ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠬᠤᠣᠰ ᠪᠠᠶᠠᠷ︾ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠵᠢᠴᠢ ᠰᠠᠬᠢᠯᠭ᠎ᠠ ᠪᠠᠲᠤ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/12/31
          ᠰᠢᠨ᠎ᠡ ᠵᠢᠯ᠂ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠰᠠᠬᠢᠯᠭ᠎ᠠ ᠪᠠᠲᠤ ᠳᠤ ᠴᠢᠭᠯᠡᠭᠦᠯᠦᠨ ᠪᠠᠶᠢᠴᠠᠭᠠᠯᠲᠠ ᠬᠢᠵᠦ᠂ 12 ᠰᠠᠷ᠎ᠠ ᠶᠢᠨ 26 ᠤ ᠡᠳᠦᠷ ᠠᠴᠠ 30 ᠤ ᠡᠳᠦᠷ ᠪᠣᠯᠲᠠᠯ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠢᠴᠢ ᠲᠣᠮᠢᠯᠠᠨ ᠰᠠᠭᠤᠯᠭᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠴᠠ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠠᠯᠪᠠᠨ ᠠᠴᠠ ᠪᠠᠶᠢᠭᠤᠯᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠬᠤᠪᠢ ᠶᠢᠨ ᠡᠮᠴᠢᠯᠡᠭᠡᠨ ᠤ ᠭᠠᠵᠠᠷ ᠲᠤ ︽ᠬᠤᠣᠰ ᠪᠠᠶᠠᠷ︾ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠵᠢᠴᠢ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠥᠷᠨᠢᠭᠦᠯᠦᠨ᠎ᠡ᠃
20241231-3-1.jpg
          ᠪᠠᠶᠢᠴᠠᠭᠠᠬᠤ ᠳᠤᠭᠤᠶᠢᠯᠠᠩ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ᠂ ᠤᠰᠤ ᠴᠠᠬᠢᠯᠭᠠᠨ᠂ ᠰᠢᠲᠠᠮᠠᠬᠠᠢ ᠬᠡᠢ ᠵᠡᠷᠭᠡ ᠠᠮᠤᠷ ᠲᠦᠪᠰᠢᠨ ᠤ ᠲᠥᠬᠦᠭᠡᠷᠦᠮᠵᠢ᠂ ᠠᠶᠤᠯᠲᠠᠢ ᠬᠢᠮᠢ ᠶᠢᠨ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠵᠡᠷᠭᠡ ᠣᠯᠠᠨ ᠲᠠᠯ᠎ᠠ ᠳᠤ ᠴᠢᠭᠯᠡᠭᠦᠯᠦᠨ ᠲᠤᠬᠠᠢ ᠶᠢᠨ ᠭᠠᠵᠠᠷ ᠲᠤᠨᠢ ᠪᠠᠶᠢᠴᠠᠭᠠᠨ ᠬᠢᠵᠡᠢ᠃ ᠡᠭᠦᠨ ᠤ ᠬᠠᠮᠲᠤ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ  ᠶᠢᠨ ᠠᠵᠢᠯ ᠳᠤ ᠭᠠᠷᠬᠤ  ᠶᠢ ᠰᠢᠯᠭᠠᠵᠤ ᠪᠠᠶᠢᠭ᠎ᠠ ᠪᠠᠶᠢᠳᠠᠯ ᠪᠣᠯᠣᠨ ᠴᠢᠯᠦᠭᠡ ᠠᠪᠬᠤ ᠴᠢᠯᠦᠭᠡ ᠲᠠᠶᠢᠯᠬᠤ ᠳᠦᠷᠢᠮ  ᠢ ᠴᠢᠩᠭ᠎ᠠ ᠪᠠᠶᠢᠴᠠᠭᠠᠭᠰᠠᠨ ᠪᠥᠭᠡᠳ ᠲᠣᠭᠲᠠᠭᠠᠯ  ᠠᠴᠠ ᠵᠥᠷᠢᠴᠡᠨ ᠢᠳᠡᠵᠦ ᠤᠤᠭᠤᠭᠰᠠᠨ᠂ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠵᠤ ᠬᠦᠷᠭᠡᠭᠰᠡᠨ᠂ ᠠᠯᠪᠠᠨ ᠤ ᠲᠡᠷᠭᠡ  ᠶᠢ ᠬᠤᠪᠢᠨ ᠳᠠᠭᠠᠨ ᠬᠡᠷᠡᠭᠯᠡᠭᠰᠡᠨ ᠵᠡᠷᠭᠡ ᠠᠰᠠᠭᠤᠳᠠᠯ  ᠢ ᠪᠠᠶᠢᠴᠠᠭᠠᠵᠠᠢ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠤᠬᠠᠢ ᠶᠢᠨ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠴᠠᠭ ᠲᠤᠬᠠᠢ ᠳᠤᠨᠢ ᠨᠣᠮᠧᠷ ᠢ ᠨᠢ ᠬᠠᠰᠤᠵᠤ᠂ ᠠᠶᠤᠯᠭᠦᠢ ᠦᠢᠯᠡᠳᠪᠦᠷᠢᠯᠡᠯ᠂ ᠰᠠᠬᠢᠯᠭ᠎ᠠ ᠪᠠᠲᠤ ᠣᠪᠣᠷ ᠰᠤᠷᠲᠠᠯ ᠤᠨ ᠲᠠᠯ᠎ᠠ ᠪᠠᠷ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠬᠦ ᠶᠢ ᠪᠠᠲᠤᠯᠠᠵᠤ᠂ ︽ᠲᠦᠷᠪᠡᠨ ᠰᠤᠷᠲᠠᠯ︾  ᠤᠨ ᠠᠰᠠᠭᠤᠳᠠᠯ ᠢ ᠡᠷᠡᠰ ᠬᠤᠷᠢᠭᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠴᠢᠯᠦᠭᠡ ᠠᠪᠬᠤ ᠴᠢᠯᠦᠭᠡ ᠲᠠᠶᠢᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠡᠭ ᠰᠡᠯᠲᠡ᠂ ᠪᠡᠯᠡᠭ ᠤᠨ ᠵᠣᠭᠤᠰ ᠬᠦᠯᠢᠶᠡᠨ ᠠᠪᠬᠤ ᠶᠢ ᠴᠢᠩᠭ᠎ᠠ ᠴᠠᠭᠠᠵᠠᠯᠠᠵᠤ᠂ ᠠᠯᠪᠠᠨ ᠤ ᠵᠣᠭᠤᠰ ᠢᠶᠠᠷ ᠢᠳᠡᠵᠦ ᠤᠤᠭᠤᠬᠤ᠂ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ ᠵᠡᠷᠭᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠱᠠᠭᠠᠷᠳᠠᠪᠠ᠃
20241231-3-2.jpg
          ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠦᠨ ᠠᠷᠢᠯᠭᠠᠵᠤ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠪᠦᠲᠦᠮᠵᠢᠲᠡᠶ ᠪᠠᠷ ᠬᠤᠷᠢᠭᠯᠠᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠠᠶᠤᠯᠭᠦᠢ ᠦᠢᠯᠡᠳᠪᠦᠷᠢᠯᠡᠯ ᠪᠠ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠢᠶ᠎ᠠ ᠪᠦᠬᠦᠢ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
20241231-3-3.jpg
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ