ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 30 ᠤ ᠴᠠᠭᠢᠯᠭᠠᠨ ᠮᠡᠳᠡᠭᠡ 12 ᠰᠠᠷ᠎ᠠ ᠶᠢᠨ 30 ᠤ ᠡᠳᠦᠷ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠤᠤᠯ ᠤᠨ ᠶᠡᠷᠦᠩᠬᠡᠶᠢᠯᠡᠭᠴᠢ ᠵᠢᠮᠢ · ᠺᠠᠲ᠋ᠧ ᠶᠢᠨ ᠨᠠᠰᠤ ᠪᠠᠷᠠᠭᠰᠠᠨ ᠳᠤ ᠠᠮᠧᠷᠢᠺᠠ ᠶᠢᠨ ᠶᠡᠷᠦᠩᠬᠡᠶᠢᠯᠡᠭᠴᠢ | ᠪᠠᠶᠢᠳᠧᠨ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠪᠠ᠃ ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ | ᠠᠷᠠᠳ ᠲᠦᠮᠡᠨ ᠤ ᠡᠮᠦᠨ᠎ᠡ ᠠᠴᠠ᠂ ᠲᠡᠷᠡᠴᠢᠯᠡᠨ ᠬᠤᠪᠢ ᠶᠢᠨ ᠨᠡᠷ᠎ᠡ ᠪᠠᠷ ᠢᠶᠠᠨ᠂ ᠤᠤᠯ ᠤᠨ ᠶᠡᠷᠦᠩᠬᠡᠶᠢᠯᠡᠭᠴᠢ ᠺᠠᠲ᠋ᠧ ᠶᠢᠨ ᠨᠠᠰᠤ ᠪᠠᠷᠠᠭᠰᠠᠨ ᠳᠤ ᠭᠦᠨ᠎ᠡ ᠡᠮᠭᠡᠨᠢᠨ | ᠭᠠᠰᠢᠭᠤᠳᠠᠵᠤ᠂ ᠲᠡᠭᠦᠨ ᠤ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠤᠤᠯ ᠤᠨ ᠶᠡᠷᠦᠩᠬᠡᠶᠢᠯᠡᠭᠴᠢ ᠵᠢᠮᠢ · ᠺᠠᠲ᠋ᠧ ᠪᠣᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠠᠶᠢᠭᠤᠯᠬᠤ ᠶᠢᠨ ᠠᠬᠢᠭᠤᠯᠤᠭᠴᠢ ᠪᠠ | ᠰᠢᠢᠳᠪᠦᠷᠢᠲᠦ ᠪᠣᠳᠣᠯᠭ᠎ᠠ ᠲᠣᠭᠲᠠᠭᠠᠭᠴᠢ ᠮᠥᠨ᠂ ᠤᠷᠳᠤ ᠬᠤᠭᠤᠴᠠᠭᠠᠨ ᠤ ᠲᠤᠷᠰᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠪᠠ ᠬᠤᠶᠠᠷ | ᠤᠯᠤᠰ ᠤᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠪᠢ ᠲᠡᠭᠦᠨ ᠤ ᠨᠠᠰᠤ ᠪᠠᠷᠠᠭᠰᠠᠨ ᠳᠤ ᠮᠠᠰᠢ | ᠬᠠᠷᠠᠮᠰᠠᠵᠤ ᠪᠠᠶᠢᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭᠠᠨ ᠤ ᠨᠢᠭᠡ ᠮᠥᠨ᠃ | ᠳᠤᠮᠳᠠᠳᠤ ᠤᠯᠤᠰ ᠳᠤᠷᠠᠲᠠᠶ᠎ᠠ ᠠᠮᠧᠷᠢᠺᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ | ᠪᠣᠳᠣᠯᠬᠢᠯᠠᠨ᠂ ᠳᠡᠯᠡᠬᠡᠢ ᠨᠡᠶᠢᠭᠡᠮ ᠤᠨ ᠨᠡᠶᠢᠳᠡᠮ ᠤᠨ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ᠂ ᠲᠣᠭᠲᠠᠭᠤᠨ᠂ | ᠦᠷᠭᠦᠯᠵᠢᠯᠡᠬᠦ ᠵᠥᠪ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃ | |