ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ 2024 ᠣᠨ ᠤ 12 ᠰᠠᠷ᠎ᠠ ᠶᠢᠨ 25 ᠠᠴᠠ | 26 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠪᠠ᠃ | | | | 12 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ | ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠠᠩᠬᠠᠳᠤᠭᠠᠷ ᠪᠦᠭᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠭᠦᠳᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ | ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | | | 12 ᠰᠠᠷ᠎ᠠ ᠶᠢᠨ 25 ᠠᠴᠠ 26 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ | ᠭᠦᠭᠡᠬᠤᠲᠠ ᠳᠤ ᠬᠤᠷᠠᠯᠳᠤᠪᠠ᠃ | ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | ᠡᠨᠡ ᠤᠳᠠᠭ᠎ᠠ ᠶᠢᠨ ᠪᠦᠭᠦᠳᠡ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ 75 ᠬᠥᠮᠥᠨ᠂ ᠣᠷᠣᠯᠠᠭᠴᠢ | ᠭᠡᠰᠢᠭᠦᠨ 10 ᠬᠥᠮᠥᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠬᠡᠰᠡᠭ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ | ᠬᠤᠷᠠᠯ ᠳᠤ ᠰᠤᠯᠠ ᠣᠷᠣᠯᠴᠠᠵᠠᠢ᠃ | ᠪᠦᠭᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠤᠰ ᠲᠤᠰ ᠶᠠᠷᠢᠶ᠎ᠠ ᠲᠠᠯᠪᠢᠪᠠ᠃ | ᠪᠦᠭᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠲᠤᠬᠠᠢ | ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠪᠦᠭᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠢᠭᠡ ᠵᠢᠯ ᠤᠨ ᠲᠤᠷᠰᠢᠬᠢ ᠠᠵᠢᠯ ᠢ | ᠭᠦᠢᠴᠡᠳ ᠨᠤᠲᠠᠯᠠᠪᠠ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠵᠤ᠂ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠤᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ | ᠦᠯᠡᠮᠵᠢ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠷᠭᠡᠳᠬᠡᠨ ᠠᠬᠢᠭᠤᠯᠵᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠢᠯᠡᠳᠲᠡ ᠠᠮᠵᠢᠯᠲᠠ ᠣᠯᠵᠤ᠂ | ︽ᠲᠠᠪᠤᠨ ᠶᠡᠭᠡ ᠡᠭᠦᠷᠭᠡ︾ ᠶᠢᠨ ᠣᠨ ᠤ ᠭᠤᠣᠯᠳᠠᠯᠭ᠎ᠠ ᠲᠠᠢ ᠠᠵᠢᠯ ᠢ ᠪᠦᠭᠦᠨ ᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠨᠢ ᠨᠢᠭᠡ ᠪᠦᠯᠦᠭ ᠪᠡᠯᠭᠡ | ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠪᠠ᠃ ᠪᠦᠭᠦ ᠣᠷᠣᠨ ᠤ ᠡᠯ᠎ᠡ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ᠂ ᠥᠪᠥᠷ ᠮᠣᠩᠭᠤᠯ ᠳᠤ ᠲᠦᠷᠭᠡᠨ ᠬᠥᠭᠵᠢᠬᠦ | ᠬᠠᠨᠳᠤᠰᠢ ᠢᠯᠡᠷᠡᠵᠦ᠂ ᠪᠣᠬᠢᠷᠳᠤᠯ ᠦᠭᠡᠢ ᠬᠥᠭᠵᠢᠭᠦᠯᠬᠦ ᠴᠢᠳᠠᠪᠤᠷᠢ ᠪᠠ ᠲᠡᠰ ᠳᠡᠭᠡᠭᠰᠢᠯᠡᠵᠦ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠠᠭᠤᠷ ᠠᠮᠢᠰᠬᠤᠯ | ᠥᠳᠬᠡᠷᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠠᠯᠬᠤᠭ᠎ᠠ ᠲᠦᠷᠭᠡᠳᠴᠦ᠂ ᠰᠣᠶᠣᠯ ᠤᠨ ᠪᠠᠶᠢᠭᠤᠯᠤᠯᠲᠠ ᠶᠢᠨ ᠭᠠᠷᠳᠠᠴᠠ ᠪᠣᠳᠠᠲᠠᠢ ᠪᠣᠯᠵᠤ᠂ ᠥᠭᠡᠳᠡᠯᠡᠨ | ᠰᠠᠶᠢᠵᠢᠷᠠᠵᠤ ᠪᠠᠶᠢᠭ᠎ᠠ ᠪᠠᠶᠢᠳᠠᠯ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃ | ᠪᠦᠭᠦᠳᠡ ᠬᠤᠷᠠᠯ ᠠᠴᠠ᠂ ᠪᠢᠳᠡ ᠭᠠᠭᠴᠠ ᠬᠦ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠶᠣᠰᠣᠭᠠᠷ ᠭᠤᠶᠢᠪᠢᠰᠢ ᠦᠭᠡᠢ ᠦᠨᠡᠨ | ᠪᠣᠳᠠᠲᠠᠢ ᠠᠵᠢᠯᠯᠠᠳᠠᠭ ᠯᠠ ᠶᠤᠮ ᠪᠣᠯ ᠯᠠᠪᠲᠠᠢ ᠡᠯ᠎ᠡ ᠵᠦᠢᠯ ᠤᠨ ᠠᠵᠢᠯ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠵᠤ ᠴᠢᠳᠠᠨ᠎ᠠ︔ ᠪᠢᠳᠡ ᠭᠠᠭᠴᠠ ᠬᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ | ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ 2400 ᠲᠦᠮᠡᠨ ᠳᠤᠮᠳᠠᠳᠤ ᠶᠢᠨ ᠬᠥᠪᠡᠭᠦᠳ ᠥᠬᠢᠳ ᠢ ᠳᠠᠭᠠᠭᠤᠯᠤᠨ ᠬᠠᠮᠲᠤ ᠪᠠᠷ ᠪᠦᠯᠬᠦᠮᠳᠡᠨ ᠲᠡᠮᠡᠴᠡᠳᠡᠭ ᠯᠡ | ᠶᠤᠮ ᠪᠣᠯ ᠯᠠᠪᠲᠠᠢ ᠡᠬᠡ ᠤᠯᠤᠰ ᠤᠨ ᠤᠮᠠᠷᠠᠲᠤ ᠬᠢᠯᠢ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ ᠴᠢᠳᠠᠨ᠎ᠠ︔ ᠪᠢᠳᠡ ᠭᠠᠭᠴᠠ ᠬᠦ | ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠡᠷᠡᠰ ᠰᠢᠭᠤᠷᠬᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠳᠡᠭ ᠯᠡ ᠶᠤᠮ ᠪᠣᠯ ᠯᠠᠪᠲᠠᠢ ᠰᠢᠨ᠎ᠡ ᠵᠠᠮ ᠢ | ᠨᠡᠭᠡᠭᠡᠵᠦ ᠴᠢᠳᠠᠨ᠎ᠠ︔ ᠪᠢᠳᠡ ᠭᠠᠭᠴᠠ ᠬᠦ ᠴᠤᠭ ᠵᠣᠯᠢ ᠪᠠᠳᠠᠷᠠᠩᠭᠤᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠢᠭᠡ ᠰᠡᠳᠬᠢᠯ ᠨᠢᠭᠡ | ᠵᠣᠷᠢᠭ ᠢᠶᠠᠷ ᠠᠵᠢᠯ ᠬᠢᠳᠡᠭ ᠯᠡ ᠶᠤᠮ ᠪᠣᠯ ᠯᠠᠪᠲᠠᠢ ᠬᠥᠭᠵᠢᠯᠲᠡ ᠶᠢᠨ ᠰᠢᠨ᠎ᠡ ᠢᠷᠡᠭᠡᠳᠦᠢ ᠶᠢ ᠡᠭᠦᠳᠴᠦ ᠴᠢᠳᠠᠨ᠎ᠠ ᠭᠡᠳᠡᠭ ᠢ ᠦᠢᠯᠡᠳᠦᠯᠭᠡ ᠭᠦᠢᠴᠡᠳ | ᠭᠡᠷᠡᠴᠢᠯᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ | ᠪᠦᠭᠦᠳᠡ ᠬᠤᠷᠠᠯ ᠠᠴᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠢᠷᠡᠬᠦ ᠵᠢᠯ ᠤᠨ ᠠᠵᠢᠯ ᠢ | ᠰᠠᠶᠢᠲᠤᠷ ᠬᠢᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠤᠯᠭᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠨ᠂ | ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠨᠡᠩ | ᠶᠡᠭᠡ ᠠᠬᠢᠴᠠ ᠲᠠᠢ ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠲᠡᠢ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠵᠡᠷᠭᠡ ᠪᠠᠷ ᠬᠦᠴᠦᠯᠡᠬᠦ ᠶᠢ | ᠠᠬᠢᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠢ | ᠥᠩᠭᠡᠷᠡᠭᠰᠡᠨ ᠲᠠᠢ ᠪᠠᠨ ᠠᠳᠠᠯᠢᠬᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠨ᠎ᠡ ᠪᠠᠷ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠴᠠᠭ ᠲᠤᠬᠠᠢ | ᠳᠤᠨᠢ ᠳᠠᠭᠠᠵᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ︽ᠲᠠᠪᠤᠨ ᠶᠡᠭᠡ ᠡᠭᠦᠷᠭᠡ︾ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠳᠤᠮᠳᠠᠬᠢ ᠥᠪᠥᠷ ᠮᠣᠩᠭᠤᠯ ᠤᠨ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠬᠤᠷ ᠡᠷᠬᠡᠪᠰᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ | ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠣᠯᠣᠨ ᠬᠥᠬᠡ | ᠣᠭᠲᠠᠷᠭᠤᠢ ᠲᠤᠩᠭᠠᠯᠠᠭ ᠤᠰᠤ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠤᠲᠤᠭ ᠪᠡᠯᠴᠢᠭᠡᠷ ᠤᠨ | ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ | ᠡᠷᠡᠰ ᠴᠡᠭᠴᠡᠯᠡᠨ ᠵᠠᠰᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ | ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠡᠨᠧᠷᠭᠢ ᠨᠥᠭᠡᠴᠡᠯᠡᠬᠦ᠂ ᠪᠣᠬᠢᠷᠳᠤᠯ ᠦᠭᠡᠢ ᠤᠰᠤᠲᠥ᠋ᠷᠥᠭᠴᠢ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠬᠤᠪᠣᠷ | ᠰᠢᠷᠣᠢ ᠶᠢᠨ ᠬᠤᠶᠠᠷ ᠰᠠᠭᠤᠷᠢᠨ︾ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ | ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠤᠯᠤᠰ ᠠᠴᠠ ᠪᠠᠭᠤᠯᠭᠠᠭᠰᠠᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠬᠦ ᠬᠡᠷᠡᠭᠲᠡᠢ᠃ | ᠭᠠᠷᠤᠯᠲᠠ ᠶᠢᠨ ᠬᠡᠮᠵᠢᠶ᠎ᠡ ᠦᠢᠯᠡᠳᠪᠦᠷᠢᠯᠡᠯ ᠤᠨ ᠴᠢᠳᠠᠪᠤᠷᠢ᠂ ᠦᠢᠯᠡᠳᠪᠦᠷᠢᠯᠡᠯ ᠠᠮᠢ ᠠᠬᠤᠢ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ | ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠬᠦᠭᠡᠷᠦᠮᠵᠢᠲᠦ | ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠭᠠᠳᠠᠭᠰᠢ ᠨᠡᠭᠡᠭᠡᠯᠲᠡ ᠬᠢᠬᠦ ᠶᠢ ᠤᠯᠠᠮ ᠥᠷᠭᠡᠳᠬᠡᠵᠦ᠂ ᠬᠠᠭᠤᠷᠠᠢ | ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠡᠭᠡᠯᠵᠢ ᠶᠢᠨ ᠲᠤᠭ᠎ᠠ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ︽ᠵᠢᠷᠭᠤᠭᠠᠨ ᠢᠨᠵᠧᠨᠧᠷᠢᠩ︾ ᠨᠢ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠶᠢᠴᠢᠯᠠᠬᠤ ᠴᠢᠨᠠᠷᠲᠠᠢ᠂ ᠬᠥᠰᠢᠭᠦᠷᠭᠡ ᠶᠢᠨ ᠴᠢᠨᠠᠷᠲᠠᠢ ᠦᠢᠯᠡᠳᠦᠯ ᠲᠠᠢ ᠪᠣᠯᠬᠤᠷ ᠡᠷᠬᠡᠪᠰᠢ | ᠦᠷᠭᠦᠯᠵᠢᠯᠡᠨ ᠬᠦᠴᠦᠯᠡᠨ ᠠᠳᠬᠤᠬᠤ ᠬᠡᠷᠡᠭᠲᠡᠢ᠃ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠬᠤ ᠬᠡᠷᠡᠭᠲᠡᠢ᠃ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠨᠠᠶᠢᠳᠠᠪᠤᠷᠢᠵᠢᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠳᠣᠷᠬᠠᠢ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢᠨ ᠤᠳᠤᠷᠢᠳᠤᠮᠵᠢ ᠶᠢ ᠳᠣᠪᠤᠶᠢᠯᠭᠠᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠠᠶᠢᠯ ᠡᠷᠦᠭᠡ ᠪᠦᠷᠢ | ᠂ ᠠᠵᠤ ᠠᠬᠤᠶᠢᠯᠠᠯ ᠪᠦᠭᠦᠨ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠭᠢᠯᠭᠠᠨ | ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠣᠷᠣᠯᠭ᠎ᠠ ᠶᠢ | ᠨᠡᠮᠡᠭᠳᠡᠭᠦᠯᠦᠨ ᠴᠢᠳᠠᠪᠤᠷᠢ ᠶᠢ ᠨᠡᠮᠡᠭᠳᠡᠭᠦᠯᠦᠨ ᠣᠯᠠᠨ ᠲᠠᠯ᠎ᠠ ᠪᠠᠷ ᠠᠰᠢᠭ ᠭᠦᠷᠳᠡᠭᠦ ᠶᠢ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠪᠠᠶᠢᠷᠢ ᠴᠡᠭ ᠢ ᠣᠨᠢᠯᠠᠨ ᠦᠷᠭᠦᠯᠵᠢᠯᠡᠨ ᠪᠣᠭᠤᠮᠲᠠ ᠰᠢᠪᠲᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠯᠠᠨ ᠲᠠᠯ᠎ᠠ ᠪᠠᠷ ᠦᠷ᠎ᠡ ᠪᠦᠲᠦᠮᠵᠢ ᠭᠠᠷᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠳᠤᠯᠠᠭᠠᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠪᠠ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠶᠢ ᠲᠥᠯᠥᠪᠯᠡᠭᠡ ᠶᠣᠰᠣᠭᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠢᠷᠡᠬᠦ ᠵᠢᠯ ᠳᠤ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠨᠢᠭᠡ ᠳᠤ᠂ ᠴᠢᠬᠤᠯᠠ | ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠨᠢᠭᠡ ᠪᠦᠯᠦᠭ ᠴᠢᠬᠤᠯᠠ ᠶᠡᠭᠡ | ᠢᠨᠵᠧᠨᠧᠷᠢᠩ ᠢ ᠤᠬᠠᠭᠠᠯᠠᠨ ᠲᠥᠯᠥᠪᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠶᠡᠭᠡ ᠪᠠᠷ ᠠᠳᠬᠤᠵᠤ᠂ | ᠭᠠᠵᠠᠷ ᠰᠢᠷᠣᠢ᠂ ᠪᠡᠯᠡ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠲᠦᠷᠭᠡᠨ ᠪᠦᠲᠦᠭᠡᠨ ᠪᠠᠶᠢᠭᠤᠯᠵᠤ ᠲᠦᠷᠭᠡᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠨᠥᠭᠡᠴᠡ ᠬᠦᠴᠦᠨ ᠢ ᠨᠡᠮᠡᠭᠳᠡᠭᠦᠯᠬᠦ ᠳᠤ ᠲᠤᠯᠭᠠᠭᠤᠷᠢᠯᠠᠯ ᠬᠠᠩᠭᠠᠬᠤ | ᠬᠡᠷᠡᠭᠲᠡᠢ᠃ ᠬᠤᠶᠠᠷ ᠲᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠃ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ | ᠠᠰᠠᠭᠤᠳᠠᠯ ᠢ ᠨᠢ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ | ᠲᠠᠩᠰᠠᠨ ᠳᠠᠬᠢ ᠵᠣᠭᠤᠰ ᠢ ᠲᠦᠷᠭᠡᠨ ᠲᠥᠯᠥᠵᠦ᠂ ᠪᠠᠩᠬᠢ ᠶᠢᠨ ᠵᠢᠭᠡᠯᠡᠯᠭᠡ ᠲᠠᠯᠪᠢᠬᠤ᠂ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠤᠮᠳᠠ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠠᠳᠠᠯᠢᠬᠠᠨ ᠬᠠᠨᠳᠤᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠵᠢᠷᠤᠮᠵᠢᠩᠭᠤᠢ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ | ᠥᠷᠭᠡᠳᠬᠡᠬᠦ ᠬᠡᠷᠡᠭᠲᠡᠢ᠃ ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠃ ᠡᠯ᠎ᠡ ᠭᠠᠵᠠᠷ ᠤᠨ ᠬᠢᠨ ᠠᠷᠭ᠎ᠠ ᠰᠦᠪᠡᠭᠴᠢᠯᠡᠨ ᠠᠵᠤ ᠠᠬᠤᠶᠢᠯᠠᠯ ᠢ | ᠢᠯᠡᠭᠦᠬᠡᠨ ᠡᠷᠭᠢᠯᠡᠵᠤ᠂ ᠠᠵᠤ ᠠᠬᠤᠶᠢᠯᠠᠯ ᠤᠨ ᠣᠶᠢᠷ᠎ᠠ ᠬᠠᠪᠢ ᠠᠴᠠ ᠪᠠᠨ ᠲᠤᠰ ᠭᠠᠵᠠᠷ ᠠᠴᠠ ᠪᠠᠨ ᠠᠵᠢᠯᠴᠢᠨ ᠬᠡᠷᠡᠭᠯᠡᠬᠦ ᠶᠢ ᠬᠥᠲᠥᠯᠥᠨ ᠵᠢᠯᠤᠭᠤᠳᠬᠤ | ᠬᠡᠷᠡᠭᠲᠡᠢ᠃ ᠡᠩ ᠤᠨ ᠶᠡᠭᠡ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠨ | ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠶᠢᠯᠠᠯ ᠯᠤᠭ᠎ᠠ ᠬᠥᠮᠥᠨ ᠬᠡᠷᠡᠭᠯᠡᠬᠦ ᠬᠡᠷᠡᠭᠴᠡᠭᠡ ᠪᠠᠨ ᠤᠷᠢᠳᠴᠢᠯᠠᠨ | ᠵᠣᠯᠭᠠᠭᠤᠯᠵᠤ᠂ ᠵᠠᠬᠢᠶᠠᠯᠠᠭ᠎ᠠ ᠶᠢᠨ ᠮᠠᠶ᠋ᠢᠭ ᠢᠶᠠᠷ ᠬᠥᠮᠥᠨ ᠬᠥᠮᠥᠵᠢᠭᠦᠯᠬᠦ ᠶᠢ ᠥᠷᠨᠢᠭᠦᠯᠬᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠡᠷᠡᠭᠴᠡᠭᠡ ᠶᠢ ᠣᠨᠢᠯᠠᠨ ᠦᠨᠡᠨ ᠪᠣᠳᠠᠲᠤ ᠬᠡᠷᠡᠭᠴᠡᠭᠡ ᠲᠠᠢ ᠪᠣᠯᠪᠠᠰᠤᠷᠠᠯ ᠥᠷᠨᠢᠭᠦᠯᠬᠦ ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠤᠯᠠᠨ ᠲᠦᠮᠡᠨ ᠢ ᠬᠠᠪᠰᠤᠷᠴᠤ ᠠᠵᠢᠯ ᠣᠯᠭᠤᠬᠤ ᠶᠢ ᠴᠢᠬᠤᠯᠠ | ᠠᠵᠢᠯ ᠪᠤᠯᠭᠠᠵᠤ᠂ ᠠᠵᠢᠯ ᠣᠯᠭᠤᠬᠤ ᠶᠢ ᠵᠣᠬᠢᠶᠠᠨ ᠪᠠᠶᠢᠭᠤᠯᠬᠤ ᠪᠠ ᠠᠵᠢᠯ ᠣᠯᠬᠤ ᠳᠤ ᠦᠢᠯᠡᠴᠢᠯᠡᠬᠦ ᠶᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ᠂ ᠤᠰᠤ | ᠠᠷᠪᠢᠯᠠᠬᠤ ᠠᠵᠢᠯᠯᠠᠭ᠎ᠠ᠃ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠬᠡᠪ ᠤᠨ ᠪᠤᠰᠤ ᠤᠰᠤ ᠶᠢ ᠠᠰᠢᠭᠯᠠᠬᠤ ᠶᠢ ᠴᠢᠩᠭᠠᠳᠬᠠᠨ᠂ | ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠬᠡᠷᠡᠭᠯᠡᠨ ᠤᠰᠤ ᠠᠷᠪᠢᠯᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ᠃ ᠲᠠᠪᠤ ᠳᠤ᠂ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠃ ᠣᠷᠣᠰ ᠮᠣᠩᠭᠤᠯ ᠯᠤᠭ᠎ᠠ ᠶᠢᠨ ᠨᠡᠭᠡᠭᠡᠯᠲᠡ ᠶᠢ ᠤᠯᠠᠮ ᠥᠷᠭᠡᠳᠬᠡᠵᠦ᠂ ᠪᠡᠭᠡᠵᠢᠩ ᠲᠢᠶᠠᠨᠵᠢᠨ | ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠣᠯᠣᠨ ᠵᠡᠭᠦᠨ ᠬᠤᠶᠢᠲᠤ ᠣᠷᠣᠨ ᠤ | ᠭᠤᠷᠪᠠᠨ ᠮᠤᠵᠢ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠬᠡᠰᠡᠭ ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ᠃ ᠰᠤᠳᠤᠯᠤᠨ ᠲᠠᠶᠢᠯᠪᠤᠷᠢᠯᠠᠬᠤ ᠪᠠ | ᠤᠬᠠᠭᠤᠯᠤᠨ ᠳᠡᠯᠭᠡᠨ ᠦᠵᠡᠭᠦᠯᠭᠦ ᠶᠢ ᠴᠢᠩᠭᠠᠳᠬᠠᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠵᠦ᠂ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠢ ᠨᠠᠩ ᠨᠡᠷ᠎ᠡ ᠠᠯᠳᠠᠷᠰᠢᠭᠤᠯᠬᠤ ᠪᠠ ᠲᠠᠲᠠᠬᠤ ᠬᠦᠴᠦᠨ ᠲᠠᠢ ᠪᠤᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠡᠯ᠎ᠡ ᠱᠠᠲᠤᠨ ᠤ | ᠤᠳᠤᠷᠢᠳᠬᠤ ᠺᠠᠳ᠋ᠷ ᠡᠷᠬᠡᠪᠰᠢ ᠢᠲᠡᠭᠡᠯ ᠢᠶᠠᠨ ᠪᠠᠲᠤᠳᠬᠠᠵᠤ᠂ ᠰᠡᠳᠬᠢᠯ ᠲᠥᠪᠯᠡᠷᠡᠭᠦᠯᠦᠨ ᠯᠠᠪᠳᠠᠭᠤᠨ ᠪᠠᠲᠤᠲᠠᠢ ᠠᠵᠢᠯᠯᠠᠵᠤ᠂ ᠪᠠᠷᠢᠯᠭ᠎ᠠ ᠶᠢᠨ ᠠᠩᠭᠢ ᠶᠢᠨ | ᠳᠠᠷᠤᠭ᠎ᠠ ᠶᠢᠨ ᠬᠤᠪᠢ ᠪᠠᠷ ᠤᠯᠠᠨ ᠢ ᠳᠠᠭᠠᠭᠤᠯᠤᠨ ᠦᠨᠡᠨ ᠪᠣᠳᠠᠲᠠᠢ ᠠᠵᠢᠯᠯᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠵᠦ᠂ ᠪᠡᠯᠡ | ᠣᠷᠣᠭᠤᠯᠤᠯᠲᠠ ᠶᠢ ᠭᠤᠶᠢᠪᠢᠰᠢ ᠦᠭᠡᠢ ᠪᠠᠷ ᠠᠳᠬᠤᠵᠤ ᠠᠷᠠᠯᠵᠢᠶᠠᠴᠢᠨ ᠤᠷᠢᠬᠤ ᠶᠢ ᠠᠳᠬᠤᠵᠤ᠂ ᠲᠦᠷᠦᠯ ᠵᠦᠢᠯ ᠣᠯᠵᠤ᠂ ᠠᠷᠭ᠎ᠠ ᠪᠦᠭᠦᠨ ᠢ ᠰᠦᠪᠡᠭᠴᠢᠯᠡᠵᠦ | ᠪᠥᠭᠡᠮ ᠲᠠᠸᠠᠷ ᠤᠨ ᠬᠡᠷᠡᠭᠯᠡᠭᠡ᠂ ᠰᠣᠶᠣᠯ ᠵᠢᠭᠤᠯᠴᠢᠯᠠᠯ ᠤᠨ ᠬᠡᠷᠡᠭᠯᠡᠭᠡ᠂ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠡᠬᠦ ᠬᠡᠷᠡᠭᠲᠡᠢ᠃ ᠰᠢᠨ᠎ᠡ ᠡᠨᠧᠷᠭᠢ ᠶᠢ ᠶᠡᠭᠡ ᠪᠠᠷ | ᠬᠥᠭᠵᠢᠭᠦᠯᠵᠦ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ ᠡᠨᠧᠷᠭᠢ ᠨᠥᠭᠡᠴᠡᠯᠡᠬᠦ ᠬᠡᠮᠵᠢᠶ᠎ᠡ ᠶᠢ ᠥᠷᠭᠡᠳᠬᠡᠬᠦ᠂ ᠲᠤᠬᠠᠢ ᠶᠢᠨ ᠭᠠᠵᠠᠷ ᠲᠠᠭᠠᠨ ᠰᠢᠩᠭᠡᠭᠡᠬᠦ᠂ | ᠲᠣᠨᠣᠭᠯᠠᠯ ᠦᠢᠯᠡᠳᠬᠦ ᠶᠢ ᠴᠢᠩᠭ᠎ᠠ ᠠᠳᠬᠤᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠴᠣᠭᠴᠠᠯᠠᠬᠤ ᠬᠡᠷᠡᠭᠲᠡᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠠᠩ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ | ᠬᠥᠲᠥᠯᠥᠨ ᠳᠠᠭᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ | ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠠᠪᠠᠭᠤᠯᠢᠭ ᠢᠶᠠᠷ ᠢᠶᠠᠨ ᠬᠠᠷᠢᠯᠴᠠᠨ | ᠨᠥᠬᠦᠪᠦᠷᠢᠯᠡᠬᠦ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ | ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠶᠠᠪᠤᠳᠠᠯ ᠢᠶᠠᠨ ᠪᠤᠯᠭᠠᠵᠤ᠂ ᠪᠦᠭᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ | ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠪᠡᠷᠬᠡ ᠶᠢ ᠳᠤᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠰᠠᠭ ᠤᠨ ᠣᠷᠳᠣᠨ ᠤ ᠥᠷᠢ ᠥᠭᠴᠡᠭᠡ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ᠂ ᠠᠶᠤᠯᠭᠦᠢ | ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠢᠯ ᠤᠨ ᠡᠴᠦᠰ ᠣᠨ ᠤ ᠡᠬᠢᠨ ᠤ ᠡᠯ᠎ᠡ ᠵᠦᠢᠯ ᠤᠨ ᠠᠵᠢᠯ ᠢ | ᠨᠠᠷᠢᠨ ᠨᠢᠮᠪᠠᠢ ᠰᠠᠶᠢᠲᠤᠷ ᠬᠢᠵᠦ᠂ ᠠᠷᠠᠳ ᠣᠯᠠᠨ ᠤ ᠪᠠᠶᠠᠷ ᠭᠦᠷ ᠲᠠᠢ ᠪᠠᠷ ᠰᠢᠨ᠎ᠡ ᠣᠨ ᠢᠶᠠᠨ ᠤᠭᠲᠤᠵᠤ ᠭᠦᠷ ᠨᠠᠷᠭᠢᠶᠠᠨ ᠲᠠᠢ ᠪᠠᠷ ᠴᠠᠭᠠᠨ ᠰᠠᠷ᠎ᠠ ᠪᠠᠨ | ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠣᠷᠣᠨ ᠨᠤᠲᠤᠭ ᠤᠨ ᠬᠤᠷᠢᠶ᠎ᠠ ᠶᠢᠨ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠸᠠᠩ ᡁᠢ ᠫᠢᠩ ᠨᠥᠬᠦᠷ ᠢ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠭᠡᠰᠢᠭᠦᠨ ᠤ ᠲᠤᠰᠢᠶᠠᠯ ᠠᠴᠠ ᠨᠢ ᠪᠠᠭᠤᠯᠭᠠᠵᠤ᠂ ᠮᠠ ᠴᠢᠶᠠᠩ᠂ ᠯᠢᠦ ᡁᠢ ᠫᠢᠩ᠂ | ᠱᠧᠨ ᠭᠦᠸᠧ ᠫᠢᠩ᠂ ᠴᠧᠨ ᠰᠠᠷᠠᠨ᠎ᠠ᠂ ᠵᠧᠩ ᠭᠦᠢ ᠶᠢᠦ ᠵᠡᠷᠭᠡ 5 ᠨᠥᠬᠦᠷ ᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ | ᠬᠤᠷᠢᠶ᠎ᠠ ᠶᠢᠨ ᠭᠡᠰᠢᠭᠦᠨ ᠢᠶᠠᠷ ᠳᠠᠷᠠᠭᠠᠯᠠᠨ ᠨᠥᠬᠦᠬᠦ ᠪᠠᠷ ᠲᠣᠭᠲᠠᠪᠠ᠃ | ᠪᠦᠭᠦᠳᠡ ᠬᠤᠷᠠᠯ ᠠᠴᠠ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠬᠥᠪᠴᠢᠯᠡᠨ᠂ ᠡᠷᠴᠢ | ᠬᠦᠴᠦᠨ ᠢᠶᠠᠨ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠨ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ | ᠤᠷᠤᠭᠰᠢᠯᠠᠨ ᠳᠤᠮᠳᠠ ᠲᠦᠪᠰᠢᠨ ᠳᠤ ᠣᠷᠣᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ | ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠤᠷᠢᠶᠠᠯᠠᠪᠠ᠃ |