ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄ | | | | ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠳᠦᠷᠢᠮ ᠤᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠬᠤ ᠶᠢᠨ ᠲᠥᠯᠥᠭᠡ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠤᠷᠢᠲᠤ | ᠵᠦᠢᠯᠡᠰ ᠤᠨ ᠵᠢᠯᠤᠭᠤᠳᠬᠤ ᠭᠠᠷᠴᠠᠭ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠮᠤ ᠰᠢᠶᠠᠩ ᠪᠠᠯᠭᠠᠰᠤ ᠳᠤ ᠣᠯᠭᠤᠭᠰᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠢᠯᠤᠭᠤᠳᠬᠤ ᠭᠠᠷᠴᠠᠭ︾ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶︾ ᠵᠢᠴᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠬᠥᠯᠥᠨ ᠪᠤᠶᠢᠷ ᠬᠤᠲᠠ ᠶᠢᠨ ᠰᠤᠮᠤ ᠰᠢᠶᠠᠩ ᠪᠠᠯᠭᠠᠰᠤ ᠪᠠ | ᠵᠡᠭᠡᠯᠢ ᠭᠤᠳᠤᠮᠵᠢ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠯᠠᠪᠯᠠᠯᠲᠠ ᠶᠢᠨ ᠭᠠᠷᠴᠠᠭ︾ ᠢᠶᠠᠷ ᠯᠠᠪᠯᠠᠯᠲᠠ ᠪᠣᠯᠭᠠᠵᠤ᠂ ᠰᠢᠨ᠎ᠡ ᠪᠠᠷᠭᠤ ᠵᠡᠭᠦᠨ | ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠡᠶᠢᠲᠡ 62 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠤᠴᠢᠷ ᠶᠠᠪᠤᠳᠠᠯ ᠢ ᠡᠮᠬᠢᠯᠡᠨ ᠳᠢᠭᠯᠡᠪᠡ᠃ | ᠡᠭᠦᠨ ᠳᠤ ᠵᠠᠰᠠᠭ ᠵᠠᠬᠢᠷᠭᠠᠨ ᠤ ᠰᠢᠢᠳᠬᠡᠯ 56 ᠵᠦᠢᠯ᠂ ᠵᠠᠰᠠᠭ ᠵᠠᠬᠢᠷᠭᠠᠨ ᠤ ᠵᠥᠪᠰᠢᠶᠡᠷᠡᠯ 4 ᠵᠦᠢᠯ᠂ ᠵᠠᠰᠠᠭ ᠵᠠᠬᠢᠷᠭᠠᠨ ᠤ ᠲᠥᠯᠥᠪᠦᠷᠢ 1 ᠵᠦᠢᠯ᠂ ᠪᠤᠰᠤᠳ | ᠵᠠᠰᠠᠭ ᠵᠠᠬᠢᠷᠭᠠᠨ ᠤ ᠡᠷᠬᠡ ︵ᠭᠤᠶᠤᠴᠢᠯᠠᠭᠰᠠᠨ ᠲᠥᠷᠥᠯ ᠢᠶᠠᠷ︶ 1 ᠵᠦᠢᠯ ᠪᠣᠶ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠰᠢᠨ᠎ᠡ ᠪᠠᠷᠭᠤ ᠵᠡᠭᠦᠨ ᠬᠤᠰᠢᠭᠤᠨ ᠤ ᠡᠯ᠎ᠡ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ ᠰᠤᠮᠤ | ᠪᠠᠯᠭᠠᠰᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠦᠰᠡᠵᠦ ᠪᠠᠶᠢᠨ᠎ᠠ᠃ | | | | | | ᠳᠠᠭᠠᠯᠳᠤᠭᠤᠯᠤᠯ᠄ ᠰᠢᠨ᠎ᠡ ᠪᠠᠷᠭᠤ ᠵᠡᠭᠦᠨ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ | | | | | | | | | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 5 ᠰᠠᠷ᠎ᠠ ᠶᠢᠨ 31 ᠤ ᠡᠳᠦᠷ | | | |