ᠰᠢᠨ᠎ᠡ ᠪᠠᠷᠭᠤ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠵᠤᠷᠰᠢᠯ ᠤᠨ ᠲᠣᠭᠤᠷᠢᠨ ᠪᠠᠶᠢᠴᠠᠭᠠᠯᠲᠠ ᠳᠤᠮᠳᠠ | ᠢᠯᠡᠷᠡᠭᠦᠯᠦᠭᠰᠡᠨ ᠨᠢ᠂ ᠦᠷᠭᠦᠯᠵᠢᠯᠡᠨ ᠴᠠᠰᠤ ᠣᠷᠣᠭᠰᠠᠨ ᠠᠴᠠ ᠪᠣᠯᠵᠤ ᠬᠡᠰᠡᠭ ᠬᠥᠳᠡᠭᠡ ᠲᠣᠰᠬᠤᠨ ᠤ ᠵᠠᠰᠠᠮᠠᠯ ᠵᠠᠮ ᠳᠡᠭᠡᠷᠡᠬᠢ ᠬᠤᠷᠠᠭᠰᠠᠨ ᠴᠠᠰᠤ ᠶᠡᠭᠡ ᠪᠣᠯᠵᠠᠢ᠂ | ᠪᠠᠶᠠᠷ ᠤᠨ ᠡᠳᠦᠷ ᠤᠨ ᠬᠤᠭᠤᠴᠠᠭᠠᠨ ᠳᠤ ᠪᠥᠬᠦ ᠬᠤᠰᠢᠭᠤᠨ ᠤ ᠠᠷᠠᠳ ᠣᠯᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ | ᠰᠢᠨ᠎ᠡ ᠪᠠᠷᠭᠤ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠲᠦᠷᠭᠡᠨ ᠢᠶᠠᠷ ᠬᠥᠳᠡᠯᠦᠯᠴᠡᠵᠦ᠂ X345 ᠱᠤᠭᠤᠮ᠂ | Y004 ᠱᠤᠭᠤᠮ ᠤᠨ ᠬᠤᠷᠠᠭᠰᠠᠨ ᠴᠠᠰᠤ ᠶᠢ ᠨᠡᠶᠢᠲᠡ 6 ᠺᠢᠯᠣᠮᠧᠲᠷ ᠴᠡᠪᠡᠷᠯᠡᠵᠦ᠂ 8 ᠬᠥᠮᠥᠨ ᠤᠳᠠᠭ᠎ᠠ᠂ 2 ᠰᠠᠭᠤᠷᠢ ᠲᠡᠭᠰᠢ ᠭᠠᠵᠠᠷ ᠤᠨ ᠮᠠᠰᠢᠨ ᠢ ᠬᠤᠶᠠᠷ | ᠡᠭᠡᠯᠵᠢ᠂ 2 ᠰᠠᠭᠤᠷᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠡᠷᠭᠡ ᠶᠢ ᠬᠤᠶᠠᠷ ᠤᠳᠠᠭ᠎ᠠ ᠠᠵᠢᠯᠯᠠᠭᠤᠯᠵᠠᠢ᠃ | | | | | | ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠡᠯ᠎ᠡ ᠱᠤᠭᠤᠮ ᠤᠨ | ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠰᠢᠭᠤᠨ ᠤ ᠬᠡᠪᠴᠢᠶᠡᠨ ᠤ ᠵᠠᠮ ᠤᠨ ᠲᠣᠣᠷ ᠤᠨ ᠠᠮᠤᠷ ᠲᠦᠪᠰᠢᠨ ᠰᠠᠭᠠᠳ ᠦᠭᠡᠢ | ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠬᠦ ᠬᠤᠰᠢᠭᠤᠨ ᠤ ᠠᠷᠠᠳ ᠣᠯᠠᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠬᠠᠮᠠᠭᠠᠯᠠᠨ᠎ᠠ᠃ | | | |