠤᠢ ᠶᠢᠨ ᠴᠣᠭᠴᠠ ᠳᠠᠬᠢ ᠣᠷᠣᠯᠭ᠎ᠠ ᠨᠢ ᠳᠤᠮᠳᠠ ᠵᠡᠷᠭᠡ ᠶᠢᠨ | ᠬᠢᠷᠢ ᠬᠡᠮᠵᠢᠶᠡᠨ ᠳᠤ ᠬᠦᠷᠴᠦ᠂ ᠠᠮᠢᠳᠤᠷᠠᠯ ᠨᠢ ᠨᠡᠯᠢᠶᠡᠳ ᠴᠢᠨᠡᠭᠡᠯᠢᠭ ᠪᠣᠯᠤᠭᠰᠠᠨ ᠪᠦᠯᠦᠭ ᠴᠣᠭᠴᠠ ᠶᠢ ᠵᠢᠭᠠᠵᠤ ᠪᠤᠢ᠂ ᠲᠡᠳᠡᠨ ᠤ ᠬᠡᠷᠡᠭᠯᠡᠭᠡᠨ ᠤ ᠬᠠᠨᠳᠤᠰᠢ᠂ | ᠠᠮᠢᠳᠤᠷᠠᠯ ᠤᠨ ᠠᠷᠭ᠎ᠠ ᠮᠠᠶ᠋ᠢᠭ᠂ ᠣᠷᠣᠯᠭ᠎ᠠ ᠶᠢᠨ ᠢᠷᠡᠯᠲᠡ ᠵᠡᠷᠭᠡ ᠲᠠᠯ᠎ᠠ ᠪᠠᠷ ᠥᠪᠡᠷᠮᠢᠴᠡ ᠣᠨᠴᠠᠯᠢᠭ ᠲᠠᠢ ᠮᠥᠷᠲᠡᠭᠡᠨ ᠨᠡᠶᠢᠭᠡᠮ ᠤᠨ ᠠᠵᠤ ᠠᠬᠤᠢ ᠳᠤ ᠢᠯᠡᠳᠲᠡ | ᠨᠥᠯᠥᠭᠡ ᠲᠠᠢ ᠪᠠᠶᠢᠳᠠᠭ ᠪᠥᠭᠡᠳ ᠨᠢᠭᠡ ᠤᠯᠤᠰ ᠤᠨ ᠠᠵᠤ ᠠᠬᠤᠢ ᠶᠢᠨ ᠲᠤᠯᠭᠠᠭᠤᠷᠢ ᠬᠦᠴᠦᠨ ᠪᠤᠯᠳᠠᠭ᠃ | ᠣᠷᠣᠯᠭ᠎ᠠ ᠪᠣᠯ ᠠᠵᠤ ᠠᠬᠤᠢ ᠶᠢᠨ ᠤᠬᠠᠭᠠᠨᠲᠠᠳ ᠠᠴᠠ ᠳᠤᠮᠳᠠ ᠵᠡᠷᠭᠡ ᠶᠢᠨ ᠣᠷᠣᠯᠭ᠎ᠠ ᠲᠠᠢ ᠪᠦᠯᠦᠭ ᠴᠣᠭᠴᠠ ᠳᠤ ᠪᠠᠶᠢᠩᠭᠤ ᠬᠡᠷᠡᠭᠵᠢᠭᠦᠯᠳᠡᠭ | ᠭᠦᠢᠴᠡᠳᠭᠡᠭᠴᠢ ᠲᠤᠭ᠎ᠠ ᠶᠤᠮ᠃ 1990 ᠣᠨ ᠳᠤ ᠳᠡᠯᠡᠬᠡᠢ ᠶᠢᠨ ᠪᠠᠩᠬᠢ ᠲᠤᠬᠠᠢ ᠶᠢᠨ ᠦᠶ᠎ᠡ ᠶᠢᠨ ᠬᠠᠮᠤᠭ ᠤᠨ ᠶᠠᠳᠠᠭᠤ ᠬᠦᠴᠢᠷᠳᠡᠯ ᠲᠠᠢ ᠤᠯᠤᠰ ᠤᠨ ᠨᠢᠭᠡᠨ | ᠪᠦᠯᠦᠭ ᠶᠠᠳᠠᠭᠤ ᠬᠦᠴᠢᠷᠳᠡᠯ ᠤᠨ ᠱᠤᠭᠤᠮ ᠢ ᠰᠣᠩᠭᠤᠨ ᠠᠪᠴᠤ᠂ ᠬᠤᠳᠠᠯᠳᠤᠨ ᠠᠪᠬᠤ ᠴᠢᠳᠠᠪᠤᠷᠢ ᠶᠢᠨ ᠳᠤᠮᠳᠠᠴᠢ ᠦᠨ᠎ᠡ ᠪᠠᠷ ᠲᠡᠳᠡᠭᠡᠷ ᠢ ᠳ᠋ᠣᠯᠯᠠᠷ ᠪᠣᠯᠭᠠᠨ | ᠰᠣᠯᠢᠵᠤ ᠪᠤᠳᠣᠭᠠᠳ ᠳᠠᠭᠢᠨ ᠳᠤᠮᠳᠠᠴᠢ ᠥᠷᠲᠡᠭ ᠢ ᠪᠤᠳᠣᠵᠤ ᠭᠠᠷᠭᠠᠵᠠᠢ᠂ ᠢᠩᠭᠢᠭᠰᠡᠨ ᠤ ᠤᠯᠠᠮ ᠢᠶᠠᠷ ᠶᠠᠳᠠᠭᠤ ᠬᠦᠴᠢᠷᠳᠡᠯ ᠤᠨ ᠱᠤᠭᠤᠮ ᠢ ᠡᠳᠦᠷ ᠪᠦᠷᠢ ᠶᠢᠨ | ᠳᠤᠮᠳᠠᠴᠢ ᠣᠷᠣᠯᠭ᠎ᠠ 1 ᠳ᠋ᠣᠯᠯᠠᠷ ᠣᠷᠴᠢᠮ ᠳᠤ ᠲᠣᠭᠲᠠᠭᠠᠵᠤ᠂ ᠡᠳᠦᠷ ᠪᠦᠷᠢ ᠶᠢᠨ ᠳᠤᠮᠳᠠᠴᠢ ᠣᠷᠣᠯᠭ᠎ᠠ 1 ᠳ᠋ᠣᠯᠯᠠᠷ ᠠᠴᠠ ᠪᠠᠭ᠎ᠠ ᠪᠠᠶᠢᠬᠤ ᠶᠢ ᠬᠠᠷᠢᠴᠠᠯᠠᠰᠢᠭᠦᠢ | ᠶᠠᠳᠠᠭᠤ᠂ 1 ᠠᠴᠠ 2 ᠳ᠋ᠣᠯᠯᠠᠷ ᠨᠢ ᠬᠠᠷᠢᠴᠠᠩᠭᠤᠢ ᠶᠠᠳᠠᠭᠤ ᠪᠠᠷ ᠲᠣᠭᠲᠠᠭᠠᠭᠰᠠᠨ ᠪᠠᠶᠢᠨ᠎ᠠ᠃ ᠡᠨᠡ ᠬᠦ ᠪᠠᠷᠢᠮᠵᠢᠶ᠎ᠠ ᠶᠢ ᠦᠨᠳᠦᠰᠦᠯᠡᠨ ᠵᠠᠷᠢᠮ ᠠᠵᠤ ᠠᠬᠤᠢ ᠶᠢᠨ | ᠤᠬᠠᠭᠠᠨᠲᠠᠳ ᠬᠤᠳᠠᠯᠳᠤᠨ ᠠᠪᠬᠤ ᠬᠦᠴᠦᠨ ᠳᠤ ᠦᠨ᠎ᠡ ᠬᠠᠩᠰᠢ ᠶᠢ ᠲᠣᠬᠢᠷᠠᠭᠤᠯᠤᠭᠰᠠᠨ ᠤ ᠳᠠᠷᠠᠭᠠᠬᠢ ᠡᠳᠦᠷ ᠳᠤᠮᠳᠠᠴᠢ ᠶᠢᠨ ᠣᠷᠣᠯᠭ᠎ᠠ ᠨᠢ 2 ᠳ᠋ᠣᠯᠯᠠᠷ ᠠᠴᠠ | ᠬᠡᠲᠦᠷᠡᠭᠰᠡᠨ ᠬᠥᠮᠥᠨ ᠪᠣᠯ ᠳᠠᠷᠤᠢ ᠳᠤᠮᠳᠠ ᠵᠡᠷᠭᠡ ᠶᠢᠨ ᠣᠷᠣᠯᠭ᠎ᠠ ᠲᠠᠢ ᠪᠦᠯᠦᠭ ᠴᠣᠭᠴᠠ ᠳᠤ ᠲᠣᠭᠠᠴᠠᠭᠳᠠᠨ᠎ᠠ ᠭᠡᠵᠦ ᠳᠤᠷᠠᠳᠴᠠᠢ᠂ ᠡᠨᠡ ᠨᠢ ᠳᠠᠷᠤᠢ ᠳᠡᠯᠭᠡᠷᠡᠩᠭᠦᠢ | ᠤᠳᠬ᠎ᠠ ᠳᠡᠭᠡᠷᠡᠬᠢ ︽ᠳᠤᠮᠳᠠ ᠵᠡᠷᠭᠡ ᠶᠢᠨ ᠣᠷᠣᠯᠭ᠎ᠠ ᠲᠠᠢ ᠪᠦᠯᠦᠭ ᠴᠣᠭᠴᠠ︾ ᠶᠢᠨ ᠠᠩᠭᠢᠯᠠᠯ ᠤᠨ ᠠᠷᠭ᠎ᠠ ᠭᠡᠳᠡᠭ᠃ | 2005 ᠣᠨ ᠪᠣᠯᠣᠨ 2015 ᠣᠨ ᠳᠤ ᠳᠡᠯᠡᠬᠡᠢ ᠶᠢᠨ ᠪᠠᠩᠬᠢ ᠶᠠᠳᠠᠭᠤ ᠬᠦᠴᠢᠷᠳᠡᠯ ᠤᠨ ᠪᠠᠷᠢᠮᠵᠢᠶ᠎ᠠ ᠶᠢ ᠲᠤᠰ ᠲᠤᠰ ᠬᠤᠶᠠᠷ ᠤᠳᠠᠭ᠎ᠠ | ᠳᠡᠭᠡᠭᠰᠢᠯᠡᠭᠦᠯᠵᠦ᠂ ᠡᠳᠦᠷ ᠪᠦᠷᠢ ᠶᠢᠨ ᠳᠤᠮᠳᠠᠴᠢ ᠣᠷᠣᠯᠭ᠎ᠠ ᠨᠢ 1 ᠳ᠋ᠣᠯᠯᠠᠷ ᠪᠠᠶᠢᠭᠰᠠᠨ ᠢ 1.25 ᠳ᠋ᠣᠯᠯᠠᠷ ᠪᠣᠯᠣᠨ 1.9 ᠳ᠋ᠣᠯᠯᠠᠷ ᠪᠣᠯᠭᠠᠨ ᠲᠡᠭᠡᠭᠰᠢᠯᠡᠭᠦᠯᠵᠤ᠂ | ᠳᠤᠮᠳᠠ ᠵᠡᠷᠭᠡ ᠶᠢᠨ ᠣᠷᠣᠯᠭ᠎ᠠ ᠲᠠᠢ ᠪᠦᠯᠦᠭ ᠴᠣᠭᠴᠠ ᠶᠢ ᠢᠯᠭᠠᠨ ᠬᠤᠪᠢᠶᠠᠭᠰᠠᠨ ᠣᠷᠣᠯᠭ᠎ᠠ ᠶᠢᠨ ᠪᠠᠷᠢᠮᠵᠢᠶ᠎ᠠ ᠨᠢ ᠴᠦ ᠳᠠᠭᠠᠯᠳᠤᠨ ᠳᠡᠭᠡᠭᠰᠢᠯᠡᠵᠦ᠂ ᠡᠳᠦᠷ | ᠪᠦᠷᠢ ᠶᠢᠨ ᠳᠤᠮᠳᠠᠴᠢ ᠣᠷᠣᠯᠭ᠎ᠠ ᠨᠢ 10 — 50 ᠳ᠋ᠣᠯᠯᠠᠷ ᠲᠤ ᠭᠦᠷᠦᠭᠰᠡᠳ ᠢ ᠳᠤᠮᠳᠠ ᠵᠡᠷᠭᠡ ᠶᠢᠨ ᠣᠷᠣᠯᠭ᠎ᠠ ᠲᠠᠢ ᠪᠦᠯᠦᠭ ᠴᠣᠭᠴᠠ ᠪᠠᠷ ᠲᠣᠭᠲᠠᠭᠠᠭᠰᠠᠨ | ᠪᠠᠶᠢᠨ᠎ᠠ᠃ | ᠳᠡᠯᠡᠬᠡᠢ ᠶᠢᠨ ᠪᠠᠩᠬᠢ ᠠᠴᠠ ᠡᠭᠦᠨ ᠳᠤ ᠵᠣᠷᠢᠭᠤᠯᠤᠨ ᠡᠶᠢᠨ ᠬᠦ ᠪᠠᠷᠢᠮᠵᠢᠶ᠎ᠠ ᠲᠣᠭᠲᠠᠭᠠᠭᠰᠠᠨ ᠠᠴᠠ ᠭᠠᠳᠠᠨ᠎ᠠ᠂ ᠰᠸᠢᠰ ᠤᠯᠤᠰ ᠤᠨ ᠢᠲᠡᠭᠡᠮᠵᠢᠲᠦ | ᠵᠢᠭᠡᠯᠡᠯᠭᠡ ᠶᠢᠨ ᠪᠠᠩᠬᠢ ᠴᠦ ᠪᠠᠰᠠ 2015 ᠣᠨ ᠳᠤ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠲᠤ ᠪᠠᠷᠢᠮᠵᠢᠶ᠎ᠠ ᠲᠣᠭᠲᠠᠭᠠᠵᠤ᠂ ᠬᠤᠪᠢ ᠬᠥᠮᠥᠨ ᠤ ᠡᠳ᠋ | ᠬᠥᠷᠥᠩᠭᠡ 5 ᠲᠦᠮᠡᠨ ᠳ᠋ᠣᠯᠯᠠᠷ ᠠᠴᠠ 50 ᠲᠦᠮᠡᠨ ᠳ᠋ᠣᠯᠯᠠᠷ ᠤᠨ ᠬᠤᠭᠤᠷᠣᠨᠳᠤ ᠪᠠᠶᠢᠪᠠᠯ ᠳᠤᠮᠳᠠ ᠳᠠᠪᠬᠤᠷᠭᠠᠲᠠᠨ ᠭᠡᠵᠡᠢ᠃ ᠤᠯᠤᠰ ᠤᠨ ᠳᠣᠲᠣᠭᠠᠳᠤ ᠳᠤ ᠬᠠᠷᠢᠨ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠬᠠᠷᠢᠴᠠᠯᠠᠰᠢᠭᠦᠢ ᠣᠷᠣᠯᠭ᠎ᠠ ᠶᠢᠨ ᠪᠠᠷᠢᠮᠵᠢᠶ᠎ᠠ ᠶᠢ ᠦᠨᠳᠦᠰᠦᠯᠡᠵᠦ᠂ ᠵᠢᠯ ᠤᠨ ᠣᠷᠣᠯᠭ᠎ᠠ ᠨᠢ 10 ᠲᠦᠮᠡᠨ | ᠲᠥᠭᠦᠷᠢᠭ ᠠᠴᠠ 50 ᠲᠦᠮᠡᠨ ᠲᠥᠭᠦᠷᠢᠭ ᠤᠨ ᠬᠤᠭᠤᠷᠣᠨᠳᠤ ᠪᠠᠶᠢᠭ᠎ᠠ ᠭᠡᠷ ᠪᠦᠯᠢ ᠶᠢ ᠳᠤᠮᠳᠠ ᠵᠡᠷᠭᠡ ᠶᠢᠨ ᠣᠷᠣᠯᠭ᠎ᠠ ᠲᠠᠢ ᠭᠡᠷ ᠪᠦᠯᠢ ᠭᠡᠵᠦ ᠲᠣᠭᠲᠠᠭᠠᠵᠠᠢ᠃ | ᠡᠨᠡ ᠬᠦ ᠪᠠᠷᠢᠮᠵᠢᠶ᠎ᠠ ᠶᠢ ᠲᠣᠭᠲᠠᠭᠠᠭᠰᠠᠨ ᠠᠴᠠ᠂ ︽ᠰᠠᠷ᠎ᠠ ᠶᠢᠨ ᠣᠷᠣᠯᠭ᠎ᠠ 3000 ᠲᠥᠭᠦᠷᠢᠭ ᠲᠤ ᠭᠦᠷᠪᠡᠯ ᠳᠤᠮᠳᠠ ᠵᠡᠷᠭᠡ ᠶᠢᠨ ᠣᠷᠣᠯᠭ᠎ᠠ ᠲᠠᠢ ᠪᠠᠷ | ᠲᠣᠭᠠᠴᠠᠨ᠎ᠠ︾ ᠭᠡᠳᠡᠭ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 2017 ᠣᠨ ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠦᠨ᠎ᠡ ᠬᠠᠩᠰᠢ ᠶᠢᠨ | ᠬᠦᠴᠦᠨ ᠵᠦᠢᠯ ᠢ ᠲᠣᠬᠢᠷᠠᠭᠤᠯᠤᠭᠰᠠᠨ ᠤ ᠳᠠᠷᠠᠭ᠎ᠠ ᠣᠳᠣ ᠶᠢᠨ ᠪᠠᠷᠢᠮᠵᠢᠶ᠎ᠠ ᠳᠤ ᠬᠡᠷᠡᠭᠯᠡᠵᠦ ᠪᠤᠢ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠳᠤᠷᠠᠳᠤᠭᠰᠠᠨ ᠪᠠᠷᠢᠮᠵᠢᠶ᠎ᠠ ᠶᠣᠰᠣᠭᠠᠷ᠂ 2017 ᠣᠨ ᠤ ᠪᠠᠷᠠᠭᠠᠨ ᠤ ᠦᠨ᠎ᠡ ᠶᠢᠨ ᠬᠢᠷᠢ ᠬᠡᠮᠵᠢᠶ᠎ᠡ ᠪᠠᠷ ᠭᠤᠷᠪᠠᠨ ᠠᠮᠠ ᠪᠦᠯᠢ ᠲᠠᠢ ᠡᠷᠦᠭᠡ ᠶᠢᠨ ᠵᠢᠯ ᠤᠨ | ᠣᠷᠣᠯᠭ᠎ᠠ ᠶᠢ 10 ᠲᠦᠮᠡᠨ ᠲᠥᠭᠦᠷᠢᠭ ᠠᠴᠠ 50 ᠲᠦᠮᠡᠨ ᠲᠥᠭᠦᠷᠢᠭ ᠢᠶᠠᠷ ᠪᠤᠳᠤᠪᠠᠯ᠂ ᠣᠳᠣᠬᠠᠨ ᠳᠤ ᠪᠠᠷᠠᠭᠠᠨ ᠤ ᠦᠨ᠎ᠡ ᠶᠢᠨ ᠬᠦᠴᠦᠨ ᠵᠦᠢᠯ ᠢ | ᠲᠣᠬᠢᠷᠠᠭᠤᠯᠤᠭᠰᠠᠨ ᠤ ᠳᠠᠷᠠᠭ᠎ᠠ ᠬᠥᠮᠥᠨ ᠪᠦᠷᠢ ᠳᠤᠮᠳᠠᠴᠢ ᠪᠠᠷ ᠰᠠᠷ᠎ᠠ ᠶᠢᠨ ᠤᠷᠤᠯᠭ᠎ᠠ 3000 ᠲᠥᠭᠦᠷᠢᠭ ᠠᠴᠠ 15000 ᠲᠥᠭᠦᠷᠢᠭ ᠪᠠᠶᠢᠪᠠᠯ ︽ᠳᠤᠮᠳᠠ | ᠵᠡᠷᠭᠡ ᠶᠢᠨ ᠣᠷᠣᠯᠭ᠎ᠠ︾ ᠶᠢᠨ ᠤᠬᠠᠭᠳᠠᠬᠤᠨ ᠳᠤ ᠨᠡᠶᠢᠴᠡᠨ᠎ᠡ᠃ | ᠣᠯᠠᠩᠬᠢ ᠬᠥᠮᠥᠰ ᠥᠪᠡᠷ ᠤᠨ ᠢᠶᠠᠨ ᠨᠢᠭᠡᠨᠲᠡ ᠳᠤᠮᠳᠠ ᠵᠡᠷᠭᠡ ᠶᠢᠨ ᠣᠷᠣᠯᠭ᠎ᠠ ᠲᠠᠢ ᠪᠦᠯᠦᠭ ᠴᠣᠭᠴᠠ ᠳᠤ ᠣᠷᠣᠭᠰᠠᠨ ᠭᠡᠳᠡᠭ ᠢᠶᠠᠨ ᠮᠡᠳᠡᠳᠡᠭ ᠦᠭᠡᠢ᠂ | ᠡᠭᠦᠨ ᠤ ᠭᠤᠣᠯ ᠰᠢᠯᠲᠠᠭᠠᠨ ᠨᠢ ᠭᠡᠷ ᠪᠦᠯᠢ ᠶᠢᠨ ᠵᠢᠯ ᠤᠨ ᠣᠷᠣᠯᠭ᠎ᠠ ᠪᠣᠯᠣᠨ ᠬᠥᠮᠥᠨ ᠳᠤᠮᠳᠠᠴᠢ ᠶᠢᠨ ᠰᠠᠷ᠎ᠠ ᠶᠢᠨ ᠤᠷᠤᠯᠭ᠎ᠠ ᠨᠢ ᠮᠠᠰᠢ ᠶᠡᠭᠡ ᠵᠥᠷᠢᠶ᠎ᠡ ᠲᠠᠢ | ᠪᠠᠶᠢᠬᠤ ᠳᠤ ᠣᠷᠣᠰᠢᠳᠠᠭ᠃ | ᠲᠥᠰᠥᠭᠡᠯᠡᠨ ᠪᠣᠳᠣᠯᠲᠠ ᠪᠠᠷ᠂ ᠭᠤᠷᠪᠠᠨ ᠠᠮᠠ ᠪᠦᠯᠢ ᠲᠠᠢ ᠡᠷᠦᠭᠡ ᠶᠢᠨ ᠭᠡᠷ ᠪᠦᠯᠢ ᠶᠢᠨ ᠵᠢᠯ ᠤᠨ ᠣᠷᠣᠯᠭ᠎ᠠ ᠨᠢ 15 ᠲᠦᠮᠡᠨ ᠲᠥᠭᠦᠷᠢᠭ ᠲᠤ | ᠭᠦᠷᠪᠡᠯ ᠳᠤᠮᠳᠠ ᠵᠡᠷᠭᠡ ᠶᠢᠨ ᠣᠷᠣᠯᠭ᠎ᠠ ᠲᠠᠢ ᠪᠦᠯᠦᠭ ᠴᠣᠭᠴᠠ ᠳᠤ ᠲᠣᠭᠠᠴᠠᠭᠳᠠᠨ᠎ᠠ᠂ ᠭᠡᠪᠡᠴᠦ ᠬᠡᠷᠪᠡ ᠨᠢᠭᠡᠯᠬᠡᠨ ᠬᠥᠮᠥᠨ ᠨᠢ ᠠᠵᠢᠯᠯᠠᠳᠠᠭ ᠶᠤᠮ ᠪᠣᠯ ᠬᠥᠮᠥᠨ | ᠪᠦᠷᠢ ᠶᠢᠨ ᠰᠠᠷ᠎ᠠ ᠶᠢᠨ ᠳᠤᠮᠳᠠᠴᠢ ᠤᠷᠤᠯᠭ᠎ᠠ ᠨᠢ 1.25 ᠲᠦᠮᠡᠨ ᠲᠥᠭᠦᠷᠢᠭ ᠢ ᠳᠠᠪᠠᠪᠠᠯ ᠰᠠᠶ᠋ᠢ ᠳᠤᠮᠳᠠ ᠵᠡᠷᠭᠡ ᠶᠢᠨ ᠣᠷᠣᠯᠭ᠎ᠠ ᠳᠤ ᠲᠣᠭᠠᠴᠠᠭᠳᠠᠨ᠎ᠠ᠃ | ᠡᠶᠢᠮᠦ ᠠᠴᠠ ᠬᠠᠷᠢᠴᠠᠩᠭᠤᠢ ᠪᠠᠷ᠂ ︽ᠭᠡᠷ ᠪᠦᠯᠢ ᠶᠢᠨ ᠵᠢᠯ ᠤᠨ ᠣᠷᠣᠯᠭ᠎ᠠ︾ ᠨᠢ ︽ᠬᠥᠮᠥᠨ ᠳᠤᠮᠳᠠᠴᠢ ᠶᠢᠨ ᠰᠠᠷ᠎ᠠ ᠶᠢᠨ ᠤᠷᠤᠯᠭ᠎ᠠ︾ ᠶᠢ ᠬᠡᠮᠵᠢᠬᠦ ᠠᠴᠠ ᠨᠡᠩ | ᠣᠨᠣᠪᠴᠢᠲᠠᠢ ᠪᠠᠶᠢᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠪᠠᠶᠢᠳᠠᠯ ᠢ ᠨᠡᠩ ᠢᠯᠡᠭᠦᠦ ᠬᠤᠷᠢᠶᠠᠩᠭᠤᠶᠢᠯᠠᠵᠤ ᠴᠢᠳᠠᠬᠤ ᠶᠤᠮ᠃ |