ᠣᠶᠢᠷ᠎ᠠ ᠳᠤ᠂ ᠪᠡᠭᠡᠵᠢᠩ ᠶᠡᠭᠡ ᠰᠤᠷᠭᠠᠭᠤᠯᠢ ᠶᠢᠨ ᠰᠣᠨᠢᠨ ︽ᠬᠢᠷᠢ ᠪᠦᠲᠦᠮᠵᠢ ᠶᠢᠨ ᠲᠡᠭᠰᠢᠳᠭᠡᠯ ᠬᠤᠪᠢ ᠶᠢ ᠲᠠᠶᠠᠭᠳᠠᠶᠠ — ᠬᠢᠷᠢ ᠪᠦᠲᠦᠮᠵᠢ ᠶᠢ | ᠦᠨᠡᠯᠡᠨ ᠲᠣᠭᠲᠠᠭᠠᠬᠤ ᠥᠭᠡᠷᠡᠴᠢᠯᠡᠯᠲᠡ〈ᠠᠮᠢ ᠨᠠᠰᠤᠨ ᠤ ᠰᠢᠨᠵᠢᠯᠡᠬᠦ ᠤᠬᠠᠭᠠᠨ ᠤ ᠰᠠᠯᠠᠭ᠎ᠠ〉︾ ᠳᠤ ᠶᠠᠪᠤᠭᠳᠠᠪᠠ︾ ᠭᠡᠬᠦ ᠵᠣᠬᠢᠶᠠᠯ ᠨᠡᠶᠢᠲᠡᠯᠡᠵᠦ᠂ | ᠰᠤᠷᠭᠠᠭᠤᠯᠢ ᠶᠢᠨ ᠬᠢᠷᠢ ᠪᠦᠲᠦᠮᠵᠢ ᠶᠢ ᠦᠨᠡᠯᠡᠨ ᠲᠣᠭᠲᠠᠭᠠᠬᠤ ᠥᠭᠡᠷᠡᠴᠢᠯᠡᠯᠲᠡ ᠶᠢ ᠬᠢᠵᠦ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠭᠰᠡᠨ ᠢ | ᠲᠤᠰᠬᠠᠬᠰᠠᠨ ᠢᠶᠠᠷ ᠲᠣᠰ ᠠᠵᠢᠯᠯᠠᠭ᠎ᠠ ᠨᠢ ᠥᠷᠭᠡᠨ ᠳᠡᠯᠭᠡᠷ ᠬᠠᠯᠠᠭᠤᠨ ᠶᠠᠷᠢᠯᠴᠠᠭ᠎ᠠ ᠪᠣᠯᠪᠠ᠃ | ᠰᠤᠷᠤᠯᠭ᠎ᠠ ᠶᠢᠨ ᠬᠢᠨᠠᠨ ᠰᠢᠯᠭᠠᠯᠲᠠ ᠶᠢᠨ ᠬᠦᠨᠳᠦ ᠳᠠᠷᠤᠯᠲᠠ ᠳᠤᠤᠷ᠎ᠠ᠂ ᠵᠠᠷᠢᠮ ᠰᠣᠷᠣᠭᠴᠢ ᠶᠡᠷᠦᠩᠬᠡᠶ ᠬᠢᠷᠢ ᠪᠦᠲᠦᠮᠵᠢ ᠪᠠᠨ ᠨᠢᠭᠡ ᠬᠤᠶᠠᠷ ᠬᠤᠪᠢ | ᠳᠡᠭᠡᠭᠰᠢᠯᠡᠭᠦᠯᠬᠦ ᠶᠢᠨ ᠲᠥᠯᠥᠭᠡ ᠶᠡᠭᠡ ᠬᠡᠮᠵᠢᠶᠡᠨ ᠤ ᠴᠠᠭ ᠵᠠᠷᠤᠴᠠᠭᠤᠯᠵᠤ ᠪᠠᠶᠢᠨ᠎ᠠ᠃ ᠣᠳᠣᠬᠢ ᠡᠨᠡ ᠬᠦ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠪᠡᠭᠡᠵᠢᠩ ᠶᠡᠭᠡ | ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠲᠤᠷᠰᠢᠯᠲᠠ ᠬᠢᠵᠦ᠂ GPA ᠶᠢᠨ ᠨᠡᠷᠡᠰ ᠤᠨ ᠵᠢᠭᠰᠠᠭᠠᠯᠲᠠ ᠶᠢ ᠲᠠᠶᠠᠭᠳᠠᠵᠤ᠂ | ︽ᠵᠡᠷᠭᠡ ᠳᠡᠰ ᠤᠨ ᠲᠦᠷᠢᠮ︾ ᠤᠨ ᠬᠢᠨᠠᠨ ᠰᠢᠯᠭᠠᠵᠤ ᠦᠨᠡᠯᠡᠨ ᠲᠣᠭᠲᠠᠭᠠᠬᠤ ᠠᠷᠭ᠎ᠠ ᠮᠠᠶ᠋ᠢᠭ ᠢ ᠬᠡᠷᠡᠭᠵᠢᠭᠦᠯᠪᠡ᠃ | GPA ︵GradePoint Average︶ ᠭᠡᠳᠡᠭ ︽ᠲᠡᠭᠰᠢᠳᠭᠡᠯ ᠬᠢᠷᠢ ᠪᠦᠲᠦᠮᠵᠢ ᠶᠢᠨ ᠬᠤᠪᠢ︾ ᠨᠢ ᠣᠳᠣᠬᠠᠨ ᠤ ᠤᠯᠤᠰ ᠤᠨ | ᠳᠣᠲᠣᠭᠠᠳᠤ ᠶᠢᠨ ᠶᠡᠭᠡ ᠰᠤᠷᠭᠠᠭᠤᠯᠢ ᠶᠢᠨ ᠰᠤᠷᠤᠭᠴᠢᠳ ᠢ ᠦᠨᠡᠯᠡᠬᠦ ᠵᠠᠩᠭᠢᠯᠠᠭ᠎ᠠ ᠶᠢᠨ ᠬᠦᠢᠴᠡᠳᠬᠡᠯ ᠲᠤᠭ᠎ᠠ ᠪᠣᠯᠤᠨ᠎ᠠ᠃ | ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠤᠨ ᠠᠯᠪᠠᠨ ᠲᠠᠯ᠎ᠠ ᠶᠢᠨ ᠨᠡᠶᠢᠲᠡ ᠶᠢᠨ ᠳ᠋ᠤᠭᠠᠷ ᠤᠨ ︽ᠨᠡᠶᠢᠰᠯᠡᠯ ᠤᠨ ᠰᠤᠷᠭᠠᠨ ᠬᠥᠮᠦᠵᠢᠯ︾ | ᠤᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠶᠢᠨ ᠵᠢᠯ ᠤᠳ ᠲᠤ᠂ ᠬᠡᠰᠡᠭ ᠶᠡᠭᠡ ᠳᠡᠭᠡᠳᠦ ᠰᠤᠷᠭᠠᠭᠤᠯᠢ ᠨᠢ ᠲᠡᠭᠰᠢᠳᠭᠡᠯ ᠬᠢᠷᠢ ᠪᠦᠲᠦᠮᠵᠢ ᠶᠢᠨ ᠬᠤᠪᠢ ᠶᠢ ᠬᠦᠴᠦᠨ | ᠦᠭᠡᠶ ᠪᠣᠯᠭᠠᠵᠤ᠂ ᠵᠡᠷᠭᠡ ᠳᠡᠰ ᠤᠨ ᠳᠦᠷᠢᠮ ᠤᠨ ᠬᠢᠷᠢ ᠪᠦᠲᠦᠮᠵᠢ ᠶᠢ ᠦᠨᠡᠯᠡᠨ ᠲᠣᠭᠲᠠᠭᠠᠬᠤ ᠥᠭᠡᠷᠡᠴᠢᠯᠡᠯᠲᠡ ᠬᠢᠬᠦ ᠪᠠᠷ ᠲᠤᠷᠰᠢᠵᠤ ᠡᠬᠢᠯᠡᠵᠡᠶ᠂ ᠲᠤᠬᠠᠶᠢᠯᠠᠪᠠᠯ A᠂ | B᠂ C᠂ D᠂ F ᠵᠡᠷᠭᠡ ᠴᠠᠭᠠᠨ ᠲᠣᠯᠣᠭᠠᠶ ᠪᠠᠷ ᠰᠤᠷᠤᠭᠴᠢᠳ ᠤᠨ ᠬᠢᠷᠢ ᠪᠦᠲᠦᠮᠵᠢ ᠶᠢ ᠢᠯᠡᠳᠬᠡᠵᠦ ᠪᠤᠢ᠂ ᠵᠠᠭᠤᠨ ᠬᠤᠪᠢ ᠶᠢᠨ ᠳᠦᠷᠢᠮ ᠪᠤᠶᠤ ᠲᠡᠭᠰᠢᠳᠭᠡᠯ ᠬᠢᠷᠢ | ᠪᠦᠲᠦᠮᠵᠢ ᠶᠢᠨ ᠬᠤᠪᠢ ᠶᠢᠨ ᠳᠦᠷᠢᠮ ᠢ ᠬᠡᠷᠡᠭᠯᠡᠬᠦ ᠪᠠᠨ ᠪᠤᠯᠢᠵᠠᠶ᠃ | GPA ᠶᠢ ᠲᠠᠶᠠᠬᠳᠠᠬᠤ ᠨᠢ ᠨᠡᠩ ᠤᠯᠠᠨ ᠴᠠᠭ ᠠᠷᠪᠢᠯᠠᠨ ᠭᠠᠷᠭᠠᠵᠤ ᠰᠤᠷᠤᠭᠴᠢᠳ ᠤᠨ ᠬᠡᠪ ᠴᠢᠨᠠᠷ ᠢ ᠨᠢ ᠳᠡᠭᠡᠭᠰᠢᠯᠡᠭᠦᠯᠬᠦ ᠶᠢᠨ ᠲᠥᠯᠥᠭᠡ ᠶᠤᠮ᠃ | ᠵᠡᠷᠭᠡ ᠳᠡᠰ ᠤᠨ ᠲᠦᠷᠢᠮ ᠢ ᠬᠡᠷᠡᠭᠵᠢᠭᠦᠯᠬᠦ ᠠᠴᠠ ᠡᠮᠦᠨ᠎ᠡ᠂ ᠪᠡᠭᠡᠵᠢᠩ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ | ᠰᠤᠷᠭᠠᠭᠤᠯᠢ ᠶᠢᠨ ᠰᠤᠷᠤᠭᠴᠢᠳ ᠢ 3 ᠤᠳᠠᠭ᠎ᠠ ᠵᠣᠬᠢᠶᠠᠨ ᠪᠠᠶᠢᠭᠤᠯᠵᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠨ ᠰᠤᠳᠤᠯᠤᠯᠲᠠ ᠬᠢᠭᠰᠡᠨ ᠦᠷ᠎ᠡ | ᠳ᠋ᠦᠩ ᠠᠴᠠ ᠦᠵᠡᠪᠡᠯ᠂ ᠳᠡᠮᠵᠢᠯᠭᠡ ᠶᠢᠨ ᠬᠡᠮᠵᠢᠶ᠎ᠡ ᠨᠢ 88% ᠳᠤ ᠬᠦᠷᠴᠡᠶ᠃ | ᠪᠡᠭᠡᠵᠢᠩ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠸᠠᠩ ᠱᠢ ᠴᠢᠶᠠᠩ | ᠬᠡᠯᠡᠬᠦ ᠳᠡᠭᠡᠨ᠂ ︽ᠨᠢᠭᠡ ᠲᠥᠷᠥᠯ ᠤᠨ ᠬᠢᠴᠢᠶᠡᠯ ᠳᠤ ᠬᠡᠷᠪᠡ 85 ᠬᠤᠪᠢ ᠠᠴᠠ ᠳᠡᠭᠡᠭᠰᠢ ᠰᠢᠯᠭᠠᠵᠤ ᠳᠡᠶᠢᠯᠪᠡᠯ᠂ ᠪᠢᠳᠡᠨ ᠤ ᠦᠵᠡᠬᠦ ᠪᠠᠷ ᠮᠡᠳᠡᠯᠭᠡ ᠡᠵᠡᠮᠰᠢᠭᠰᠡᠨ | ᠲᠠᠯ᠎ᠠ ᠪᠠᠷ ᠨᠢᠭᠡᠨᠲᠡ ᠬᠦᠷᠦᠯᠴᠡᠬᠦ᠋ᠢᠴᠡ ᠰᠠᠶᠢᠨ ᠪᠣᠯᠵᠠᠶ᠂ ᠵᠠᠪᠠᠯ ᠶᠡᠭᠡ ᠬᠦᠴᠦ ᠣᠷᠣᠭᠤᠯᠵᠤ ᠪᠠᠶᠢᠭᠠᠳ 95 ᠬᠤᠪᠢ ᠠᠴᠠ ᠳᠡᠭᠡᠭᠰᠢ ᠬᠤᠪᠢ ᠤᠯᠬᠤ ᠬᠡᠰᠡᠨ | ᠴᠢᠬᠤᠯᠠ ᠥᠬᠡᠶ︾ ᠭᠡᠪᠡ᠃ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠨᠢ ᠵᠢᠩᠬᠢᠨᠢ ᠠᠩᠭᠢ ᠶᠢᠨ ᠰᠣᠷᠣᠭᠴᠢ ᠳᠤ ᠵᠡᠷᠭᠡ ᠳᠡᠰ ᠤᠨ ᠲᠦᠷᠢᠮ ᠢ | ᠬᠡᠷᠡᠭᠵᠢᠭᠦᠯᠵᠦ᠂ GPA ᠶᠢ ᠲᠠᠶᠠᠭᠳᠠᠬᠰᠠᠨ ᠤ ᠵᠣᠷᠢᠯᠭ᠎ᠠ ᠨᠢ ᠨᠡᠩ ᠤᠯᠠᠨ ᠴᠠᠭ ᠠᠷᠪᠢᠯᠠᠨ ᠭᠠᠷᠭᠠᠵᠤ ᠰᠤᠷᠤᠭᠴᠢᠳ ᠤᠨ ᠬᠡᠪ ᠴᠢᠨᠠᠷ ᠢ ᠨᠢ ᠳᠡᠭᠡᠭᠰᠢᠯᠡᠭᠦᠯᠬᠦ ᠶᠢᠨ | ᠲᠥᠯᠥᠭᠡ ᠶᠤᠮ᠃ |