ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠲᠠᠰᠤᠭ ᠨᠢ ︽ᠠᠯᠠᠭᠠᠨ ᠳᠡᠭᠡᠷᠡᠬᠢ ᠠᠯᠪᠠᠨ ᠮᠡᠳᠡᠭᠡ︾ ᠶᠢ ᠪᠠᠶᠢᠭᠤᠯᠵᠤ᠂ | ᠲᠥᠷᠥ ᠶᠢᠨ ᠪᠣᠳᠣᠯᠭ᠎ᠠ ᠶᠢᠨ ᠦᠨᠳᠦᠰᠦᠨ ᠱᠠᠲᠤᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ︽ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ︾ ᠢᠨᠵᠧᠨᠧᠷᠢᠩ ᠤᠨ ᠬᠡᠷᠡᠭᠵᠢᠭᠦᠯᠦᠯᠲᠡ ᠶᠢ ᠠᠬᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ | ᠲᠠᠰᠤᠭ ᠨᠢ ᠨᠠᠶᠢᠷᠠᠭᠤᠯᠤᠨ ᠲᠠᠷᠬᠠᠭᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠳᠠᠮᠵᠢᠭᠤᠯᠭ᠎ᠠ ᠶᠢᠨ ᠬᠡᠷᠡᠭᠯᠡᠯᠲᠡ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠤᠨ᠂ | ︽ᠮᠥᠩᠬᠡ ᠰᠤᠪᠠᠭ︾᠂ ︽ᠲᠠᠯ᠎ᠠ ᠨᠤᠲᠤᠭ ᠤᠨ ᠡᠭᠦᠯᠡ︾᠂ ︽ᠳᠡᠭᠦᠯᠢᠯᠲᠡ ᠬᠠᠮ ᠵᠠᠭᠤᠴᠢᠯᠠᠭᠤᠷ︾ ᠵᠡᠷᠭᠡ ᠭᠤᠣᠯ ᠤᠷᠤᠰᠬᠠᠯ ᠪᠣᠯᠬᠤ APP ᠵᠢᠴᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠬᠡᠮᠵᠢᠶ᠎ᠡ ᠪᠠᠷ | ᠥᠨᠳᠥᠷ ᠪᠠᠶᠢᠬᠤ 13 ᠰᠠᠯᠠᠭ᠎ᠠ ᠮᠥᠴᠢᠷ ᠤᠨ ᠪᠠ ᠨᠢᠭᠡᠴᠢ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠠᠬᠢᠭᠤᠯᠵᠤ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ | ᠲᠤᠰᠬᠠᠢ ᠪᠤᠯᠤᠩ ᠢ ᠰᠦᠯᠵᠢᠶᠡᠨ ᠳᠤ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠠᠷᠠᠳ ᠣᠯᠠᠨ ᠤ ︽ᠬᠤᠷᠤᠭᠤᠨ ᠦᠵᠦᠭᠦᠷ︾ ᠲᠤ ᠰᠢᠭᠤᠳ ᠬᠦᠷᠭᠡᠵᠦ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠦᠨᠳᠦᠰᠦᠨ | ᠱᠠᠲᠤᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠪᠡ᠃ ︵ᠵᠠᠰᠠᠭ ᠤᠨ ᠣᠷᠳᠣᠨ ᠤ ᠠᠯᠪᠠᠨ ᠲᠢᠩᠬᠢᠮ︶ |