ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠲᠥᠰᠥᠪ ᠤᠨ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/12/31
          12 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 3109.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠥᠬᠦ ᠵᠢᠯ ᠤᠨ 3100 ᠳ᠋ᠦᠩᠰᠢᠭᠤᠷ ᠲᠥᠭᠦᠷᠢᠭ ᠤᠨ ᠲᠥᠰᠥᠪ ᠤᠨ 100.3% ᠶᠢ ᠪᠡᠶᠡᠯᠡᠭᠦᠯᠵᠦ᠂ ᠲᠦᠷᠦᠭᠦᠤ ᠵᠢᠯ ᠤᠨ ᠲᠥᠰᠥᠪ ᠤᠨ ᠭᠦᠢᠴᠡᠳᠬᠡᠯ ᠲᠤᠭ᠎ᠠ ᠠᠴᠠ 26.3 ᠳ᠋ᠦᠩᠰᠢᠭᠤᠷ ᠲᠥᠭᠦᠷᠢᠭ ᠨᠡᠮᠡᠭᠳᠡᠵᠦ᠂ 0.9% ᠪᠠᠷ ᠨᠡᠮᠡᠭᠳᠡᠪᠡ᠂ ᠨᠢᠭᠡ ᠯᠠ ᠤᠳᠠᠭ᠎ᠠ ᠶᠢᠨ ᠴᠢᠨᠠᠷᠲᠠᠢ ᠣᠨᠴᠠᠭᠠᠶ ᠬᠦᠴᠦᠨ ᠵᠦᠢᠯ ᠤᠨ ᠨᠥᠯᠥᠭᠡ ᠶᠢ ᠬᠠᠰᠤᠵᠤ ᠭᠠᠷᠭᠠᠭᠰᠠᠨ ᠤ ᠳᠠᠷᠠᠭ᠎ᠠ᠂ ᠠᠳᠠᠯᠢᠳᠬᠠᠬᠤᠢ ᠨᠡᠮᠡᠭᠳᠡᠯ ᠨᠢ 5.8% ᠪᠠᠷ ᠨᠡᠮᠡᠭᠳᠡᠪᠡ᠃ ᠡᠭᠦᠨ ᠳᠤ᠂ ᠭᠠᠶᠢᠯᠢ ᠬᠤᠷᠢᠶᠠᠭᠰᠠᠨ ᠣᠷᠤᠯᠭ᠎ᠠ 2206.3 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠲᠥᠰᠥᠪ ᠤᠨ 2280 ᠳ᠋ᠦᠩᠰᠢᠭᠤᠷ ᠲᠥᠭᠦᠷᠢᠭ ᠤᠨ 96.8% ᠶᠢ ᠪᠡᠶᠡᠯᠡᠭᠦᠯᠵᠡᠢ︔ ᠭᠠᠶᠢᠯᠢ ᠶᠢᠨ ᠪᠤᠰᠤ ᠣᠷᠣᠯᠭ᠎ᠠ 903.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ 820 ᠳ᠋ᠦᠩᠰᠢᠭᠤᠷ ᠲᠥᠭᠦᠷᠢᠭ ᠤᠨ ᠲᠥᠰᠥᠪ ᠤᠨ 110.2% ᠢ ᠪᠡᠶᠡᠯᠡᠭᠦᠯᠵᠡᠢ᠃ ᠱᠠᠲᠤ ᠳᠠᠪᠬᠤᠷᠭ᠎ᠠ ᠬᠤᠪᠢᠶᠠᠨ ᠠᠪᠴᠤ ᠦᠵᠡᠪᠡᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 930.4 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 3.7% ᠪᠠᠷ ᠪᠠᠭᠤᠷᠠᠪᠠ︔ 12 ᠠᠶᠢᠮᠠᠭ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠡᠶᠢᠲᠡ 2179.5 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 3% ᠪᠠᠷ ᠨᠡᠮᠡᠭᠳᠡᠪᠡ᠃ ︵ᠡᠳ᠋ ᠤᠨ ᠵᠠᠰᠠᠭ ᠤᠨ ᠲᠢᠩᠬᠢᠮ︶
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ