ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠨᠢᠭᠡᠨ ᠪᠠᠭᠰᠢ ᠰᠤᠷᠤᠬᠴᠢ ᠲᠤᠬᠢᠷᠠᠭᠤᠯᠤᠨ ᠳᠠᠳᠤᠯᠭ᠎ᠠ ᠬᠢᠯᠭᠡᠵᠦ 255 ᠲᠦᠮᠡ ᠭᠠᠷᠤᠶ ᠲᠥᠭᠦᠷᠢᠭ ᠤᠨ ᠲᠠᠯᠠᠷᠬᠠᠯ ᠤᠨ ᠮᠥᠩᠭᠦ ᠬᠤᠷᠢᠶᠠᠨ ᠠᠪᠤᠬᠰᠠᠨ ᠢ ᠠᠯᠪᠠᠨ ᠲᠠᠯ᠎ᠠ ᠠᠴᠠ ᠵᠠᠷᠯᠠᠨ ᠮᠡᠳᠡᠭᠳᠡᠪᠡ︕
ᠨᠡᠶᠢᠲᠡᠯᠡᠭᠰᠡᠨ ᠴᠠᠭ᠄
2024/12/3
          ᠲᠦᠷᠦᠭᠦᠬᠡᠨ᠂ ᠬᠤᠨᠠᠨ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠪᠥᠬᠦ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠡᠨᠡ ᠵᠢᠯ ᠤᠨ 4 ᠰᠠᠷ᠎ᠠ ᠠᠴᠠ ᠨᠠᠭᠠᠰᠢ ᠪᠠᠶᠢᠴᠠᠭᠠᠨ ᠰᠢᠢᠳᠪᠦᠷᠢᠯᠡᠭᠰᠡᠨ 9 ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ ᠡᠭᠦᠨ ᠤ ᠲᠤᠳᠤᠷᠠᠬᠢ ᠨᠢᠭᠡᠳᠦᠭᠡᠷ ᠬᠡᠷᠡᠭ ᠤᠨ ᠵᠢᠱᠢᠶ᠎ᠡ ᠪᠣᠯ ᠴᠧᠨᠵᠸᠤ ᠬᠤᠲᠠ ᠶᠢᠨ ᠨᠢᠭᠡᠳᠦᠭᠡᠷ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠠᠵᠢᠯ ᠣᠯᠭᠤᠯᠲᠠ ᠶᠢᠨ ᠠᠯᠪᠠᠨ ᠬᠡᠷ ᠤᠨ ᠤᠤᠯ ᠤᠨ ᠡᠷᠬᠢᠯᠡᠭᠴᠢ ᠢᠦᠶ ᠬᠠᠶ ᠵᠢᠶᠦ᠋ᠨ ᠤ ︽ᠰᠤᠷᠤᠯᠴᠠᠬᠤ ᠶᠢ ᠠᠰᠢᠬᠯᠠᠨ ᠠᠮᠢ ᠪᠠᠨ ᠪᠣᠷᠳᠣᠭᠰᠠᠨ︾ ᠠᠰᠠᠭᠤᠳᠠᠯ ᠪᠣᠯᠤᠨ᠎ᠠ᠃          2013 ᠣᠨ ᠠᠴᠠ 2023 ᠣᠨ ᠤ 3 ᠰᠠᠷ᠎ᠠ ᠪᠣᠯᠲᠠᠯ᠎ᠠ᠂ ᠢᠦᠶ ᠬᠠᠶ ᠵᠢᠶᠦ᠋ᠨ ᠲᠤᠰᠢᠶᠠᠯ ᠤᠨ ᠢᠶᠠᠨ ᠲᠥᠬᠦᠮ ᠢ ᠠᠰᠢᠭᠯᠠᠨ᠂ ᠰᠢᠭᠤᠳ ᠪᠤᠶᠤ ᠲᠣᠭᠲᠠᠭᠠᠯ ᠠᠴᠠ ᠵᠥᠷᠢᠴᠡᠨ ᠬᠥᠳᠡᠯᠮᠦᠷᠢ ᠦᠢᠯᠡᠴᠢᠯᠡᠭᠡᠨ ᠤ ᠵᠠᠭᠤᠴᠢ ᠺᠣᠮᠫᠠᠨᠢ ᠪᠠᠷ ᠳᠠᠮᠵᠢᠭᠤᠯᠤᠨ ᠰᠣᠷᠣᠭᠴᠢ ᠶᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠲᠣᠬᠢᠷᠠᠭᠤᠯᠤᠨ ᠳᠠᠳᠤᠯᠭ᠎ᠠ ᠬᠢᠯᠭᠡᠵᠦ᠂ ᠳᠠᠳᠤᠯᠭ᠎ᠠ ᠬᠢᠬᠦ ᠰᠣᠷᠣᠭᠴᠢ ᠨᠢᠭᠡᠪᠦᠷᠢ ᠶᠢ ᠰᠠᠷ᠎ᠠ ᠪᠦᠷᠢ 300 ᠲᠥᠭᠦᠷᠢᠭ ᠠᠴᠠ 600 ᠲᠥᠭᠦᠷᠢᠭ ᠤᠨ ᠪᠠᠷᠢᠮᠵᠢᠶ᠎ᠠ ᠪᠠᠷ ᠪᠤᠳᠤᠵᠤ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠤᠶᠤ ᠵᠠᠭᠤᠴᠢ ᠺᠣᠮᠫᠠᠨᠢ ᠶᠢᠨ ᠬᠦᠷᠭᠡᠭᠰᠡᠨ ᠲᠠᠯᠠᠷᠬᠠᠯ ᠤᠨ ᠮᠥᠩᠭᠦ ᠶᠢ ᠨᠡᠶᠢᠲᠡ 255.37 ᠲᠦᠮᠡᠨ ᠲᠥᠭᠦᠷᠢᠭ ᠬᠤᠷᠢᠶᠠᠨ ᠠᠪᠴᠠᠢ᠃ ᠵᠢᠱᠢᠶᠡᠯᠡᠪᠡᠯ ᠢᠦᠶ ᠬᠠᠶ ᠵᠢᠶᠦ᠋ᠨ ᠪᠠᠰᠠ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠪᠤᠰᠤᠳ ᠠᠰᠠᠭᠤᠳᠠᠯ ᠣᠷᠣᠰᠢᠵᠤ ᠪᠠᠶᠢᠨ᠎ᠠ᠃ 2024 ᠣᠨ ᠤ 5 ᠰᠠᠷ᠎ᠠ ᠳᠤ᠂ ᠢᠦᠶ ᠬᠠᠶ ᠵᠢᠶᠦ᠋ᠨ ᠢ ᠨᠠᠮ ᠠᠴᠠ ᠬᠥᠭᠡᠭᠡᠬᠦ᠂ ᠠᠯᠪᠠᠨ ᠲᠤᠰᠢᠶᠠᠯ ᠠᠴᠠ ᠨᠢ ᠬᠥᠭᠡᠭᠡᠬᠦ ᠰᠢᠢᠳᠭᠡᠯ ᠦᠭᠴᠦ᠂ ᠶᠠᠯ᠎ᠠ ᠬᠢᠭᠰᠡᠨ ᠰᠡᠵᠢᠭᠲᠡᠶ ᠠᠰᠠᠭᠤᠳᠠᠯ ᠢ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠬᠢᠨᠠᠨ ᠪᠠᠶᠢᠴᠠᠭᠠᠯᠭᠠᠵᠤ ᠵᠠᠭᠠᠯᠳᠤᠭᠤᠯᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ