ᠬᠠᠨᠳᠠᠭᠠᠢ ᠰᠤᠮᠤ ᠶᠢᠨ ᠨᠠᠮ ᠤᠨ ᠬᠤᠷᠢᠶ᠎ᠠ ᠪᠣᠯ ᠲᠣᠰ ᠰᠤᠮᠤ ᠶᠢᠨ ᠤᠳᠤᠷᠢᠳᠬᠤ ᠪᠠᠶᠢᠭᠤᠯᠭ᠎ᠠ ᠮᠥᠨ᠂ ᠬᠠᠨᠳᠠᠭᠠᠢ ᠰᠤᠮᠤ ᠶᠢᠨ ᠠᠷᠠᠳ ᠤᠨ ᠵᠠᠰᠠᠭ ᠤᠨ | ᠣᠷᠳᠣᠨ ᠪᠣᠯ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠵᠣᠬᠢᠶᠠᠨ ᠪᠠᠶᠢᠭᠤᠯᠤᠯᠲᠠ ᠮᠥᠨ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | 1. ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ | ᠪᠠᠶᠢᠭᠤᠯᠭ᠎ᠠ ᠶᠢᠨ ᠲᠣᠭᠲᠠᠭᠠᠯ ᠪᠠ ᠵᠠᠷᠯᠢᠭ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠮᠤ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ | ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠦᠨᠳᠦᠰᠦᠨ ᠱᠠᠲᠤᠨ ᠳᠠᠬᠢ ᠲᠥᠷᠥ ᠪᠠᠷᠢᠬᠤ ᠰᠠᠭᠤᠷᠢ ᠶᠢ | ᠪᠠᠬᠢᠵᠢᠭᠦᠯᠦᠨ᠎ᠡ᠃ | 2. ᠰᠤᠮᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠰᠤᠮᠤ ᠶᠢᠨ | ᠰᠠᠭᠤᠷᠢ ᠪᠡᠯᠡᠳᠬᠡᠮᠵᠢ ᠪᠣᠯᠣᠨ ᠡᠯ᠎ᠡ ᠵᠦᠢᠯ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢ ᠲᠦᠷᠭᠡᠳᠬᠡᠨ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | 3.ᠰᠤᠮᠤ ᠶᠢᠨ ᠠᠵᠤ ᠠᠬᠤᠢ ᠶᠢᠨ ᠬᠥᠭᠵᠢᠯᠲᠡ ᠶᠢ ᠵᠢᠯᠤᠭᠤᠳᠴᠤ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠵᠤ᠂ | ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠤᠨ᠂ ᠭᠠᠴᠠᠭ᠎ᠠ ᠶᠢᠨ ᠦᠯᠡᠭᠦᠦ ᠬᠥᠳᠡᠯᠮᠦᠷᠢ ᠬᠦᠴᠦᠨ ᠤ ᠰᠢᠯᠵᠢᠯᠲᠡ ᠶᠢ | ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | 4. ᠲᠤᠰ ᠰᠤᠮᠤ ᠶᠢᠨ ᠬᠠᠷᠢᠶ᠎ᠠ ᠲᠣᠭᠤᠷᠢᠭ ᠤᠨ ᠭᠠᠴᠠᠭᠠᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ᠂ ᠵᠢᠯᠣᠭᠤᠳᠤᠯᠭ᠎ᠠ ᠶᠢ | ᠬᠠᠷᠢᠭᠤᠴᠠᠵᠤ᠂ ᠭᠠᠴᠠᠭᠠᠨ ᠤ ᠵᠥᠪᠯᠡᠯ ᠤᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠶᠢ ᠳᠡᠮᠵᠢᠬᠦ ᠪᠠ ᠬᠠᠪᠰᠤᠷᠤᠨ᠎ᠠ᠃ | 5. ᠦᠨᠳᠦᠰᠦᠨ ᠱᠠᠲᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠬᠥᠮᠥᠨ | ᠠᠮᠠ ᠪᠠ ᠲᠥᠯᠥᠪᠯᠡᠭᠡᠲᠦ ᠦᠷᠡᠵᠢᠯ ᠵᠡᠷᠭᠡ ᠠᠵᠢᠯ ᠢ ᠬᠠᠷᠢᠭᠤᠴᠠᠨ ᠰᠠᠶᠢᠲᠤᠷ ᠠᠳᠬᠤᠵᠤ᠂ ᠠᠷᠠᠳ ᠤᠨ ᠶᠠᠪᠤᠳᠠᠯ᠂ ᠭᠠᠮᠰᠢᠭ ᠠᠴᠠ ᠠᠪᠤᠷᠠᠬᠤ ᠠᠪᠤᠷᠠᠨ ᠲᠤᠰᠠᠯᠠᠬᠤ᠂ | ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠰᠤᠮᠤ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠨ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | 6. ᠦᠨᠳᠦᠰᠦᠨ ᠱᠠᠲᠤᠨ ᠤ ᠠᠷᠠᠳᠴᠢᠯᠠᠯ ᠢᠶᠠᠷ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ᠂ ᠭᠠᠴᠠᠭᠠᠨ ᠤ ᠵᠥᠪᠯᠡᠯ ᠤᠨ ᠠᠵᠢᠯ ᠢ | ᠵᠢᠯᠣᠭᠤᠳᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | 7. ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠰᠤᠮᠤ ᠶᠢᠨ ᠳᠣᠲᠣᠷᠠᠬᠢ ᠨᠡᠶᠢᠭᠡᠮ ᠤᠨ ᠵᠥᠷᠢᠴᠡᠯ ᠢ ᠠᠷᠢᠯᠭᠠᠨ᠂ | ᠰᠤᠮᠤ ᠶᠢᠨ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ | 8. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ | ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠵᠢᠴᠢ ᠰᠢᠢᠳᠪᠦᠷᠢᠲᠦ ᠪᠣᠳᠣᠯᠭ᠎ᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ᠂ ᠪᠢᠴᠢᠭ | ᠮᠠᠲ᠋ᠧᠷᠢᠶᠠᠯ ᠤᠨ ᠠᠵᠢᠯᠯᠠᠭᠠᠨ᠂ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ᠂ | ᠴᠢᠬᠤᠯᠠ ᠨᠢᠭᠤᠴᠠ᠂ ᠲᠠᠩᠰᠠ ᠡᠪᠬᠡᠮᠡᠯ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ︔ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ | ᠵᠣᠬᠢᠴᠠᠭᠤᠯᠬᠤ ᠵᠡᠷᠭᠡ ᠠᠵᠢᠯ ᠢ ᠡᠭᠦᠷᠭᠡᠯᠡᠨ᠎ᠡ᠃ | 2.ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠨᠠᠮ ᠤᠨ | ᠭᠡᠰᠢᠭᠦᠨ ᠤ ᠬᠥᠮᠦᠵᠢᠯ ᠬᠠᠮᠢᠶᠠᠷᠤᠯᠲᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠤᠬᠠᠭᠤᠯᠭ᠎ᠠ᠂ ᠤᠶᠤᠨ ᠤ ᠪᠣᠯᠪᠠᠰᠤᠨ ᠤ | ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠢᠭᠡᠳᠦᠮᠡᠯ ᠹᠷᠣᠨᠲ᠂ ᠦᠨᠳᠦᠰᠦᠲᠡᠨ ᠤ ᠱᠠᠰᠢᠨ ᠰᠤᠷᠲᠠᠬᠤᠨ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ | ᠬᠠᠷᠢᠭᠤᠴᠠᠨ᠎ᠠ᠃ | 3.ᠨᠡᠶᠢᠭᠡᠮ ᠤᠨ ᠵᠠᠰᠠᠯᠲᠠ ᠶᠢᠨ ᠠᠯᠪᠠᠨ ᠭᠡᠷ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠵᠠᠬᠢᠳᠠᠯ ᠰᠣᠷᠪᠤᠯᠵᠢᠯᠠᠭ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ᠂ ᠲᠣᠥᠷᠵᠢᠭᠤᠯᠤᠭᠰᠠᠨ ᠦᠢᠯᠡᠴᠢᠯᠡᠭᠡ ᠵᠡᠷᠭᠡ ᠠᠵᠢᠯ ᠢ ᠬᠠᠷᠢᠭᠤᠴᠠᠨ᠎ᠠ︔ ᠬᠠᠤᠯᠢ | ᠶᠣᠰᠣᠭᠠᠷ ᠵᠠᠰᠠᠭ ᠶᠠᠪᠤᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠬᠠᠷᠢᠶᠠᠲᠤ | ᠣᠷᠣᠨ ᠤ ᠳᠣᠲᠣᠷᠠᠬᠢ ᠭᠠᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠠᠶᠤᠯᠭᠦᠢ | ᠦᠢᠯᠡᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ︔ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠬᠠᠪᠰᠤᠷᠤᠨ ᠲᠡᠳᠬᠦᠵᠦ | ᠠᠪᠤᠷᠠᠨ ᠲᠤᠰᠠᠯᠠᠬᠤ᠂ ᠣᠨᠴᠠᠭᠠᠶ ᠬᠠᠮᠲᠤᠯᠢᠭ ᠤᠨ ᠡᠷᠬᠡ ᠠᠰᠢᠭ ᠢ ᠪᠠᠲᠤᠯᠠᠬᠤ ᠵᠡᠷᠭᠡ ᠠᠵᠢᠯ ᠢ ᠬᠠᠷᠢᠭᠤᠴᠠᠨ᠎ᠠ︔ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ | 4.ᠠᠵᠤ ᠠᠬᠤᠢ ᠶᠢ ᠬᠥᠭᠵᠢᠭᠦᠯᠬᠦ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠰᠤᠮᠤᠨ ᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠠᠵᠢᠯ ᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠲᠠ ᠬᠥᠳᠡᠭᠡ ᠶᠢᠨ ᠠᠵᠤ ᠠᠬᠤᠢ ᠶᠢᠨ ᠬᠥᠭᠵᠢᠯᠲᠡ᠂ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠎ᠡ︔ ᠬᠠᠨᠳᠠᠭᠠᠢ ᠰᠤᠮᠤ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠰᠥᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠬᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠬᠤ ᠵᠡᠷᠭᠡ ᠠᠵᠢᠯ ᠢ ᠬᠠᠷᠢᠭᠤᠴᠠᠨ᠎ᠠ︔ ᠠᠮᠢ ᠠᠬᠤᠢ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠢ᠂ ᠤᠰᠤᠨ | ᠠᠰᠢᠭᠯᠠᠯᠲᠠ᠂ ᠣᠶ ᠰᠢᠭᠤᠢ ᠡᠪᠡᠰᠦ ᠪᠡᠯᠴᠢᠭᠡᠷ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠠᠵᠢᠯ ᠢ | ᠬᠠᠷᠢᠭᠤᠴᠠᠨ᠎ᠠ︔ ᠬᠠᠷᠢᠶᠠᠲᠤ ᠲᠣᠭᠤᠷᠢᠭ ᠤᠨ ᠢᠶᠠᠨ ᠬᠠᠮᠲᠤ ᠶᠢᠨ ᠠᠵᠤ ᠠᠬᠤᠢ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠬᠤ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠲᠤᠭ᠎ᠠ ᠪᠦᠷᠢᠳᠬᠡᠯ ᠤᠨ ᠠᠵᠢᠯ ᠢ | ᠬᠠᠷᠢᠭᠤᠴᠠᠨ᠎ᠠ᠃ | 6. ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠵᠡᠷᠭᠡ ᠪᠠᠶᠢᠭᠤᠯᠤᠮᠵᠢ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠬᠢᠷᠠᠭᠤᠯᠬᠤ ᠶᠢᠨ ᠬᠠᠮᠲᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠬᠠᠷᠢᠭᠤᠴᠠᠯᠭᠠᠲᠠᠨ᠄ ᠦ᠋ ᠶᠦᠩ ᠵᠦ | ᠠᠵᠢᠯᠯᠠᠬᠤ ᠬᠠᠶ᠋ᠢᠭ᠄ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠬᠠᠨᠳᠠᠭᠠᠢ ᠭᠠᠴᠠᠭ᠎ᠠ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/782/0/page_1.html | ᠬᠠᠷᠢᠯᠴᠠᠬᠤ ᠬᠡᠯᠪᠡᠷᠢ᠄ 0470 ︱ 6690503 | ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 14᠄ 00 ︱ 17᠄ 00 | ᠭᠤᠷᠪᠠ᠂ ᠬᠠᠷᠢᠶ᠎ᠠ ᠪᠠᠶᠢᠭᠤᠯᠤᠮᠵᠢ | ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠪᠡ︶ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠨᠳᠠᠭᠠᠢ ᠰᠤᠮᠤ ᠶᠢᠨ ᠵᠥᠪᠯᠡᠯ ᠳᠤ | ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠮᠥᠨ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ | ᠰᠠᠯᠠᠭ᠎ᠠ ᠤ ᠲᠠᠰ ᠲᠠᠢ ᠲᠡᠩᠴᠡᠨ᠎ᠡ᠃ | ᠭᠤᠣᠯ ᠡᠭᠦᠷᠭᠡ ᠬᠠᠷᠢᠭᠤᠴᠠᠯᠭ᠎ᠠ ᠪᠣᠯ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ | ᠪᠠᠲᠤ ᠡᠵᠡᠮᠳᠡᠵᠦ᠂ ᠲᠡᠭᠦᠨ ᠢ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠠᠵᠢᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠤᠨ᠎ᠠ᠃ | ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠲᠥᠷᠥᠯ ᠵᠦᠢᠯ ᠪᠠ ᠠᠵᠢᠯᠯᠠᠭ᠎ᠠ ᠶᠢᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠦᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ | ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯ ᠢ ᠶᠡᠷᠦᠩᠬᠡᠶᠢᠯᠡᠨ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠬᠠᠨᠳᠠᠭᠠᠢ ᠰᠤᠮᠤ ᠶᠢᠨ ᠨᠠᠮ ᠤᠨ ᠬᠤᠷᠢᠶ᠎ᠠ ᠶᠢᠨ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | ᠬᠠᠷᠢᠭᠤᠴᠠᠯᠭᠠᠲᠠᠨ᠄ ᠦ᠋ ᠶᠦᠩ ᠵᠦ | ᠠᠵᠢᠯᠯᠠᠬᠤ ᠬᠠᠶ᠋ᠢᠭ᠄ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠬᠠᠨᠳᠠᠭᠠᠢ ᠭᠠᠴᠠᠭ᠎ᠠ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/782/0/page_1.html | ᠬᠠᠷᠢᠯᠴᠠᠬᠤ ᠬᠡᠯᠪᠡᠷᠢ᠄ 0470 ︱ 6690503 | ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 14᠄ 00 ︱ 17᠄ 00 | ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠣᠯ | ᠬᠠᠨᠳᠠᠭᠠᠢ ᠰᠤᠮᠤ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠤ | ᠲᠠᠰ ᠲᠠᠢ ᠲᠡᠩᠴᠡᠨ᠎ᠡ᠃ | ᠭᠤᠣᠯ ᠡᠭᠦᠷᠭᠡ ᠬᠠᠷᠢᠭᠤᠴᠠᠯᠭ᠎ᠠ ᠪᠣᠯ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠤᠱᠯᠠᠭᠤᠯᠤᠨ᠎ᠠ᠃ ᠬᠠᠨᠳᠠᠭᠠᠢ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠮᠤ ᠰᠢᠶᠠᠩ ᠪᠠᠯᠭᠠᠰᠤ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠭᠦᠷᠭᠡ ᠴᠢᠳᠠᠪᠤᠷᠢ ᠶᠢ ᠬᠠᠷᠢᠭᠤᠴᠠᠨ᠎ᠠ︔ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ︔ ᠬᠠᠨᠳᠠᠭᠠᠢ ᠰᠤᠮᠤ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠠᠷᠢᠭᠤᠴᠠᠯᠭᠠᠲᠠᠨ᠄ ᠪᠠᠶᠢᠭᠠᠯᠢ | ᠠᠵᠢᠯᠯᠠᠬᠤ ᠬᠠᠶ᠋ᠢᠭ᠄ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠬᠠᠨᠳᠠᠭᠠᠢ ᠭᠠᠴᠠᠭ᠎ᠠ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/782/0/page_1.html | ᠬᠠᠷᠢᠯᠴᠠᠬᠤ ᠬᠡᠯᠪᠡᠷᠢ᠄ 0470 ︱ 6690503 | ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 14᠄ 00 ︱ 17᠄ 00 | ︵ᠭᠤᠷᠪᠠ︶ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ | ᠦᠢᠯᠡᠴᠢᠯᠡᠭᠡᠨ ᠤ ᠲᠥᠪ ᠪᠣᠯ ᠬᠠᠨᠳᠠᠭᠠᠢ ᠰᠤᠮᠤ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ | ᠲᠥᠷᠥᠯ ᠤᠨ ᠠᠵᠢᠯ ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠲᠠᠰᠤᠭ ᠤᠨ ᠲᠠᠰ ᠲᠠᠢ ᠲᠡᠩᠴᠡᠨ᠎ᠡ᠃ | ᠭᠤᠣᠯ ᠡᠭᠦᠷᠭᠡ ᠬᠠᠷᠢᠭᠤᠴᠠᠯᠭ᠎ᠠ ᠪᠣᠯ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠠᠵᠢᠯ ᠤᠨ ᠭᠤᠣᠯ | ᠰᠢᠵᠢᠮ ᠢ ᠪᠠᠲᠤ ᠡᠵᠡᠮᠳᠡᠨ ᠪᠠᠲᠤ ᠪᠠᠬᠢ ᠪᠣᠶ ᠪᠣᠯᠭᠠᠵᠤ᠂ ᠲᠡᠭᠦᠨ ᠢ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠣᠷᠣᠭᠤᠯᠤᠨ ᠠᠪᠴᠢᠷᠠᠵᠤ ᠳᠡᠯᠭᠡᠷᠡᠭᠦᠯᠬᠦ ᠪᠠ | ᠦᠢᠯᠡᠴᠢᠯᠡᠬᠦ ᠠᠵᠢᠯ ᠵᠢᠴᠢ ᠲᠣᠰ ᠪᠡᠶ᠎ᠡ ᠶᠢᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠤᠨ᠎ᠠ᠃ ᠲᠠᠷᠢᠶᠠᠯᠠᠩ᠂ ᠮᠠᠯ ᠠᠵᠤ ᠠᠬᠤᠢ᠂ | ᠣᠶ ᠰᠢᠭᠤᠢ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠮᠠᠯᠴᠢᠨ ᠲᠠᠷᠢᠶᠠᠴᠢᠳ ᠳᠤ ᠠᠵᠤ ᠦᠢᠯᠡᠰ ᠤᠨ ᠮᠡᠳᠡᠭᠡ | ᠵᠠᠩᠭᠢ ᠶᠢᠨ ᠦᠢᠯᠡᠴᠢᠯᠡᠭᠡᠨ ᠤ ᠠᠵᠢᠯ ᠬᠠᠩᠭᠠᠨ᠎ᠠ᠄ ᠬᠠᠷᠢᠶᠠᠲᠤ ᠣᠷᠣᠨ ᠤ ᠳᠣᠲᠣᠷᠠᠬᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ | ᠤᠷᠭᠤᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠬᠠᠷᠢᠭᠤᠴᠠᠨ᠎ᠠ︔ ᠬᠠᠨᠳᠠᠭᠠᠢ ᠰᠤᠮᠤ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠠᠷᠢᠭᠤᠴᠠᠯᠭᠠᠲᠠᠨ᠄ ᠬᠥᠭᠵᠢᠯ | ᠠᠵᠢᠯᠯᠠᠬᠤ ᠬᠠᠶ᠋ᠢᠭ᠄ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ᠬᠠᠨᠳᠠᠭᠠᠢ ᠭᠠᠴᠠᠭ᠎ᠠ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/782/0/page_1.html | ᠬᠠᠷᠢᠯᠴᠠᠬᠤ ᠬᠡᠯᠪᠡᠷᠢ᠄ 0470 ︱ 6690503 | ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 14᠄ 00 ︱ 17᠄ 00 |