ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 29 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠶᠠᠫᠤᠨ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ | ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃ | ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ | ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠣᠷᠣᠭᠤᠯᠪᠠ᠃ | ᠲᠣᠰ ᠨᠣᠮ ᠤᠨ ᠶᠠᠫᠤᠨ ᠬᠡᠯᠡᠨ ᠤ ᠬᠡᠪᠯᠡᠯ ᠪᠠ ᠡᠭᠦᠨ ᠠᠴᠠ ᠡᠮᠦᠨ᠎ᠡ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠭᠡᠯᠡ᠂ ᠠᠷᠠᠪ ᠬᠡᠯᠡᠨ ᠤ ᠬᠡᠪᠯᠡᠯ ᠨᠢ | ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠠ ᠦᠢᠯᠡᠳᠦᠯᠭᠡ ᠶᠢᠨ ᠱᠠᠭᠠᠷᠳᠠᠯᠭ᠎ᠠ ᠶᠢ | ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠠᠮᠵᠢᠯᠲᠠ ᠲᠠᠢ ᠪᠠᠷ ᠵᠠᠮᠨᠠᠭᠰᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ ᠤ | ᠪᠣᠯᠪᠠᠰᠤᠨ ᠤ ᠰᠢᠨ᠎ᠡ ᠭᠡᠯᠪᠡᠷᠢ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠤᠨ | ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ ᠶᠢ ᠴᠢᠩᠭᠠᠳᠬᠠᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢᠨ ᠬᠠᠮᠲᠤ ᠶᠢᠨ ᠲᠠᠨᠢᠯᠲᠠ ᠶᠢ ᠪᠡᠶᠡᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ |