ᠥᠪᠡᠷᠲᠡᠭᠡᠨ ᠵᠠᠰᠠᠬᠤ ᠣᠷᠣᠨ ᠤ 12 ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ  ᠬᠤᠳᠠᠯᠳᠤᠭᠠᠴᠢᠨ ᠤᠷᠢᠬᠤ ᠬᠤᠯᠪᠣᠭᠠᠯᠠᠭᠰᠠᠨ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2024/12/31
          ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠰᠠᠭᠤᠭ᠎ᠠ ᠪᠠᠶᠢᠭᠤᠯᠤᠮᠵᠢ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠬᠤᠳᠠᠯᠳᠤᠭᠠᠴᠢᠨ ᠤᠷᠢᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ 12 ᠰᠠᠯᠠᠭ᠎ᠠ ᠮᠥᠴᠢᠷ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠪᠠ ᠡᠭᠦᠷᠭᠡ ᠴᠢᠳᠠᠪᠬᠢᠲᠤ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠬᠤᠯᠪᠤᠭᠠᠯᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ 4 ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠄ ᠨᠢᠭᠡ ᠳᠤ ᠭᠤᠣᠯᠳᠠᠯᠭ᠎ᠠ ᠲᠠᠢ ᠬᠠᠷᠠᠯᠲᠠᠲᠤ ᠣᠷᠣᠨ ᠪᠦᠰᠡ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠪᠦᠯᠦᠭᠵᠢᠯ ᠳᠤ ᠴᠢᠭᠯᠡᠭᠦᠯᠦᠨ ᠬᠤᠯᠪᠤᠭᠠᠯᠠᠨ ᠬᠥᠳᠡᠯᠦᠯᠴᠡᠵᠦ ᠬᠤᠳᠠᠯᠳᠤᠭᠠᠴᠢᠨ ᠤᠷᠢᠨ᠎ᠠ︔ ᠬᠤᠶᠠᠷ ᠲᠤ᠂ ᠬᠤᠳᠠᠯᠳᠤᠭᠠᠴᠢᠨ ᠤᠷᠢᠬᠤ ᠰᠦᠯᠵᠢᠶ᠎ᠡ ᠶᠢ ᠪᠦᠬᠦᠨ ᠢ ᠬᠠᠮᠤᠷᠬᠤ ᠶᠢ ᠪᠠᠶᠢᠭᠤᠯᠵᠤ ᠪᠠᠶᠢᠭᠠᠳ ᠬᠤᠯᠪᠤᠭᠠᠯᠠᠨ ᠬᠥᠳᠡᠯᠦᠯᠴᠡᠵᠦ ᠬᠤᠳᠠᠯᠳᠤᠭᠠᠴᠢᠨ ᠤᠷᠢᠨ᠎ᠠ︔ ᠭᠤᠷᠪᠠ ᠳᠤ᠂ ᠥᠨᠳᠥᠷ ᠴᠢᠳᠠᠪᠬᠢᠲᠤ ᠲᠠᠰ ᠤᠨ ᠲᠠᠪᠴᠠᠩ ᠢ ᠪᠠᠶᠢᠭᠤᠯᠵᠤ ᠪᠠᠶᠢᠭᠠᠳ ᠬᠤᠯᠪᠤᠭᠠᠯᠠᠨ ᠬᠥᠳᠡᠯᠦᠯᠴᠡᠵᠦ ᠬᠤᠳᠠᠯᠳᠤᠭᠠᠴᠢᠨ ᠤᠷᠢᠨ᠎ᠠ︔ ᠳᠥᠷᠪᠡ ᠳᠤ᠂ ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ︵ᠬᠤᠳᠠᠯᠳᠤᠭᠠᠨ ᠤ ᠶᠠᠪᠤᠳᠠᠯ ᠤᠨ ᠲᠢᠩᠬᠢᠮ︶
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ