ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠬᠠᠳᠠ ᠰᠢᠨ᠎ᠡ ᠪᠠᠷᠭᠤ ᠵᠡᠭᠦᠨ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/5
          6 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠬᠠᠳᠠ ᠰᠢᠨ᠎ᠡ ᠪᠠᠷᠭᠤ ᠵᠡᠭᠦᠨ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠶᠢᠨ ᠭᠤᠣᠯ ᠤᠳᠤᠷᠢᠳᠤᠯᠭ᠎ᠠ ᠬᠤᠷᠠᠯ ᠳᠤ ᠣᠷᠣᠯᠴᠠᠵᠠᠢ᠃
202406281606405129dp2bu.jpg
          ᠬᠤᠷᠠᠯ  ᠠᠴᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠤᠶᠠᠷ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠲᠣᠭᠲᠠᠭᠠᠯ  ᠠᠴᠠ ᠵᠥᠷᠢᠴᠡᠨ ᠮᠠᠯ ᠮᠠᠯᠵᠢᠬᠤ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠤ ᠬᠠᠮᠲᠤ᠂ ᠣᠳᠣᠬᠠᠨ ᠤ ᠰᠢᠨ᠎ᠡ ᠪᠠᠷᠭᠤ ᠵᠡᠭᠦᠨ ᠬᠤᠰᠢᠭᠤᠨ ᠤ ᠬᠡᠲᠦᠷᠡᠭᠦᠯᠦᠨ ᠮᠠᠯᠵᠢᠵᠤ ᠪᠠᠶᠢᠭ᠎ᠠ ᠠᠰᠠᠭᠤᠳᠠᠯ ᠵᠢᠴᠢ ᠲᠣᠭᠲᠠᠭᠠᠯ  ᠠᠴᠠ ᠵᠥᠷᠢᠴᠡᠨ ᠮᠠᠯ ᠮᠠᠯᠵᠢᠵᠤ ᠪᠠᠶᠢᠭ᠎ᠠ ᠪᠠᠶᠢᠳᠠᠯ ᠢ ᠰᠤᠳᠤᠯᠤᠨ ᠵᠠᠳᠠᠯᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠠᠢ᠃          ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠱᠠᠲᠤᠨ ᠤ ᠣᠶ ᠰᠢᠭᠤᠢ ᠡᠪᠡᠰᠦᠨ ᠤ ᠳᠠᠷᠤᠭ᠎ᠠ ᠶᠢᠨ ᠶᠡᠷᠦᠩᠬᠡᠶᠢᠯᠡᠨ ᠵᠠᠬᠢᠷᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠶᠢᠨ ᠬᠠᠮᠲᠤ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠨ᠂ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠤᠶᠠᠷ ᠲᠤ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤᠨ ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠨᠢ ᠰᠤᠮᠤ ᠪᠠᠯᠭᠠᠰᠤ ᠶᠢᠨ ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠯᠲᠡᠢ ᠲᠥᠯᠥᠪᠯᠡᠨ᠂ ᠣᠶ ᠰᠢᠭᠤᠢ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ᠂ ᠳᠣᠲᠣᠭᠠᠳᠤ ᠶᠢ ᠬᠠᠮᠠᠭᠠᠯᠠᠬᠤ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠰᠠᠯᠠᠭ᠎ᠠ ᠮᠥᠴᠢᠷ ᠢ ᠶᠡᠷᠦᠩᠬᠡᠶᠢᠯᠡᠨ ᠵᠣᠬᠢᠴᠠᠭᠤᠯᠵᠤ ᠪᠠᠶᠢᠭᠠᠳ ᠬᠠᠮᠲᠤ ᠪᠠᠷ ᠬᠦᠴᠦᠯᠡᠵᠦ᠂ ᠲᠣᠭᠤᠷᠢᠨ ᠪᠠᠶᠢᠴᠠᠭᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠨᠢᠭᠡ ᠪᠦᠯᠦᠭ ᠲᠣᠭᠲᠠᠭᠠᠯ  ᠠᠴᠠ ᠵᠥᠷᠢᠴᠡᠨ ᠳᠠᠭᠠᠭᠠᠴᠠ  ᠠᠴᠠ ᠬᠡᠲᠦᠷᠡᠲᠡᠯ᠎ᠡ ᠮᠠᠯᠵᠢᠭᠰᠠᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠲᠥᠪᠯᠡᠷᠡᠭᠦᠯᠦᠨ ᠴᠣᠬᠢᠯᠲᠠ ᠥᠭᠴᠦ ᠰᠢᠢᠳᠪᠦᠷᠢᠯᠡᠨ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠪᠥᠬᠦ ᠬᠤᠰᠢᠭᠤᠨ ᠤ ᠬᠡᠪᠴᠢᠶᠡᠨ ᠳᠤ ᠰᠦᠷᠳᠡᠭᠦᠯᠦᠯ ᠢ ᠪᠣᠶ ᠪᠣᠯᠭᠠᠬᠤ ᠬᠡᠷᠡᠭᠲᠡᠢ᠃ ᠭᠤᠷᠪᠠ ᠳᠤ᠂ ᠡᠷᠦᠬᠡ ᠳᠤ ᠭᠦᠨᠵᠡᠭᠡᠶᠢᠷᠡᠨ ᠤᠬᠠᠭᠤᠯᠬᠤ ᠠᠵᠢᠯ ᠢ ᠴᠢᠩᠭᠠᠳᠬᠠᠵᠤ᠂ ᠡᠷᠦᠬᠡ ᠳᠤ ᠣᠷᠣᠵᠤ ᠮᠡᠷᠭᠡᠵᠢᠯ ᠬᠦᠷᠭᠡᠬᠦ᠂ ᠦᠢᠯᠡᠴᠢᠯᠡᠭᠡ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠣᠩᠭᠤᠯ ᠬᠢᠲᠠᠳ ᠬᠤᠣᠰ ᠬᠡᠯᠡᠨ ᠤ ᠬᠡᠯᠪᠡᠷᠢ ᠪᠠᠷ᠂ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠤᠬᠠᠭᠤᠯᠤᠨ ᠲᠠᠶᠢᠯᠪᠤᠷᠢᠯᠠᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠮᠠᠯᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠬᠤ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ