ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠯᠤᠭ᠎ᠠ ᠬᠤᠯᠪᠣᠭᠳᠠᠨ᠎ᠠ︕ ᠡᠨᠡ ᠬᠦ ᠶᠠᠪᠤᠳᠠᠯ ᠢ ᠲᠣᠰ ᠰᠠᠷ᠎ᠠ ᠶᠢᠨ ᠳᠣᠲᠣᠷ᠎ᠠ ᠭᠦᠢᠴᠡᠳᠬᠡᠭᠡᠷᠡᠢ
ᠨᠡᠶᠢᠲᠡᠯᠡᠭᠰᠡᠨ ᠴᠠᠭ᠄
2024/12/3
          ᠠᠩᠬᠠᠷ          2025 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠬᠤ ᠠᠵᠢᠯ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠪᠡ᠃          ᠭᠠᠶᠢᠯᠢ ᠲᠤᠰᠢᠶᠠᠭᠴᠢ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠢᠶᠠᠷ 2025 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠵᠤ ᠪᠣᠯᠣᠨ᠎ᠠ᠃          ᠡᠷᠬᠡᠪᠰᠢ ᠲᠤᠰ ᠰᠠᠷ᠎ᠠ ᠳᠤ ᠭᠦᠢᠴᠡᠳᠬᠡᠭᠡᠷᠡᠢ          ᠪᠣᠳᠠᠲᠠᠢ ᠠᠯᠬᠤᠮ ᠨᠢ ᠳᠣᠣᠷᠠᠬᠢ ᠮᠡᠲᠦ          ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ App ᠢ ᠨᠡᠭᠡᠭᠡᠵᠦ᠂ ︽ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠶᠢ ᠲᠠᠭᠯᠠᠨ‌ᠮᠡᠳᠡᠭᠦᠯᠬᠦ︾ ᠬᠡᠰᠡᠭ ᠢ ᠳᠠᠷᠤᠭᠠᠷᠠᠢ
20241203-1-1.jpg
20241203-1-2.jpg
20241203-1-3.jpg
          ᠰᠠᠨᠠᠭᠤᠯᠤᠮᠵᠢ᠄          ᠭᠠᠶᠢᠯᠢ ᠲᠤᠰᠢᠶᠠᠭᠴᠢ ᠵᠢᠯ ᠪᠦᠷᠢ ᠶᠢᠨ 12 ᠳ᠋ᠤᠭᠠᠷ ᠰᠠᠷ᠎ᠠ ᠶᠢᠨ 1 ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠠᠷᠠᠭ᠎ᠠ ᠵᠢᠯ ᠤᠨ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠶᠢᠨ ᠠᠭᠤᠯᠭ᠎ᠠ ᠪᠠᠨ ᠨᠤᠲᠠᠯᠠᠨ᠎ᠠ᠃          ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠲᠥᠷᠥᠯ ᠵᠦᠢᠯ ᠳᠤ ᠦᠷ᠎ᠡ ᠬᠡᠦᠬᠡᠳ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠨᠠᠰᠤᠲᠠᠨ ᠢᠶᠠᠨ ᠠᠰᠠᠷᠠᠨ ᠲᠡᠵᠢᠭᠡᠬᠦ᠂ ᠨᠢᠯᠬ᠎ᠠ ᠬᠡᠦᠬᠡᠳ ᠢ ᠠᠰᠠᠷᠠᠨ ᠲᠡᠵᠢᠭᠡᠬᠦ ᠵᠡᠷᠭᠡ ᠲᠤᠯᠤᠭᠠᠨ ᠵᠦᠢᠯ ᠪᠠᠭᠲᠠᠨ᠎ᠠ᠃          ᠭᠠᠶᠢᠯᠢ ᠲᠤᠰᠢᠶᠠᠭᠴᠢ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ App ᠢ ᠪᠠᠭᠤᠯᠭᠠᠵᠤ ᠠᠪᠤᠭᠠᠳ ᠵᠠᠰᠠᠵᠤ᠂ ᠨᠤᠲᠠᠯᠠᠵᠤ ᠪᠣᠯᠣᠨ᠎ᠠ᠃
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ