ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠥᠩ ᠱᠧᠦ ᠴᠢᠥᠸᠠᠨ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ  ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/3
          1 ᠰᠠᠷ᠎ᠠ ᠶᠢᠨ 31 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠥᠩ ᠱᠧᠦ ᠴᠢᠥᠸᠠᠨ ᠠᠮᠤᠭᠤᠯᠠᠩ ᠪᠠᠯᠭᠠᠰᠤ ᠤ ᠲᠦᠭᠡᠭᠡᠯ ᠤᠰᠤᠨ ᠤ ᠺᠣᠮᠫᠠᠨᠢ᠂ ᠢ ᠶᠦᠨ ᠢᠯᠴᠢ ᠶᠢᠨ ᠴᠠᠬᠢᠯᠭᠠᠨ ᠤ ᠺᠣᠮᠫᠠᠨᠢ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃          ᠠᠮᠤᠭᠤᠯᠠᠩ ᠪᠠᠯᠭᠠᠰᠤ ᠤ ᠲᠦᠭᠡᠭᠡᠯ ᠤᠰᠤᠨ ᠤ ᠺᠣᠮᠫᠠᠨᠢ ᠳᠤ᠂ ᠪᠠᠶᠢᠴᠠᠭᠠᠨ ᠰᠣᠳᠣᠯᠠᠬᠤ ᠳᠤᠭᠤᠶᠢᠯᠠᠩ ᠤᠨ ᠬᠢᠨ ᠤᠰᠤ ᠬᠠᠩᠭᠠᠬᠤ ᠰᠢᠰᠲ᠋ᠥᠮ ᠤᠨ ᠠᠵᠢᠯᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠥᠩ ᠱᠧᠦ ᠴᠢᠥᠸᠠᠨ ᠵᠢᠭᠠᠵᠤ ᠭᠠᠷᠭᠠᠭᠰᠠᠨ ᠨᠢ᠂ ᠤᠰᠤ ᠬᠠᠩᠭᠠᠬᠤ ᠠᠵᠢᠯ ᠨᠢ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ ᠪᠣᠯᠬᠤᠷ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠴᠢᠩᠭ᠎ᠠ ᠠᠳᠬᠤᠵᠤ ᠨᠠᠷᠢᠨ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠵᠤ᠂ ᠣᠯᠠᠨ ᠲᠦᠮᠡᠨ ᠳᠤ ᠴᠡᠪᠡᠷ᠂ ᠠᠮᠤᠷ ᠲᠦᠪᠰᠢᠨ᠂ ᠰᠠᠨᠠᠭ᠎ᠠ ᠠᠮᠤᠷ ᠤᠰᠤ ᠦᠦᠭᠤᠯᠭᠠᠬᠤ ᠬᠡᠷᠡᠭᠲᠡᠢ᠃ ᠣᠶᠤᠨᠴᠢ ᠤᠰᠤ ᠬᠠᠩᠭᠠᠬᠤ ᠰᠢᠰᠲ᠋ᠥᠮ ᠤᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠦᠷᠢᠮᠵᠢᠭᠰᠡᠨ ᠵᠢᠭᠰᠠᠭᠠᠨ ᠪᠠᠶᠢᠴᠠᠭᠠᠯᠲᠠ᠂ ᠡᠳᠦᠷ ᠲᠤᠳᠤᠮ ᠤᠨ ᠬᠠᠮᠠᠭᠠᠯᠠᠯᠲᠠ᠂ ᠠᠶᠤᠯ ᠠᠴᠠ ᠠᠪᠤᠷᠠᠵᠤ ᠰᠡᠯᠪᠢᠨ ᠵᠠᠰᠠᠬᠤ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠵᠢᠷᠤᠮᠵᠢᠭᠤᠯᠵᠤ᠂ ᠤᠯᠠᠨ ᠲᠦᠮᠡᠨ ᠤ ᠠᠮᠢᠳᠤᠷᠠᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ 
20240131153049210nkt0m4.jpg
          ᠢ ᠶᠦᠨ ᠢᠯᠴᠢ ᠶᠢᠨ ᠴᠠᠬᠢᠯᠭᠠᠨ ᠤ ᠺᠣᠮᠫᠠᠨᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠤᠯᠠᠭᠠᠯᠭ᠎ᠠ ᠶᠢᠨ ᠠᠵᠢᠯ ᠪᠣᠯᠣᠨ ᠠᠮᠤᠷ ᠲᠦᠪᠰᠢᠨ ᠢᠶᠠᠷ ᠠᠵᠢᠯᠯᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠭᠦᠸᠧᠯᠦ ᠶᠢᠨ ᠠᠵᠢᠯᠯᠠᠭᠠᠨ ᠤ ᠪᠠᠶᠢᠳᠠᠯ᠂ ᠳᠤᠯᠠᠭᠠᠯᠭ᠎ᠠ ᠶᠢᠨ ᠬᠤᠭᠤᠯᠠᠢ ᠶᠢᠨ ᠲᠣᠣᠷ ᠤᠨ ᠤᠰᠤ ᠣᠷᠣᠭᠤᠯᠬᠤ ᠳᠤᠯᠠᠭᠠᠨ ᠤ ᠬᠡᠮᠵᠢᠶ᠎ᠡ᠂ ᠡᠳᠦᠷ ᠳᠤᠳᠤᠮ ᠤᠨ ᠬᠠᠮᠠᠭᠠᠯᠠᠯᠲᠠ᠂ ᠢᠯᠴᠢ ᠶᠢᠨ ᠰᠦᠢᠳᠬᠡᠯ ᠢ ᠬᠤᠷᠢᠶᠠᠵᠤ ᠪᠠᠶᠢᠭ᠎ᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠵᠦᠩ ᠱᠧᠦ ᠴᠢᠦᠦᠠᠨ ᠴᠢᠬᠤᠯᠠᠴᠢᠯᠠᠬᠤ ᠳᠠᠭᠠᠨ᠂ ᠡᠪᠦᠯ ᠤᠨ ᠤᠯᠠᠷᠢᠯ ᠤᠨ ᠳᠤᠯᠠᠭᠠᠯᠠᠭ᠎ᠠ ᠪᠣᠯ ᠦᠶ᠎ᠡ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠮᠠᠨ ᠤ ᠤᠮᠠᠷᠠᠲᠤ ᠶᠢᠨ ᠲᠡᠷᠢᠭᠦᠨ ᠵᠡᠷᠭᠡ ᠶᠢᠨ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠣᠨ᠎ᠠ᠃ ᠢᠯᠴᠢ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢᠨ ᠡᠵᠡᠩᠨᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠤᠯᠠᠨ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠢᠯᠴᠢ ᠬᠠᠩᠭᠠᠬᠤ ᠠᠰᠠᠭᠤᠳᠠᠯ ᠢ ᠨᠡᠯᠢᠶᠡᠳ ᠤᠯᠠᠨ ᠲᠤᠰᠬᠠᠭᠰᠠᠨ ᠰᠠᠭᠤᠭᠠᠯᠢ ᠲᠣᠭᠤᠷᠢᠭ ᠲᠤ ᠡᠷᠦᠬᠡ ᠪᠣᠯᠭᠠᠨ ᠳᠤ ᠳᠠᠷᠠᠭᠠᠯᠠᠨ ᠢᠯᠴᠢ ᠬᠠᠩᠭᠠᠬᠤ ᠬᠠᠷᠢᠭᠤ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠢᠯᠴᠢ ᠬᠠᠩᠭᠠᠬᠤ ᠶᠠᠰᠤ ᠴᠢᠨᠠᠷ ᠪᠣᠯᠣᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠬᠤᠳᠠ ᠶᠢᠨ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ᠃
20240131153049216zm6nil.jpg
          ᠵᠦᠩ ᠱᠧᠦ ᠴᠢᠥᠸᠠᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠪᠣᠯ ᠲᠡᠷᠢᠭᠦᠨ ᠴᠢᠬᠤᠯᠠ ᠶᠠᠪᠤᠳᠠᠯ ᠪᠣᠯᠣᠨ᠎ᠠ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠳᠠ ᠶᠢᠨ ᠶᠠᠪᠤᠳᠠᠯ ᠤᠨ ᠬᠦᠷᠢᠶ᠎ᠡ ᠬᠡᠪᠡᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠰᠠᠶᠢᠲᠤᠷ ᠠᠳᠬᠤᠵᠤ᠂ ᠵᠢᠵᠢᠭᠦᠷᠯᠡᠨ ᠰᠠᠬᠢᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠢ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ