ᠮᠠᠨ ᠤ ᠣᠷᠣᠨ ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠨᠡᠶᠢᠲᠡ 172 ᠳ᠋ᠦᠩᠰᠢᠭᠤᠷ ᠲᠥᠭᠦᠷᠢᠭ ᠤᠨ ᠵᠠᠷᠤᠳᠠᠯ ᠠᠷᠪᠢᠯᠠᠪᠠ
ᠨᠡᠶᠢᠲᠡᠯᠡᠭᠰᠡᠨ ᠴᠠᠭ᠄
2024/12/28
          ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2019 ᠣᠨ ᠳᠤ ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠮᠠᠨ ᠤ ᠣᠷᠣᠨ ᠨᠡᠶᠢᠲᠡ 24 ᠪᠦᠯᠦᠭ ᠤᠳᠠᠭ᠎ᠠ ᠶᠢᠨ ᠡᠮ ᠤᠨ ᠵᠦᠢᠯᠡᠰ᠂ 32 ᠪᠦᠯᠦᠭ ᠤᠳᠠᠭ᠎ᠠ ᠶᠢᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ᠂ ᠨᠡᠶᠢᠲᠡ 172 ᠳ᠋ᠦᠩᠰᠢᠭᠤᠷ ᠲᠥᠭᠦᠷᠢᠭ ᠤᠨ ᠵᠠᠷᠤᠳᠠᠯ ᠠᠷᠪᠢᠯᠠᠪᠠ᠃          ᠲᠠᠨᠢᠯᠴᠠᠭᠤᠯᠤᠭᠰᠠᠨ ᠢᠶᠠᠷ᠂ ᠣᠳᠣᠬᠠᠨ ᠪᠤᠯᠲᠠᠯ᠎ᠠ ᠮᠠᠨ ᠤ ᠣᠷᠣᠨ 1011 ᠲᠦᠷᠦᠯ ᠤᠨ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠴᠤ᠂ ᠴᠢᠰᠤᠨ ᠳᠠᠷᠤᠯᠲᠠ ᠥᠨᠳᠥᠷ ᠡᠪᠡᠳᠴᠢᠨ᠂ ᠮᠡᠳᠡᠷᠡᠯ ᠤᠨ ᠲᠥᠷᠥᠯ ᠤᠨ ᠡᠪᠡᠳᠴᠢᠨ᠂ ᠬᠠᠪᠤᠳᠠᠷ ᠢ ᠡᠰᠡᠷᠭᠦᠴᠡᠬᠦ ᠵᠡᠷᠭᠡ ᠣᠯᠠᠨ ᠡᠮᠨᠡᠨ ᠵᠠᠰᠠᠬᠤ ᠬᠦᠷᠢᠶ᠎ᠡ ᠶᠢ ᠬᠠᠮᠤᠷᠴᠤ᠂ ᠬᠢᠮᠡᠯ ᠲᠠᠯᠠᠰᠲᠤ᠂ ᠵᠣᠬᠢᠶᠠᠮᠠᠯ ᠦᠶ᠎ᠡ ᠭᠡᠰᠢᠭᠦᠦ ᠵᠡᠷᠭᠡ 65 ᠲᠥᠷᠥᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ᠂ ᠦᠨ᠎ᠡ ᠬᠠᠩᠰᠢ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ ᠴᠥᠮ 50% ᠣᠷᠴᠢᠮ ᠪᠠᠶᠢᠵᠤ᠂ ᠨᠠᠩ ᠣᠯᠠᠨ ᠥᠨᠳᠥᠷ ᠥᠷᠲᠡᠭᠲᠦ ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ᠣᠷᠣᠭᠤᠯᠵᠤ᠂ ᠨᠠᠩ ᠣᠯᠠᠨ ᠡᠪᠡᠳᠴᠢᠲᠡᠨ ᠴᠢᠨᠠᠷ ᠰᠠᠶᠢᠲᠠᠢ ᠪᠥᠭᠡᠳ ᠬᠢᠮᠳᠠ ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠳᠡᠶᠢᠯᠭᠦ᠂ ᠬᠡᠷᠡᠭᠯᠡᠵᠦ ᠳᠡᠶᠢᠯᠭᠦ ᠪᠤᠯᠵᠠᠢ; ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠪᠦᠭᠦ ᠲᠥᠷᠥᠯ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠪᠠᠷᠠᠭ᠎ᠠ ᠶᠢᠨ ᠵᠣᠭᠤᠰ ᠢ ᠳ᠋ᠦᠩᠨᠡᠨ ᠪᠤᠳᠤᠬᠤ ᠦᠶᠡᠯᠡᠯ ᠤᠨ ᠬᠤᠭᠤᠴᠠᠭ᠎ᠠ ᠶᠢ ᠤᠤᠯ ᠤᠨ ᠨᠠᠭᠠᠲᠤ ᠵᠠᠬ᠎ᠠ ᠳᠠᠭᠠᠨ 6 ᠰᠠᠷ᠎ᠠ ᠪᠠᠶᠢᠭᠰᠠᠨ ᠠᠴᠠ ᠨᠢ 30 ᠡᠳᠦᠷ ᠣᠷᠴᠢᠮ ᠪᠣᠯᠭᠠᠨ ᠪᠠᠭᠠᠰᠬᠠᠵᠤ᠂ ︽ᠡᠮᠨᠡᠯᠭᠡ ᠪᠠᠩᠬᠢ ᠠᠵᠤ ᠠᠬᠤᠶᠢᠯᠠᠯ ᠤᠨ ᠰᠢᠭᠤᠳ ᠬᠤᠯᠪᠣᠭᠠᠯᠠᠬᠤ︾ ᠵᠠᠭᠪᠤᠷ ᠢ ᠬᠡᠷᠡᠭᠵᠢᠭᠦᠯᠵᠦ᠂ ᠡᠮ ᠤᠨ ᠵᠦᠢᠯᠡᠰ ᠢ ᠬᠥᠮᠥᠷᠭᠡ ᠳᠤ ᠣᠷᠣᠭᠤᠯᠤᠭᠰᠠᠨ ᠤ ᠳᠠᠷᠠᠭᠠᠬᠢ 30 ᠡᠳᠦᠷ ᠤᠨ ᠳᠣᠲᠣᠷ᠎ᠠ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠮᠥᠩᠭᠦ ᠪᠤᠴᠠᠭᠠᠬᠤ ᠶᠢ ᠪᠡᠶᠡᠯᠡᠭᠦᠯᠬᠦ ᠶᠢᠨ ᠬᠠᠮᠲᠤ᠂ ᠡᠮᠴᠢᠯᠡᠭᠡᠨ ᠤ ᠪᠠᠶᠢᠭᠤᠯᠤᠮᠵᠢ ᠳᠤ ᠥᠨᠳᠥᠷ ᠪᠦᠲᠦᠮᠵᠢᠲᠡᠶ᠂ ᠳᠥᠭᠦᠮ ᠳᠥᠲᠡ ᠰᠦᠯᠵᠢᠶᠡᠨ ᠳᠡᠭᠡᠷᠡᠬᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠦᠷᠭᠦᠯᠵᠢᠯᠡᠨ ᠬᠠᠩᠭᠠᠵᠤ᠂ ᠰᠣᠩᠭᠤᠭᠳᠠᠭᠰᠠᠨ ᠡᠮ ᠡᠮᠨᠡᠯᠭᠡ ᠶᠢᠨ ᠠᠵᠤ ᠠᠬᠤᠶᠢᠯᠠᠯ ᠤᠨ ᠪᠡᠯᠡ ᠮᠥᠩᠭᠦ ᠪᠠᠨ ᠴᠠᠭ ᠲᠤᠬᠠᠢ ᠳᠤᠨᠢ ᠡᠭᠡᠭᠦᠯᠦᠨ ᠬᠤᠷᠢᠶᠠᠬᠤ ᠶᠢ ᠬᠦᠴᠦᠲᠡᠢ ᠪᠠᠲᠤᠯᠠᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠪᠡ᠃          ︽ᠪᠢᠳᠡ ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠶ ᠪᠤᠯᠭᠠᠵᠤ᠂ ᠥᠷᠭᠡᠨ ᠣᠯᠠᠨ ᠲᠦᠮᠡᠨ ᠳᠤ ᠨᠠᠩ ᠰᠠᠶᠢᠨ ᠠᠰᠢᠭ ᠬᠦᠷᠲᠡᠭᠡᠨ᠎ᠡ︾᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ 2025 ᠣᠨ ᠳᠤ ᠮᠠᠨ ᠤ ᠣᠷᠣᠨ 300 ᠲᠦᠷᠦᠯ ᠠᠴᠠ ᠳᠡᠭᠡᠭᠰᠢ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠴᠤ᠂ 6 ᠲᠦᠷᠦᠯ ᠤᠨ ᠬᠤᠷᠣᠭᠳᠠᠯ ᠮᠠᠲ᠋ᠧᠷᠢᠶᠠᠯ ᠢ ᠲᠦᠪᠠᠯᠷᠠᠭᠦᠯᠤᠨ ᠬᠤᠳᠠᠯᠳᠤᠨ ᠠᠪᠬᠤ ᠲᠦᠷᠦ ᠶᠢᠨ ᠪᠣᠳᠣᠯᠭ᠎ᠠ ᠶᠢ ᠰᠢᠨ᠎ᠡ ᠪᠠᠷ ᠬᠡᠷᠡᠭᠵᠢᠭᠦᠯᠬᠦ ᠪᠠᠷ ᠪᠠᠶᠢᠨ᠎ᠠ᠂ ᠡᠭᠦᠨ ᠳᠤ ᠮᠠᠨ ᠤ ᠣᠷᠣᠨ ᠲᠦᠷᠦᠭᠦᠯᠡᠨ ᠮᠤᠵᠢ ᠶᠢᠨ ᠬᠤᠭᠤᠷᠣᠨᠳᠣᠭᠢ ᠬᠤᠯᠪᠤᠭ᠎ᠠ ᠶᠢᠨ ᠬᠡᠮᠵᠢᠶ᠎ᠡ ᠲᠠᠢ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠢ ᠨᠠᠩ ᠪᠠᠶᠠᠯᠢᠭᠵᠢᠭᠤᠯᠤᠨ᠂ ᠠᠰᠢᠭ ᠭᠦᠷᠳᠡᠭᠦ ᠣᠯᠠᠨ ᠲᠦᠮᠡᠨ ᠢ ᠨᠠᠩ ᠥᠷᠭᠡᠨ ᠳᠡᠯᠭᠡᠷ ᠪᠤᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠡᠪᠡᠳᠴᠢᠲᠡᠨ ᠤ ᠡᠮ ᠬᠡᠷᠡᠭᠯᠡᠬᠦ ᠵᠠᠷᠤᠳᠠᠯ ᠤᠨ ᠳᠠᠷᠤᠭᠠᠰᠤ ᠶᠢ ᠤᠯᠠᠮ ᠬᠥᠩᠭᠡᠷᠡᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ ᠭᠡᠵᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ