ᠰᠢᠯᠢ ᠶᠢᠨ ᠭᠤᠣᠯ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠸᠠᠩ ᠪᠠᠭᠠᠲᠤᠷ ᠪᠠᠭᠰᠢ ᠤᠶᠤᠨ ᠤᠬᠠᠭᠠᠨ ᠬᠦᠴᠦ | ᠭᠦᠳᠡᠯᠮᠤᠷᠢ ᠪᠠᠨ ᠰᠤᠷᠭᠠᠨ ᠬᠥᠮᠦᠵᠢᠯ ᠤᠨ ᠦᠢᠯᠡᠰ ᠲᠤ ᠬᠠᠷᠠᠮ ᠦᠭᠡᠢ ᠵᠣᠷᠢᠭᠤᠯᠵᠤ ᠢᠷᠡᠭᠰᠡᠨ ᠢᠶᠠᠷ᠂ 2024 ᠣᠨ ᠳᠤ ᠪᠦᠭᠦ ᠤᠯᠤᠰ ᠤᠨ ᠵᠢᠱᠢᠶᠡᠴᠢ | ᠪᠠᠭᠰᠢ ᠶᠢᠨ ᠢᠷᠠᠭᠤ ᠠᠯᠳᠠᠷ ᠢ ᠬᠦᠷᠲᠡᠵᠦ᠂ ᠪᠦᠭᠦ ᠤᠯᠤᠰ ᠤᠨ ᠰᠣᠳᠣᠨ ᠪᠠᠭᠰᠢ ᠶᠢᠨ ᠠᠯᠳᠠᠨ ᠬᠠᠭᠤᠳᠠᠰᠤᠨ᠎ᠠ ᠠᠯᠳᠠᠷ ᠨᠡᠷ᠎ᠡ ᠪᠠᠨ ᠲᠡᠮᠳᠡᠭᠯᠡᠭᠦᠯᠦᠭᠰᠡᠨ ᠪᠠᠶᠢᠨ᠎ᠠ᠃ | ᠸᠠᠩ ᠪᠠᠭᠠᠲᠤᠷ 2007 ᠣᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠠᠶᠢᠮᠠᠭ ᠤᠨ ᠮᠣᠩᠭᠤᠯ | ᠦᠨᠳᠦᠰᠦᠲᠡᠨ ᠤ ᠲᠤᠮᠳᠠᠳᠦ ᠰᠤᠷᠭᠠᠭᠤᠯᠢ ᠳᠤ ᠠᠵᠢᠯ ᠤᠨ ᠭᠠᠷᠤᠭ᠎ᠠ ᠪᠠᠨ ᠠᠪᠴᠤ᠂ 16 ᠵᠢᠯ ᠤᠨ ᠲᠤᠷᠰᠢ ᠪᠠᠭᠰᠢ ᠶᠢᠨ ᠠᠵᠢᠯ ᠤᠨ ᠪᠠᠶᠢᠷᠢ ᠳᠡᠭᠡᠷ᠎ᠡ | ᠰᠢᠭᠤᠷᠬᠠᠶᠢᠯᠠᠵᠤ ᠢᠷᠠᠵᠠᠢ᠃ | | | | 2007 ᠣᠨ ᠠᠴᠠ ᠠᠩᠭᠢ ᠶᠢᠨ ᠡᠷᠭᠢᠯᠡᠭᠴᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠭᠠᠰᠢ᠂ ᠸᠠᠩ ᠪᠠᠭᠠᠲᠤᠷ ᠪᠠᠭᠰᠢ ᠶᠣᠰᠣ ᠰᠤᠷᠲᠠᠬᠤᠨ ᠤ | ᠬᠥᠮᠦᠵᠢᠯ ᠢᠶᠠᠷ ᠭᠤᠣᠯ ᠪᠤᠯᠭᠠᠬᠰᠠᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠰᠤᠷᠤᠬᠴᠢᠳ ᠤᠨ ᠵᠠᠩ ᠮᠣᠷᠠᠯ ᠤᠨ ᠪᠣᠯᠪᠠᠰᠤᠷᠠᠯ ᠪᠠ ᠰᠠᠶᠢᠨ | ᠰᠠᠶᠢᠬᠠᠨ ᠦᠶᠯᠡ ᠠᠵᠢᠯᠯᠠᠭᠠᠨ ᠤ ᠳᠠᠳᠬᠠᠯ ᠢ ᠬᠥᠮᠥᠵᠢᠭᠦᠯᠬᠦ ᠶᠢ ᠴᠢᠬᠤᠯᠠᠴᠢᠯᠠᠭᠰᠠᠭᠠᠷ ᠢᠷᠡᠵᠡᠶ᠃ ᠲᠡᠭᠦᠨ ᠤ ᠡᠷᠭᠢᠯᠡᠭᠰᠡᠨ ᠠᠩᠭᠢ ᠨᠢ 4 ᠤᠳᠠᠭ᠎ᠠ ︽ᠠᠶᠢᠮᠠᠭ ᠤᠨ | ᠳᠡᠰ ᠤᠨ ᠲᠡᠷᠢᠭᠦᠨ ᠤ ᠠᠩᠭᠢ ᠨᠢᠭᠡᠴᠢ︾ ᠪᠠᠷ ᠦᠨᠡᠯᠡᠭᠳᠡᠵᠦ᠂ ᠤᠯᠠᠨ ᠤᠳᠠᠭ᠎ᠠ ᠠᠶᠢᠮᠠᠭ ᠰᠤᠷᠭᠠᠭᠤᠯᠢ ᠶᠢᠨ ᠲᠡᠰ ᠤᠨ ᠱᠠᠩᠨᠠᠯ ᠬᠥᠬᠢᠭᠦᠯᠦᠯ ᠢ ᠬᠦᠷᠲᠡᠵᠡᠢ᠃ ᠸᠠᠩ | ᠪᠠᠭᠠᠲᠤᠷ ᠪᠠᠭᠰᠢ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠮᠳᠠᠳᠦ ᠪᠠᠭ᠎ᠠ ᠰᠤᠷᠭᠠᠭᠤᠯᠢ ᠶᠢᠨ ᠰᠢᠯᠢᠳᠡᠭ ᠠᠩᠭᠢ ᠶᠢᠨ ᠡᠷᠭᠢᠯᠡᠭᠴᠢ︾᠂ | ︽ᠪᠦᠭᠦ ᠠᠶᠢᠮᠠᠭ ᠤᠨ ᠰᠢᠯᠢᠳᠡᠭ ᠵᠠᠯᠠᠭᠤ ᠪᠠᠭᠰᠢ︾ ᠵᠡᠷᠭᠡ ᠣᠷᠣᠨ ᠠᠶᠢᠮᠠᠭ ᠤᠨ ᠲᠡᠰ ᠤᠨ ᠣᠯᠠᠨ ᠢᠷᠠᠭᠤ ᠠᠯᠳᠠᠷ ᠢ ᠭᠦᠷᠳᠡᠪᠡ᠃ | ᠭᠠᠵᠠᠷ ᠵᠦᠢ ᠶᠢᠨ ᠬᠢᠴᠢᠶᠡᠯ ᠤᠨ ᠪᠠᠭᠰᠢ ᠪᠠ ᠠᠩᠭᠢ ᠶᠢᠨ ᠡᠷᠭᠢᠯᠡᠭᠴᠢ ᠪᠣᠯᠤᠭᠰᠠᠨ ᠤ ᠬᠤᠪᠢ ᠳᠤ᠂ ᠸᠠᠩ ᠪᠠᠭᠠᠲᠤᠷ ᠪᠠᠭᠰᠢ ᠰᠣᠷᠣᠬᠴᠢ ᠶᠢᠨ | ᠰᠤᠷᠤᠯᠭ᠎ᠠ ᠶᠢᠨ ᠬᠢᠷᠢ ᠪᠦᠲᠦᠮᠵᠢ ᠪᠠ ᠰᠤᠷᠭᠠᠭᠤᠯᠢ ᠳᠡᠪᠰᠢᠬᠦ ᠪᠠᠶᠢᠳᠠᠯ ᠢ ᠢᠮᠠᠭᠲᠠ ᠠᠩᠬᠠᠷᠳᠠᠭ᠃ ᠲᠡᠭᠦᠨ ᠤ ᠰᠢᠷᠭᠠᠭᠤ ᠴᠢᠷᠮᠠᠶᠢᠯᠭ᠎ᠠ ᠳᠣᠣᠷ᠎ᠠ᠂ ᠲᠡᠭᠦᠨ ᠤ | ᠡᠷᠭᠢᠯᠡᠭᠰᠡᠨ ᠠᠩᠭᠢ ᠨᠢᠭᠡᠴᠢ ᠨᠢ ᠤᠯᠤᠰ ᠤᠨ ᠨᠢᠭᠡᠳᠦᠯᠲᠡᠢ ᠰᠢᠯᠭᠠᠯᠲᠠ ᠳᠤ ᠣᠯᠠᠨ ᠤᠳᠠᠭ᠎ᠠ ᠰᠢᠯᠢᠳᠡᠭ ᠬᠢᠷᠢ ᠪᠦᠲᠦᠮᠵᠢ ᠣᠯᠪᠠ᠃ ᠵᠢᠱᠢᠶᠡᠯᠡᠪᠡᠯ᠂ 2020 | ᠣᠨ ᠳᠤ᠂ ᠲᠡᠭᠦᠨ ᠤ ᠡᠷᠭᠢᠯᠡᠭᠰᠡᠨ 461 ᠠᠩᠭᠢ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠭᠤᠯᠤᠨ ᠣᠷᠣᠭᠰᠠᠨ ᠨᠤᠷᠮ᠎ᠠ 100 % ᠳᠤ ᠭᠦᠷᠪᠡ᠃ | ᠡᠭᠦᠨ ᠠᠴᠠ ᠭᠠᠳᠠᠨ᠎ᠠ᠂ ᠲᠣᠰ ᠠᠩᠭᠢ ᠶᠢᠨ ᠲᠡᠭᠰᠢᠳᠬᠡᠭᠰᠡᠨ ᠬᠤᠪᠢ 546 ᠳᠤ ᠬᠦᠷᠴᠦ᠂ ᠬᠠᠮᠤᠭ ᠳᠣᠣᠷ᠎ᠠ ᠬᠤᠪᠢ ᠨᠢ 508 ᠪᠠᠶᠢᠵᠤ᠂ ᠦᠨᠳᠦᠰᠦᠲᠡᠨ ᠤ ᠭᠡᠯᠡ | ᠪᠠᠷ ᠬᠢᠴᠢᠶᠡᠯᠯᠡᠭᠰᠡᠨ ᠠᠩᠭᠢ ᠨᠢᠭᠡᠴᠢ ᠶᠢᠨ ᠳᠤᠮᠳᠠ ᠪᠦᠭᠦ ᠣᠷᠣᠨ ᠳᠤ ᠨᠢᠭᠡᠳᠦᠭᠡᠷ ᠲᠤ ᠣᠷᠣᠵᠠᠢ᠃ 2023 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠳᠤ᠂ | ᠲᠡᠭᠦᠨ ᠤ ᠡᠷᠭᠢᠯᠡᠭᠰᠡᠨ 509 ᠠᠩᠭᠢ ᠶᠢᠨ 32 ᠰᠤᠷᠤᠬᠴᠢ ᠶᠡᠭᠡ ᠰᠤᠷᠭᠠᠭᠤᠯᠢ ᠳᠤ ᠰᠢᠯᠭᠠᠭᠤᠯᠤᠨ ᠣᠷᠣᠵᠤ᠂ ᠡᠭᠦᠨ ᠤ ᠳᠣᠲᠣᠷ᠎ᠠ 21 ᠰᠤᠷᠤᠡᠡᠴᠢ ᠨᠢ | ︽ᠬᠤᠣᠰ ᠲᠡᠷᠢᠭᠦᠨ ᠳᠡᠰ︾ ᠤᠨ ᠶᠡᠭᠡ ᠰᠤᠷᠭᠠᠭᠤᠯᠢ ᠳᠤ ᠰᠢᠯᠭᠠᠭᠤᠯᠤᠨ ᠣᠷᠣᠵᠤ᠂ ᠪᠦᠭᠦ ᠠᠩᠭᠢ ᠳᠤ 500 ᠬᠤᠪᠢ ᠠᠴᠠ ᠳᠡᠭᠡᠭᠰᠢ 28 ᠰᠤᠷᠤᠡᠡᠴᠢ ᠪᠠᠶᠢᠵᠤ᠂ | ᠲᠡᠭᠰᠢᠳᠬᠡᠭᠰᠡᠨ ᠬᠤᠪᠢ ᠨᠢ 531.1 ᠳᠤ ᠬᠦᠷᠴᠦ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠭᠤᠯᠤᠨ ᠣᠷᠣᠭᠰᠠᠨ ᠨᠤᠷᠮ᠎ᠠ100% ᠳᠤ ᠭᠦᠷᠦᠭᠰᠡᠨ | ᠰᠢᠯᠢᠳᠡᠭ ᠬᠢᠷᠢ ᠪᠦᠳᠦᠮᠵᠢ ᠶᠢ ᠡᠭᠦᠳᠴᠡᠢ᠃ | ᠤᠯᠠᠨ ᠵᠢᠯ ᠤᠨ ᠲᠤᠷᠰᠢ᠂ ᠸᠠᠩ ᠪᠠᠭᠠᠲᠤᠷ ᠪᠠᠭᠰᠢ ᠵᠢᠭᠠᠨ ᠰᠤᠷᠭᠠᠯᠲᠠ ᠶᠢᠨ ᠠᠵᠢᠯ ᠢᠶᠠᠨ ᠰᠠᠶᠢᠲᠤᠷ ᠠᠳᠬᠤᠬᠤ ᠶᠢᠨ ᠬᠠᠮᠲᠤ ᠰᠤᠳᠤᠯᠭᠠᠨ ᠤ | ᠠᠵᠢᠯ ᠳᠤ ᠰᠢᠮᠳᠠᠵᠤ ᠢᠷᠡᠪᠡ᠃ ᠲᠡᠷᠡ ᠵᠢᠭᠠᠨ ᠰᠤᠷᠭᠠᠯᠲᠠ ᠶᠢᠨ ᠦᠢᠯᠡᠳᠦᠯᠭᠡ ᠪᠠ ᠬᠢᠴᠢᠶᠡᠯ ᠳᠦᠷᠤᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠥᠨᠳᠥᠷ ᠴᠢᠨᠠᠷ | ᠴᠢᠨᠰᠠᠭ᠎ᠠ ᠲᠠᠢ ᠡᠷᠳᠡᠮ ᠰᠢᠨᠵᠢᠯᠡᠭᠡᠨ ᠤ ᠥᠭᠦᠯᠡᠯ ᠨᠦᠭᠦᠳ ᠢ ᠲᠤᠭᠤᠷᠪᠢᠨ ᠪᠢᠴᠢᠵᠦ᠂ ᠨᠠᠢᠮᠠᠨ ᠮᠤᠵᠢ ᠣᠷᠣᠨ᠂ ᠥᠪᠡᠷᠲᠡᠭᠡᠨ ᠵᠠᠰᠠᠬᠤ ᠣᠷᠣᠨ ᠤ ᠱᠠᠩᠨᠠᠯ | ᠬᠥᠬᠢᠭᠦᠯᠦᠯ ᠢ ᠣᠯᠠᠨᠲᠠ ᠳᠤᠰᠴᠠᠢ᠃ | ︽ᠡᠨᠡ ᠬᠦ ᠢᠷᠠᠭᠤ ᠠᠯᠳᠠᠷ ᠨᠢ ᠮᠢᠨᠤ ᠰᠤᠷᠭᠠᠨ ᠬᠥᠮᠦᠵᠢᠯ ᠤᠨ ᠬᠦᠷᠢᠶᠡᠨ ᠳᠤ ᠲᠠᠰᠤᠷᠠᠯᠲᠠ ᠦᠭᠡᠢ ᠬᠠᠶᠢᠨ ᠰᠦᠪᠡᠭᠴᠢᠯᠡᠯᠲᠡ ᠬᠢᠵᠦ ᠰᠢᠨ᠎ᠡ ᠶᠢ | ᠡᠭᠦᠳᠬᠦ ᠳᠤ ᠶᠡᠬᠡᠬᠡᠨ ᠵᠣᠷᠢᠭᠵᠢᠭᠤᠯᠤᠯ ᠪᠣᠯᠣᠯ᠎ᠠ᠃ ᠬᠤᠶᠢᠰᠢᠳᠠ ᠪᠢ ᠤᠯᠤᠰ ᠣᠷᠣᠨ ᠳᠠᠭᠠᠨ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠪᠠᠷ ᠦᠷᠭᠦᠯᠵᠢᠯᠡᠨ ᠴᠢᠷᠮᠠᠶᠢᠨ ᠠᠵᠢᠯᠯᠠᠨ᠎ᠠ︾ ᠭᠡᠵᠦ ᠸᠠᠩ ᠪᠠᠭᠠᠲᠤᠷ ᠪᠠᠭᠰᠢ ᠶᠠᠷᠢᠯ᠎ᠠ᠃ |