ᠲᠣᠰ ᠤᠳᠠᠭᠠᠨ ᠤ ᠠᠵᠢᠯᠯᠠᠭ᠎ᠠ ᠨᠢ ᠪᠣᠷᠣᠳᠣᠬᠤᠢ ᠠᠷᠢᠬᠢᠨ ᠤ ᠦᠢᠯᠡᠰ ᠤᠨ ᠪᠠ ᠠᠤᠬᠠᠨ ᠤ ᠨᠠᠷᠢᠮᠤ ᠶᠢᠨ ᠲᠠᠷᠢᠶᠠᠯᠠᠩ ᠤᠨ ᠮᠡᠷᠭᠡᠵᠢᠯ ᠤᠨ ᠠᠵᠢᠯᠴᠢᠨ | ᠵᠢᠴᠢ ᠴᠠᠬᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠴᠤᠳ ᠵᠡᠷᠭᠡ ᠥᠪᠥᠷ ᠮᠣᠩᠭᠤᠯ ᠤᠨ ᠣᠨᠴᠠᠯᠢᠭᠲᠤ 10 ᠬᠥᠳᠡᠯᠮᠦᠷᠢ ᠦᠢᠯᠡᠴᠢᠯᠡᠭᠡ ᠶᠢᠨ | ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠲᠠᠨᠢᠯᠴᠠᠭᠤᠯᠪᠠ᠃ ᠪᠡᠭᠡᠵᠢᠩ ᠥᠪᠥᠷ ᠮᠣᠩᠭᠤᠯ ᠤᠨ ᠬᠤᠶᠠᠷ ᠭᠠᠵᠠᠷ ᠤᠨ ᠭᠡᠷ ᠠᠬᠤᠢ ᠶᠢᠨ ᠠᠵᠢᠯ ᠲᠥᠷᠥᠯ ᠤᠨ | ᠨᠡᠶᠢᠭᠡᠮᠯᠢᠭ ᠠᠴᠠ ︽ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠪᠠ᠃ ᠣᠶᠢᠷ᠎ᠠ ᠶᠢᠨ ᠵᠢᠯ ᠤᠳ ᠠᠴᠠ ᠨᠠᠭᠠᠰᠢ᠂ | ᠮᠠᠨ ᠤ ᠣᠷᠣᠨ ︽ᠬᠢᠩᠭᠠᠨ ᠤ ᠭᠡᠷ ᠠᠬᠤᠢ︾᠂ ︽ᠪᠠᠭᠠᠷᠢᠨ ᠵᠡᠭᠦᠨ ᠬᠤᠰᠢᠭᠤᠨ ᠤ ᠱᠦᠭᠦᠷ ᠤᠨ ᠠᠵᠢᠯᠴᠢᠨ︾ ᠵᠡᠷᠭᠡ ᠬᠥᠳᠡᠯᠮᠦᠷᠢ ᠦᠢᠯᠡᠴᠢᠯᠡᠭᠡ ᠶᠢᠨ 109 ᠨᠠᠷᠠᠲᠤ | ᠲᠦᠷᠦᠯ ᠲᠡᠮᠳᠡᠭᠲᠦ ᠶᠢ ᠪᠣᠶ ᠪᠣᠯᠭᠠᠵᠤ᠂ ᠠᠵᠢᠯ ᠡᠷᠬᠢᠯᠡᠭᠰᠡᠨ ᠬᠡᠪᠴᠢᠶᠡᠵᠢᠯ ᠨᠢ 60 ᠭᠠᠷᠤᠢ ᠲᠦᠮᠡᠨ ᠬᠥᠮᠥᠨ ᠳᠤ ᠬᠦᠷᠴᠦ᠂ ᠬᠥᠳᠡᠯᠮᠦᠷᠢ ᠦᠢᠯᠡᠴᠢᠯᠡᠭᠡ ᠶᠢᠨ ᠠᠵᠤ | ᠠᠬᠤᠢ ᠶᠢᠨ ᠣᠷᠣᠯᠭ᠎ᠠ ᠶᠢ 150 ᠭᠠᠷᠤᠢ ᠳ᠋ᠦᠩᠰᠢᠭᠤᠷ ᠲᠥᠭᠦᠷᠢᠭ ᠡᠭᠦᠳᠪᠡ᠃ 2017 ᠣᠨ ᠠᠴᠠ ᠣᠲᠣ ᠪᠣᠯᠲᠠᠯ᠎ᠠ᠂ ᠪᠡᠭᠡᠵᠢᠩ ᠥᠪᠥᠷ ᠮᠣᠩᠭᠤᠯ ᠤᠨ | ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭᠠᠨ ᠤ ᠠᠵᠢᠯᠯᠠᠭ᠎ᠠ ᠨᠢ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠤᠨ ᠠᠩᠭᠢ ᠶᠢ ᠨᠡᠶᠢᠲᠡ 1519 | ᠬᠤᠭᠤᠴᠠᠭ᠎ᠠ ᠡᠷᠭᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ 7.1 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠪᠠ︔ ᠮᠠᠯᠵᠢᠬᠤ ᠲᠠᠷᠢᠶᠠᠯᠠᠬᠤ | ᠣᠷᠣᠨ ᠤ ᠬᠥᠳᠡᠯᠮᠦᠷᠢ ᠬᠦᠴᠦᠨ ᠢ ᠬᠠᠪᠰᠤᠷᠤᠨ 34.4 ᠲᠦᠮᠡᠨ ᠬᠥᠮᠥᠨ ᠤᠳᠠᠭ᠎ᠠ ᠶᠢ ᠰᠢᠯᠵᠢᠭᠦᠯᠦᠨ ᠠᠵᠢᠯ ᠣᠯᠭᠤᠵᠤ᠂ ᠪᠡᠭᠡᠵᠢᠩ ᠳᠤ ᠬᠦᠷᠴᠦ ᠠᠵᠢᠯ | ᠣᠯᠣᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ 1.2 ᠲᠦᠮᠡᠨ ᠬᠥᠮᠥᠨ ᠤᠳᠠᠭ᠎ᠠ ᠳᠤ ᠬᠦᠷᠭᠡᠪᠡ︔ ᠪᠡᠭᠡᠵᠢᠩ ᠥᠪᠥᠷ ᠮᠣᠩᠭᠤᠯ ᠤᠨ ᠭᠡᠷ | ᠠᠬᠤᠢ ᠶᠢᠨ ᠦᠢᠯᠡᠴᠢᠯᠡᠭᠴᠢ ᠶᠢ ᠪᠣᠯᠪᠠᠰᠤᠷᠠᠭᠤᠯᠵᠤ ᠭᠠᠳᠠᠭᠰᠢ ᠭᠠᠷᠭᠠᠬᠤ 10 ᠰᠠᠭᠤᠷᠢᠨ ᠭᠠᠵᠠᠷ ᠢ ᠬᠥᠮᠥᠵᠢᠭᠦᠯᠦᠨ ᠪᠣᠶᠢᠵᠢᠭᠤᠯᠪᠠ᠃ ︵ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ |