ᠰᠢᠨᠡᠪᠤᠯᠠᠭ ᠰᠤᠮᠤ ᠶᠢᠨ ᠨᠠᠮ ᠤᠨ ᠬᠤᠷᠢᠶ᠎ᠠ ᠪᠣᠯ ᠲᠣᠰ ᠰᠤᠮᠤ ᠶᠢᠨ ᠤᠳᠤᠷᠢᠳᠬᠤ ᠪᠠᠶᠢᠭᠤᠯᠭ᠎ᠠ ᠮᠥᠨ᠂ ᠰᠢᠨᠡᠪᠤᠯᠠᠭ ᠰᠤᠮᠤ ᠶᠢᠨ ᠠᠷᠠᠳ ᠤᠨ ᠵᠠᠰᠠᠭ ᠤᠨ | ᠣᠷᠳᠣᠨ ᠪᠣᠯ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠵᠣᠬᠢᠶᠠᠨ ᠪᠠᠶᠢᠭᠤᠯᠤᠯᠲᠠ ᠮᠥᠨ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | 1. ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ | ᠪᠠᠶᠢᠭᠤᠯᠭ᠎ᠠ ᠶᠢᠨ ᠲᠣᠭᠲᠠᠭᠠᠯ ᠪᠠ ᠵᠠᠷᠯᠢᠭ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠮᠤ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ | ᠦᠨᠳᠦᠰᠦᠨ ᠱᠠᠲᠤᠨ ᠤ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠦᠨᠳᠦᠰᠦᠨ ᠱᠠᠲᠤᠨ ᠳᠠᠬᠢ ᠲᠥᠷᠥ ᠪᠠᠷᠢᠬᠤ ᠰᠠᠭᠤᠷᠢ ᠶᠢ ᠪᠠᠬᠢᠵᠢᠭᠦᠯᠦᠨ᠎ᠡ᠃ | 2. ᠰᠤᠮᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠰᠤᠮᠤ ᠶᠢᠨ | ᠰᠠᠭᠤᠷᠢ ᠪᠡᠯᠡᠳᠬᠡᠮᠵᠢ ᠪᠣᠯᠣᠨ ᠡᠯ᠎ᠡ ᠵᠦᠢᠯ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢ ᠲᠦᠷᠭᠡᠳᠬᠡᠨ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | 3.ᠰᠤᠮᠤ ᠶᠢᠨ ᠠᠵᠤ ᠠᠬᠤᠢ ᠶᠢᠨ ᠬᠥᠭᠵᠢᠯᠲᠡ ᠶᠢ ᠵᠢᠯᠤᠭᠤᠳᠴᠤ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ | ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠤᠨ᠂ ᠭᠠᠴᠠᠭ᠎ᠠ ᠤ ᠦᠯᠡᠭᠦᠦ ᠬᠥᠳᠡᠯᠮᠦᠷᠢ ᠬᠦᠴᠦᠨ ᠤ ᠰᠢᠯᠵᠢᠯᠲᠡ ᠶᠢ | ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | 4.ᠲᠤᠰ ᠰᠤᠮᠤ ᠶᠢᠨ ᠬᠠᠷᠢᠶ᠎ᠠ ᠲᠣᠭᠤᠷᠢᠭ ᠤᠨ ᠭᠠᠴᠠᠭᠠᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ᠂ ᠵᠢᠯᠣᠭᠤᠳᠤᠯᠭ᠎ᠠ ᠶᠢ | ᠬᠠᠷᠢᠭᠤᠴᠠᠵᠤ᠂ ᠭᠠᠴᠠᠭᠠᠨ ᠤ ᠵᠥᠪᠯᠡᠯ ᠤᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠶᠢ ᠳᠡᠮᠵᠢᠬᠦ ᠪᠠ ᠬᠠᠪᠰᠤᠷᠤᠨ᠎ᠠ᠃ | 5. ᠦᠨᠳᠦᠰᠦᠨ ᠱᠠᠲᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠬᠥᠮᠥᠨ | ᠠᠮᠠ ᠪᠠ ᠲᠥᠯᠥᠪᠯᠡᠭᠡᠲᠦ ᠦᠷᠡᠵᠢᠯ ᠵᠡᠷᠭᠡ ᠠᠵᠢᠯ ᠢ ᠬᠠᠷᠢᠭᠤᠴᠠᠨ ᠰᠠᠶᠢᠲᠤᠷ ᠠᠳᠬᠤᠵᠤ᠂ ᠠᠷᠠᠳ ᠤᠨ ᠶᠠᠪᠤᠳᠠᠯ᠂ ᠭᠠᠮᠰᠢᠭ ᠠᠴᠠ ᠠᠪᠤᠷᠠᠬᠤ ᠠᠪᠤᠷᠠᠨ | ᠲᠤᠰᠠᠯᠠᠬᠤ᠂ ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠰᠤᠮᠤ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠨ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | 6. ᠦᠨᠳᠦᠰᠦᠨ ᠱᠠᠲᠤᠨ ᠤ ᠠᠷᠠᠳᠴᠢᠯᠠᠯ ᠢᠶᠠᠷ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ᠂ ᠭᠠᠴᠠᠭᠠᠨ ᠤ ᠵᠥᠪᠯᠡᠯ ᠤᠨ ᠠᠵᠢᠯ ᠢ | ᠵᠢᠯᠣᠭᠤᠳᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | 7. ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠰᠤᠮᠤ ᠶᠢᠨ ᠳᠣᠲᠣᠷᠠᠬᠢ ᠨᠡᠶᠢᠭᠡᠮ ᠤᠨ ᠵᠥᠷᠢᠴᠡᠯ ᠢ ᠠᠷᠢᠯᠭᠠᠨ᠂ | ᠰᠤᠮᠤ ᠶᠢᠨ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ | 8.ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ | ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ | ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ | ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | 2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠰᠤᠷᠲᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ | ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ | ᠨᠢᠭᠡᠳᠦᠮᠡᠯ ᠹᠷᠣᠨᠲ᠂ ᠦᠨᠳᠦᠰᠦᠲᠡᠨ ᠤ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | 3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | 4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠪᠠ ᠲᠥᠯᠥᠪᠯᠡᠭᠡᠲᠦ ᠦᠷᠡᠵᠢᠯ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ | ᠪᠠᠲᠤᠯᠠᠭ᠎ᠠ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ | 5. ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ | ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ᠲᠣᠣᠷᠵᠢᠭᠤᠯᠬᠤ ᠠᠵᠢᠯ ᠢ ᠬᠠᠷᠢᠭᠤᠴᠠᠨ᠎ᠠ᠃ | 6. ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ᠃ ᠬᠠᠷᠢᠶᠠᠲᠤ ᠣᠷᠣᠨ ᠤ ᠲᠣᠰᠬᠤᠨ ᠤ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠵᠢᠵᠢᠭ ᠲᠣᠭᠤᠷᠢᠭ ᠤᠨ ᠠᠳᠠᠯ ᠠᠬᠤᠢ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ | ᠰᠢᠨᠡᠪᠤᠯᠠᠭ ᠰᠤᠮᠤ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠥᠪ ᠢ ᠬᠢᠨᠠᠨ ᠬᠠᠷᠭᠤᠭᠤᠯᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠪᠠᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ | ᠠᠵᠢᠯ ᠢ ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ | 7. ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ ᠪᠠᠶᠢᠭᠤᠯᠤᠮᠵᠢ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠬᠤ ᠶᠢᠨ ᠬᠠᠮᠲᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠬᠠᠷᠢᠭᠤᠴᠠᠯᠭᠠᠲᠠᠨ᠄ ᠪᠦᠦ ᠯᠢ ᠯᠢ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠠᠷᠠᠳ ᠤᠨ ᠵᠠᠰᠠᠭ ᠤᠨ ᠣᠷᠳᠣᠨ | ᠰᠢᠤᠳᠠᠨ ᠳ᠋ᠤᠭᠠᠷ᠄ 021299 | ᠰᠦᠯᠵᠢᠶᠡᠨ ᠤ ᠬᠠᠶ᠋ᠢᠭ᠄ http://www.xzq.gov.cn/OpennessContent/showList/780/0/page_1.html | ᠠᠵᠢᠯ ᠤᠨ ᠤᠲᠠᠰᠤ᠄ 0470 ︱ 6600116 | ᠢᠨᠲ᠋ᠧᠷ ᠰᠦᠯᠵᠢᠶᠡᠨ ᠤ ᠬᠠᠷᠢᠯᠴᠠᠬᠤ ᠬᠡᠯᠪᠡᠷᠢ᠄ xzqxsm@163com | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00 ᠦᠳᠡ ᠶᠢᠨ ᠬᠤᠶᠢᠨᠠᠬᠢ 2᠄ 00 ︱ 5᠄ 00 ︵ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | ᠭᠤᠷᠪᠠ᠂ ᠬᠠᠷᠢᠶ᠎ᠠ ᠪᠠᠶᠢᠭᠤᠯᠤᠮᠵᠢ | ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠪᠡ︶ ᠪᠣᠯ ᠰᠢᠨᠡᠪᠤᠯᠠᠭ ᠰᠤᠮᠤ ᠳᠤ ᠬᠠᠷᠢᠶᠠᠯᠠᠭᠳᠠᠬᠤ ᠳᠡᠳ᠋ ᠰᠠᠯᠠᠭᠠᠨ ᠤ ᠲᠠᠰ ᠤᠨ ᠠᠵᠢᠯ | ᠦᠢᠯᠡᠰ ᠤᠨ ᠨᠢᠭᠡᠴᠡ ᠪᠣᠯᠣᠨ᠎ᠠ᠃ | ᠭᠤᠣᠯ ᠡᠭᠦᠷᠭᠡ ᠬᠠᠷᠢᠭᠤᠴᠠᠯᠭ᠎ᠠ | 1. ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ ᠶᠢ | ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ᠃ | 2. ᠬᠠᠷᠢᠶ᠎ᠠ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ ᠪᠠ ᠲᠡᠭᠦᠨ ᠳᠤ ᠦᠢᠯᠡᠴᠢᠯᠡᠬᠦ ᠶᠢ ᠬᠠᠷᠢᠭᠤᠴᠠᠨ᠎ᠠ᠃ | 3. ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠢᠯᠡᠴᠢᠯᠡᠬᠦ ᠴᠢᠳᠠᠮᠵᠢ ᠶᠢᠨ ᠲᠥᠯᠦᠪᠵᠢᠭᠦᠯᠭᠡ᠂ ᠬᠠᠮᠢᠶᠠᠷᠤᠯᠲᠠ | ᠪᠠ ᠬᠠᠮᠠᠭᠠᠯᠠᠯᠲᠠ ᠶᠢ ᠬᠠᠷᠢᠭᠤᠴᠠᠨ᠎ᠠ᠃ | 4. ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ᠃ | 5. ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ | ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ | ᠡᠭᠦᠷᠭᠡᠯᠡᠨ᠎ᠡ᠃ | 6. ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃ | 7. ᠰᠣᠶᠣᠯ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠰᠤᠮᠤ ᠶᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | 8. ᠰᠢᠨᠡᠪᠤᠯᠠᠭ ᠰᠤᠮᠤ ᠶᠢᠨ ᠨᠠᠮ ᠤᠨ ᠬᠤᠷᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠪᠡ︶ ᠤᠨ ᠳᠣᠲᠣᠷ᠎ᠠ 4 ᠲᠠᠰᠤᠭ ᠪᠠᠶᠢᠭᠤᠯᠵᠤ᠂ ᠪᠦᠷ ᠲᠠᠰᠤᠭ ᠲᠠᠰ ᠤᠨ ᠲᠠᠰ ᠪᠣᠯᠣᠨ᠎ᠠ᠃ | 1.ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠠᠰᠤᠭ᠄ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ | ᠴᠣᠭᠴᠠ ᠶᠢᠨ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ | ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶᠠᠲᠤ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ ᠪᠠ ᠲᠡᠳᠡᠨ ᠳᠤ ᠦᠢᠯᠡᠴᠢᠯᠡᠬᠦ ᠶᠢ ᠬᠠᠷᠢᠭᠤᠴᠠᠨ᠎ᠠ︔ | ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠢᠯᠡᠴᠢᠯᠡᠬᠦ ᠴᠢᠳᠠᠮᠵᠢ ᠶᠢᠨ ᠲᠥᠯᠦᠪᠵᠢᠭᠦᠯᠭᠡ᠂ ᠬᠠᠮᠢᠶᠠᠷᠬᠤ ᠪᠠ ᠬᠠᠮᠠᠭᠠᠯᠠᠬᠤ | ᠠᠵᠢᠯ ᠢ ᠬᠠᠷᠢᠭᠤᠴᠠᠨ᠎ᠠ᠃ | 2.ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠰᠤᠭ᠄ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ | ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ᠃ | 3.ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠠᠰᠤᠭ᠄ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ | ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ | ᠠᠵᠢᠯ ᠢ ᠬᠠᠷᠢᠭᠤᠴᠠᠨ᠎ᠠ᠃ | 4. ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠠᠰᠤᠭ᠄ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠬᠠᠷᠢᠭᠤᠴᠠᠯᠭᠠᠲᠠᠨ᠄ ᠬᠠᠶᠢᠷᠬᠠᠨ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠠᠷᠠᠳ ᠤᠨ ᠵᠠᠰᠠᠭ ᠤᠨ ᠣᠷᠳᠣᠨ | ᠰᠢᠤᠳᠠᠨ ᠳ᠋ᠤᠭᠠᠷ᠄ 021299 | ᠰᠦᠯᠵᠢᠶᠡᠨ ᠤ ᠬᠠᠶ᠋ᠢᠭ᠄ http://www.xzq.gov.cn/OpennessContent/showList/780/0/page_1.html | ᠠᠵᠢᠯ ᠤᠨ ᠤᠲᠠᠰᠤ᠄ 0470 ︱ 6600116 | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00 ᠦᠳᠡ ᠶᠢᠨ ᠬᠤᠶᠢᠨᠠᠬᠢ 2᠄ 00 ︱ 5᠄ 00 ︵ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | | | ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | ᠪᠣᠯ ᠰᠢᠨᠡᠪᠤᠯᠠᠭ ᠰᠤᠮᠤ ᠶᠢᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠳᠡᠳ᠋ ᠰᠠᠯᠠᠭ᠎ᠠ ᠶᠢᠨ ᠲᠠᠰ ᠤᠨ ᠠᠵᠢᠯ ᠦᠢᠯᠡᠰ ᠤᠨ ᠨᠢᠭᠡᠴᠡ ᠪᠣᠯᠣᠨ᠎ᠠ᠃ | ᠭᠤᠣᠯ ᠡᠭᠦᠷᠭᠡ ᠬᠠᠷᠢᠭᠤᠴᠠᠯᠭ᠎ᠠ | 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ | ᠦᠨᠳᠦᠰᠦᠯᠡᠨ᠂ ᠰᠤᠮᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠬᠤᠰᠢᠭᠤᠨ ᠤ ᠰᠢᠭᠤᠳ | ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠨᠠᠶᠢᠳᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | 2.ᠰᠢᠨᠡᠪᠤᠯᠠᠭ ᠰᠤᠮᠤ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ | ᠳᠣᠲᠣᠷ᠎ᠠ 2 ᠲᠠᠰᠤᠭ ᠪᠠᠶᠢᠭᠤᠯᠵᠤ᠂ ᠪᠦᠷ ᠲᠠᠰ ᠤᠨ ᠲᠠᠰ ᠪᠣᠯᠣᠨ᠎ᠠ᠃ | 1.ᠠᠯᠪᠠᠨ ᠭᠡᠷ᠄ ᠨᠢᠭᠡᠴᠡ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠬᠤᠷᠠᠯ ᠤᠨ ᠵᠣᠬᠢᠶᠠᠨ ᠪᠠᠶᠢᠭᠤᠯᠬᠤ᠂ | ᠶᠡᠷᠦᠩᠬᠡᠶᠢᠯᠡᠭᠰᠡᠨ ᠮᠠᠲ᠋ᠧᠷᠢᠶᠠᠯ ᠢ ᠲᠤᠭᠤᠷᠪᠢᠬᠤ᠂ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭᠡᠴᠢ᠂ ᠲᠠᠩᠰᠠ ᠡᠪᠬᠡᠮᠡᠯ ᠤᠨ | ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | 2.ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠰᠤᠭ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠰᠤᠮᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ | ᠥᠷᠨᠢᠭᠦᠯᠦᠨ᠎ᠡ︔ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ | ᠨᠠᠶᠢᠳᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ᠬᠠᠷᠢᠭᠤᠴᠠᠯᠭᠠᠲᠠᠨ᠄ ᠨᠠᠰᠣᠨᠠᠣᠷᠲᠣ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠠᠷᠠᠳ ᠤᠨ ᠵᠠᠰᠠᠭ ᠤᠨ ᠣᠷᠳᠣᠨ | ᠰᠢᠤᠳᠠᠨ ᠳ᠋ᠤᠭᠠᠷ᠄ 021299 | ᠰᠦᠯᠵᠢᠶᠡᠨ ᠤ ᠬᠠᠶ᠋ᠢᠭ᠄ http://www.xzq.gov.cn/OpennessContent/showList/780/0/page_1.html | ᠠᠵᠢᠯ ᠤᠨ ᠤᠲᠠᠰᠤ᠄ 0470 ︱ 6600116 | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00 ᠦᠳᠡ ᠶᠢᠨ ᠬᠤᠶᠢᠨᠠᠬᠢ 2᠄ 00 ︱ 5᠄ 00 ︵ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | | | ︵ᠭᠤᠷᠪᠠ︶ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠪᠣᠯ | ᠰᠢᠨᠡᠪᠤᠯᠠᠭ ᠰᠤᠮᠤ ᠶᠢᠨ ᠵᠠᠰᠠᠭ ᠤᠨ ᠣᠷᠳᠣᠨ ᠤ ᠲᠠᠰᠤᠭ ᠤᠨ ᠲᠠᠰ ᠤᠨ ᠠᠵᠢᠯ ᠦᠢᠯᠡᠰ ᠤᠨ ᠨᠢᠭᠡᠴᠡ ᠳᠤ ᠬᠠᠷᠢᠶᠠᠯᠠᠭᠳᠠᠨ᠎ᠠ᠃ | ᠭᠤᠣᠯ ᠡᠭᠦᠷᠭᠡ ᠬᠠᠷᠢᠭᠤᠴᠠᠯᠭ᠎ᠠ | 1.ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠤ ᠮᠡᠷᠭᠡᠵᠢᠯ ᠣᠷᠣᠭᠤᠯᠵᠤ ᠢᠷᠡᠬᠦ ᠪᠠ ᠳᠡᠯᠭᠡᠷᠡᠭᠦᠯᠬᠦ ᠠᠵᠢᠯ ᠢ | ᠬᠠᠷᠢᠭᠤᠴᠠᠨ᠎ᠠ᠃ | 2. ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠬᠠᠷᠢᠭᠤᠴᠠᠨ᠎ᠠ᠃ | 3. ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠬᠠᠩᠭᠠᠬᠤ ᠠᠵᠢᠯ ᠢ ᠬᠠᠷᠢᠭᠤᠴᠠᠨ᠎ᠠ᠃ | 4. ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ | ᠵᠡᠷᠭᠡ ᠠᠵᠢᠯ ᠢ ᠬᠠᠷᠢᠭᠤᠴᠠᠨ᠎ᠠ᠃ | 5. ᠬᠠᠷᠢᠶ᠎ᠠ ᠣᠷᠣᠨ ᠤ ᠳᠣᠲᠣᠷᠠᠬᠢ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠢ ᠬᠠᠷᠢᠭᠤᠴᠠᠨ᠎ᠠ᠃ | 6. ᠰᠤᠮᠤ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠨᠢ ᠴᠥᠮ | ᠲᠠᠰᠤᠭ ᠤᠨ ᠲᠠᠰ ᠪᠣᠯᠣᠨ᠎ᠠ᠃ | 1.ᠠᠯᠪᠠᠨ ᠭᠡᠷ᠄ ᠨᠢᠭᠡᠴᠡ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠬᠤᠷᠠᠯ ᠤᠨ ᠵᠣᠬᠢᠶᠠᠨ ᠪᠠᠶᠢᠭᠤᠯᠬᠤ᠂ | ᠶᠡᠷᠦᠩᠬᠡᠶᠢᠯᠡᠭᠰᠡᠨ ᠮᠠᠲ᠋ᠧᠷᠢᠶᠠᠯ ᠢ ᠲᠤᠭᠤᠷᠪᠢᠬᠤ᠂ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭᠡᠴᠢ᠂ ᠲᠠᠩᠰᠠ ᠡᠪᠬᠡᠮᠡᠯ ᠤᠨ | ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | 2. ᠶᠡᠷᠦᠩᠬᠡᠶᠢᠯᠡᠭᠰᠡᠨ ᠪᠠᠲᠤᠯᠠᠭ᠎ᠠ ᠶᠢᠨ ᠲᠠᠰᠤᠭ᠄ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠢ ᠶᠢᠨ ᠭᠠᠮᠰᠢᠭ ᠢ ᠰᠡᠷᠭᠡᠶᠢᠯᠡᠨ | ᠵᠠᠰᠠᠬᠤ᠂ ᠠᠮᠢᠳᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ | ᠬᠠᠩᠭᠠᠬᠤ ᠠᠵᠢᠯ ᠢ ᠬᠠᠷᠢᠭᠤᠴᠠᠨ᠎ᠠ᠃ | 3. ᠮᠡᠷᠭᠡᠵᠢᠯ ᠳᠡᠯᠭᠡᠷᠡᠭᠦᠯᠬᠦ ᠲᠠᠰᠤᠭ᠄ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠣᠷᠣᠭᠤᠯᠬᠤ ᠪᠠ | ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ᠃ | ᠬᠠᠷᠢᠭᠤᠴᠠᠯᠭᠠᠲᠠᠨ᠄ ᠵᠠᠩ ᠮᠢᠨ | ᠴᠢᠮᠡᠭᠡ ᠨᠡᠪᠲᠡᠷᠡᠯᠭᠡ ᠶᠢᠨ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠠᠷᠠᠳ ᠤᠨ ᠵᠠᠰᠠᠭ ᠤᠨ ᠣᠷᠳᠣᠨ | ᠰᠢᠤᠳᠠᠨ ᠳ᠋ᠤᠭᠠᠷ᠄ 021299 | ᠰᠦᠯᠵᠢᠶᠡᠨ ᠤ ᠬᠠᠶ᠋ᠢᠭ᠄ http://www.xzq.gov.cn/OpennessContent/showList/780/0/page_1.html | ᠠᠵᠢᠯ ᠤᠨ ᠤᠲᠠᠰᠤ᠄ 0470 ︱ 6600116 | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00 ᠦᠳᠡ ᠶᠢᠨ ᠬᠤᠶᠢᠨᠠᠬᠢ 2᠄ 00 ︱ 5᠄ 00 ︵ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ |