ᠮᠠᠯ ᠤᠨ ᠡᠮᠴᠢ ᠶᠢᠨ 30 ᠵᠢᠯ
ᠨᠡᠶᠢᠲᠡᠯᠡᠭᠰᠡᠨ ᠴᠠᠭ᠄
2024/12/9
          ᠠᠷᠤ ᠬᠤᠷᠴᠢᠨ ᠬᠤᠰᠢᠭᠤᠨ ᠤ ᠬᠤᠨᠳᠣ ᠪᠠᠯᠭᠠᠰᠤ ᠶᠢᠨ ᠶᠠᠩᠽᠢ ᠭᠠᠴᠠᠭ᠎ᠠ ᠪᠠᠷ ᠨᠤᠲᠤᠭᠲᠠᠢ ᠮᠠᠯᠴᠢᠨ ᠠᠯᠲᠠᠨᠪᠥ᠋ᠬᠡ ᠭᠤᠸᠠᠢ ᠪᠣᠯ ᠠᠶᠢᠯ ᠭᠤᠣᠯ ᠳᠠᠭᠠᠨ ᠬᠦᠷᠢᠶᠡᠯᠡᠯ ᠲᠠᠢ ᠬᠠᠰᠢᠷ ᠮᠠᠯᠴᠢᠨ᠂ ᠮᠠᠯ ᠤᠨᠤᠭ᠎ᠠ ᠶᠢᠨ ᠡᠪᠡᠳᠴᠢᠨ ᠭᠡᠮ ᠢ ᠡᠮᠨᠡᠨ ᠵᠠᠰᠠᠬᠤ ᠳᠤ ᠮᠡᠷᠭᠡᠰᠢᠭᠰᠡᠨ ᠬᠠᠰᠢᠷ ᠲᠤᠷᠰᠢᠯᠭ᠎ᠠ ᠲᠠᠢ ᠮᠠᠯ ᠤᠨ ᠡᠮᠴᠢ ᠶᠤᠮᠰᠠᠨ᠃ ᠳᠡᠷᠡ ᠪᠠᠷ ᠳᠡᠭᠡᠷ᠎ᠡ ᠵᠠᠭᠤᠨ ᠤ ᠨᠠᠶᠠᠭᠠᠳ ᠣᠨ ᠤ ᠰᠡᠭᠦᠯᠴᠢ ᠠᠴᠠ ᠡᠬᠢᠯᠡᠨ ᠠᠶᠢᠯ ᠤᠨ ᠠᠬᠠᠮᠠᠳ ᠲᠣᠮᠣᠭᠠᠲᠠᠨ᠂ ᠮᠠᠯ ᠤᠨ ᠡᠮᠴᠢ ᠪᠠᠨ ᠳᠠᠭᠠᠵᠦ ᠮᠠᠯ ᠤᠨ ᠲᠠᠷᠢᠯᠭ᠎ᠠ ᠬᠢᠬᠦ᠂ ᠬᠤᠷᠣᠬᠠᠢ ᠬᠥᠭᠡᠭᠡᠬᠦ ᠁ ᠵᠡᠷᠭᠡ ᠮᠠᠯ ᠤᠨᠤᠭ᠎ᠠ ᠶᠢᠨ ᠬᠢᠵᠢᠭ ᠭᠡᠮ ᠢ ᠰᠡᠷᠭᠡᠶᠢᠯᠡᠬᠦ ᠠᠵᠢᠯ ᠳᠤ ᠤᠷᠤᠯᠴᠠᠵᠦ᠂ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠶᠢ ᠰᠤᠷᠴᠤ ᠪᠠᠶᠢᠭᠰᠠᠨ ᠢᠶᠠᠨ ᠬᠤᠵᠢᠮ ᠨᠢ ᠮᠠᠯ ᠤᠨᠤᠭ᠎ᠠ ᠶᠢᠨ ᠭᠡᠮ ᠬᠢᠵᠢᠭ ᠲᠤ ᠡᠮ ᠲᠠᠩ ᠬᠡᠷᠡᠭᠯᠡᠬᠦ ᠶᠢ ᠰᠤᠷᠴᠤ ᠨᠢᠭᠡ ᠮᠡᠳᠡᠬᠦ ᠳᠤ ᠮᠠᠯ ᠤᠨ ᠡᠮᠴᠢ ᠶᠢᠨ ᠵᠠᠮ ᠢᠶᠠᠷ ᠭᠤᠴᠢᠭᠠᠳ ᠵᠢᠯ ᠵᠠᠮᠨᠠᠴᠢᠬᠠᠴᠠᠢ᠃
20241209-1-1.png
          ᠤᠳᠤ ᠳᠡᠷᠨ ᠬᠤᠨᠳᠣ ᠪᠠᠯᠭᠠᠰᠤ ᠶᠢᠨ ᠮᠠᠯ ᠡᠮᠨᠡᠯᠭᠡ ᠶᠢᠨ ᠬᠤᠷᠢᠶᠠᠨ ᠳᠤ ᠭᠤᠣᠯᠯᠠᠭᠴᠢ ᠮᠠᠯ ᠤᠨ ᠡᠮᠴᠢ ᠪᠠᠷ ᠠᠵᠢᠯᠯᠠᠵᠤ᠂ ᠪᠠᠯᠭᠠᠰᠤᠨ ᠲᠥᠪ ᠲᠡᠭᠡᠨ ᠮᠡᠯ ᠤᠨ ᠡᠮ ᠤᠨ ᠳᠡᠯᠭᠡᠭᠦᠷ ᠡᠷᠭᠢᠯᠡᠭᠡᠳ 8 ᠵᠢᠯ ᠤᠨ ᠨᠢᠭᠤᠷ ᠦᠵᠡᠨ᠂ ᠮᠠᠯᠴᠢᠳ ᠲᠠᠭᠠᠨ ᠬᠠᠯᠠᠭᠤᠨ ᠦᠢᠯᠡᠴᠢᠯᠡᠭᠡ ᠬᠠᠨᠤᠮᠵᠢᠳᠠᠢ ᠡᠮ ᠲᠠᠩ ᠬᠠᠩᠭᠠᠵᠤ ᠦᠭᠳᠡᠭ᠃ ᠲᠡᠷᠡ ᠪᠠᠷ ᠠᠶᠢᠯ ᠠᠶᠢᠮᠠᠭ ᠤᠨ ᠮᠠᠯ ᠤᠨᠤᠭ᠎ᠠ ᠭᠡᠮ ᠬᠢᠵᠢᠭ ᠲᠤ ᠨᠡᠷᠪᠡᠭᠳᠡᠪᠡᠯ ᠶᠡᠷᠦ ᠨᠢ ᠰᠠᠯᠬᠢ ᠪᠣᠷᠣᠭᠠᠨ ᠴᠠᠰᠤ ᠵᠤᠳ ᠭᠡᠵᠦ ᠬᠠᠶᠢᠬᠤᠷᠤᠯ ᠦᠭᠡᠢ ᠵᠠᠰᠠᠨ ᠡᠳᠡᠭᠡᠶ᠎ᠡ ᠭᠡᠵᠦ ᠰᠢᠭᠤᠷᠬᠠᠢ ᠦᠢᠯᠡᠴᠢᠯᠡᠵᠦ ᠢᠷᠡᠭᠰᠡᠨ ᠢ ᠨᠤᠲᠤᠭ ᠤᠨ ᠮᠠᠯᠴᠢᠳ ᠨᠢ ᠭᠡᠷᠡᠴᠢᠯᠡᠨ᠎ᠡ᠃ ᠠᠵᠢᠯ ᠤᠨ ᠰᠡᠯᠡᠭᠦᠦ ᠪᠠᠷ ᠢᠶᠠᠨ ᠲᠡᠷᠡ ᠪᠠᠰᠠ ᠮᠠᠯ ᠤᠨᠤᠭ᠎ᠠ  ᠶᠢᠨ ᠡᠮᠴᠢᠯᠡᠭᠡᠨ ᠳᠤ ᠲᠤᠰᠠᠯᠠᠮᠵᠢ ᠦᠵᠡᠭᠦᠯᠭᠦ ᠭᠡᠵᠦ 500 ᠬᠥᠮᠥᠨ ᠤ ᠵᠢᠷᠭᠢᠶ᠎ᠡ ᠬᠤᠯᠪᠤᠭ᠎ᠠ ᠪᠠᠶᠢᠭᠤᠯᠵᠤ᠂ ᠮᠠᠯᠴᠢᠳ ᠤᠨ ᠮᠠᠯ ᠤᠨᠤᠭᠠᠨ ᠤ ᠬᠦᠴᠢᠷ ᠲᠦᠪᠡᠭ ᠲᠠᠢ ᠡᠪᠡᠳᠴᠢᠨ ᠤ ᠪᠠᠶᠢᠳᠠᠯ ᠳᠤ ᠬᠠᠨᠳᠤᠭᠤᠯᠤᠨ ᠲᠠᠶᠢᠯᠤᠮᠵᠢ ᠬᠢᠵᠦ ᠦᠭᠳᠡᠭ᠃ ᠡᠭᠦᠨ ᠢᠶᠠᠷ ᠪᠠᠷᠠᠬᠤ ᠦᠭᠡᠢ ᠳᠡᠷᠡ ᠪᠠᠰᠠ ᠠᠮᠢᠳᠤᠷᠠᠯ ᠬᠦᠴᠢᠷᠲᠡᠢ ᠡᠷᠦᠭᠡ ᠪᠤᠶᠤ ᠮᠣᠷᠠᠯ ᠰᠤᠷᠤᠯᠭ᠎ᠠ ᠬᠤᠣᠰᠯᠠᠭᠰᠠᠨ ᠰᠤᠷᠤᠬᠴᠢᠳ ᠢ ᠲᠤᠰᠠᠯᠠᠨ ᠳᠡᠮᠵᠢᠬᠦ᠂ ᠣᠪᠣᠭ᠎ᠠ ᠬᠠᠶᠢᠷᠬᠠᠨ ᠢᠶᠠᠨ ᠲᠠᠭᠢᠵᠦ ᠨᠤᠲᠤᠭ ᠤᠰᠤ ᠪᠠᠨ ᠪᠠᠶᠠᠰᠬᠠᠬᠤ ᠵᠡᠷᠭᠡ ᠠᠵᠢᠯ ᠢ ᠪᠠᠶᠢᠩᠭᠤ  ᠶᠢᠨ ᠴᠢᠨᠠᠷᠲᠠᠢ ᠪᠠᠷᠢᠮᠲᠠᠯᠠᠭᠰᠠᠭᠠᠷ ᠢᠷᠡᠵᠡᠢ᠃          ᠠᠯᠲᠠᠨᠪᠥ᠋ᠬᠡ ᠭᠤᠸᠠᠢ ᠭᠤᠴᠢᠭᠠᠳ ᠵᠢᠯ ᠮᠠᠯ ᠤᠨ ᠡᠮᠴᠢ ᠶᠢᠨ ᠠᠵᠢᠯ ᠢ ᠬᠢᠬᠦ ᠳᠡᠭᠡᠨ ᠮᠠᠯᠴᠢᠳ ᠲᠠᠭᠠᠨ ᠲᠤᠰᠠ ᠳᠡᠮᠵᠢᠯᠭᠡ ᠪᠣᠯᠣᠶ᠎ᠠ ᠭᠡᠰᠡᠨ ᠭᠠᠭᠴᠠ ᠦᠵᠦᠭᠦᠷᠲᠦ ᠰᠡᠳᠬᠢᠯ ᠢ ᠪᠠᠷᠢᠭᠰᠠᠨ ᠨᠠᠷᠢᠨ ᠬᠢᠨᠠᠭᠤᠷ ᠵᠠᠩ ᠠᠭᠠᠯᠢ ᠨᠢ ᠨᠤᠲᠤᠭ ᠤᠰᠤᠨ ᠤ ᠮᠠᠯᠴᠢᠳ ᠤᠨ ᠢᠶᠠᠨ ᠬᠦᠷᠢᠶᠡᠯᠡᠯ ᠢ ᠣᠯᠵᠤ᠂ ᠲᠤᠷᠰᠢᠯᠭ᠎ᠠ ᠦᠯᠡᠮᠵᠢ ᠮᠡᠷᠭᠡᠵᠢᠯ ᠥᠨᠳᠥᠷ ᠪᠣᠯᠬᠤᠷ ᠵᠡᠷᠭᠡᠯᠡᠳᠡᠭᠡ ᠠᠶᠢᠮᠠᠭ ᠬᠤᠰᠢᠭᠤ ᠪᠠᠷ ᠴᠦ ᠪᠠᠶᠢᠩᠭᠤ ᠵᠠᠯᠠᠭᠳᠠᠨ ᠮᠠᠯᠴᠢᠳ ᠤᠨ ᠮᠠᠯ ᠤᠨᠤᠭ᠎ᠠ ᠳᠤ ᠨᠢ ᠮᠡᠰᠡ ᠵᠠᠰᠠᠯ ᠬᠢᠵᠦ ᠦᠭᠳᠡᠭ ᠪᠠᠶᠢᠯ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ