ᠨᠢᠭᠡ ᠳᠤ᠂ ᠵᠣᠬᠢᠴᠠᠭᠤᠯᠬᠤ ᠪᠠᠨ ᠴᠢᠩᠭᠠᠳᠬᠠᠵᠤ᠂ ᠯᠢᠶᠣᠤᠨᠢᠩ ᠮᠤᠵᠢ ᠵᠢᠴᠢ ᠬᠤ᠋ ᠯᠦ ᠳ᠋ᠣᠣ ᠠᠷᠠᠯ ᠬᠤᠲᠠ᠂ ᠳᠤᠮᠳᠠᠳᠤ ᠤᠯᠤᠰ ᠤᠨ ᠵᠠᠮ | ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠵᠡᠭᠦᠨ ᠬᠤᠶᠢᠲᠤ ᠣᠷᠣᠨ ᠳᠠᠬᠢ ᠶᠡᠷᠦᠩᠬᠡᠢ ᠬᠡᠯᠲᠡᠰ ᠯᠦᠭᠡ ᠳᠥᠷᠪᠡᠨ ᠲᠠᠯ᠎ᠠ ᠶᠢᠨ ᠬᠠᠮᠲᠤᠷᠠᠯᠴᠠᠭ᠎ᠠ | ᠰᠣᠯᠢᠯᠴᠠᠭ᠎ᠠ ᠵᠣᠬᠢᠴᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠪᠡ᠃ ᠬᠤᠶᠠᠷ ᠲᠤ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠣᠷᠣᠨ ᠤ ᠳᠣᠲᠣᠷᠠᠬᠢ ᠠᠮᠤ ᠪᠤᠳᠠᠭ᠎ᠠ ᠲᠣᠰᠣᠨ ᠤ ᠠᠵᠤ | ᠠᠬᠤᠶᠢᠯᠠᠯ 54 ᠶᠢ ᠵᠣᠬᠢᠶᠠᠨ ᠪᠠᠶᠢᠭᠤᠯᠵᠤ ᠬᠤᠷᠢᠳᠤᠭᠠᠷ ᠬᠤᠭᠤᠴᠠᠭᠠᠨ ᠤ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠵᠢᠯᠴᠠᠭ᠎ᠠ ᠶᠢᠨ | ᠹᠦᠵᠢᠶᠠᠨ ᠳᠠᠬᠢ ᠵᠥᠪᠳᠡᠨ ᠶᠠᠷᠢᠯᠴᠠᠬᠤ ᠬᠤᠷᠠᠯ ᠳᠤ ᠣᠷᠣᠯᠴᠠᠭᠤᠯᠵᠤ᠂ ᠲᠤᠬᠠᠢ ᠶᠢᠨ ᠲᠠᠯᠠᠪᠤᠷ ᠲᠤ 5 ᠲᠦᠮᠡᠨ ᠲᠣᠨ ᠰᠢᠷ᠎ᠠ ᠪᠤᠷᠴᠠᠭ ᠬᠤᠳᠠᠯᠳᠤᠨ ᠠᠪᠬᠤ ᠪᠠ | ᠪᠣᠷᠣᠯᠠᠭᠤᠯᠬᠤ ᠰᠠᠨᠠᠮᠵᠢ ᠶᠢᠨ ᠵᠥᠪᠯᠡᠯᠴᠡᠭᠡᠷ ᠪᠠ 1.8 ᠲᠦᠮᠡᠨ ᠲᠣᠨ ᠰᠢᠷ᠎ᠠ ᠪᠤᠷᠴᠠᠭ ᠤᠨ ᠲᠣᠰᠣ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ | ᠲᠣᠭᠲᠠᠭᠠᠵᠤ᠂ ᠠᠷᠠᠯᠵᠢᠶ᠎ᠠ ᠪᠦᠲᠦᠭᠰᠡᠨ ᠲᠤᠭ᠎ᠠ 3.7 ᠳ᠋ᠦᠩᠰᠢᠭᠤᠷ ᠲᠥᠭᠦᠷᠢᠭ ᠲᠤ ᠬᠦᠷᠪᠡ︔ ᠪᠦᠬᠦ ᠣᠷᠣᠨ ᠤ 100 ᠭᠠᠷᠤᠢ ᠠᠵᠤ ᠠᠬᠤᠶᠢᠯᠠᠯ᠂ ᠪᠠᠶᠢᠭᠤᠯᠭ᠎ᠠ | ᠨᠢᠭᠡᠴᠢ ᠶᠢ ᠵᠣᠬᠢᠶᠠᠨ ᠪᠠᠶᠢᠭᠤᠯᠤᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠴᠤᠭᠯᠠᠭᠠᠨ ᠳᠤ ᠣᠷᠣᠯᠴᠠᠭᠤᠯᠵᠤ᠂ | 300 ᠭᠠᠷᠤᠢ ᠲᠦᠮᠡᠨ ᠲᠣᠨ ᠡᠯ᠎ᠡ ᠲᠦᠷᠦᠯ ᠤᠨ ᠠᠮᠤ ᠪᠤᠳᠠᠭ᠎ᠠ ᠪᠣᠷᠣᠯᠠᠭᠤᠯᠬᠤ ᠲᠠᠯ᠎ᠠ ᠶᠢᠨ ᠰᠠᠨᠠᠮᠵᠢ ᠶᠢᠨ ᠵᠥᠪᠯᠡᠯᠴᠡᠭᠡᠷ ᠲᠣᠬᠢᠷᠠᠯᠴᠠᠪᠠ᠃ ᠭᠤᠷᠪᠠ ᠳᠤ᠂ ᠠᠮᠤ | ᠪᠤᠳᠠᠭᠠᠨ ᠤ ᠪᠠᠷᠠᠭᠠᠨ ᠤ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠲᠦᠩᠯᠢᠶᠣᠣ ᠪᠠᠷ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ ᠭᠤᠣᠯ ᠬᠦᠢᠰᠦ | ᠭᠠᠵᠠᠷ ᠢᠶᠠᠨ ᠪᠣᠯᠭᠠᠵᠤ᠂ ᠮᠠᠨᠵᠤᠤᠷ᠂ ᠡᠷᠢᠶᠡᠨ ᠬᠤᠲᠠ ᠪᠠᠷ ᠬᠤᠶᠠᠷ ᠵᠢᠭᠦᠷ ᠢᠶᠠᠨ ᠪᠣᠯᠭᠠᠭᠰᠠᠨ᠂ ᠬᠥᠯᠥᠨ ᠪᠤᠶᠢᠷ᠂ ᠬᠢᠩᠭᠠᠨ ᠠᠶᠢᠮᠠᠭ᠂ ᠪᠠᠶᠠᠨᠨᠠᠭᠤᠷ ᠵᠡᠷᠭᠡ ᠠᠮᠤ | ᠪᠤᠳᠠᠭᠠᠨ ᠤ ᠪᠠᠷᠠᠭᠠᠨ ᠤ ᠭᠦᠢᠯᠭᠡᠭᠡᠨ ᠤ 10 ᠵᠠᠩᠭᠢᠯᠠᠭ᠎ᠠ ᠶᠢᠨ ᠴᠡᠭ ᠢᠶᠠᠷ ᠲᠤᠯᠭᠠᠭᠤᠷᠢᠯᠠᠯ ᠪᠣᠯᠭᠠᠭᠰᠠᠨ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ | ᠰᠦᠯᠵᠢᠶᠡᠨ ᠤ ᠲᠣᠭᠲᠠᠯᠴᠠᠭ᠎ᠠ ᠶᠢ ᠰᠢᠯᠢᠳᠡᠭᠵᠢᠭᠦᠯᠵᠦ᠂ ︽ᠤᠮᠠᠷᠠᠲᠤ ᠣᠷᠣᠨ ᠤ ᠠᠮᠤ ᠪᠤᠳᠠᠭ᠎ᠠ ᠶᠢ ᠡᠮᠦᠨᠡᠲᠦ ᠣᠷᠣᠨ ᠳᠤ ᠵᠥᠭᠡᠭᠡᠪᠦᠷᠢᠯᠡᠬᠦ︾ ᠠᠮᠤ ᠪᠤᠳᠠᠭᠠᠨ ᠤ | ᠪᠠᠷᠠᠭᠠᠨ ᠤ ᠭᠦᠢᠯᠭᠡᠭᠡᠨ ᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠮᠤᠵᠢ ᠣᠷᠣᠨ ᠠᠯᠤᠰᠯᠠᠭᠰᠠᠨ 2300 ᠲᠦᠮᠡᠨ ᠲᠣᠨ ᠠᠮᠤ ᠪᠤᠳᠠᠭ᠎ᠠ ᠵᠥᠭᠡᠭᠡᠪᠦᠷᠢᠯᠡᠨ | ᠨᠡᠪᠲᠡᠷᠡᠭᠦᠯᠬᠦ ᠪᠠᠷᠠᠭᠠᠨ ᠤ ᠭᠦᠢᠯᠭᠡᠭᠡᠨ ᠤ ᠴᠢᠳᠠᠪᠤᠷᠢ ᠲᠠᠢ ᠪᠣᠯᠭᠠᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ ᠬᠢᠭᠡᠳ ᠠᠮᠤ ᠪᠤᠳᠠᠭᠠᠨ ᠤ ᠠᠵᠤ ᠦᠢᠯᠡᠰ ᠤᠨ | ᠪᠥᠭᠡᠮᠨᠡᠷᠡᠯ ᠤᠨ ᠬᠠᠮᠵᠢᠯᠴᠠᠭᠤᠯᠤᠨ ᠬᠥᠭᠵᠢᠭᠦᠯᠬᠦ ᠶᠢ ᠠᠬᠢᠭᠤᠯᠪᠠ᠃ ︵ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ |