ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︽ᠵᠢᠷᠭᠤᠭᠠᠨ ᠠᠵᠢᠯᠯᠠᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2024/12/31
          ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢᠨ ᠲᠠᠯ᠎ᠠ ᠪᠠᠷ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠬᠥᠮᠥᠷᠭᠡ ᠶᠢᠨ ᠨᠥᠭᠡᠴᠡᠯᠡᠯᠲᠡ ᠶᠢᠨ ᠲᠦᠷᠦᠯ ᠵᠦᠢᠯ ᠢ 5400 ᠠᠴᠠ ᠳᠡᠭᠡᠭᠰᠢ ᠪᠠᠶᠢᠯᠭᠠᠵᠤ᠂ ᠤᠮᠠᠷᠠᠲᠤ ᠬᠢᠯᠢ ᠶᠢᠨ ᠠᠮᠢᠲᠠᠳ ᠤᠨ ᠬᠢᠵᠢᠭ ᠲᠤ ᠦᠯᠦ ᠬᠠᠯᠳᠠᠭᠠᠬᠤ ᠬᠤᠩᠭᠢᠯ ᠤᠨ ᠪᠦᠲᠦᠭᠡᠨ ᠪᠠᠶᠢᠭᠤᠯᠤᠯᠲᠠ᠂ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠦᠷᠦᠯ ᠵᠦᠢᠯ ᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠬᠤᠶᠠᠷ ᠲᠤ᠂ ᠠᠵᠤ ᠠᠬᠤᠶᠢᠯᠠᠯ ᠤᠳ ᠢ ᠲᠤᠰᠠᠯᠠᠬᠤ ᠠᠵᠢᠯᠯᠠᠭ᠎ᠠ ᠶᠢᠨ ᠲᠠᠯ᠎ᠠ ᠪᠠᠷ᠂ ᠲᠢᠩᠬᠢᠮ ᠤᠨ ᠲᠠᠰ ᠤᠨ ᠺᠠᠳ᠋ᠷᠴᠤᠳ ᠤᠨ ᠳᠠᠭᠠᠭᠠᠴᠢᠯᠠᠨ ᠬᠤᠯᠪᠣᠭᠠᠯᠠᠬᠤ᠂ ᠠᠵᠤ ᠠᠬᠤᠶᠢᠯᠠᠯ ᠤᠳ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠣᠭᠲᠠᠴᠠ ᠶᠢ ᠭᠦᠨᠵᠡᠭᠡᠶᠢᠷᠡᠭᠦᠯᠵᠦ᠂ 2025 ᠣᠨ ᠳᠤ ᠪᠣᠷᠤᠯᠠᠭᠤᠯᠭ᠎ᠠ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ 2 ᠡᠷᠦᠬᠡ ᠠᠵᠤ ᠠᠬᠤᠶᠢᠯᠠᠯ᠂ ᠪᠣᠷᠤᠯᠠᠭᠤᠯᠭ᠎ᠠ ᠶᠢᠨ ᠤᠷᠤᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ 8 ᠡᠷᠦᠬᠡ ᠠᠵᠤ ᠠᠬᠤᠶᠢᠯᠠᠯ ᠢ ᠬᠥᠮᠥᠵᠢᠭᠦᠯᠦᠨ ᠪᠣᠶᠢᠵᠢᠭᠤᠯᠬᠤ ᠪᠠᠷ ᠦᠷᠭᠦᠯᠵᠢᠯᠡᠨ ᠴᠢᠷᠮᠠᠶᠢᠨ᠎ᠠ᠃ ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠴᠡᠪᠡᠷᠯᠡᠭᠴᠢ᠂ ᠤᠢ ᠰᠢᠭᠤᠢ ᠶᠢᠨ ᠬᠠᠮᠠᠭᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 8.5 ᠲᠦᠮᠡ ᠠᠴᠠ ᠳᠡᠭᠡᠭᠰᠢ ᠨᠡᠭᠡᠭᠡᠨ ᠬᠥᠭᠵᠢᠭᠦᠯᠪᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠪᠡᠯᠡᠳᠭᠡᠮᠵᠢᠲᠦ ᠲᠠᠷᠢᠶᠠᠯᠠᠩ ᠵᠡᠷᠭᠡ ᠲᠥᠷᠥᠯ ᠵᠦᠢᠯ ᠤᠨ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠴᠢᠩᠭᠠᠷᠠᠭᠤᠯᠵᠤ᠂ 2025 ᠣᠨ ᠳᠤ ᠪᠡᠯᠡ ᠮᠥᠩᠭᠦ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ 72 ᠲᠥᠪᠯᠡᠷᠡᠭᠦᠯᠦᠨ ᠪᠠᠶᠢᠭᠤᠯᠵᠤ᠂ ᠲᠤᠰ ᠭᠠᠵᠠᠷ ᠤᠨ ᠠᠵᠢᠯᠴᠢᠨ ᠢ ᠬᠡᠷᠡᠭᠯᠡᠬᠦ ᠬᠠᠷᠢᠴᠠᠯ ᠢ ᠥᠷᠭᠡᠳᠬᠡᠨ᠎ᠡ᠃ ᠳᠥᠷᠪᠡ ᠳᠤ᠂ ᠤᠰᠤ ᠠᠷᠪᠢᠯᠠᠬᠤ ᠠᠵᠢᠯᠯᠠᠭ᠎ᠠ ᠶᠢᠨ ᠲᠠᠯ᠎ᠠ ᠪᠠᠷ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ 150 ᠲᠦᠮᠡᠨ ᠮᠦ ᠠᠴᠠ ᠳᠡᠭᠡᠭᠰᠢ ᠤᠰᠤᠯᠠᠯᠲᠠ ᠶᠢᠨ ᠭᠠᠵᠠᠷ ᠢ ᠬᠤᠭᠤᠯᠠᠢ ᠪᠠᠷ ᠤᠰᠤᠯᠠᠵᠤ ᠪᠠᠶᠢᠭᠰᠠᠨ ᠠᠴᠠ ᠨᠢ ᠪᠠ ᠳᠤᠰᠤᠯᠭᠠᠨ ᠤᠰᠤᠯᠠᠬᠤ ᠶᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠤᠰᠤᠯᠠᠯᠲᠠ ᠶᠢᠨ ᠭᠠᠵᠠᠷ ᠢ 270 ᠲᠦᠮᠡᠨ ᠮᠦ ᠠᠴᠠ ᠳᠡᠭᠡᠭᠰᠢ ᠪᠠᠶᠢᠯᠭᠠᠬᠤ ᠪᠠᠷ ᠳᠡᠯᠭᠡᠷᠡᠭᠦᠯᠵᠦ᠂ ᠤᠰᠤ ᠠᠷᠪᠢᠯᠠᠬᠤ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠥᠪᠥᠷ ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ 300 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠷᠣᠯᠠᠭᠤᠯᠬᠤ ᠶᠢ ᠠᠬᠢᠭᠤᠯᠤᠨ᠎ᠠ᠃ ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ︵ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ