ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶᠡᠨ ᠳᠡᠭᠡᠷ᠎ᠡ ᠠᠷᠪᠠᠨ ᠵᠢᠷᠭᠤᠳᠤᠭᠠᠷ ᠬᠤᠭᠤᠴᠠᠭᠠᠨ ᠤ ᠰᠥᠩ ᠴᠢᠩ ᠯᠢᠩ ᠤᠨ ᠰᠤᠷᠤᠯᠭ᠎ᠠ | ᠶᠢᠨ ᠱᠠᠩᠨᠠᠯ ᠤᠨ ᠮᠥᠩᠭᠦ ᠣᠯᠭᠤᠬᠤ ᠲᠤᠬᠠᠢ ᠲᠣᠭᠲᠠᠭᠠᠯ ᠢ ᠨᠡᠶᠢᠲᠡᠯᠡᠪᠡ᠂ ᠪᠦᠬᠦ ᠤᠯᠤᠰ ᠲᠤ ᠨᠡᠶᠢᠲᠡ 1542 ᠰᠤᠷᠤᠭᠴᠢ ᠱᠠᠩᠨᠠᠯ ᠣᠯᠵᠠᠢ᠃ ᠡᠭᠦᠨ ᠳᠤ | ᠥᠪᠥᠷ ᠮᠣᠩᠭᠤᠯ ᠤᠨ 48 ᠰᠣᠷᠣᠭᠴᠢ ᠱᠠᠩᠨᠠᠯ ᠭᠥᠷᠳᠡᠪᠡ᠃ | ᠰᠦᠩ ᠴᠢᠩ ᠯᠢᠩ ᠤᠨ ᠰᠤᠷᠤᠯᠭ᠎ᠠ ᠶᠢᠨ ᠱᠠᠩᠨᠠᠯ ᠤᠨ ᠮᠦᠩᠭᠦ ᠭᠡᠵᠦ ᠶᠠᠮᠠᠷ ᠱᠠᠩᠨᠠᠯ ᠤᠨ ᠮᠦᠩᠭᠦ ᠶᠢ ᠵᠢᠭᠠᠵᠤ ᠪᠠᠶᠢᠬᠤ ᠪᠤᠢ︖ | ᠰᠥᠩ ᠴᠢᠩ ᠯᠢᠩ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ 1994 ᠣᠨ ᠳᠤ ᠪᠠᠶᠢᠭᠤᠯᠵᠤ᠂ ᠳᠤᠮᠳᠠᠳᠤ ᠤᠯᠤᠰ ᠤᠨ ᠰᠥᠩ ᠴᠢᠩ ᠯᠢᠩ ᠤᠨ | ᠰᠠᠭᠤᠷᠢ ᠮᠥᠩᠭᠦᠨ ᠤ ᠨᠡᠶᠢᠭᠡᠮᠯᠢᠭ ᠪᠠ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠰᠠᠷᠠᠮᠵᠢ ᠶᠢᠨ ᠨᠡᠶᠢᠭᠡᠮᠯᠢᠭ ᠠᠴᠠ ᠬᠠᠮᠲᠤᠷᠠᠨ ᠡᠷᠭᠢᠯᠡᠵᠦ | ᠪᠠᠶᠢᠭ᠎ᠠ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠴᠣᠷ ᠤᠨ ᠭᠠᠭᠴᠠ ᠤᠯᠤᠰ ᠤᠨ ᠲᠠᠰ ᠤᠨ ᠰᠤᠷᠤᠯᠭ᠎ᠠ ᠶᠢᠨ ᠱᠠᠩᠨᠠᠯ ᠤᠨ | ᠮᠥᠩᠭᠦ ᠮᠥᠨ᠂ ᠪᠥᠬᠦ ᠤᠯᠤᠰ ᠲᠤ ᠬᠠᠨᠳᠤᠭᠤᠯᠤᠨ ᠮᠣᠷᠠᠯ ᠰᠤᠷᠤᠯᠭ᠎ᠠ ᠬᠤᠣᠰᠯᠠᠭᠰᠠᠨ᠂ ᠪᠠᠭᠠᠴᠤᠳ ᠬᠡᠦᠬᠡᠳ ᠲᠤ ᠰᠤᠷᠤᠯᠴᠠᠬᠤ ᠥᠯᠢᠭᠡᠷ ᠳᠠᠭᠤᠷᠢᠶᠠᠯ ᠪᠣᠯᠤᠭᠰᠠᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠱᠠᠩᠨᠠᠨ ᠬᠥᠬᠢᠭᠦᠯᠵᠦ ᠪᠠᠶᠢᠨ᠎ᠠ᠃ ᠬᠤᠶᠠᠷ ᠵᠢᠯ ᠳᠤ ᠨᠢᠭᠡ ᠤᠳᠠᠭ᠎ᠠ ᠱᠠᠩᠨᠠᠯ ᠰᠢᠯᠭᠠᠷᠠᠭᠤᠯᠵᠤ᠂ ᠦᠵᠡᠯ | ᠰᠠᠨᠠᠭ᠎ᠠ ᠶᠣᠰᠣ ᠮᠣᠷᠠᠯ᠂ ᠰᠣᠶᠣᠯ᠂ ᠤᠷᠠᠯᠢᠭ᠂ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠲᠠᠯ᠎ᠠ ᠪᠠᠷ ᠰᠢᠯᠢᠳᠡᠭ ᠢᠯᠡᠷᠡᠯ ᠲᠠᠢ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠥᠬᠢᠭᠦᠯᠦᠨ ᠰᠠᠶᠢᠰᠢᠶᠠᠨ᠎ᠠ᠃ |