ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 30 ᠤ ᠴᠠᠭᠢᠯᠭᠠᠨ ᠮᠡᠳᠡᠭᠡ 2025 ᠣᠨ ᠤ ᠰᠢᠨ᠎ᠡ ᠣᠨ ᠤ ᠰᠢ ᠵᠦᠴᠦᠭᠡ ᠶᠢᠨ | ᠦᠳᠡᠰᠢᠯᠡᠭᠡ 30 ᠤ ᠣᠷᠣᠢ ᠤᠯᠤᠰ ᠤᠨ ᠶᠡᠭᠡ ᠲᠢᠶᠠᠲᠷ ᠲᠤ ᠶᠠᠪᠤᠭᠳᠠᠪᠠ᠃ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠯᠢ ᠴᠢᠶᠠᠩ᠂ | ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠲᠠᠢ | ᠬᠠᠮᠲᠤ ᠲᠣᠬᠯᠠᠯᠲᠠ ᠶᠢ ᠰᠣᠨᠢᠷᠬᠠᠵᠤ᠂ ᠰᠢᠨ᠎ᠡ ᠣᠨ ᠢ ᠪᠠᠶᠠᠷᠯᠠᠨ ᠤᠭᠲᠤᠵᠠᠢ᠃ | ᠦᠳᠡᠰᠢ ᠶᠢᠨ ᠪᠦᠷᠦᠢ ᠶᠢᠨ ᠤᠯᠤᠰ ᠤᠨ ᠶᠡᠭᠡ ᠲᠢᠶᠠᠲᠷ ᠲᠤ ᠥᠩᠭᠡᠲᠦ ᠳ᠋ᠧᠩ ᠳᠤᠸᠠᠯᠠᠵᠤ᠂ ᠲᠢᠶᠠᠲᠷ ᠲᠤ ᠭᠦᠷ ᠬᠥᠭᠵᠢᠶᠡᠨ ᠢᠶᠠᠷ ᠪᠢᠯᠬᠠᠨ᠎ᠠ᠃ 19 | ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠦᠳᠡᠰᠢᠯᠡᠭᠡ ᠶᠢᠨ ᠠᠬᠤᠢ ᠲᠠᠯᠠᠪᠠᠢ ᠳᠤ ᠢᠷᠡᠵᠤ᠂ | ᠲᠣᠬᠯᠠᠯᠲᠠ ᠰᠣᠨᠢᠷᠬᠠᠬᠤ ᠪᠠᠷ ᠢᠷᠡᠭᠰᠡᠨ ᠰᠢ ᠵᠦᠴᠦᠭᠡ ᠶᠢᠨ ᠡᠲᠡᠭᠡᠳ ᠤᠨ ᠤᠷᠠᠯᠢᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ᠂ | ᠬᠠᠷᠢᠯᠴᠠᠨ ᠮᠡᠨᠳᠦᠴᠢᠯᠡᠵᠦ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠢᠷᠠᠭᠤ ᠠᠶᠠᠯᠭᠤ ᠤᠶᠠᠩᠭᠠᠲᠤ ᠬᠥᠭᠵᠢᠮ ᠢᠶᠠᠷ ᠢᠶᠠᠨ ᠰᠢᠨ᠎ᠡ ᠣᠨ ᠢᠶᠠᠨ ᠤᠭᠲᠤᠵᠤ᠂ ᠡᠷᠲᠡᠨ ᠡᠳᠦᠭᠡ ᠶᠢᠨ ᠳᠠᠭᠤᠤ ᠡᠭᠡᠰᠢᠭ ᠢᠶᠠᠷ ᠢᠶᠠᠨ ᠠᠤᠭ᠎ᠠ | ᠦᠢᠯᠡᠰ ᠢᠶᠠᠨ ᠳᠠᠭᠤᠯᠠᠨ᠎ᠠ᠃ ︽ᠬᠦᠷᠢᠶᠡᠯᠡᠩ ᠳᠦᠭᠦᠷᠡᠩ ᠥᠨᠢᠷ ᠴᠡᠴᠡᠭ ᠢᠶᠠᠷ ᠰᠢᠨ᠎ᠡ ᠵᠢᠯ ᠢᠶᠠᠨ ᠤᠭᠲᠤᠶ᠎ᠠ︾ ᠭᠡᠬᠦ ᠪᠠᠶᠠᠷ ᠪᠠᠶᠠᠰᠬᠤᠯᠠᠩ ᠲᠠᠢ ᠠᠶ᠎ᠠ | ᠬᠥᠭᠵᠢᠮ ᠢᠶᠠᠷ ᠦᠳᠡᠰᠢᠯᠡᠭᠡ ᠶᠢ ᠡᠬᠢᠯᠡᠭᠦᠯᠪᠡ᠃ ︽ᠪᠡᠭᠡᠵᠢᠩ ᠵᠦᠴᠦᠭᠡ ᠶᠢᠨ ᠤᠷᠤᠰᠬᠠᠯ ᠪᠦᠯᠦᠭ ᠨᠦᠭᠦᠳ ᠤᠨ ᠦᠵᠡᠭᠦᠯᠭᠡ︾ ᠨᠢ ᠤᠷᠤᠰᠤᠮ᠎ᠠ ᠰᠠᠶᠢᠬᠠᠨ | ᠴᠥᠷᠬᠡᠯᠡᠭᠡ ᠲᠤᠬᠯᠠᠯᠳᠠ ᠪᠠᠷ ᠪᠡᠭᠡᠵᠢᠩ ᠵᠦᠴᠦᠭᠡ ᠶᠢᠨ ᠤᠷᠠᠯᠢᠭ ᠤᠨ ᠰᠠᠯᠠᠭ᠎ᠠ ᠨᠠᠮᠠᠭ᠎ᠠ ᠡᠯᠪᠡᠭ ᠪᠠᠶᠠᠯᠢᠭ ᠪᠠᠶᠢᠬᠤ ᠶᠢ ᠬᠠᠷᠠᠭᠤᠯᠪᠠ᠃ ᠪᠡᠭᠡᠵᠢᠩ ᠵᠦᠴᠦᠭᠡ ︽ᠴᠢᠨ | ᠰᠢᠶᠠᠩ ᠯᠢᠶᠠᠨ︾᠂ ᠺᠦᠨᠱᠠᠨ ᠵᠦᠴᠦᠭᠡ ︽ᠰᠢ ᠰᠢᠶᠠᠩ ᠵᠢᠢ︾᠂ ᠫᠢᠩᠵᠢᠦᠢ ᠵᠦᠴᠦᠭᠡ ︽ᠯᠢᠦ ᠴᠢᠶᠣᠤ ᠡᠯ︾᠂ ᠬᠤᠸᠠᠩᠮᠸᠢ ᠵᠦᠴᠦᠭᠡ ︽ᠳᠠᠭᠢᠨᠢ ᠡᠬᠡᠨᠡᠷ︾ ᠵᠡᠷᠭᠡ | ᠨᠢ ᠲᠤᠰ ᠲᠤᠰ ᠤᠨ ᠦᠨᠦᠷ ᠠᠮᠲᠠ ᠲᠠᠢ ᠪᠠᠶᠢᠵᠤ᠂ ᠦᠵᠡᠭᠴᠢᠳ ᠲᠤ ᠰᠣᠩᠭᠤᠳᠠᠭ ᠦᠯᠢᠭᠡᠷ ᠳᠤᠮᠳᠠ ᠠᠴᠠ ᠰᠢᠯᠢᠳᠡᠭ ᠤᠯᠠᠮᠵᠢᠯᠠᠯᠲᠤ ᠤᠷᠠᠯᠢᠭ ᠤᠨ ᠳᠣᠲᠣᠭᠠᠳᠤ | ᠠᠭᠤᠯᠤᠭᠳᠠᠬᠤᠨ ᠤ ᠷᠢᠳᠢ ᠰᠢᠳᠢ ᠶᠢ ᠮᠡᠳᠡᠷᠡᠭᠦᠯᠪᠡ᠃ ᠪᠡᠭᠡᠵᠢᠩ ᠵᠦᠴᠦᠭᠡ ︽ᠱᠠ ᠵᠢᠶᠠ ᠪᠠᠩ · ᠤᠷᠠᠨ ᠠᠷᠭ᠎ᠠ ᠪᠠᠷ ᠲᠡᠮᠡᠴᠡᠭᠰᠡᠨ ᠨᠢ︾ ᠪᠠ ︽ᠶᠠᠩ ᠣᠪᠣᠭᠲᠠᠨ ᠤ | ᠡᠮᠡᠭᠲᠡᠢ ᠵᠠᠩᠵᠤᠨ︾ ᠤ ᠰᠣᠩᠭᠤᠮᠠᠯ ᠬᠡᠰᠡᠭ ᠨᠢ ᠪᠠᠭᠠᠲᠤᠷᠯᠢᠭ ᠬᠥᠮᠥᠰ ᠤᠨ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠢᠯᠡᠷᠡᠭᠦᠯᠪᠡ᠃ | ᠪᠡᠭᠡᠵᠢᠩ ᠵᠦᠴᠦᠭᠡ ︽ᠮᠢᠨ ᠹᠠᠩ ᠯᠧᠢ · ᠲᠠᠭᠢᠨ ᠦᠯᠤ ᠰᠠᠯᠤᠯᠴᠠᠨᠠ︾᠂ ︽ᠠᠭᠤᠯᠠᠨ ᠴᠡᠴᠡᠭ ᠮᠢᠷᠠᠯᠵᠠᠨ ᠳᠡᠯᠭᠡᠷᠡᠨᠡᠮ – ᠦᠨᠳᠦᠰᠦᠲᠡᠨ ᠤ ᠣᠷᠣᠨ ᠤ ᠰᠢ | ᠵᠦᠴᠦᠭᠡ ᠶᠢᠨ ᠰᠣᠩᠭᠤᠮᠠᠯ ᠬᠡᠰᠡᠭ︾ ᠨᠢ ᠡᠷᠲᠡᠨ ᠤ ᠵᠦᠴᠦᠭᠡ ᠶᠢᠨ ᠲᠦᠷᠦᠯ ᠢᠶᠠᠷ ᠤᠳᠤ ᠦᠶ᠎ᠡ ᠶᠢᠨ ᠰᠡᠳᠦᠪᠯᠡᠬᠦᠨ ᠢ ᠲᠣᠭᠯᠠᠵᠤ᠂ ᠰᠢᠨ᠎ᠡ ᠰᠣᠷᠭᠤᠭ ᠴᠠᠭ | ᠦᠶ᠎ᠡ ᠶᠢᠨ ᠠᠭᠤᠷ ᠠᠮᠢᠰᠬᠤᠯ ᠪᠣᠯᠣᠨ ᠪᠠᠶᠠᠯᠢᠭ ᠰᠠᠶᠢᠬᠠᠨ ᠦᠨᠳᠦᠰᠦᠲᠡᠨ ᠤ ᠵᠠᠩ ᠦᠢᠯᠡ ᠶᠢ ᠢᠯᠡᠷᠡᠭᠦᠯᠪᠡ᠃ ᠪᠡᠭᠡᠵᠢᠩ ᠵᠦᠴᠦᠭᠡ ᠺᠦᠨᠱᠠᠨ ᠵᠦᠴᠦᠭᠡ ᠶᠢᠨ | ᠪᠠᠭᠠᠴᠤᠳ ᠬᠡᠦᠬᠡᠳ ᠤᠨ ᠲᠣᠬᠯᠠᠯᠲᠠ ᠪᠠᠶᠠᠯᠢᠭ ᠰᠠᠶᠢᠬᠠᠨ ᠪᠠᠶᠢᠵᠤ᠂ ᠰᠢ ᠵᠦᠴᠦᠭᠡ ᠶᠢᠨ ᠤᠷᠠᠯᠢᠭ ᠤᠨ ᠵᠠᠯᠭᠠᠮᠵᠢᠯᠠᠭᠴᠢ ᠲᠠᠢ ᠪᠠᠶᠢᠬᠤ ᠪᠠᠶᠠᠷᠯᠠᠭᠤᠰᠢᠲᠠᠢ ᠪᠠᠶᠢᠳᠠᠯ ᠢ | ᠬᠠᠷᠠᠭᠤᠯᠤᠭᠰᠠᠨ ᠪᠠᠶᠢᠨ᠎ᠠ᠃ ᠣᠮᠤᠭ ᠪᠠᠭ᠋ᠠᠳᠤᠮ᠎ᠠ ᠰᠦᠷ ᠳᠠᠯᠠᠶᠢᠴᠠᠲᠠᠢ ᠰᠢ ᠵᠦᠴᠦᠭᠡ ︽ᠬᠠᠪᠤᠷ ᠨᠠᠮᠤᠷ ᠤᠨ ᠴᠤᠤᠷᠢᠶ᠎ᠠ︾ ᠨᠢ ᠦᠳᠡᠰᠢᠯᠡᠭᠡ ᠶᠢᠨ ᠠᠭᠤᠷ | ᠠᠮᠢᠰᠬᠤᠯ ᠢ ᠤᠷᠭᠢᠯ ᠳᠤ ᠬᠦᠷᠭᠡᠵᠦ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠦᠢᠯᠡᠰ ᠤᠨ ᠬᠥᠭᠵᠢᠯ ᠴᠡᠴᠡᠭᠯᠡᠯ ᠢ ᠴᠢᠷᠮᠠᠶᠢᠨ ᠠᠬᠢᠭᠤᠯᠵᠤ᠂ ᠨᠡᠶᠢᠭᠡᠮ ᠵᠢᠷᠤᠮ ᠤᠨ | ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠭᠦᠷᠭᠡ ᠬᠥᠭᠡᠭᠡᠴᠡᠯᠳᠦᠯ ᠳᠤ ᠣᠷᠣᠯᠴᠠᠬᠰᠡᠨ ᠢ ᠢᠯᠡᠷᠡᠭᠦᠯᠪᠡ᠃ ᠤᠷᠠᠯᠢᠭᠴᠢᠳ ᠤᠨ ᠭᠤᠶᠢᠳᠠ | ᠰᠠᠶᠢᠬᠠᠨ ᠲᠣᠬᠯᠠᠯᠲᠠ ᠨᠢ ᠲᠠᠯᠠᠪᠠᠢ ᠳᠠᠶᠠᠭᠠᠷ ᠤᠨ ᠮᠠᠭᠲᠠᠭᠠᠯ ᠰᠠᠶᠢᠰᠢᠶᠠᠯ ᠪᠠ ᠬᠠᠯᠠᠭᠤᠨ ᠠᠯᠠᠭ᠎ᠠ ᠲᠡᠰᠢᠯᠲᠡ ᠶᠢ ᠣᠯᠪᠠ᠃ | ᠦᠳᠡᠰᠢᠯᠡᠭᠡ ᠳᠤ᠂ ᠠᠳᠠᠯᠢ ᠪᠤᠰᠤ ᠵᠦᠴᠦᠭᠡ ᠶᠢᠨ ᠲᠦᠷᠦᠯ ᠥᠩᠭᠡ ᠢᠯᠭᠠᠷᠠᠵᠤ᠂ ᠰᠣᠩᠭᠤᠳᠠᠭ ᠵᠦᠴᠦᠭᠡ ᠪᠣᠯᠣᠨ ᠰᠢᠨ᠎ᠡ ᠡᠭᠦᠳᠦᠯᠲᠡ ᠶᠢᠨ ᠰᠣᠳᠣᠨ | ᠪᠦᠲᠦᠭᠡᠯ ᠲᠤᠰ ᠲᠤᠰ ᠤᠨ ᠣᠨᠴᠠᠯᠢᠭ ᠲᠠᠢ ᠪᠠᠶᠢᠵᠤ᠂ ᠳᠤᠮᠳᠠᠳᠤ ᠶᠢᠨ ᠰᠢ ᠵᠦᠴᠦᠭᠡ ᠶᠢᠨ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠥᠭᠵᠢᠯ ᠴᠡᠴᠡᠭᠯᠡᠯ ᠤᠨ | ᠪᠠᠶᠢᠳᠠᠯ ᠢ ᠳᠡᠯᠭᠡᠨ ᠦᠵᠡᠭᠦᠯᠵᠦ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠡᠮᠡᠴᠡᠯ ᠤᠨ ᠢᠯᠠᠯᠲᠠ ᠶᠢᠨ ᠳᠠᠭᠤᠤ ᠶᠢ ᠬᠠᠩᠭᠢᠨᠠᠭᠤᠯᠪᠠ᠃ | ᠨᠠᠮ ᠪᠣᠯᠣᠨ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠲᠣᠬᠯᠠᠯᠲᠠ ᠶᠢ ᠰᠣᠨᠢᠷᠬᠠᠵᠠᠢ᠃ |