ᠭᠠᠨᠵᠤᠤᠷ ᠰᠤᠮᠤ ᠶᠢᠨ ᠵᠡᠪᠰᠡᠭᠲᠦ ᠬᠦᠴᠦᠨ ᠤ ᠬᠡᠯᠲᠡᠰ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠶᠠᠪᠤᠭᠤᠯᠪᠠ
ᠨᠡᠶᠢᠲᠡᠯᠡᠭᠰᠡᠨ ᠴᠠᠭ᠄
2024/12/31
          ᠬᠠᠷᠢᠶᠠᠲᠤ ᠣᠷᠣᠨ ᠤ ᠥᠷᠭᠡᠨ ᠣᠯᠠᠨ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠡᠯᠰᠡᠭᠳᠡᠬᠦ ᠬᠠᠯᠠᠭᠤᠨ ᠰᠡᠳᠬᠢᠯᠭᠡ ᠶᠢ ᠬᠥᠭᠵᠢᠭᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠭᠤᠯᠬᠤ ᠶᠢᠨ ᠲᠥᠯᠥᠭᠡ᠂ 12 ᠰᠠᠷ᠎ᠠ ᠶᠢᠨ 25 ᠤ ᠡᠳᠦᠷ᠂ ᠭᠠᠨᠵᠤᠤᠷ ᠰᠤᠮᠤ ᠶᠢᠨ ᠵᠡᠪᠰᠡᠭᠲᠦ ᠬᠦᠴᠦᠨ ᠤ ᠬᠡᠯᠲᠡᠰ ᠣᠯᠠᠨ ᠵᠦᠢᠯ ᠤᠨ ᠬᠡᠯᠪᠡᠷᠢ ᠶᠢ ᠠᠪᠴᠤ᠂ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
20241227145724149wlwx22.jpg
          ᠰᠤᠮᠤᠨ ᠤ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠬᠠᠷᠢᠶ᠎ᠠ ᠣᠷᠣᠨ ᠤ ᠪᠠᠨ ᠭᠤᠣᠯ ᠵᠠᠰᠠᠮᠠᠯ ᠵᠠᠮ᠂ ᠲᠥᠪᠯᠡᠷᠡᠭᠰᠡᠨ ᠭᠠᠴᠠᠭ᠎ᠠ ᠵᠡᠷᠭᠡ ᠬᠥᠮᠥᠨ ᠬᠠᠷ᠎ᠠ ᠣᠯᠠᠨ ᠭᠠᠵᠠᠷ ᠣᠷᠣᠨ ᠳᠤ ᠢᠯᠡ ᠲᠣᠳᠣ ᠴᠡᠷᠢᠭ ᠡᠯᠰᠡᠬᠦ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠵᠦ᠂ ︽ᠬᠦᠴᠦᠨ ᠴᠢᠳᠠᠯ ᠢᠶᠠᠨ ᠰᠢᠪᠬᠠᠨ ᠡᠷ᠎ᠡ ᠬᠥᠮᠥᠨ ᠤ ᠤᠭ ᠴᠢᠨᠠᠷ ᠢ ᠳᠠᠪᠲᠠᠨ ᠪᠣᠯᠪᠠᠰᠤᠷᠠᠭᠤᠯᠵᠤ ᠡᠬᠡ ᠤᠯᠤᠰ ᠲᠠᠭᠠᠨ ᠦᠨᠡᠨᠴᠢ ᠰᠢᠳᠤᠷᠭᠤ ᠪᠠᠷ ᠵᠢᠳᠬᠦᠬᠦ︾ ︽ᠵᠢᠳᠬᠦᠯ ᠴᠢᠷᠮᠠᠶᠢᠯᠭ᠎ᠠ ᠭᠠᠷᠭᠠᠵᠤ ᠵᠠᠯᠠᠭᠤᠴᠤᠳ ᠴᠡᠷᠢᠭ ᠲᠤ ᠡᠯᠰᠡᠭᠳᠡᠨ ᠤᠯᠤᠰ ᠤᠨ ᠪᠠᠲᠤᠯᠠᠨ ᠬᠠᠮᠠᠭᠠᠯᠠᠯᠲᠠ  ᠳᠤ ᠬᠠᠯᠠᠭᠤᠨ ᠴᠢᠰᠤ ᠪᠠᠨ ᠤᠷᠤᠰᠬᠠᠵᠤ ᠡᠬᠡ ᠤᠯᠤᠰ ᠲᠠᠭᠠᠨ ᠦᠨᠡᠨᠴᠢ ᠰᠢᠳᠤᠷᠭᠤ ᠪᠠᠷ ᠵᠢᠳᠬᠦᠬᠦ︾ ᠵᠡᠷᠭᠡ ᠤᠷᠢᠶ᠎ᠠ ᠶᠢ ᠡᠯᠭᠦᠵᠦ᠂ ᠨᠠᠰᠢ ᠴᠠᠰᠢ ᠶᠠᠪᠤᠬᠤ ᠬᠥᠮᠥᠰ ᠤᠨ ᠬᠠᠷᠠᠴᠠ ᠶᠢ ᠲᠠᠲᠠᠵᠤ᠂ ᠴᠡᠷᠢᠭ ᠲᠤ ᠣᠷᠣᠬᠤ ᠢᠷᠠᠭᠤ ᠠᠯᠳᠠᠷᠲᠤ ᠢᠳᠡᠪᠬᠢ ᠬᠦᠴᠦᠨ ᠢ ᠳᠠᠮᠵᠢᠭᠤᠯᠪᠠ᠃
20241227145724149xd90cq.jpg
20241227145724149kpxfnd.jpg
          ᠡᠭᠦᠨ ᠤ ᠬᠠᠮᠲᠤ᠂ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠪᠠ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠢᠳᠡᠪᠬᠢᠲᠡᠢ ᠪᠠᠷ ᠬᠠᠮᠲᠤᠷᠠᠯᠴᠠᠵᠤ᠂ ᠠᠵᠢᠯᠯᠠᠬᠤ ᠭᠠᠵᠠᠷ ᠲᠤᠨᠢ ᠴᠡᠷᠢᠭ ᠡᠯᠰᠡᠬᠦ ᠤᠬᠠᠭᠤᠯᠭ᠎ᠠ ᠶᠢᠨ ᠳᠡᠯᠭᠡᠨ ᠦᠵᠡᠭᠦᠯᠬᠦ ᠲᠠᠯᠪᠢᠭᠤᠷ ᠪᠠ ᠦᠵᠡᠭᠦᠯᠦᠯᠭᠡ ᠶᠢᠨ ᠰᠠᠮᠪᠠᠷ᠎ᠠ ᠶᠢ ᠲᠠᠯᠪᠢᠵᠠᠢ᠃ ᠡᠳᠡᠭᠡᠷ ᠳᠡᠯᠭᠡᠨ ᠦᠵᠡᠭᠦᠯᠬᠦ ᠲᠠᠯᠪᠢᠭᠤᠷ ᠪᠣᠯᠣᠨ ᠳᠡᠯᠭᠡᠨ ᠦᠵᠡᠭᠦᠯᠬᠦ ᠰᠠᠮᠪᠠᠷ᠎ᠠ ᠨᠢ ᠴᠡᠷᠢᠭ ᠠᠩᠭᠢ ᠶᠢᠨ ᠣᠳᠣᠬᠢᠴᠢᠯᠠᠯᠲᠠ ᠶᠢᠨ ᠴᠣ ᠰᠢᠨ᠎ᠡ ᠳᠦᠷᠰᠦ ᠪᠠᠶᠢᠳᠠᠯ ᠵᠢᠴᠢ ᠴᠡᠷᠢᠭ ᠡᠯᠰᠡᠬᠦ ᠦᠶ᠎ᠡ ᠶᠢᠨ ᠨᠠᠷᠢᠨ ᠲᠣᠳᠣᠷᠬᠠᠢ ᠲᠥᠷᠥ ᠶᠢᠨ ᠪᠣᠳᠣᠯᠭ᠎ᠠ ᠶᠢ ᠳᠡᠯᠭᠡᠨ ᠦᠵᠡᠭᠦᠯᠵᠦ᠂ ᠵᠢᠷᠤᠭ ᠪᠢᠴᠢᠭ ᠬᠤᠣᠰᠯᠠᠵᠤ᠂ ᠠᠭᠤᠯᠭ᠎ᠠ ᠪᠠᠶᠠᠯᠢᠭ ᠪᠠᠶᠢᠵᠤ᠂ ᠤᠴᠢᠷ  ᠲᠠᠢ ᠢᠷᠡᠭᠰᠡᠨ ᠮᠠᠯᠴᠢᠳ ᠤᠨ ᠠᠩᠬᠠᠷᠤᠯ ᠢ ᠲᠠᠲᠠᠵᠤ᠂ ᠣᠯᠠᠨ ᠳᠤ ᠴᠡᠷᠢᠭ ᠠᠩᠭᠢ ᠶᠢᠨ ᠠᠮᠢᠳᠤᠷᠠᠯ ᠤᠨ ᠰᠠᠶᠢᠨ ᠰᠠᠶᠢᠬᠠᠨ ᠪᠠ ᠴᠡᠷᠢᠭ ᠲᠤ ᠣᠷᠣᠬᠤ ᠴᠢᠬᠤᠯᠠ ᠠᠴᠢ ᠬᠤᠯᠪᠣᠭᠳᠠᠯ ᠢ ᠨᠠᠩ ᠰᠢᠭᠤᠳ ᠣᠶᠢᠯᠠᠭᠠᠭᠤᠯᠪᠠ᠃
20241227145724153izlh5w.jpg
2024122714572414970u5u8.jpg
20241227145724149rxt2x4.jpg
          ᠴᠡᠷᠢᠭ ᠡᠯᠰᠡᠬᠦ ᠤᠬᠠᠭᠤᠯᠭ᠎ᠠ ᠶᠢ ᠪᠦᠷᠢᠨ ᠪᠦᠷᠬᠦᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠪᠠᠰᠠ ᠬᠠᠷᠢᠶᠠᠲᠤ ᠣᠷᠣᠨ ᠤ ᠮᠠᠯᠵᠢᠬᠤ ᠡᠷᠦᠬᠡ ᠳᠤ ᠭᠦᠨᠵᠡᠭᠡᠶᠢᠷᠡᠨ᠂ ᠵᠣᠬᠢᠬᠤ ᠨᠠᠰᠤᠨ ᠤ ᠵᠠᠯᠠᠭᠤᠴᠤᠳ ᠵᠢᠴᠢ ᠭᠡᠷ ᠤᠨ ᠠᠬᠠᠮᠠᠳ ᠲᠤ ᠴᠡᠷᠢᠭ ᠡᠯᠰᠡᠬᠦ ᠤᠬᠠᠭᠤᠯᠭ᠎ᠠ ᠶᠢᠨ ᠳᠡᠪᠲᠡᠷ ᠲᠠᠷᠬᠠᠭᠠᠬᠤ ᠶᠢᠨ ᠬᠠᠮᠲᠤ ᠴᠡᠷᠢᠭ ᠡᠯᠰᠡᠬᠦ ᠨᠥᠬᠦᠴᠡᠯ᠂ ᠨᠡᠷ᠎ᠡ ᠮᠡᠳᠡᠭᠦᠯᠬᠦ ᠶᠠᠪᠤᠴᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠲᠡᠳᠡᠨ ᠤ ᠮᠠᠳᠠᠭ ᠲᠠᠢ ᠠᠰᠠᠭᠤᠳᠠᠯ ᠪᠠ ᠡᠷᠡᠭᠡᠯᠵᠡᠭᠡ ᠶᠢ ᠬᠦᠯᠢᠴᠡᠩᠭᠦᠢ ᠪᠠᠷ ᠬᠠᠷᠢᠭᠤᠯᠵᠤ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠠᠩᠭᠢ ᠶᠢᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠴᠡᠷᠢᠭ ᠤᠨ ᠬᠤᠸᠠᠷᠠᠨ ᠳᠤ ᠣᠷᠣᠯᠴᠠᠬᠤ᠂ ᠡᠬᠡ ᠤᠯᠤᠰ ᠲᠠᠭᠠᠨ ᠵᠢᠳᠬᠦᠬᠦ ᠡᠷᠡᠰ ᠵᠣᠷᠢᠭ ᠢ ᠬᠥᠭᠵᠢᠭᠡᠪᠡ᠃
2024122714572414917vq3a.jpg
2024122714572414999mgmh.jpg
202412271457241616id4yh.jpg
          ᠲᠣᠰ ᠤᠳᠠᠭᠠᠨ ᠤ ᠴᠡᠷᠢᠭ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶᠠᠲᠤ ᠣᠷᠣᠨ ᠤ ᠮᠠᠯᠴᠢᠳ ᠤᠨ ᠥᠷᠭᠡᠨ ᠳᠡᠯᠭᠡᠷ ᠠᠩᠬᠠᠷᠤᠯ ᠪᠠ ᠢᠳᠡᠪᠬᠢᠲᠡᠢ ᠬᠦᠷᠢᠶᠡᠯᠡᠯ ᠢ ᠣᠯᠵᠤ᠂ ᠮᠠᠰᠢ ᠣᠯᠠᠨ ᠵᠣᠬᠢᠬᠤ ᠨᠠᠰᠤᠨ ᠤ ᠵᠠᠯᠠᠭᠤᠴᠤᠳ ᠡᠬᠡ ᠤᠯᠤᠰ ᠤᠨ ᠰᠣᠩᠭᠤᠯᠲᠠ ᠶᠢ ᠭᠥᠯᠢᠶᠡᠨ ᠠᠪᠬᠤ ᠳᠤᠷᠠᠲᠠᠢ ᠪᠠᠶᠢᠵᠤ᠂ ᠴᠡᠷᠢᠭ ᠠᠩᠭᠢ ᠳᠤ ᠣᠴᠢᠵᠤ ᠥᠪᠡᠷ ᠢ ᠪᠠᠨ ᠪᠣᠯᠪᠠᠰᠤᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ ᠳᠠᠷᠠᠭᠠᠴᠢ ᠶᠢᠨ ᠠᠯᠬᠤᠮ ᠳᠤ᠂ ᠭᠠᠨᠵᠤᠤᠷ ᠰᠤᠮᠤ ᠶᠢᠨ ᠵᠡᠪᠰᠡᠭᠲᠦ ᠬᠦᠴᠦᠨ ᠤ ᠬᠡᠯᠲᠡᠰ ᠤᠨ ᠬᠢᠨ ᠴᠡᠷᠢᠭ ᠡᠯᠰᠡᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠡᠩ ᠤᠯᠠᠨ ᠰᠢᠯᠢᠳᠡᠭ ᠵᠣᠬᠢᠬᠤ ᠨᠠᠰᠤᠨ ᠤ ᠵᠠᠯᠠᠭᠤᠴᠤᠳ ᠤᠨ ᠢᠳᠡᠪᠬᠢᠲᠡᠢ ᠪᠠᠷ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ ᠶᠢ ᠵᠣᠷᠢᠭᠵᠢᠭᠤᠯᠵᠤ᠂ ᠴᠡᠷᠢᠭ ᠠᠩᠭᠢ ᠳᠤ ᠥᠨᠳᠥᠷ ᠴᠢᠨᠰᠠᠭᠠᠲᠤ ᠴᠡᠷᠢᠭ ᠢ ᠬᠦᠷᠭᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ