ᠵᠠᠰᠠᠭ ᠤᠨ ᠣᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/2/27
                              ᠵᠠᠰᠠᠭ ᠤᠨ ᠣᠷᠳᠤᠨ ᠤ ᠠᠵᠢᠯ ᠤᠨ ᠢᠯᠡᠳᠬᠡᠯ—— 2024 ᠣᠨ ᠤ 1 ᠰᠠᠷ᠎ᠠ ᠶᠢᠨ 24 ᠤ ᠡᠳᠦᠷ ᠰᠢᠨ᠎ᠠ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ               ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ               ᠰᠢᠨ᠎ᠠ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠰᠢᠭᠤᠨ ᠳᠠᠷᠤᠭ᠎ᠠ   ᠡᠦ ᠰᠢᠤᠸᠠᠢ ᠶᠦᠩᠲᠥᠯᠥᠭᠡᠯᠡᠭᠴᠢᠳ ᠡ᠄          ᠣᠲᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠨᠠᠷ ᠰᠠᠨᠠᠯ ᠵᠦᠪᠯᠡᠯᠭᠡ  ᠢᠶᠠᠨ ᠲᠡᠪᠰᠢᠬᠦᠯᠬᠦ ᠪᠤᠯᠪᠠᠤ᠃          ᠨᠢᠭᠡ᠂ 2023 ᠣᠨ ᠤ ᠠᠵᠢᠯ ᠤᠨ ᠡᠷᠭᠢᠴᠡᠭᠦᠯᠦᠯ          ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠲᠣᠣᠷ᠎ᠠ᠂ ᠬᠤᠰᠢᠭᠤ ᠳᠠᠶᠠᠭᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠤᠨ ᠤ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠣᠰᠤᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠤᠯᠭᠠᠵᠤ᠂ ᠠᠩᠬᠠᠷᠤᠯ ᠢᠶᠠᠨ ᠲᠦᠪᠯᠡᠷᠡᠬᠦᠯᠦᠨ ᠬᠦᠴᠦ ᠪᠠᠨ ᠨᠢᠬᠡᠳᠭᠡᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠳᠠᠯᠠᠵᠤ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠵᠤ᠂ ︽ᠲᠠᠪᠤᠨ ᠲᠤᠰᠬᠠᠶ ᠠᠵᠢᠯᠯᠠᠭ᠎ᠠ︾ ᠶᠢ ᠭᠤᠣᠯᠳᠠᠯᠭ᠎ᠠ ᠲᠠᠢ ᠶᠠᠪᠤᠭᠳᠠᠭᠤᠯᠵᠤ᠂ ᠪᠠᠷᠢᠮᠵᠢᠶ᠎ᠠ ᠪᠠᠨ ᠦᠨᠳᠦᠷᠵᠢᠬᠦᠯᠵᠦ ᠦᠰᠦᠷᠭᠢᠯᠡᠨ ᠴᠢᠷᠮᠠᠶᠢᠵᠦ᠂ ᠬᠤᠷᠳᠤᠴᠠ ᠪᠠᠨ ᠲᠦᠷᠭᠡᠳᠬᠡᠵᠦ ᠲᠦᠷᠭᠡᠨ ᠤᠷᠤᠭᠰᠢᠯᠠᠵᠤ᠂ ᠲᠡᠪᠰᠢᠬᠤ ᠳᠤᠮᠳᠠ ᠴᠢᠨᠠᠷ ᠢ ᠳᠡᠭᠡᠭᠰᠢᠯᠡᠭᠦᠯᠵᠤ ᠣᠨ ᠤ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠬᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠢ ᠬᠦᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠭᠰᠠᠨ ᠪᠠᠶᠢᠨ᠎ᠠ᠃          —— ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠡᠯᠪᠡᠭ ᠬᠤᠷᠢᠶᠠᠯᠲᠠ ᠣᠯᠪᠠ᠃ ᠭᠠᠵᠠᠷ ᠤᠷᠤᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 32 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 8.3 % ᠪᠠᠷ ᠨᠡᠮᠡᠭᠳᠡᠵᠦ᠂ ᠪᠥᠬᠦ ᠬᠤᠲᠠ ᠳᠤ ᠭᠤᠷᠪᠠᠳᠤᠭᠠᠷ ᠲᠤ ᠣᠷᠣᠵᠤ᠂ ᠣᠶᠢᠷ᠎ᠠ ᠶᠢᠨ 10 ᠵᠢᠯ ᠤᠨ ᠲᠤᠷᠰᠢᠬᠢ ᠰᠢᠨ᠎ᠡ ᠲᠡᠮᠳᠡᠭᠯᠡᠯ ᠢ ᠡᠭᠦᠳᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 6.44 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 50.9 % ᠪᠠᠷ ᠨᠡᠮᠡᠭᠳᠡᠵᠦ᠂ ᠪᠦᠬᠦ ᠬᠤᠲᠠ ᠳᠤ ᠬᠤᠶᠠᠳᠤᠭᠠᠷ ᠲᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 36.7% ᠪᠠᠷ ᠨᠡᠮᠡᠭᠳᠡᠵᠦ᠂ ᠪᠦᠬᠦ ᠬᠤᠲᠠ ᠶᠢᠨ ᠲᠡᠷᠢᠭᠦᠨ ᠳᠤ ᠣᠷᠣᠪᠠ︔ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 5 % ᠪᠠᠷ ᠨᠡᠮᠡᠭᠳᠡᠵᠦ᠂ ᠪᠦᠬᠦ ᠬᠤᠲᠠ ᠶᠢᠨ ᠵᠢᠷᠭᠤᠳᠤᠭᠠᠷ ᠲᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1.56 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 12.7% ᠪᠠᠷ ᠨᠡᠮᠡᠭᠳᠡᠨ᠂ ᠭᠤᠷᠪᠠᠨ ᠵᠢᠯ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 19 ᠲᠥᠷᠥᠯ ᠵᠦᠢᠯ ᠤᠨ ᠭᠡᠷ᠎ᠡ ᠲᠣᠭᠲᠠᠵᠤ᠂ ᠤᠯᠤᠰ ᠤᠨ ᠳᠣᠲᠣᠭᠠᠳᠤ ᠠᠴᠠ ᠪᠡᠯᠡ ᠮᠥᠩᠭᠦ ᠶᠢ 3.83 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠳᠡᠭᠡᠷ᠎ᠡ ᠵᠢᠯ ᠤᠨ 8.9 ᠳᠠᠬᠢᠨ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠳᠤ ᠨᠢᠭᠡᠳᠦᠭᠡᠷ ᠲᠤ ᠣᠷᠣᠪᠠ᠃ ᠠᠵᠤ ᠠᠬᠤᠢ ᠶᠢᠨ ᠣᠯᠠᠩᠬᠢ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠰᠠᠨ ᠬᠢᠯᠠᠯᠵᠠᠭᠰᠠᠨ ᠠᠮᠵᠢᠯᠲᠠ ᠶᠢ ᠣᠯᠵᠤ᠂ ᠠᠵᠤ ᠠᠬᠤᠢ ᠶᠢᠨ ᠬᠥᠭᠵᠢᠯᠲᠡ ᠬᠤᠷᠳᠤᠴᠠ ᠪᠠᠨ ᠳᠡᠭᠡᠭᠰᠢᠯᠡᠭᠦᠯᠦᠨ ᠯᠠᠪᠳᠠᠭᠤᠨ ᠢᠶᠠᠷ ᠤᠷᠤᠭᠰᠢᠯᠠᠬᠤ ᠴᠣ ᠰᠢᠨ᠎ᠡ ᠪᠠᠶᠢᠳᠠᠯ ᠢᠯᠡᠷᠡᠪᠡ᠃          ᠬᠥᠭᠵᠢᠯᠲᠡ ᠶᠢᠨ ᠬᠥᠳᠡᠯᠭᠡᠭᠴᠢ ᠡᠨᠧᠷᠭᠢ ᠲᠦᠷᠭᠡᠨ ᠢᠶᠠᠷ ᠲᠥᠪᠯᠡᠷᠡᠪᠡ᠃ ︽ᠲᠥᠷᠥᠯ ᠵᠦᠶᠯ ᠶᠢ ᠲᠡᠷᠢᠭᠦᠨ ᠪᠠᠶᠢᠷᠢᠨ ᠳᠤ ᠲᠠᠯᠪᠢᠬᠤ︾ ᠶᠢ ᠪᠠᠷᠢᠮᠲᠠᠯᠠᠵᠤ᠂ ᠰᠠᠭᠤᠷᠢ ᠲᠠᠯᠪᠢᠬᠤ ᠪᠠ ᠠᠯᠤᠰ ᠬᠡᠲᠦ ᠳᠤ ᠠᠰᠢᠭᠲᠠᠶ ᠪᠠᠶᠢᠯᠭᠠᠬᠤ᠂ ᠳᠤᠲᠠᠭᠤᠳᠠᠯ ᠢ ᠨᠥᠬᠦᠪᠥᠷᠢᠯᠡᠬᠦ ᠲᠣᠭᠤᠷᠢᠨ ᠳᠤ 204 ᠲᠥᠷᠥᠯ ᠵᠦᠶᠯ ᠢ ᠪᠡᠯᠡᠳᠬᠡᠨ ᠲᠤᠬᠢᠷᠠᠭᠤᠯᠪᠠ᠃ ᠬᠤᠲᠠ ᠬᠤᠰᠢᠭᠤ ᠬᠤᠶᠠᠷ ᠱᠠᠲᠤᠨ ᠤ 36 ᠭᠤᠣᠯᠳᠠᠯᠭ᠎ᠠ ᠲᠠᠢ ᠲᠥᠷᠦᠯ ᠵᠦᠢᠯ ᠢ ᠲᠦᠯᠬᠢᠨ ᠠᠬᠢᠭᠤᠯᠵᠤ᠂ 5.04 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 47.4% ᠪᠠᠷ ᠨᠡᠮᠡᠭᠳᠡᠵᠦ᠂ ᠴᠢᠬᠤᠯᠠ ᠶᠡᠭᠡ ᠲᠥᠷᠦᠯ ᠵᠦᠢᠯ ᠤᠨ ︽ᠦᠷᠦᠭᠡᠨ ᠤ ᠴᠢᠯᠠᠭᠤ︾ ᠶᠢᠨ ᠦᠢᠯᠡᠳᠦᠯ ᠢ ᠦᠷᠭᠦᠯᠵᠢᠯᠡᠨ ᠲᠤᠪᠤᠶᠢᠮ᠎ᠠ ᠪᠠᠳᠠᠷᠠᠭᠤᠯᠪᠠ᠃ ︽ᠬᠡᠷᠡᠭᠯᠡᠭᠡ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠬᠤ︾ ᠶᠢ ᠪᠠᠷᠢᠮᠲᠠᠯᠠᠵᠤ᠂ ᠳᠤᠮᠳᠠᠳᠤ ᠣᠷᠣᠰ ᠮᠣᠩᠭᠤᠯ ᠤᠨ ᠳᠡᠯᠭᠡᠨ ᠪᠣᠷᠣᠯᠠᠭᠤᠯᠬᠤ ᠴᠤᠭᠯᠠᠭᠠᠨ᠂ ᠪᠠᠶᠠᠷ ᠤᠨ ᠡᠳᠦᠷ ᠤᠨ ᠣᠨᠴᠠ ᠬᠠᠷᠠᠭᠠᠯᠵᠠᠯᠲᠤ ᠬᠦᠳᠡᠯᠭᠡᠭᠡᠨ᠂ ︽ᠵᠡᠭᠦᠨ ᠬᠤᠰᠢᠭᠤ ᠶᠢᠨ ᠰᠥᠨᠢ ᠶᠢᠨ ᠵᠠᠬ᠎ᠠ ᠳᠡᠯᠭᠡᠭᠦᠷ︾ ᠵᠡᠷᠭᠡ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠶᠢ 80 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ 83.5 ᠲᠦᠮᠡᠨ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ︽ᠵᠡᠭᠦᠨ ᠬᠤᠰᠢᠭᠤᠨ ᠤ ᠣᠬᠢ ᠰᠤᠩᠭᠤᠯᠲᠠ︾ ᠴᠠᠬᠢᠮ ᠠᠷᠠᠯᠵᠢᠶᠠᠨ ᠤ ID ᠶᠢ ᠬᠦᠭᠵᠢᠶᠡᠨ ᠲᠠᠢ ᠪᠣᠯᠭᠠᠵᠤ᠂ ᠬᠠᠰᠠᠷ ᠠᠶᠢᠮᠠᠭ᠂ ᠴᠤᠸᠠᠨ ᠴᠢ ᠮᠸᠢ ᠢᠥᠢ ᠵᠠᠷᠭᠡ ᠠᠵᠤ ᠠᠬᠤᠢ ᠶᠢᠨ ᠪᠣᠳᠠᠲᠤ ᠴᠣᠭᠴᠠ ᠶᠢ ᠪᠣᠵᠠᠭᠠᠶᠢᠷᠠᠭᠤᠯᠤᠨ᠂ ᠪᠥᠬᠦ ᠵᠢᠯ ᠳᠤ 1.5 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠨᠳᠤᠰᠢ ᠲᠣᠭᠲᠠᠭᠤᠨ ᠪᠠᠶᠢᠵᠤ᠂ ᠬᠦᠳᠡᠯᠬᠡᠭᠴᠢ ᠡᠨᠧᠷᠭᠢ ᠨᠢ ᠭᠦᠶᠴᠡᠳ ᠪᠤᠯᠪᠠ᠃ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠠᠯᠲᠠ ᠠᠴᠠ ᠦᠨᠡᠲᠡᠢ︾ ᠭᠡᠬᠦ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ 423 ᠵᠦᠶᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ 1169 ᠵᠦᠶᠯᠡᠰ ᠢ ︽ᠦᠨᠡᠮᠯᠡᠯ ᠥᠬᠡᠶ ᠪᠠᠷ ᠭᠦᠶᠴᠡᠳᠬᠡᠬᠦ︾ ᠪᠠ ︽ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠪᠡᠶᠡᠯᠡᠭᠦᠯᠵᠦ᠂ 3 ᠲᠦᠮᠡᠨ ᠵᠤᠷᠪᠤᠰ ᠮᠡᠳᠡᠭᠡ ᠵᠠᠩᠭᠢ ᠪᠠᠷ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢ ᠲᠤᠯᠭᠠᠭᠤᠷᠢᠯᠠᠵᠤ᠂ ᠬᠤᠳᠠᠯᠳᠤᠭᠠᠨ ᠤ ᠶᠠᠪᠤᠳᠠᠯ ᠢ ᠳᠡᠩᠰᠡᠯᠡᠨ ᠲᠡᠮᠳᠡᠭᠯᠡᠬᠦ᠂ ᠲᠤᠭᠳᠠᠮᠠᠯ ᠬᠦᠷᠦᠩᠭᠡ ᠶᠢ ᠲᠠᠩᠰᠠᠯᠠᠨ ᠪᠦᠷᠢᠳᠬᠡᠬᠦ ᠶᠢ ᠢᠷᠡᠮᠡᠭᠴᠡ ᠭᠦᠶᠴᠡᠳᠬᠡᠬᠦ᠂ ᠬᠤᠤᠰ ᠰᠤᠭᠤᠴᠢᠨ ᠪᠠᠶᠢᠴᠠᠭᠠᠯᠳᠠ ᠶᠢᠨ ᠪᠥᠬᠦ ᠠᠯᠬᠤᠮ ᠲᠠᠷᠠᠭᠠᠯᠠᠯ ᠢ ᠡᠮᠬᠢᠯᠡᠨ ᠨᠡᠶᠢᠯᠡᠭᠦᠯᠵᠦ᠂ ᠲᠥᠷᠥᠯ ᠵᠦᠶᠯ ᠤᠨ ︽ᠪᠥᠬᠦ ᠦᠶᠡᠯᠡᠯ ᠤᠨ ᠬᠤᠭᠤᠴᠠᠭ᠎ᠠ︾ ᠳᠤ ᠦᠢᠯᠡᠴᠢᠯᠡᠬᠦ ᠬᠡᠪ ᠵᠠᠭᠪᠤᠷ ᠢ ᠪᠥᠬᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠨ ᠪᠠᠲᠤᠯᠠᠬᠤ ᠴᠢᠳᠠᠪᠤᠷᠢ ᠶᠢ ᠢᠯᠡᠳᠲᠡ ᠳᠡᠭᠡᠭᠰᠢᠭᠦᠯᠪᠠ᠃          —— ᠳᠠᠪᠠᠭᠤᠯᠢᠭ ᠠᠵᠤ ᠦᠢᠯᠡᠰ ᠢ ᠪᠠᠬᠢᠵᠢᠭᠦᠯᠦᠨ ᠬᠦᠭᠵᠢᠭᠦᠯᠪᠡ᠃ ︽ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠮᠠᠯᠵᠢᠯ ᠤᠨ ᠤᠨ ᠤ ᠲᠡᠵᠢᠬᠡᠵᠤ ᠪᠠᠶᠢᠭ᠎ᠠ ᠮᠠᠯ ᠤᠨ ᠲᠤᠭ᠎ᠠ ᠲᠣᠯᠣᠭᠠᠢ 126.9 ᠲᠦᠮᠡ ᠳᠤ ᠬᠦᠷᠴᠦ᠂ 49.9 ᠲᠦᠮᠡᠨ ᠮᠠᠯ ᠢ ᠪᠣᠷᠤᠯᠠᠭᠤᠯᠵᠤ᠂ ᠰᠦᠨ ᠤ ᠭᠠᠷᠤᠯᠲᠠ 1.3 ᠳᠠᠬᠢᠨ ᠨᠡᠮᠡᠭᠳᠡᠨ᠂ ᠮᠢᠬᠠᠨ ᠤ ᠭᠠᠷᠤᠯᠲᠠ 9 % ᠪᠠᠷ ᠨᠡᠮᠡᠭᠳᠡᠵᠦ᠂ ᠠᠮᠤ ᠪᠤᠳᠠᠭᠠᠨ ᠤ ᠭᠠᠷᠤᠯᠲᠠ 1 ᠳ᠋ᠦᠩᠰᠢᠭᠤᠷ ᠵᠢᠩ ᠳᠤ ᠲᠣᠭᠲᠠᠭᠤᠨ ᠪᠠᠶᠢᠵᠤ᠂ 1.1 ᠲᠦᠮᠡᠨ ᠮᠥ ᠬᠢᠶᠠᠭ ᠡᠪᠡᠰᠦ᠂ 6.3 ᠲᠦᠮᠡᠨ ᠮᠥ ᠴᠠᠷᠭᠠᠰᠤ ᠳᠠᠷᠢᠵᠤ᠂ ᠲᠠᠷᠢᠮᠠᠯ ᠤᠨ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠡᠭᠦᠷᠭᠡ ᠶᠢ 29 ᠲᠦᠮᠡᠨ ᠮᠥ ᠪᠡᠶᠡᠯᠡᠭᠦᠯᠪᠡ᠃ ︽ᠵᠡᠭᠦᠨ ᠬᠤᠰᠢᠭᠤᠨ ᠤ ᠲᠠᠷᠢᠶᠠᠯᠠᠩ ᠤᠨ ᠲᠤᠰᠬᠤᠨ︾ ᠤ ᠲᠦᠷᠦᠯ ᠵᠦᠢᠯ ᠢ ᠤᠷᠤᠭᠰᠢᠲᠠᠢ ᠪᠠᠶᠢᠭᠤᠯᠵᠤ᠂ ᠲᠢᠶᠠᠨ ᠱᠦᠨ ᠰᠢᠶᠠᠩ ᠪᠦᠲᠦᠭᠡᠭᠳᠡᠬᠦᠨ ᠨᠢ ︽ᠦᠪᠦᠷ ᠮᠣᠩᠭᠤᠯ︾ ᠲᠡᠮᠳᠡᠭᠲᠦ ᠪᠠᠷ ᠭᠡᠷᠡᠴᠢᠯᠡᠭᠳᠡᠵᠦ᠂ 2 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠠᠮᠵᠢᠯᠲᠠ ᠲᠠᠢ ᠪᠤᠶᠢᠵᠢᠭᠤᠯᠵᠤ᠂ ᠭᠤᠣᠯ ᠪᠣᠯᠬᠤ ᠮᠠᠯ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠤᠭᠰᠠᠨ ᠨᠣᠷᠮ᠎ᠠ 75 % ᠳᠤ ᠬᠦᠷᠴᠦ᠂ ᠳᠡᠭᠡᠷ᠎ᠡ ᠵᠢᠯ ᠤᠨ ᠬᠢ ᠠᠴᠠ 39 % ᠪᠠᠷ ᠨᠡᠮᠡᠭᠳᠡᠪᠡ᠃ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠠᠩᠬᠠᠳᠠᠭᠴᠢ ︽ᠰᠢᠨᠵᠢᠯᠡᠭᠡ ᠮᠡᠷᠭᠡᠵᠢᠯ ᠤᠨ ᠵᠢᠵᠢᠭ ᠥᠷᠲᠡᠭᠡ︾ ᠫᠠᠶᠢᠰᠠ ᠪᠠᠨ ᠰᠡᠬᠦᠵᠦ᠂ 2 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠴᠢᠨᠠᠷᠲᠠᠢ ᠳᠤᠮᠳᠠ ᠵᠢᠵᠢᠭ ᠠᠵᠤ ᠠᠬᠤᠶᠢᠯᠠᠯ ᠢ ᠬᠢᠨᠠᠨ ᠲᠣᠭᠲᠠᠭᠠᠵᠤ ᠳᠠᠩᠰᠠᠯᠠᠬᠤ ᠳᠤ ᠬᠢᠷᠢ ᠲᠡᠩᠴᠡᠵᠤ᠂ ᠪᠥᠬᠦ ᠬᠤᠰᠢᠭᠤᠨ ᠳᠤ ᠰᠢᠨᠵᠢᠯᠡᠭᠡ ᠮᠡᠷᠭᠡᠵᠢᠯ ᠤᠨ ᠴᠢᠨᠠᠷᠲᠠᠢ ᠠᠵᠤ ᠠᠬᠤᠶᠢᠯᠠᠯ ᠥᠬᠡᠶ ᠪᠠᠶᠢᠭᠰᠠᠨ ᠬᠤᠭᠤᠰᠣᠨ ᠢ ᠨᠥᠬᠦᠪᠥᠷᠢᠯᠡᠪᠡ᠃ 1 ᠡᠷᠦᠬᠡ ᠬᠡᠷ ᠪᠦᠯᠢ ᠶᠢᠨ ᠮᠠᠯᠵᠢᠯ ᠤᠨ ᠲᠠᠯᠠᠪᠠᠶ ᠨᠢ ᠬᠥᠯᠥᠨ ᠪᠤᠶᠢᠷ ᠬᠤᠲᠠ ᠶᠢᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠮᠣᠷᠢᠨ ᠤ ᠡᠭᠦᠯᠳᠡᠷ ᠬᠠᠮᠠᠭᠠᠯᠠᠬᠤ ᠲᠠᠯᠠᠪᠠᠶ ᠪᠠᠷ ᠦᠨᠡᠯᠡᠭᠳᠡᠵᠦ᠂ ᠮᠠᠯ ᠤᠨ ᠡᠮᠴᠢ ᠶᠢᠨ ᠨᠡᠶᠢᠭᠡᠮᠴᠢᠯᠡᠭᠰᠡᠨ ᠦᠶᠯᠡᠴᠢᠯᠡᠭᠡ ᠨᠢ ᠪᠥᠬᠦ ᠬᠤᠲᠠ ᠶᠢᠨ ᠭᠡᠪ ᠳᠠᠭᠤᠷᠢᠶᠠᠯ ᠪᠣᠯᠪᠠ᠃ ︽ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠰ ᠳᠡᠪᠰᠢᠭᠦᠯᠬᠦ ᠠᠵᠢᠯᠯᠠᠭ᠎ᠠ︾ ᠶᠢ ᠪᠦᠬᠦ ᠲᠠᠯ᠎ᠠ ᠪᠠᠷ ᠥᠷᠨᠢᠭᠦᠯᠵᠦ᠂ ᠨᠡᠶᠢᠲᠡ 5800 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠠᠯ᠎ᠠ ᠨᠤᠲᠤᠭ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠠᠨ ᠰᠤᠷᠭᠠᠯᠲᠠ ᠶᠢᠨ ᠲᠤᠷᠰᠢᠯᠲᠠ ᠶᠢᠨ ᠰᠠᠭᠤᠷᠢᠨ ᠭᠠᠵᠠᠷ ᠵᠡᠷᠭᠡ ᠨᠢᠭᠡ ᠪᠦᠯᠦᠭ ᠵᠢᠭᠤᠯᠴᠢᠯᠠᠯ ᠤᠨ ᠦᠢᠯᠡᠰ ᠢ ᠥᠷᠭᠡᠳᠬᠡᠬᠦ ᠲᠥᠷᠥᠯ ᠵᠦᠢᠯ ᠢ ᠪᠣᠲᠠᠲᠠᠶᠢᠵᠢᠭᠤᠯᠪᠠ᠃ ᠠᠮᠤᠭᠤᠯᠠᠩ ᠪᠠᠯᠭᠠᠰᠤᠨ ᠤ ︽ᠨᠢᠭᠡ ᠡᠳᠦᠷ ᠤᠨ ᠵᠤᠭᠠᠴᠠᠯ︾ ᠤᠨ ᠱᠤᠭᠤᠮ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠬᠤᠪᠢ ᠶᠢᠨ ᠮᠠᠰᠢᠨ ᠢᠶᠠᠷ ᠵᠤᠭᠠᠴᠠᠬᠤ ᠰᠣᠳᠣᠨ ᠱᠤᠭᠤᠮ ᠳᠤ ᠰᠣᠩᠭᠤᠭᠳᠠᠨ ᠣᠷᠣᠵᠤ᠂ ︽ᠲᠠᠯ᠎ᠠ ᠨᠤᠲᠤᠭ ᠤᠨ ᠨᠠᠭᠠᠳᠤᠮ︾ ᠢᠶᠠᠷ ᠲᠠᠮᠵᠢᠭᠤᠯᠤᠨ 3000 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠨ᠂ ᠬᠢᠯᠢ ᠠᠯᠤᠰᠯᠠᠭᠰᠠᠨ ᠵᠢᠭᠤᠯᠴᠢᠯᠠᠯ ᠨᠢ ᠵᠠᠬ᠎ᠠ ᠲᠡᠯᠭᠡᠭᠦᠷᠴᠢᠯᠡᠭᠰᠡᠨ ᠡᠵᠡᠩᠨᠡᠯᠳᠡ ᠪᠠᠨ ᠪᠡᠶᠡᠯᠡᠭᠦᠯᠪᠡ᠃ 3 ᠬᠤᠰᠢᠭᠤ ᠬᠤᠲᠠ ᠲᠣᠭᠤᠷᠢᠭ ᠯᠤᠭ᠎ᠠ ᠵᠢᠭᠤᠯᠴᠢᠯᠠᠯ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠣᠭᠲᠠᠵᠤ᠂ ︽ᠬᠠᠮᠤᠭ ᠤᠨ ᠭᠤᠶᠣ G 331︾ ᠵᠢᠭᠤᠯᠴᠢᠯᠠᠯ ᠤᠨ ᠵᠠᠮ ᠱᠤᠭᠤᠮ ᠢ ᠬᠤᠯᠪᠣᠨ ᠨᠡᠶᠢᠯᠡᠬᠦᠯᠵᠦ ᠲᠠᠨᠢᠯᠴᠠᠭᠤᠯᠬᠤ ᠶᠢ ᠪᠡᠶᠡᠯᠡᠭᠦᠯᠪᠡ᠃ ᠨᠣᠮᠣᠨ ᠬᠠᠨ ᠤ ᠳᠠᠶᠢᠨ ᠤ ᠦᠯᠡᠳᠡᠭᠳᠡᠯ ᠤᠨ ᠦᠵᠡᠮᠵᠢ ᠶᠢᠨ ᠣᠷᠣᠨ ᠨᠢ ᠬᠤᠲᠠ ᠶᠢᠨ ᠲᠠᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠦᠶᠯᠡᠳᠦᠯᠭᠡ ᠬᠥᠮᠦᠵᠢᠯ ᠤᠨ ᠰᠠᠭᠤᠷᠢᠨ ᠭᠠᠵᠠᠷ ᠢᠶᠠᠷ ᠰᠣᠩᠭᠤᠭᠳᠠᠵᠤ᠂ ᠲᠣᠭᠤᠷᠢᠨ ᠦᠵᠡᠭᠰᠡᠨ ᠬᠥᠮᠦᠨ ᠤ ᠲᠤᠭ᠎ᠠ 7.5 ᠳᠠᠬᠢᠨ ᠨᠡᠮᠡᠭᠳᠡᠪᠡ᠃ ᠪᠥᠬᠦ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ U25 ᠵᠠᠯᠠᠭᠤᠴᠤᠳ ᠤᠨ ᠤᠯᠠᠮᠵᠢᠯᠠᠯᠲᠤ ᠪᠥᠬᠡ ᠶᠢᠨ ᠤᠷᠤᠯᠳᠤᠭᠠᠨ ᠵᠡᠷᠭᠡ ᠤᠷᠤᠨ ᠪᠠ ᠬᠤᠲᠠ ᠶᠢᠨ ᠲᠡᠰ ᠤᠨ ᠤᠷᠤᠯᠳᠤᠭᠠᠨ ᠢ 5 ᠲᠠᠯᠠᠪᠤᠷ ᠳᠠᠭᠠᠭᠠᠨ ᠡᠷᠭᠢᠯᠡᠵᠦ᠂ ᠲᠣᠯᠢᠶᠠᠲᠤ ᠪᠥᠬᠡ ᠶᠢᠨ ᠰᠢᠷᠢᠰ ᠤᠷᠤᠯᠳᠤᠭᠠᠨ ᠨᠢ ᠬᠤᠲᠠ ᠶᠢᠨ ᠲᠠᠰ ᠤᠨ ᠰᠢᠯᠢᠳᠡᠭ ᠨᠠᠷᠠᠲᠤ ᠲᠥᠷᠥᠯ ᠲᠡᠮᠳᠡᠭᠲᠦ ᠤᠷᠤᠯᠳᠤᠭᠠᠨ ᠢᠶᠠᠷ ᠦᠨᠡᠯᠡᠭᠳᠡᠪᠡ᠃ 1 ᠭᠤᠷᠪᠠᠨ ᠣᠳᠣᠨ ᠲᠡᠰ ᠤᠨ ᠵᠤᠭᠠᠴᠠᠯ ᠤᠨ ᠪᠠᠭᠤᠳᠠᠯ ᠠᠮᠵᠢᠯᠲᠠ ᠲᠠᠢ ᠦᠨᠡᠯᠡᠭᠳᠡᠵᠦ᠂ ᠠᠮᠤᠭᠤᠯᠠᠩ ᠪᠠᠯᠭᠠᠰᠤᠨ ᠤ ᠳᠥᠷᠪᠡᠨ ᠣᠳᠣᠨ ᠲᠡᠰ ᠤᠨ ᠪᠠᠭᠤᠳᠠᠯ ᠢ ᠡᠬᠢᠯᠡᠨ ᠪᠠᠶᠢᠭᠤᠯᠪᠠ᠃ ᠪᠦᠬᠦ ᠵᠢᠯ ᠳᠤ ᠵᠤᠭᠠᠴᠠᠭᠰᠠᠳ ᠢ 127 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 16.21 ᠳ᠋ᠦᠩᠰᠢᠭᠤᠷ ᠲᠥᠭᠦᠷᠢᠭ ᠢ ᠳᠠᠪᠠᠵᠤ᠂ ᠵᠤᠭᠠᠴᠠᠭᠰᠠᠳ ᠪᠣᠯᠤᠨ ᠵᠤᠭᠠᠴᠠᠯ ᠤᠨ ᠣᠷᠣᠯᠭ᠎ᠠ ᠨᠠᠢᠮᠠᠨ ᠳᠠᠬᠢᠨ ᠨᠡᠮᠡᠭᠳᠡᠪᠡ᠃ ︽ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠰᠢᠪᠳᠤᠯᠤᠯᠳᠠ ᠶᠢᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠢ ᠶᠦᠨ ᠭᠠᠳᠠᠭᠠᠳᠤ ᠠᠴᠠ ᠣᠷᠣᠭᠤᠯᠤᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ᠂ ᠳ᠋ᠠᠴᠢᠩ ᠤᠨ ᠲᠦᠭᠦᠬᠡᠢ ᠲᠣᠰᠣᠨ ᠤ ᠲᠡᠭᠡᠭᠡᠪᠦᠷᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠢ ᠬᠤᠭᠤᠴᠠᠭ᠎ᠠ ᠶᠣᠰᠣᠭᠠᠷ ᠪᠠᠷᠢᠯᠭ᠎ᠠ ᠳᠠᠭᠤᠰᠬᠠᠵᠤ᠂ 2 ᠳ᠋ᠤᠭᠠᠷ ᠨᠣᠮᠧᠷᠲᠤ ᠬᠢᠯᠢ ᠶᠢᠨ ᠭᠤᠣᠯ ᠤᠨ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ 34 ᠭᠤᠣᠯᠳᠠᠯᠭ᠎ᠠ ᠲᠠᠢ ᠵᠦᠢᠯᠡᠰ ᠲᠤ ᠵᠢᠭᠰᠠᠭᠠᠨ ᠣᠷᠣᠭᠤᠯᠪᠠ᠃ ᠠᠶᠠᠨᠴᠢᠳ ᠤᠨ ᠲᠡᠭᠡᠭᠡᠪᠦᠷᠢ ᠶᠢᠨ ᠪᠣᠭᠤᠮᠲᠠ ᠥᠩᠭᠡᠷᠡᠬᠦ ᠪᠠ ᠬᠠᠷᠢᠯᠴᠠᠨ ᠬᠤᠳᠠᠯᠳᠤᠭᠠᠯᠠᠬᠤ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠡᠵᠡᠩᠨᠡᠯᠲᠡ ᠶᠢ ᠰᠡᠷᠭᠦᠭᠡᠵᠦ᠂ ᠬᠥᠯᠥᠨ ᠪᠤᠶᠢᠷ ᠬᠤᠲᠠ ᠶᠢᠨ ᠴᠢᠨᠠᠷ ᠰᠠᠶᠢᠲᠠᠶ ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠬᠤ ᠰᠢᠨ᠎ᠡ ᠵᠠᠮ ᠢ ᠨᠡᠭᠡᠭᠡᠪᠡ᠃ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠯᠤᠭ᠎ᠠ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢᠨ ᠲᠠᠯᠠᠪᠠᠢ ᠶᠢ ᠬᠠᠮᠳᠤᠪᠠᠷ ᠪᠦᠲᠦᠭᠡᠨ ᠪᠠᠶᠢᠭᠤᠯᠬᠤ ᠬᠡᠯᠡᠯᠴᠡᠭᠡᠷ ᠲᠣᠭᠲᠠᠵᠤ᠂ ︽ᠭᠡᠷ᠎ᠡ ᠲᠤᠭᠳᠠᠮᠠᠭᠴᠠ ᠡᠬᠢᠯᠡᠬᠦᠯᠵᠤ᠂ ᠡᠬᠢᠯᠡᠮᠡᠭᠴᠡ ᠲᠦᠯᠬᠢᠨ ᠠᠬᠢᠭᠤᠯᠬᠤ︾ ᠶᠢ ᠪᠡᠶᠡᠯᠡᠬᠦᠯᠪᠡ᠃ ᠲᠦᠭᠦᠬᠡᠶ ᠴᠢᠯᠠᠭᠤᠨ ᠲᠣᠰᠣᠨ ᠤ ᠭᠠᠳᠠᠭᠠᠳᠤ ᠣᠷᠣᠭᠤᠯᠤᠯᠲᠠ ᠰᠠᠭᠠᠳ ᠥᠬᠡᠶ ᠨᠡᠪᠳᠡᠷᠡᠵᠤ᠂ ᠨᠡᠭᠦᠷᠡᠰᠦᠨ ᠤ ᠭᠠᠳᠠᠭᠠᠳᠤ ᠣᠷᠣᠭᠤᠯᠤᠯᠲᠠ ᠬᠡᠪ ᠤᠨ ᠪᠠᠶᠢᠳᠠᠯ ᠳᠤ ᠤᠷᠤᠵᠤ᠂ ᠪᠣᠭᠤᠮᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ 25 ᠳ᠋ᠦᠩᠰᠢᠭᠤᠷ ᠲᠥᠭᠦᠷᠢᠭ ᠲᠤ ᠬᠦᠷᠴᠦ᠂ 49 % ᠪᠠᠷ ᠨᠡᠮᠡᠭᠳᠡᠪᠡ᠃          —— ᠪᠠᠶᠢᠭᠠᠯᠢᠯᠢᠭ ᠠᠭᠤᠯᠤᠭᠳᠠᠬᠤᠨ ᠢ ᠤᠯᠠᠮ ᠭᠦᠨᠵᠡᠭᠡᠶᠢᠷᠡᠭᠦᠯᠦᠭᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠲᠠᠯ᠎ᠠ ᠨᠤᠳᠤᠭ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 8. 35 ᠲᠦᠮᠡᠨ ᠮᠥ ᠪᠡᠶᠡᠯᠡᠭᠦᠯᠵᠦ᠂ ᠪᠥᠬᠦ ᠠᠷᠠᠳ ᠢᠶᠠᠷ ᠢᠶᠠᠨ ᠰᠠᠶᠢᠨ ᠳᠤᠷ᠎ᠠ ᠠᠴᠠ ᠪᠠᠨ 6 ᠲᠦᠮᠡᠨ ᠡᠰᠢ ᠮᠣᠳᠣ ᠳᠠᠷᠢᠵᠤ᠂ 3000 ᠮᠥ ᠣᠶ ᠰᠢᠭᠤᠶ ᠶᠢᠨ ᠶᠠᠰᠤ ᠴᠢᠨᠠᠷ ᠢ ᠨᠠᠷᠢᠯᠢᠭ ᠤᠨᠤᠪᠴᠢᠲᠠᠢ ᠳᠡᠭᠡᠭᠰᠢᠯᠡᠭᠦᠯᠵᠦ᠂ 408 ᠲᠦᠮᠡᠨ ᠮᠥ ᠣᠶ ᠰᠢᠭᠤᠶ᠂ ᠲᠠᠯ᠎ᠠ ᠨᠤᠳᠤᠭ ᠤᠨ ᠬᠤᠤᠷᠲᠤ ᠠᠮᠢᠳᠤ ᠪᠣᠳᠠᠰ ᠢ ᠰᠡᠷᠭᠡᠶᠢᠯᠡᠨ ᠵᠠᠰᠠᠵᠤ᠂ 1 ᠲᠦᠮᠡᠨ ᠮᠥ ᠡᠯᠡᠰᠦ ᠶᠢ ᠵᠠᠰᠠᠵᠤ᠂ ᠴᠠᠭᠠᠨ ᠪᠠᠯᠭᠠᠰᠤᠨ ᠤ ᠰᠢᠭᠤᠶ ᠶᠢᠨ ᠲᠠᠯᠠᠪᠠᠶ ᠨᠢ ︽ᠪᠥᠬᠦ ᠤᠯᠤᠰ ᠤᠨ ᠡᠯᠡᠰᠦᠷᠬᠡᠭᠵᠢᠯ ᠢ ᠰᠡᠷᠬᠡᠶᠢᠯᠡᠨ ᠵᠠᠰᠠᠭᠰᠠᠨ ᠲᠡᠷᠢᠭᠦᠨ ᠤ ᠬᠠᠮᠲᠤ ᠨᠡᠶᠢᠳᠡ︾ ᠶᠢᠨ ᠢᠷᠠᠭᠤ ᠠᠯᠳᠠᠷ ᠢ ᠭᠥᠷᠳᠡᠪᠡ᠃ ᠠᠭᠠᠷ ᠤᠨ ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ 99.7% ᠳᠤ ᠬᠥᠷᠪᠡ᠃ ᠦᠨᠳᠦᠰᠦᠨ ᠲᠠᠯ᠎ᠠ ᠨᠤᠳᠤᠭ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠠᠵᠢᠯ ᠢ ᠤᠷᠤᠭᠰᠢᠲᠠᠶ ᠲᠠᠭᠤᠰᠬᠠᠵᠤ᠂ ᠬᠤᠶᠠᠷ ᠬᠡᠰᠡᠭ ᠵᠢᠵᠢᠭ ᠨᠤᠭᠤ ᠭᠠᠵᠠᠷ ᠢ ᠮᠠᠭᠠᠳᠯᠠᠨ ᠲᠣᠭᠲᠠᠭᠠᠵᠤ᠂ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠪᠡ᠃ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠢ ᠬᠡᠷᠡᠭᠵᠢᠭᠦᠯᠵᠦ᠂ ᠬᠥᠯᠥᠨ ᠨᠠᠭᠤᠷ ᠤᠨ ᠤᠰᠤᠨ ᠤ ᠲᠠᠯᠠᠪᠠᠶ ᠪᠠ ᠤᠰᠤᠨ ᠤ ᠬᠡᠮᠵᠢᠶ᠎ᠡ ᠨᠢ ᠲᠡᠥᠬᠡ ᠶᠢᠨ ᠬᠠᠮᠤᠭ ᠰᠠᠶᠢᠨ ᠲᠦᠪᠰᠢᠨ ᠳᠤ ᠣᠶᠢᠷᠠᠲᠤᠪᠠ᠃ 25. 21 ᠮᠥ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠶ ᠪᠠ 19.85 ᠮᠥ ᠰᠤᠯᠠ ᠪᠠᠶᠢᠭ᠎ᠠ ᠭᠠᠵᠠᠷ ᠰᠢᠷᠣᠶ ᠶᠢ ᠵᠣᠬᠢᠴᠠᠭᠤᠯᠤᠨ ᠰᠢᠶᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠮᠠᠯᠲᠠᠭᠰᠠᠨ ᠨᠦᠬᠡ ᠶᠢ ᠵᠠᠰᠠᠬᠤ ᠭᠤᠤᠯ ᠴᠤᠭᠴᠠᠲᠤ ᠢᠨᠵᠧᠨᠧᠷᠢᠩ ᠢ 1615 ᠮᠥ ᠪᠡᠶᠡᠯᠡᠭᠦᠯᠪᠡ᠃ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ︾ ᠶᠢ ᠤᠷᠤᠭᠰᠢᠲᠠᠢ ᠡᠬᠢᠯᠡᠭᠦᠯᠵᠦ᠂ ᠣᠢ ᠰᠢᠭᠤᠢ ᠲᠠᠯ᠎ᠠ ᠨᠤᠳᠤᠭ ‍ᠦᠨ‌ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠡᠭᠦᠷᠡᠰᠦᠨ ᠳᠠᠪᠬᠤᠷᠭ᠎ᠠ ᠶᠢᠨ ᠬᠡᠢ ᠪᠠ ᠭᠠᠵᠠᠷ ᠤᠨ ᠢᠯᠴᠢ ᠶᠢ ᠬᠠᠶᠢᠨ ᠪᠠᠶᠢᠴᠠᠭᠠᠬᠤ ᠠᠵᠢᠯ ᠢ ᠪᠡᠶᠡᠯᠡᠭᠦᠯᠵᠤ᠂ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠡᠬᠢᠯᠡᠭᠦᠯᠪᠡ᠃          —— ᠬᠤᠲᠠ ᠬᠥᠳᠡᠭᠡ ᠶᠢᠨ ᠠᠮᠢᠳᠤᠷᠠᠯ ᠤᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ︽ᠠᠷᠠᠳ ᠲᠦᠮᠡᠨ ᠤ ᠬᠤᠲᠠ ᠠᠷᠠᠳ ᠲᠦᠮᠡᠨ ᠳᠤ ᠦᠶᠯᠡᠴᠢᠯᠡᠬᠦ︾ ᠶᠢ ᠦᠶᠯᠡᠳᠦᠯᠭᠡᠵᠢᠭᠦᠯᠵᠦ᠂ 2 ᠬᠠᠭᠤᠴᠢᠨ ᠰᠠᠭᠤᠭᠠᠯᠢ ᠲᠣᠭᠤᠷᠢᠭ ᠤᠨ 10 ᠣᠷᠣᠨ ᠰᠠᠭᠤᠴᠠ ᠶᠢᠨ ᠠᠰᠠᠷ ᠤᠨ ᠳᠤᠯᠠᠭᠠᠯᠠᠭ᠎ᠠ ᠬᠠᠩᠭᠠᠬᠤ ᠬᠤᠭᠤᠯᠠᠶ ᠶᠢ ᠥᠭᠡᠷᠡᠴᠢᠯᠡᠪᠡ︔ 4000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠤᠯᠠᠭᠠᠯᠠᠯᠭ᠎ᠠ ᠶᠢ ᠭᠠᠵᠠᠷ ᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠳᠠᠭᠤᠰᠬᠠᠵᠤ᠂ ᠳᠤᠯᠠᠭᠠᠯᠠᠭ᠎ᠠ ᠶᠢ ᠪᠠᠳᠤᠯᠠᠬᠤ ᠲᠠᠯ᠎ᠠ ᠪᠠᠷ ᠨᠡᠩ ᠠᠮᠤᠷ ᠲᠦᠪᠰᠢᠨ ᠪᠦᠲᠦᠮᠵᠢ ᠲᠠᠢ ᠰᠠᠶᠢᠬᠠᠨ ᠪᠣᠯᠪᠠ᠃ ᠪᠠᠯᠭᠠᠰᠤᠨ ᠤ ᠲᠤᠭᠤᠷᠢᠭ ᠤᠨ ᠤᠰᠤᠨ ᠤ ᠬᠠᠩᠭᠠᠯᠭ᠎ᠠ ᠶᠢᠨ ᠤᠶᠤᠨᠴᠢᠯᠠᠯᠳᠠ ᠪᠠ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ 2.5 ᠺᠢᠯᠤᠮᠧᠲᠷ ᠪᠣᠬᠢᠷ ᠤᠰᠤᠨ ᠤ ᠬᠤᠭᠤᠯᠠᠢ ᠶᠢᠨ ᠲᠤᠤᠷ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠵᠠᠰᠠᠵᠤ᠂ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠪᠠᠷᠢᠮᠵᠢᠶᠠᠨ ᠳᠤ ᠬᠦᠷᠦᠭᠰᠡᠨ ᠨᠣᠷᠮ᠎ᠠ ᠶᠢ 100 % ᠳᠤ ᠬᠦᠷᠬᠡᠪᠡ᠃ ᠬᠤᠲᠠ ᠶᠢᠨ ᠨᠣᠭᠤᠭᠠᠷᠠᠭᠤᠯᠤᠯᠲᠠ ᠶᠢ 3.5 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠪᠢᠴᠢᠯ ᠴᠡᠴᠡᠷᠯᠢᠭ ᠪᠠ ᠪᠦᠬᠦ ᠠᠷᠠᠳ ᠤᠨ ᠬᠥᠳᠡᠯᠭᠡᠭᠡᠨ ᠤ ᠲᠠᠯᠠᠪᠤᠷ ᠢ 10 ᠰᠠᠭᠤᠷᠢ ᠪᠠᠶᠢᠭᠤᠯᠵᠤ᠂ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠬᠡᠪᠡ᠃ ᠬᠤᠲᠠ ᠶᠢᠨ ᠦᠵᠡᠮᠵᠢ ᠶᠢᠨ ᠡᠮᠬᠢ ᠳᠢᠭᠯᠢᠮ ᠢ ᠲᠥᠪᠯᠡᠷᠡᠭᠦᠯᠦᠨ ᠴᠡᠭᠴᠡᠯᠡᠵᠦ ᠵᠠᠰᠠᠬᠤ ᠶᠢ ᠥᠷᠨᠢᠭᠦᠯᠵᠦ᠂ ᠬᠤᠲᠠ ᠶᠢᠨ ᠵᠠᠬᠢᠷᠭᠠᠨ ᠤ ᠵᠠᠮ ᠢ ᠮᠠᠰᠢᠨᠴᠢᠯᠠᠨ ᠴᠡᠪᠡᠷᠯᠡᠭᠰᠡᠨ ᠨᠣᠷᠮ᠎ᠠ 62% ᠲᠤ ᠬᠦᠷᠪᠡ︔ ᠪᠠᠯᠭᠠᠰᠤᠨ ᠤ ᠲᠣᠭᠤᠷᠢᠭ ᠲᠠᠬᠢ ᠵᠠᠮ ᠱᠤᠭᠤᠮ ᠢ ᠳᠦᠷᠢᠮᠵᠢᠭᠦᠯᠦᠨ ᠨᠡᠷᠡᠶᠢᠳᠬᠦ ᠪᠠ ᠨᠡᠷ᠎ᠡ ᠶᠢ ᠬᠠᠯᠠᠬᠤ ᠠᠵᠢᠯ ᠢ ᠠᠬᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠤᠷᠮ᠎ᠠ ᠶᠢ 93% ᠪᠣᠯᠭᠠᠨ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠰᠢᠨ᠎ᠡ ᠳᠡᠭᠲᠡᠷ ᠲᠤ ᠭᠠᠷᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ 6500 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠵᠡᠷᠭᠡ 19 ᠲᠦᠷᠦᠯ ᠵᠦᠢᠯ ᠢ ᠬᠡᠷᠡᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠳᠤᠮᠳᠠᠴᠢ ᠪᠠᠷ 25 ᠲᠦᠮᠡᠨ ᠲᠥᠭᠦᠷᠢᠭ ᠢ ᠳᠠᠪᠠᠵᠤ᠂ 3 ᠭᠠᠴᠠᠭᠠᠨ ᠤ ᠣᠷᠣᠯᠭ᠎ᠠ 100 ᠲᠦᠮᠡᠨ ᠲᠥᠭᠦᠷᠢᠭ ᠢ ᠳᠠᠪᠠᠪᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠬᠢᠯᠢ ᠳᠠᠭᠠᠤ ᠳᠠᠬᠢ ᠨᠡᠯᠢᠶᠡᠳ ᠲᠤᠮᠤ ᠭᠠᠴᠠᠭᠠᠨ ᠳᠤ 12.6 ᠺᠢᠯᠣᠮᠧᠲᠷ ᠵᠠᠮ ᠢ ᠬᠠᠲᠠᠭᠤᠷᠠᠭᠤᠯᠤᠨ ᠵᠠᠰᠠᠵᠤ᠂ 165.7 ᠺᠢᠯᠣᠮᠧᠲᠷ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠡᠶᠡᠯᠡᠬᠦᠯᠪᠡ᠃ 170 ᠰᠠᠭᠤᠷᠢ ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠪᠠᠶᠢᠭᠤᠯᠵᠤ᠂ ᠣᠷᠣᠰᠢᠨ ᠰᠠᠭᠤᠷᠢᠰᠢᠬᠤ ᠨᠦᠭᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ︽ᠬᠤᠰᠢᠭᠤᠴᠢ ᠭᠠᠯᠠᠭᠤ ᠪᠠᠷ ᠬᠥᠲᠥᠯᠥᠨ ᠳᠠᠭᠠᠭᠤᠯᠬᠤ︾ ᠵᠡᠷᠭᠡ ᠴᠢᠳᠠᠪᠤᠷᠢᠲᠠᠨ ᠤᠷᠢᠬᠤ ᠲᠥᠯᠥᠪᠯᠡᠭᠡ ᠶᠢ ᠬᠡᠷᠡᠭᠵᠢᠭᠦᠯᠵᠦ᠂ 696 ᠮᠡᠷᠭᠡᠵᠢᠯ ᠤᠨ ᠴᠢᠳᠠᠪᠤᠷᠢᠲᠠᠨ ᠢ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠦᠶᠯᠡᠴᠢᠯᠡᠭᠦᠯᠪᠡ᠃ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠷᠢᠯᠢᠭ ᠨᠠᠶᠢᠳᠠᠪᠤᠷᠢᠵᠢᠭᠤᠯᠵᠤ᠂ ᠶᠡᠭᠡ ᠬᠡᠪᠴᠢᠶᠡᠨ ᠤ ᠶᠠᠳᠠᠭᠤᠷᠠᠯ ᠠᠴᠠ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠪᠠ᠃ ᠬᠠᠨᠳᠠᠭᠠᠶ ᠰᠤᠮᠤ ︽ᠭᠤᠷᠪᠠᠳᠤᠭᠠᠷ ᠡᠭᠡᠯᠵᠢ ᠶᠢᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤ︾ ᠪᠠᠷ ᠦᠨᠡᠯᠡᠭᠳᠡᠪᠡ᠃          —— ᠠᠷᠠᠳ ᠤᠨ ᠠᠮᠢᠳᠤᠷᠠᠯ ᠤᠨ ᠠᠵᠠ ᠵᠢᠷᠭᠠᠯ ᠢ ᠤᠯᠠᠮ ᠨᠡᠮᠡᠭᠳᠡᠬᠦᠯᠪᠡ᠃ ᠬᠢᠵᠠᠭᠠᠷ ᠲᠠᠢ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠲᠡᠶᠢᠰᠢ ᠬᠡᠯᠪᠠᠶᠢᠯᠭᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠫᠢᠶᠤᠤ ᠦᠭᠴᠦ ᠲᠣᠭᠲᠠᠭᠠᠭᠰᠠᠨ 7 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠮᠵᠢᠲᠡᠢ ᠨᠠᠶᠢᠳᠠᠪᠤᠷᠢᠵᠢᠭᠤᠯᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠢ ᠪᠠᠶᠢᠵᠤ᠂ ᠠᠷᠰᠠᠷ ᠠᠵᠢᠯ ᠤᠨ ᠵᠠᠬ᠎ᠠ ᠳᠡᠯᠭᠡᠭᠦᠷ ᠢ ᠪᠠᠶᠢᠭᠤᠯᠵᠤ᠂ ᠬᠤᠲᠠ ᠪᠠᠯᠭᠠᠰᠤᠨ ᠤ 383 ᠬᠥᠮᠦᠨ ᠳᠤ ᠰᠢᠨ᠎ᠡ ᠪᠠᠷ ᠠᠵᠢᠯ ᠤᠯᠭᠤᠪᠠ᠃ 2200 ᠭᠠᠷᠤᠢ ᠲᠦᠮᠡᠨ ᠲᠥᠭᠦᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠮᠥᠩᠭᠦ ᠶᠢ ᠲᠠᠷᠬᠠᠭᠠᠵᠤ᠂ ᠰᠤᠮᠤ ᠪᠠᠯᠭᠠᠰᠤ ᠪᠠ ᠭᠠᠴᠠᠭ᠎ᠠ ︵ᠨᠡᠶᠢᠭᠡᠮ ᠲᠣᠭᠤᠷᠢᠭ︶ ᠶᠢᠨ 8 ᠨᠠᠰᠤᠵᠢᠯ ᠤᠨ ᠦᠢᠯᠡᠴᠢᠯᠡᠭᠡᠨ ᠤ ᠦᠷᠲᠡᠭᠡ ᠶᠢ ᠰᠢᠨ᠎ᠡ ᠪᠠᠷ ᠪᠠᠶᠢᠭᠤᠯᠪᠠ︔ ᠪᠠᠷᠢᠮᠵᠢᠶᠠᠵᠢᠭᠰᠠᠨ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠶᠯᠡᠴᠢᠯᠡᠭᠡᠨ ᠤ ᠥᠷᠲᠡᠭᠡ ︵ᠴᠡᠭ︶ ᠢ 23 ᠪᠠᠶᠢᠭᠤᠯᠵᠤ᠂ ᠪᠥᠬᠦ ᠬᠤᠲᠠ ᠳᠤ ︽ᠤᠶᠤᠨᠴᠢᠯᠠᠭᠰᠠᠨ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢ ᠬᠢᠨᠠᠨ ᠬᠡᠮᠵᠢᠬᠦ ᠲᠥᠪ ︾ ᠢ ᠡᠩ ᠲᠡᠷᠢᠭᠦᠨ ᠳᠤ ᠪᠠᠶᠢᠭᠤᠯᠤᠨ ᠬᠡᠷᠡᠭᠯᠡᠵᠦ᠂ ᠡᠮ ᠡᠮᠨᠡᠯᠭᠡ ᠶᠢᠨ ᠳᠠᠭᠠᠳᠬᠠᠯ ᠢ ᠶᠡᠭᠡ ᠲᠤᠭ᠎ᠠ ᠪᠠᠷ ᠨᠦᠬᠦᠪᠦᠷᠢᠯᠡᠨ ᠳᠥᠯᠥᠬᠦ ᠬᠠᠷᠢᠴᠠᠯ ᠢ 98 % ᠪᠣᠯᠭᠠᠨ ᠳᠡᠭᠡᠭᠰᠢᠯᠡᠭᠦᠯᠪᠡ᠃ ᠨᠡᠶᠢᠭᠡᠮ ᠤᠨ ᠦᠢᠯᠡᠰ ᠴᠡᠴᠡᠭᠯᠡᠨ ᠬᠦᠭᠵᠢᠵᠦ᠂ 1100 ᠭᠠᠷᠤᠢ ᠲᠦᠮᠡᠨ ᠲᠥᠭᠦᠷᠢᠭ ᠵᠠᠷᠤᠴᠠᠭᠤᠯᠤᠨ᠂ ᠰᠤᠷᠭᠠᠨ ᠬᠥᠮᠦᠵᠢᠯ ᠪᠠ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠦᠭᠡᠷᠡᠴᠢᠯᠡᠨ ᠵᠠᠰᠠᠵᠤ᠂ ᠠᠮᠢᠳᠤᠷᠠᠯ ᠨᠢ ᠬᠦᠴᠢᠷᠳᠡᠢ ᠰᠤᠷᠤᠭᠴᠢᠳ ᠤᠨ ᠰᠤᠷᠭᠠᠨ ᠬᠥᠮᠦᠵᠢᠯ ᠤᠨ ᠲᠡᠳᠬᠦᠮᠵᠢ ᠶᠢ ᠪᠦᠬᠦᠨ ᠢ ᠪᠦᠷᠬᠦᠭᠦᠯᠪᠡ︔ ᠭᠠᠯᠪᠠᠷ ᠰᠤᠷᠭᠠᠭᠤᠯᠢ ᠪᠠ ᠴᠠᠭᠠᠨ ᠰᠤᠷᠭᠠᠭᠤᠯᠢ ᠶᠢᠨ ᠪᠠᠶᠢᠭᠤᠯᠤᠮᠵᠢ ᠶᠢ ᠨᠢᠭᠡᠳᠬᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠪᠡ︔ ︽ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠦᠭᠵᠢᠭᠰᠡᠨ ᠰᠢᠶᠠᠨ︾ ᠢ ᠡᠬᠦᠰᠬᠡᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠠᠮᠤᠭᠤᠯᠠᠩ ᠬᠤᠶᠠᠳᠤᠭᠠᠷ ᠪᠠᠭ᠎ᠠ ᠰᠤᠷᠭᠠᠭᠤᠯᠢ ᠪᠣᠯᠤᠨ ᠴᠠᠭᠠᠨ ᠰᠤᠷᠭᠠᠭᠤᠯᠢ ᠶᠢᠨ ᠬᠤᠶᠠᠷ ᠲᠤᠮᠳᠠ ᠠᠩᠬᠢ ᠨᠢ ︽2023 ᠣᠨ ᠤ ᠪᠦᠬᠦ ᠤᠯᠤᠰ ᠤᠨ ᠤᠯᠠᠭᠠᠨ ᠪᠥᠴᠡᠲᠡᠨ ᠤ ᠳᠤᠮᠳᠠ ᠠᠩᠬᠢ︾ ᠪᠠᠷ ᠰᠣᠩᠭᠤᠭᠳᠠᠵᠠᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠣᠭᠲᠠᠭᠤᠨ ᠢᠶᠠᠷ ᠱᠠᠳᠤ ᠦᠶ᠎ᠡ ᠰᠢᠯᠵᠢᠭᠦᠯᠵᠦ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢ ᠥᠪᠥᠷ ᠮᠣᠩᠭᠤᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠳᠡᠭᠡᠳᠦ ᠳᠠᠪᠬᠤᠷᠭ᠎ᠠ ᠶᠢᠨ ᠬᠠᠮᠵᠢᠯᠴᠠᠬᠤ ᠴᠣᠭᠴᠠ ᠳᠤ ᠣᠷᠣᠭᠤᠯᠵᠤ᠂ ᠣᠯᠠᠨ ᠤᠯᠤᠰ ᠤᠨ ᠣᠨᠣᠰᠢᠯᠠᠨ ᠡᠮᠨᠡᠬᠦ ᠲᠥᠪ ᠨᠢ ᠫᠠᠶᠢᠰᠠ ᠡᠯᠭᠦᠨ ᠠᠵᠢᠯᠯᠠᠵᠤ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠴᠥᠮ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠭᠠᠷᠭᠠᠵᠤ᠂ ᠬᠦᠨᠳᠦ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠢᠯᠡᠳᠲᠡ ᠲᠡᠭᠡᠭᠰᠢᠯᠡᠪᠡ︔ ︽ᠵᠢᠵᠢᠭ ᠡᠮ ᠤᠨ ᠬᠠᠶᠢᠷᠴᠠᠭ ᠢᠶᠠᠷ ᠮᠠᠯᠴᠢᠳ ᠤᠨ ᠡᠷᠡᠭᠦᠯ ᠮᠡᠨᠳᠦ ᠶᠢ ᠠᠴᠢᠶᠠᠯᠠᠬᠤ︾ ᠢᠨᠵᠧᠨᠧᠷᠢᠩ ᠨᠢ ᠳᠥᠷᠪᠡᠳᠦᠭᠡᠷ ᠬᠤᠭᠤᠴᠠᠭᠠᠨ ᠤ ᠪᠥᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠭᠰᠠᠨ ᠬᠠᠮᠤᠭ ᠤᠨ ᠰᠠᠶᠢᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠳᠠ ᠲᠠᠢ ᠠᠵᠤ ᠠᠬᠤᠶᠢᠯᠠᠯ ᠤᠨ ᠠᠯᠳᠠᠭᠳᠠᠯ ᠢ ᠬᠢᠵᠠᠭᠠᠷᠯᠠᠨ ᠪᠠᠭᠠᠰᠬᠠᠬᠤ ᠶᠢ ᠪᠡᠶᠡᠯᠡᠭᠦᠯᠪᠡ᠃ ᠦᠨᠳᠦᠰᠦᠲᠡᠨ ᠤ ᠪᠦᠯᠬᠦᠮᠳᠡᠯ ᠢ ᠦᠷᠬᠦᠯᠵᠢᠯᠡᠨ ᠪᠠᠳᠤᠵᠢᠭᠤᠯᠵᠤ᠂ ︽ᠪᠦᠬᠦ ᠬᠤᠰᠢᠭᠤᠨ ᠤ ᠲᠠᠪᠤᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ︾ ᠢ ᠠᠮᠵᠢᠯᠲᠠ ᠲᠠᠢ ᠬᠤᠷᠠᠯᠳᠤᠭᠤᠯᠵᠤ᠂ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠲᠠᠬᠢᠨ ᠪᠠᠶᠢᠭᠤᠯᠬᠤ ᠬᠢᠨᠠᠨ ᠰᠢᠯᠭᠠᠯᠲᠠ ᠶᠢ ᠦᠩᠭᠡᠷᠡᠭᠦᠯᠪᠡ ᠃ ᠬᠤᠰᠢᠭᠤᠨ ᠤ ᠤᠯᠠᠭᠠᠨᠮᠥ᠋ᠴᠢᠷ ᠠᠴᠠ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠲᠠᠯᠠᠪᠠᠶ ᠦᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠤᠤᠯ ᠬᠥᠭ ᠠᠶᠠᠰ ᠢ ᠴᠢᠪᠬᠠᠳᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠨᠢᠮᠪᠠᠶ ᠰᠠᠶᠢᠬᠠᠨ ᠬᠠᠮᠠᠭᠠᠯᠠᠪᠠ᠃          —— ᠬᠥᠭᠵᠢᠯᠲᠡ ᠶᠢᠨ ᠣᠷᠴᠢᠨ ᠲᠤᠭᠤᠷᠢᠨ ᠤ ᠠᠮᠤᠷ ᠲᠣᠭᠲᠠᠭᠤᠨ ᠢ ᠪᠠᠳᠤᠯᠠᠪᠠ᠃ ᠪᠥᠬᠦ ᠵᠢᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠦᠷ᠎ᠡ ᠪᠠᠨ ᠲᠦᠯᠦᠬᠦ ᠣᠨ ᠤ ᠡᠭᠦᠷᠭᠡ ᠶᠢ ᠪᠡᠶᠡᠯᠡᠭᠦᠯᠵᠦ᠂ ᠣᠯᠠᠨ ᠲᠠᠯ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠦᠶᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠪᠣᠶᠤ ᠣᠨᠴᠠ ᠶᠡᠭᠡ ᠠᠳᠡᠯ᠂ ᠣᠶ ᠰᠢᠭᠤᠶ ᠲᠠᠯ᠎ᠠ ᠨᠤᠳᠤᠭ ᠤᠨ ᠬᠦᠨᠳᠦ ᠪᠣᠶᠤ ᠣᠨᠴᠠ ᠶᠡᠭᠡ ᠭᠠᠯ ᠤᠨ ᠠᠶᠤᠯ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠠᠰᠠᠭᠤᠳᠠᠯ ᠨᠢᠬᠡᠴᠤ ᠡᠬᠦᠰᠦᠭᠰᠡᠨ ᠥᠬᠡᠶ ᠪᠠᠶᠢᠬᠤ ᠶᠢ ᠪᠠᠳᠤᠯᠠᠪᠠ᠃ ᠬᠥᠯᠥᠨ ᠪᠤᠶᠢᠷ ᠬᠤᠲᠠ ᠶᠢᠨ ᠪᠦᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠬᠢᠷᠢ ᠲᠡᠩᠴᠡᠭᠰᠡᠨ ᠬᠤᠲᠠ ᠶᠢ ᠡᠬᠦᠰᠬᠡᠨ ᠪᠠᠶᠢᠭᠤᠯᠬᠤ ᠲᠤᠬᠠᠢ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ︽︿ᠭᠤᠷᠪᠠᠨ ᠲᠤᠰᠢᠶᠠᠯᠲᠠᠨ ᠨᠢᠭᠡ ᠬᠠᠥᠯᠢᠴᠢ﹀ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ︾ ᠲᠦᠷᠦᠯ ᠵᠦᠢᠯ ᠨᠢ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠦᠨᠡᠯᠡᠭᠳᠡᠪᠡ᠃ ᠵᠠᠬᠢᠳᠠᠯ ᠰᠣᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ︽ᠭᠡᠭᠡᠨ ᠰᠠᠷᠠᠭᠤᠯ ᠢᠨᠵᠧᠨᠧᠷᠢᠩ︾᠂ ︽ᠣᠶᠤᠨᠴᠢ ᠵᠠᠮ ᠬᠠᠷᠢᠯᠴᠠᠭ᠎ᠠ︾ ᠶᠢ ᠬᠡᠷᠡᠭᠵᠢᠭᠦᠯᠵᠦ᠂ ᠨᠡᠶᠢᠭᠡᠮ ᠤᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠪᠡ᠃ ᠴᠠᠬᠢᠯᠭᠠᠨ ᠬᠤᠯᠪᠤᠭᠠᠨ ᠤ ᠮᠡᠬᠡᠯᠡᠯ ᠳᠤ ᠴᠣᠬᠢᠯᠲᠠ ᠦᠭᠴᠦ᠂ ︽ᠬᠤᠶᠠᠷ ᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠬᠠᠷᠠᠯᠲᠠ ᠶᠢ ᠪᠡᠶᠡᠯᠡᠭᠦᠯᠪᠡ᠃ ᠪᠥᠬᠦ ᠣᠷᠣᠨ ᠤ ᠠᠩᠬᠠᠳᠠᠭᠴᠢ ᠰᠦᠯᠵᠢᠶᠡᠨ ᠤ ᠬᠠᠷᠭᠢᠰ ᠬᠦᠴᠦᠨ ᠤ ᠪᠦᠯᠦᠭᠯᠡᠯ ᠤᠨ ᠬᠡᠷᠡᠭ ᠪᠠ ᠬᠤᠯᠪᠣᠭᠳᠠᠭᠰᠠᠨ ᠵᠣᠭᠤᠰ ᠤᠨ ᠲᠤᠭ᠎ᠠ ᠨᠢ 1 ᠳ᠋ᠦᠩᠰᠢᠭᠤᠷ ᠢ ᠳᠠᠪᠠᠭᠰᠠᠨ ᠰᠦᠯᠵᠢᠶᠡᠨ ᠤ ᠵᠣᠭᠤᠰ ᠮᠦᠷᠦᠶᠢᠴᠡᠬᠡᠨ ᠤ ᠣᠨᠴᠠ ᠶᠡᠭᠡ ᠬᠡᠷᠡᠭ ᠢ ᠪᠠᠶᠢᠴᠠᠭᠠᠨ ᠢᠯᠡᠷᠡᠭᠦᠯᠵᠦ᠂ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠪᠠ᠃          —— ᠬᠤᠪᠢ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠭᠦᠨᠵᠡᠭᠡᠶ ᠦᠶᠯᠡᠳᠦᠯᠭᠡᠵᠢᠭᠦᠯᠵᠦ᠂ ︽ᠨᠢᠭᠡᠳᠦᠭᠡᠷ ᠵᠥᠪᠯᠡᠬᠦ ᠵᠦᠶᠯ︾ ᠤᠨ ᠲᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠣᠨᠤᠯ ᠤᠨ ᠡᠭᠦᠳᠦᠯᠲᠡ ᠶᠢᠨ ᠲᠣᠬᠠᠢ ᠢᠳᠡᠭᠡᠯ ᠪᠢᠰᠢᠷᠡᠯ ᠢᠶᠠᠨ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠠᠵᠢᠯ ᠢᠶᠠᠨ ᠠᠬᠢᠭᠤᠯᠬᠤ ᠦᠶᠯᠡᠳᠦᠯᠭᠡ ᠶᠢᠨ ᠬᠦᠴᠦᠨ ᠪᠤᠯᠭᠠᠪᠠ᠃ ᠵᠠᠰᠠᠭ ᠤᠨ ᠣᠷᠳᠣᠨ ᠤ ᠰᠢᠰᠲ᠋ᠧᠮ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠡᠷᠡᠰ ᠭᠤᠶᠢᠪᠢᠰᠢ ᠥᠬᠡᠶ ᠠᠬᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢᠯᠡᠳᠲᠡ ᠲᠡᠭᠡᠭᠰᠢᠯᠡᠪᠡ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ᠬᠠᠤᠯᠢᠵᠢᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠠᠷᠪᠢᠯᠠᠨ ᠭᠠᠮᠨᠠᠬᠤ ᠴᠢᠨᠠᠷᠲᠠᠢ ᠪᠠᠶᠢᠭᠤᠯᠭ᠎ᠠ ᠶᠢ ᠪᠠᠶᠢᠭᠤᠯᠤᠭᠰᠠᠨ ᠨᠤᠷᠮ᠎ᠠ ᠨᠢ 83.3% ᠬᠦᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠬᠡᠯᠡᠭᠴᠢ ᠶᠢᠨ 134 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ 77 ᠬᠤᠪᠢ ᠰᠠᠨᠠᠯ ᠳᠤᠷᠠᠳᠤᠯᠭ᠎ᠠ ᠶᠢ ᠬᠦᠯᠢᠶᠡᠨ ᠠᠪᠴᠤ᠂ ᠣᠯᠡᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠢᠳᠡᠪᠬᠢᠲᠡᠢ ᠬᠠᠷᠢᠭᠤᠴᠠᠵᠤ᠂ 1216 ᠬᠤᠪᠢ 12345 ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠢᠯ ᠢ ᠴᠠᠭ ᠲᠣᠬᠠᠢ ᠳᠤᠨᠢ ᠭᠦᠶᠴᠡᠳᠬᠡᠪᠡ᠃          ᠡᠭᠦᠨ ᠤ ᠬᠠᠮᠲᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠬᠠᠷᠢᠶᠠᠲᠤ ᠶᠢᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠵᠡᠷᠭᠡ ᠶᠢᠨ ᠠᠵᠢᠯ ᠦᠶᠯᠡᠰ  ᠤᠨ ᠬᠦᠭᠵᠢᠯᠳᠡ ᠶᠢ ᠶᠡᠭᠡ ᠬᠦᠴᠦᠨ ᠢᠶᠠᠷ ᠲᠡᠮᠵᠢᠵᠤ᠂ ᠭᠠᠳᠠᠭᠠᠳᠤ ᠶᠠᠪᠤᠳᠠᠯ᠂ ᠴᠠᠭ ᠠᠭᠤᠷ᠂ ᠬᠤᠶᠠᠷ ᠢ ᠬᠦᠷᠢᠶᠡᠯᠡᠬᠦ᠂ ᠲᠤᠭ᠎ᠠ ᠪᠦᠷᠢᠳᠬᠡᠯ᠂ ᠬᠢᠨᠠᠨ ᠪᠤᠳᠤᠯᠳᠠ᠂ ᠠᠷᠠᠳ ᠤᠨ ᠠᠭᠠᠷ ᠤᠨ ᠰᠡᠷᠬᠡᠶᠢᠯᠡᠯᠳᠡ ᠵᠡᠷᠬᠡ ᠠᠵᠢᠯ ᠰᠢᠨ᠎ᠡ ᠦᠷ᠎ᠡ ᠪᠦᠳᠦᠮᠵᠢ ᠲᠠᠢ ᠪᠤᠯᠵᠠᠢ᠃          ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢ ᠡᠷᠬᠢᠴᠡᠬᠦᠯᠵᠤ ᠦᠵᠡᠪᠡᠯ᠂ ᠪᠢᠳᠡ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ  ᠬᠦᠨ ᠲᠤᠳᠤᠨᠤ ᠬᠠᠯᠠᠮᠵᠢᠯᠠᠯ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠢ ᠭᠦᠨᠵᠡᠭᠡᠶ ᠮᠡᠳᠡᠷᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠦᠬᠦ ᠲᠠᠯ᠎ᠠ ᠶᠢᠨ ᠣᠶᠢᠯᠠᠭᠠᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠪᠠ᠃ ᠪᠢᠳᠠ ᠬᠦᠭᠵᠢᠯᠲᠡ ᠲᠡᠮᠡᠴᠡᠯ ᠤᠨ ᠣᠪᠤᠷ ᠪᠠᠶᠢᠳᠠᠯ ᠢᠶᠠᠨ ᠢᠯᠡᠷᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠡᠨᠧᠷᠭᠢ ᠶᠢ ᠬᠤᠷᠠᠮᠳᠤᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨᠲᠡᠢ ᠪᠤᠯᠭᠠᠨ᠂ ᠬᠢᠯᠢ ᠶᠢᠨ ᠪᠣᠭᠤᠮᠲᠠ ᠶᠢᠨ ᠬᠥᠭᠵᠢᠯᠲᠡ ᠶᠢ ᠲᠦᠷᠭᠡᠳᠬᠡᠨ ᠮᠠᠨᠳᠤᠭᠤᠯᠵᠤ᠂ ᠠᠵᠤ ᠠᠬᠤᠢ ᠶᠢᠨ ᠬᠥᠭᠵᠢᠯᠲᠡ ᠦᠷᠭᠦᠯᠵᠢᠯᠡᠨ ᠰᠠᠶᠢᠵᠢᠷᠠᠪᠠ᠃ ᠪᠢᠳᠡ ᠠᠮᠢ ᠠᠬᠤᠶ ᠶᠢ ᠪᠠᠲᠤ ᠰᠠᠬᠢᠵᠤ᠂ ᠠᠮᠢ ᠠᠬᠤᠶ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠮᠢ ᠠᠬᠤᠶ ᠪᠠᠨ ᠬᠠᠮᠠᠭᠠᠯᠠᠬᠤ ᠶᠢᠨ ᠬᠠᠮᠲᠤ᠂ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠨᠢ ᠰᠠᠶᠢᠨ ᠡᠬᠢᠯᠡᠯᠲᠡ ᠲᠠᠢ ᠪᠣᠯᠪᠠ᠃ ᠪᠢᠳᠡ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠡᠪᠦᠷᠯᠡᠨ᠂ ᠵᠢᠵᠢᠭ ᠲᠤᠤᠷᠴᠢᠯᠠᠯ᠂ ᠵᠢᠵᠢᠭ ᠰᠤᠹᠲ ᠲᠤ ᠲᠦᠰᠢᠭᠯᠡᠨ ᠠᠷᠠᠳ ᠤᠨ ᠠᠮᠢᠳᠤᠷᠠᠯ ᠤᠨ ︽ᠶᠡᠭᠡ ᠦᠶᠯᠡᠴᠢᠯᠡᠭᠡ︾ ᠶᠢ ᠪᠡᠶᠡᠯᠡᠭᠦᠯᠵᠦ᠂ ᠡᠷᠬᠡ ᠬᠠᠷᠢᠭᠤᠴᠠᠯᠭ᠎ᠠ ᠪᠠᠨ ᠲᠤᠳᠤᠷᠬᠠᠶᠢᠯᠠᠬᠤ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠪᠠᠷᠢᠮᠵᠢᠶᠠᠵᠢᠭᠤᠯᠤᠨ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠪᠠ᠃          ᠡᠳᠡᠭᠡᠷ ᠠᠮᠵᠢᠯᠲᠠ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠤᠭ ᠡᠷᠭᠦᠨ ᠴᠢᠭᠯᠡᠯ ᠲᠣᠭᠲᠠᠭᠠᠵᠤ᠂ ᠰᠢᠨᠵᠢᠯᠡᠬᠦ ᠤᠬᠠᠭᠠᠨᠴᠢ ᠪᠠᠷ ᠵᠢᠯᠣᠭᠤᠳᠣᠭᠰᠠᠨ ᠦᠷ᠎ᠡ ᠳ᠋ᠦᠩ ᠪᠤᠯᠤᠨ᠎ᠠ᠂ ᠬᠤᠰᠢᠭᠤᠨ ᠤ ᠨᠠᠮ ᠤᠨ ᠬᠤᠷᠢᠶᠠᠨ ᠤ ᠲᠥᠯᠥᠪᠯᠡᠨ᠂ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠪᠠᠶᠢᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠦᠴᠦᠲᠡᠢ ᠲᠡᠮᠵᠢᠯᠭᠡ ᠪᠠ ᠬᠥᠭᠵᠢᠯᠲᠡ ᠶᠢᠨ ᠲᠣᠬᠠᠢ ᠬᠠᠮᠲᠤᠪᠠᠷ ᠰᠦᠪᠡᠭᠴᠢᠯᠡᠭᠰᠡᠨ ᠤ ᠦᠷ᠎ᠡ ᠳ᠋ᠦᠩ ᠪᠠᠶᠢᠵᠤ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ᠂ ᠠᠷᠠᠳ ᠤᠨ ᠲᠦᠯᠦᠬᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠬᠦᠨ ᠪᠠ ᠰᠢᠨ᠎ᠡ ᠪᠠᠷᠭᠤ ᠵᠡᠭᠦᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦᠳᠡ ᠨᠦᠬᠦᠳ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕          ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠥᠨᠢ ᠤᠳᠠᠭᠠᠨ ᠠᠮᠤᠷ ᠲᠦᠪᠰᠢᠨ ᠪᠠᠶᠢᠵᠤ ᠴᠢᠳᠠᠨ᠎ᠠ︔ ᠬᠦᠴᠢᠷ  ᠤᠨ ᠡᠮᠦᠨ᠎ᠡ ᠬᠤᠪᠢᠷᠠᠯᠲᠠ ᠶᠢ ᠪᠣᠳᠣᠯᠬᠢᠯᠠᠪᠠᠯ ᠰᠠᠶ᠋ᠢ ᠰᠢᠪᠲᠤᠯᠤᠯᠲᠠ ᠪᠡᠶᠡᠯᠡᠭᠦᠯᠵᠦ ᠴᠢᠳᠠᠨ᠎ᠠ᠃ ᠮᠠᠨ ᠤ ᠬᠤᠰᠢᠭᠤᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠪᠦᠲᠦᠴᠡ ᠰᠢᠯᠢᠳᠡᠭ ᠪᠢᠰᠢ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠰᠠ ᠪᠠᠲᠤ ᠪᠠᠬᠢ ᠪᠢᠰᠢ︔ ᠠᠷᠠᠳ ᠤᠨ ᠠᠮᠢᠳᠤᠷᠠᠯ ᠤᠨ ᠪᠠᠲᠤᠯᠠᠭ᠎ᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠᠰᠠ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠭᠦᠢᠴᠡᠳ ᠬᠠᠩᠭᠠᠵᠤ ᠳᠡᠶᠢᠯᠬᠦ ᠦᠭᠡᠢ ᠪᠠᠶᠢᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠮᠥᠨ ᠬᠦ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠭᠡᠷᠡᠭᠳᠡᠢ︔ ᠪᠣᠳᠠᠲᠠᠢ ᠶᠢ ᠡᠷᠬᠢᠮᠯᠡᠨ ᠴᠢᠷᠮᠠᠶᠢᠨ ᠠᠵᠢᠯᠯᠠᠬᠤ ᠬᠡᠪ ᠰᠤᠷᠲᠠᠯ ᠤᠨ ᠪᠠᠶᠢᠭᠤᠯᠤᠯᠲᠠ ᠶᠢ ᠮᠥᠨ ᠬᠦ ᠲᠠᠰᠤᠷᠠᠯᠳᠠ ᠦᠭᠡᠢ ᠴᠢᠩᠭᠠᠳᠬᠠᠬᠤ ᠴᠢᠬᠤᠯᠠᠲᠠᠢ ᠭᠡᠳᠡᠭ ᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠢ ᠪᠠᠶᠢᠬᠤ᠂ ᠪᠢᠳᠡ ᠡᠳᠡᠭᠡᠷ ᠠᠰᠠᠭᠤᠳᠠᠯ ᠳᠤ ᠰᠢᠭᠤᠳ ᠬᠠᠨᠳᠤᠵᠤ᠂ ᠨᠡᠩ ᠬᠦᠴᠦᠲᠡᠢ ᠪᠦᠬᠡᠳ ᠦᠷ᠎ᠡ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠢᠬᠡᠳ ᠨᠢᠬᠡ ᠪᠠᠷ ᠰᠢᠢᠳᠪᠦᠷᠢᠯᠡᠬᠦ ᠪᠤᠯᠤᠨ᠎ᠠ᠃          ᠬᠤᠶᠠᠷ᠂ 2024 ᠣᠨ ᠤ ᠭᠤᠣᠯ ᠪᠤᠯᠬᠤ ᠠᠵᠢᠯ          2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠵᠠᠩᠭᠢᠯᠠᠭ᠎ᠠ ᠶᠢᠨ ᠵᠢᠯ ᠪᠠᠶᠢᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠡᠷᠡᠯᠬᠡᠭᠯᠡᠨ ᠤᠷᠤᠭᠰᠢᠯᠠᠬᠤ ᠵᠢᠯ ᠪᠣᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠡᠬᠦᠰᠬᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠠᠷ ᠳᠠᠭᠠᠭᠤᠯᠤᠯ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠵᠤ᠂ ᠪᠦᠬᠦ ᠬᠦᠴᠦᠨ ᠢᠶᠠᠷ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠤ᠂ ︽ᠠᠮᠢ ᠠᠬᠤᠶ ᠪᠠᠷ ᠬᠦᠭᠵᠢᠯᠲᠡ ᠶᠢᠨ ᠦᠨᠳᠦᠰᠦ ᠪᠣᠯᠭᠠᠵᠤ᠂ ᠮᠠᠯ ᠠᠵᠤ ᠠᠬᠤᠶ ᠪᠠᠷ ᠬᠦᠭᠵᠢᠯᠲᠡ ᠶᠢ ᠪᠠᠲᠤᠯᠠᠵᠤ᠂ ᠨᠡᠭᠡᠭᠡᠯᠲᠡ ᠲᠠᠢ ᠬᠦᠭᠵᠢᠯᠲᠡ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠬᠦᠭᠵᠢᠯᠲᠡ ᠶᠢᠨ ᠰᠡᠳᠭᠢᠮᠵᠢ ᠶᠢ ᠲᠣᠭᠲᠠᠭᠠᠵᠤ᠂ ︽ᠨᠠᠶᠮᠠᠨ ᠵᠦᠶᠯ ᠤᠨ ᠢᠨᠵᠧᠨᠧᠷᠢᠩ︾ ᠢ ᠲᠤᠪᠤᠶᠢᠯᠭᠠᠨ ᠰᠠᠶᠢᠲᠤᠷ ᠠᠳᠬᠤᠵᠤ᠂ ᠰᠢᠨᠲᠠᠷᠠᠰᠢ ᠦᠭᠡᠢ ᠡᠷᠴᠢ ᠵᠣᠷᠢᠭ ᠪᠠ ᠤᠳᠠᠭᠠᠨ ᠳᠠᠭᠠᠭᠠᠮᠠᠭᠠᠶ ᠴᠢᠷᠮᠠᠶᠢᠯᠠᠭ᠎ᠠ ᠪᠠᠷ ︽ᠲᠤᠮᠳᠠ ᠪᠠᠶᠢᠷᠢ ᠶᠢ ᠪᠠᠳᠤᠯᠠᠨ᠂ ᠲᠡᠭᠡᠳᠤ ᠪᠠᠶᠢᠷᠢ ᠦᠭᠡᠳᠡ ᠴᠢᠷᠮᠠᠶᠢᠵᠤ᠂ ᠡᠮᠦᠨ᠎ᠡ ᠡᠩᠨᠡᠭᠡᠨ ᠳᠤ ᠣᠷᠣᠬᠤ ᠪᠠᠷ ᠲᠡᠮᠡᠴᠡᠭᠦ︾ ᠶᠢ ᠪᠦᠬᠦ ᠬᠦᠴᠦᠨ ᠢᠶᠠᠷ ᠪᠡᠶᠡᠯᠡᠬᠦᠯᠵᠤ᠂ ᠣᠳᠣᠬᠢᠴᠢᠯᠠᠭᠰᠠᠨ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ᠃          2024 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6.5 % ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15 % ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 8 % ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5.5 % ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 6 % ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠵᠡᠷᠭᠡᠳᠡ ᠪᠠᠶᠢᠯᠭᠠᠵᠤ᠂ ᠡᠯ᠎ᠡ ᠵᠦᠶᠯ ᠤᠨ ᠬᠢᠵᠠᠭᠠᠷᠯᠠᠬᠤ ᠴᠢᠨᠠᠷᠲᠠᠶ ᠬᠤᠷᠢᠭ᠎ᠠ ᠲᠤᠭ᠎ᠠ ᠶᠢ ᠬᠠᠷᠠᠯᠲᠠ ᠶᠢᠨ ᠬᠡᠪᠴᠢᠶᠡᠨ ᠲᠤᠳᠤᠷ᠎ᠠ ᠬᠢᠵᠠᠭᠠᠷᠯᠠᠵᠤ᠂ ᠨᠠᠩ ᠴᠢᠨᠠᠷ ᠰᠠᠶᠢᠲᠠᠶ᠂ ᠨᠠᠩ ᠰᠠᠶᠢᠨ ᠦᠷ᠎ᠡ ᠳ᠋ᠦᠩ ᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃          ᠡᠲᠡᠭᠡᠷ ᠬᠠᠷᠠᠯᠲᠠ ᠶᠢ ᠪᠡᠶᠡᠯᠡᠭᠦᠯᠬᠦ ᠳᠤ ᠳᠤᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄          ︵ᠨᠢᠭᠡ︶ ᠲᠥᠷᠥᠯ ᠵᠦᠢᠯ ᠢ ᠤᠯᠬᠤ ᠪᠠᠷ ᠴᠢᠷᠮᠠᠶᠢᠵᠤ᠂ ᠠᠷᠠᠯᠵᠢᠶᠠᠴᠢᠨ ᠤᠷᠢᠬᠤ ᠶᠢ ᠠᠳᠬᠤᠵᠤ᠂ ᠬᠡᠷᠡᠭᠯᠡᠭᠡ ᠶᠢ ᠠᠬᠢᠭᠤᠯᠬᠤ ᠶᠢ ᠪᠠᠷᠢᠮᠳᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠲᠦᠷᠭᠡᠳᠭᠡᠨ᠎ᠡ᠃ ᠨᠠᠮ ᠤᠨ ᠲᠥᠪ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠲᠥᠷᠥ ᠶᠢᠨ ᠶᠠᠪᠤᠳᠠᠯ ᠤᠨ ᠬᠤᠷᠢᠶᠠᠨ ᠠᠴᠠ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠶᠠᠷ ︽ᠰᠠᠨᠠᠯ︾ ᠤᠨ ᠲᠣᠭᠤᠷᠢᠨ ᠳᠤ᠂ ︽ᠲᠥᠷᠥᠯ ᠵᠦᠶᠯ ᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠰᠠᠶᠢᠲᠤᠷ ᠠᠳᠬᠤᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠤᠳᠠᠭᠠᠨ ᠲᠠᠭᠠᠭᠠᠮᠠᠭᠠᠢ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃          ᠨᠢᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠳᠬᠤᠵᠤ᠂ ︽ᠪᠡᠯᠡ ᠣᠷᠣᠭᠤᠯᠤᠯᠲᠠ ᠶᠢ ᠦᠷᠭᠡᠳᠭᠡᠨ᠎ᠡ︾᠃ ︽ᠲᠥᠷᠥᠯ ᠵᠦᠶᠯ ᠢ ᠠᠬᠢᠭᠤᠯᠬᠤ ᠪᠣᠯ ᠳᠠᠷᠤᠶ ᠬᠥᠭᠵᠢᠯᠲᠡ ᠶᠢ ᠠᠬᠢᠭᠤᠯᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠯᠲᠠ ᠶᠢ ᠪᠠᠲᠤ ᠪᠠᠬᠢ ᠪᠣᠶ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠣᠷᠣᠭᠤᠯᠬᠤ ᠬᠠᠨᠳᠤᠰᠢ ᠶᠢ ᠣᠨᠣᠪᠴᠢᠲᠠᠶ ᠡᠵᠡᠮᠰᠢᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠲᠥᠷᠥᠯ ᠵᠦᠶᠯ ᠤᠨ ᠬᠥᠮᠥᠷᠭᠡ ᠶᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ︽ᠲᠦᠷᠦᠯ ᠵᠦᠢᠯ ᠳᠤ ᠰᠢᠮᠳᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠢ ᠰᠢᠢᠳᠪᠦᠷᠢᠯᠡᠬᠦ︾ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ ᠶᠡᠷᠦᠩᠬᠡᠢ ᠪᠡᠯᠡ ᠣᠷᠤᠭᠤᠯᠤᠯᠲᠠ ᠶᠢ 16 ᠳ᠋ᠦᠩᠰᠢᠭᠤᠷ ᠲᠥᠭᠦᠷᠢᠭ ᠰᠢᠬᠠᠮ ᠣᠶᠢᠷᠠᠲᠤᠭᠤᠯᠤᠨ ᠲᠥᠯᠥᠪᠯᠡᠵᠦ᠂ 12 ᠬᠤᠲᠠ ᠶᠢᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ᠂ 24 ᠬᠤᠰᠢᠭᠤᠨ ᠤ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠲᠤᠰ ᠵᠢᠯ ᠳᠤ ᠪᠠᠨ 6 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠨᠢᠳᠤᠨᠤᠨ ᠤ ᠠᠴᠠ ᠪᠠᠨ 20 % ᠨᠡᠮᠡᠭᠳᠡᠭᠦᠯᠦᠨ᠎ᠡ᠃ ︽ᠬᠤᠤᠰ ᠬᠠᠷᠢᠭᠤᠴᠠᠯᠭ᠎ᠠ ᠶᠢᠨ ᠭᠤᠤᠯ ᠴᠣᠭᠴᠠ︾ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠠᠪᠤᠷ ᠤᠨ ᠤᠯᠠᠷᠢᠯ ᠳᠤ ᠠᠵᠢᠯ ᠡᠬᠢᠯᠡᠭᠦᠯᠵᠤ᠂ ᠵᠣᠨ ᠤ ᠤᠯᠠᠷᠢᠯ ᠳᠤ ᠰᠢᠪᠲᠤᠯᠤᠯᠲᠠ ᠬᠢᠬᠦ᠂ ᠨᠠᠮᠤᠷ ᠤᠨ ᠤᠯᠠᠷᠢᠯ ᠳᠤ ᠰᠢᠶᠳᠪᠦᠷᠢᠲᠦ ᠢᠯᠠᠯᠲᠠ ᠤᠯᠵᠤ᠂ ᠡᠪᠦᠯ ᠤᠨ ᠤᠯᠠᠷᠢᠯ ᠳᠤ ᠪᠣᠭᠤᠮᠲᠠ ᠰᠢᠪᠲᠤᠯᠬᠤ︾ 4 ᠲᠠᠯᠠᠪᠤᠷ ᠲᠥᠪᠯᠡᠷᠡᠩᠭᠦᠶ ᠳᠠᠶᠢᠯᠠᠯᠳᠤᠭᠠᠨ ᠪᠠ ᠥᠨᠳᠥᠷ ᠪᠦᠲᠦᠮᠵᠢᠲᠡᠶ ᠪᠠᠷ ᠱᠠᠯᠠᠪᠳᠠᠭᠤᠯᠤᠨ ᠬᠠᠪᠰᠤᠷᠬᠤ ᠦᠢᠯᠡᠴᠢᠯᠡᠭᠡ ᠪᠠᠷ ᠲᠠᠮᠵᠢᠭᠤᠯᠤᠨ᠂ ᠭᠤᠤᠯᠳᠠᠯᠭ᠎ᠠ ᠲᠠᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠴᠢᠷᠠᠮᠠᠨ᠂ ᠪᠦᠬᠦ ᠵᠢᠯ ᠤᠨ ᠠᠵᠢᠯ ᠡᠬᠢᠯᠡᠭᠦᠯᠦᠭᠰᠡᠨ ᠪᠠ ᠠᠵᠢᠯ ᠰᠡᠷᠭᠦᠭᠡᠭᠰᠡᠨ ᠨᠣᠷᠮ᠎ᠠ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢ ᠬᠠᠮᠵᠢᠯᠴᠠᠨ ᠳᠡᠭᠡᠭᠰᠢᠯᠡᠭᠦᠯᠬᠦ ᠶᠢ ᠠᠬᠢᠭᠤᠯᠵᠤ᠂ ᠪᠠᠯᠠ ᠣᠷᠣᠭᠤᠯᠤᠯᠲᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃          ᠬᠤᠶᠠᠷ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠬᠤ ᠶᠢ ᠴᠢᠩᠭ᠎ᠠ ᠠᠳᠬᠤᠵᠤ᠂ ︽ᠬᠦᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠦᠨ᠎ᠡ︾᠃ ᠤᠨᠤᠪᠴᠢᠳᠠᠢ ᠪᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠰᠢᠯᠭᠠᠨ ᠬᠢᠨᠠᠯᠳᠠ ᠶᠢᠨ ᠳᠦᠷᠢᠮ ᠢ ᠲᠡᠭᠦᠯᠳᠡᠷᠵᠢᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠨᠠᠶᠮᠠᠨ ᠶᠡᠭᠡ ᠠᠵᠤ ᠦᠶᠯᠡᠰ ᠤᠨ ᠪᠥᠭᠡᠮᠨᠡᠷᠡᠯ︾ ᠪᠠ ︽ᠠᠷᠪᠠᠨ ᠨᠢᠭᠡᠨ ᠵᠦᠶᠯ ᠤᠨ ᠭᠤᠤᠯᠳᠠᠯᠭ᠎ᠠ ᠲᠠᠢ ᠠᠵᠤ ᠦᠶᠯᠡᠰ ᠤᠨ ᠬᠡᠯᠬᠢᠶ᠎ᠡ︾ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ ᠤᠨ ᠦᠶᠯᠡᠰ᠂ ᠬᠢᠯᠢ ᠶᠢᠨ ᠪᠣᠭᠤᠮᠲᠠ ᠶᠢᠨ ᠠᠵᠤ ᠠᠬᠤᠶ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠰᠢᠨ᠎ᠡ ᠬᠦᠭᠵᠢᠭᠰᠡᠨ ᠠᠵᠤ ᠦᠶᠯᠡᠰ ᠤᠨ ᠬᠦᠷᠢᠶᠡᠨ ᠳᠤ 102 ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠢ ᠰᠦᠪᠡᠭᠴᠢᠯᠡᠨ ᠨᠦᠬᠡᠴᠡᠯᠡᠵᠤ᠂ ᠶᠡᠷᠦᠩᠬᠡᠢ ᠪᠡᠯᠡ ᠤᠷᠤᠭᠤᠯᠤᠯᠳᠠ ᠶᠢ 190 ᠳ᠋ᠦᠡᠭᠰᠢᠭᠤᠷ ᠲᠦᠬᠦᠷᠢᠭ ᠲᠤ ᠣᠶᠢᠷᠠᠲᠤᠭᠤᠯᠤᠨ᠎ᠠ᠃ ᠪᠡᠭᠡᠵᠢᠩ ᠲᠢᠶᠠᠨᠵᠢᠨ ᠾᠧᠪᠧᠶ᠂ ᠵᠡᠭᠦᠨ ᠬᠤᠶᠢᠳᠤ ᠶᠢᠨ ᠭᠤᠷᠪᠠᠨ ᠮᠤᠵᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠢ ᠴᠢᠭᠯᠡᠨ᠂ ᠨᠠᠩ ᠢᠯᠡᠭᠦᠦ ᠪᠠᠶᠢᠯᠳᠤᠬᠤ ᠪᠣᠳᠣᠯᠭ᠎ᠠ ᠶᠢᠨ ᠬᠠᠷᠠᠯᠳᠠ ᠲᠠᠢ᠂ ᠥᠷᠢᠰᠥᠯᠳᠦᠭᠡᠨ ᠤ ᠳᠠᠪᠠᠭᠤᠯᠢᠭ ᠲᠠᠢ᠂ ᠰᠢᠪᠲᠤᠯᠬᠤ ᠴᠢᠳᠠᠪᠤᠷᠢ ᠲᠠᠢ ᠠᠵᠤ ᠦᠶᠯᠡᠰ ᠤᠨ ︽ᠬᠡᠯᠬᠢᠶ᠎ᠡ ᠶᠢᠨ ᠡᠵᠡᠨ︾ ᠪᠤᠯᠬᠤ ᠠᠵᠤ ᠠᠬᠤᠶᠢᠯᠠᠯ ᠢ ᠰᠠᠶᠢᠲᠤᠷ ᠠᠩᠬᠠᠷᠴᠤ᠂ ᠨᠢᠬᠡᠳ ᠨᠢᠭᠡ ᠪᠠᠷ ᠰᠦᠪᠡᠭᠴᠢᠯᠡᠨ᠂ ᠢᠯᠭᠠᠭ᠎ᠠ ᠲᠠᠢ ᠪᠠᠷ ᠬᠤᠳᠠᠯᠳᠤᠭᠠᠴᠢᠨ ᠤᠷᠢᠨ᠎ᠠ᠃ ︽ᠤᠷᠢᠬᠤ᠂ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠬᠤ᠂ ᠪᠡᠯᠡ ᠤᠷᠤᠭᠤᠯᠬᠤ︾ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠢ ᠲᠦᠷᠭᠡᠨ ᠶᠠᠷᠢᠯᠴᠠᠬᠤ᠂ ᠲᠦᠷᠭᠡᠨ ᠭᠡᠷ᠎ᠡ ᠲᠣᠭᠲᠠᠬᠤ᠂ ᠲᠦᠷᠭᠡᠨ ᠨᠠᠶᠢᠳᠠᠪᠤᠷᠢᠵᠢᠭᠤᠯᠬᠤ᠂ ᠲᠦᠷᠭᠡᠨ ᠪᠦᠳᠦᠬᠡᠨ ᠪᠠᠶᠢᠭᠤᠯᠬᠤ ᠶᠢ ᠠᠬᠢᠭᠤᠯᠵᠤ᠂ ᠳ᠋ᠠᠴᠢᠩ ᠤᠨ ᠴᠢᠯᠠᠭᠤᠨ ᠲᠣᠰᠣ ᠶᠢ ᠬᠠᠶᠢᠨ ᠰᠢᠨᠵᠢᠵᠦ ᠨᠡᠭᠡᠭᠡᠨ ᠠᠰᠢᠭᠯᠠᠬᠤ᠂ ︽ᠵᠡᠭᠦᠨ ᠬᠤᠰᠢᠭᠤᠨ ᠤ ᠮᠠᠯᠵᠢᠯ ᠤᠨ ᠲᠠᠯᠠᠪᠠᠢ︾ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠬᠤᠨᠴᠢᠷ ᠪᠠ ᠴᠠᠨ᠎ᠠ ᠡᠮ ᠢ ᠰᠢᠨ᠎ᠡ ᠰᠣᠷᠭᠤᠭ ᠢᠶᠠᠷ ᠨᠢ ᠡᠳ᠋ᠰᠢᠭᠦᠯᠬᠦ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠥᠪᠯᠡᠯᠴᠡᠭᠡᠷ ᠤᠨ ᠭᠡᠷ᠎ᠡ ᠭᠦᠢᠴᠡᠳᠬᠡᠬᠦ ᠨᠣᠷᠮ᠎ᠠ ᠪᠠ ᠪᠣᠲᠠᠲᠠᠢ ᠪᠡᠯᠡ ᠣᠷᠤᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠪᠡᠯᠡ ᠤᠷᠤᠭᠤᠯᠤᠯᠳᠠ ᠶᠢ 15% ᠠᠴᠠ ᠳᠡᠭᠡᠭᠰᠢ ᠨᠡᠮᠡᠭᠳᠡᠬᠦᠯᠦᠨ᠂ ᠭᠠᠳᠠᠭᠠᠳᠤ ᠪᠡᠯᠡ ᠶᠢ ᠣᠷᠤᠭᠤᠯᠬᠤ ᠠᠵᠢᠯ ᠤᠨ ᠬᠤᠭᠤᠰᠤᠨ ᠤ ᠨᠦᠬᠦᠪᠦᠷᠢᠯᠡᠬᠦ ᠪᠠᠷ ᠬᠦᠴᠦᠯᠡᠨ ᠴᠢᠷᠮᠠᠶᠢᠵᠤ᠂ ᠬᠤᠳᠠᠯᠳᠤᠭᠠᠴᠢᠨ ᠤᠷᠢᠭᠰᠠᠨ ᠦᠷ᠎ᠡ ᠪᠦᠲᠦᠭᠡᠯ ᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃          ᠭᠤᠷᠪᠠ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠴᠠᠭ ᠠᠮᠵᠢᠨ ᠡᠵᠡᠮᠳᠡᠵᠦ᠂ ︽ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠰᠡᠷᠭᠦᠭᠡᠨ᠎ᠡ︾᠃ ᠬᠡᠷᠡᠭᠯᠡᠭᠡ ᠶᠢ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠩᠭᠠᠯᠭ᠎ᠠ ᠶᠢ ᠨᠡᠮᠡᠭᠳᠡᠭᠦᠯᠬᠦ ᠪᠠᠷ ᠵᠣᠷᠢᠵᠤ᠂ ︽ᠪᠣᠳᠠᠰ ᠤᠨ ᠪᠣᠰᠤ ᠠᠵᠤ ᠦᠢᠯᠡᠰ ᠤᠨ ᠰᠠᠭᠤᠷᠢᠨ ᠭᠠᠵᠠᠷ︾ ︽ᠵᠡᠭᠦᠨ ᠬᠤᠰᠢᠭᠤᠨ ᠤ ᠰᠥᠨᠢ ᠶᠢᠨ ᠵᠠᠬ᠎ᠠ ᠲᠡᠯᠭᠡᠭᠦᠷ︾ ᠢ ᠠᠮᠢᠵᠢᠷᠠᠭᠤᠯᠵᠤ᠂ ︽ᠬᠤᠳᠠᠯᠳᠤᠭᠠᠨ ᠤ ᠲᠣᠭᠤᠷᠢᠭ +︾᠂ ︽ᠴᠠᠬᠢᠮ ᠬᠤᠳᠠᠯᠳᠤᠭ᠎ᠠ +︾ ᠵᠡᠷᠬᠡ ᠪᠠᠯᠭᠠᠰᠤᠨ ᠤ ᠲᠣᠭᠤᠷᠢᠭ ᠤᠨ ᠬᠡᠷᠡᠭᠯᠡᠭᠡᠨ ᠤ ᠲᠥᠪᠯᠡᠷᠡᠯ ᠲᠤᠭᠤᠷᠢᠭ ᠢ ᠪᠠᠶᠢᠭᠤᠯᠤᠨ᠎ᠠ︔ ᠬᠡᠷᠡᠭᠴᠡᠭᠡ ᠱᠠᠭᠠᠷᠳᠠᠯᠭ᠎ᠠ ᠪᠠᠷ ᠬᠦᠳᠦᠯᠦᠮᠵᠢ ᠪᠤᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠠᠨᠵᠤᠤᠷ ᠴᠤᠭᠯᠠᠭ᠎ᠠ︾᠂ ︽ᠰᠢᠨᠡᠪᠤᠯᠠᠭ ᠴᠤᠭᠯᠠᠭ᠎ᠠ︾ ᠶᠢ ᠰᠢᠯᠢᠳᠡᠭᠵᠢᠭᠦᠯᠵᠦ᠂ ᠳᠡᠯᠭᠡᠷᠡᠭᠦᠯᠵᠦ ᠪᠤᠯᠬᠤᠶᠢᠴᠠ᠂ ᠦᠷᠭᠦᠯᠵᠢᠯᠡᠨ ᠬᠦᠭᠵᠢᠬᠦᠯᠵᠤ ᠪᠤᠯᠬᠤᠶᠢᠴᠠ ᠮᠠᠯᠵᠢᠬᠤ ᠣᠷᠣᠨ ᠤ ᠬᠡᠷᠡᠭᠯᠡᠭᠡᠨ ᠤ ᠰᠢᠨ᠎ᠡ ᠬᠡᠪ ᠵᠠᠭᠪᠤᠷ ᠢ ᠪᠦᠷᠢᠯᠳᠦᠭᠦᠯᠦᠨ᠎ᠡ᠃ ᠲᠦᠩ ᠯᠧ ᠹᠦ᠋ ᠲᠡᠮᠳᠡᠭᠲᠦ ᠶᠢ ᠥᠪᠡᠷᠲᠡᠭᠡᠨ ᠵᠠᠰᠠᠬᠤ ᠣᠷᠣᠨ ᠤ ᠲᠡᠰ ᠤᠨ ︽ᠰᠣᠷᠪᠤᠯᠵᠢᠲᠦ ᠨᠠᠷᠠᠲᠤ ᠲᠡᠮᠳᠡᠭᠳᠦ︾ ᠪᠠᠷ ᠮᠡᠳᠡᠭᠦᠯᠬᠦ ᠶᠢ ᠬᠠᠪᠰᠤᠷᠤᠨ ᠳᠠᠮᠵᠢᠵᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠴᠤᠭᠯᠠᠭᠠᠨ᠂ ︽ᠵᠡᠭᠦᠨ ᠬᠤᠰᠢᠭᠤᠨ ᠤ ᠣᠬᠢ ᠰᠤᠩᠭᠤᠯᠲᠠ︾ ᠰᠦᠯᠵᠢᠶ᠎ᠡ ᠪᠠᠷ ᠪᠤᠷᠤᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠣᠷᠴᠢᠯ ᠨᠡᠪᠲᠡᠷᠡᠯ ᠢ ᠠᠬᠢᠭᠤᠯᠵᠤ ᠂ ᠨᠡᠷᠡᠲᠦ ᠲᠥᠷᠥᠯ ᠲᠡᠮᠳᠡᠭᠲᠦ ᠶᠢ ᠡᠬᠦᠰᠬᠡᠨ ᠪᠠᠶᠢᠭᠤᠯᠵᠤ᠂ ᠪᠦᠲᠦᠭᠡᠭᠳᠡᠬᠦᠨ ᠤ ᠦᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠶᠢ ᠪᠠᠷᠢᠮᠲᠠᠯᠠᠵᠤ᠂ ᠤᠯᠠᠮᠵᠢᠯᠠᠯᠲᠤ ᠪᠠᠶᠠᠷ ᠲᠤᠷᠠᠰᠬᠠᠯ ᠤᠨ ᠡᠳᠦᠷ ᠪᠠ ᠬᠡᠷᠡᠭᠯᠡᠭᠡ ᠬᠥᠭᠵᠢᠶᠡᠨᠲᠡᠶ ᠤᠯᠠᠷᠢᠯ ᠢ ᠠᠰᠢᠭᠯᠠᠵᠤ᠂ ᠠᠵᠤ ᠠᠬᠤᠶᠢᠯᠠᠯ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠬᠡᠷᠡᠭᠯᠡᠭᠡ ᠶᠢᠨ ᠵᠠᠬ᠎ᠠ ᠳᠡᠯᠭᠡᠭᠦᠷ ᠢ ᠬᠥᠭᠵᠢᠶᠡᠨᠲᠡᠶ ᠪᠤᠯᠭᠠᠨ᠎ᠠ᠃ ᠡᠮᠴᠢᠯᠡᠭᠡ ᠡᠷᠡᠭᠦᠯᠵᠢᠯ ᠰᠤᠪᠢᠯᠠᠯᠲᠠ᠂ ᠨᠠᠰᠤᠲᠠᠨ ᠢ ᠠᠰᠠᠷᠠᠬᠤ ᠪᠠ ᠨᠢᠯᠬᠠᠰ ᠢ ᠨᠠᠶᠢᠳᠠᠨ ᠬᠥᠮᠦᠵᠢᠭᠦᠯᠬᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ᠂ ᠬᠡᠷ ᠠᠳᠠᠯ ᠤᠨ ᠦᠶᠯᠡᠴᠢᠯᠡᠭᠡ ᠵᠡᠷᠭᠡ ᠠᠮᠢᠳᠤᠷᠠᠯ ᠤᠨ ᠴᠢᠨᠠᠷᠲᠠᠢ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠡᠨ ᠤ ᠨᠡᠮᠡᠭᠳᠡᠯ ᠢ ᠠᠬᠢᠭᠤᠯᠤᠨ᠎ᠠ᠃          ︵ᠬᠤᠶᠠᠷ︶ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠲᠤᠪᠤᠶᠢᠯᠭᠠᠨ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠳᠡᠰ ᠳᠠᠪᠬᠤᠷᠭ᠎ᠠ ᠪᠠᠨ ᠳᠡᠭᠡᠭᠰᠢᠯᠡᠭᠦᠯᠦᠨ᠎ᠡ᠃ ᠠᠵᠤ ᠦᠶᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ︽ᠲᠠᠪᠤᠨ ᠲᠤᠰᠬᠠᠶ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ︽ᠠᠵᠤ ᠦᠶᠯᠡᠰ ᠢ ᠲᠠᠰ ᠳᠡᠪᠰᠢᠭᠦᠯᠬᠦ ᠢᠨᠵᠧᠨᠧᠷᠢᠩ︾ ᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠬᠢᠯᠢ ᠶᠢᠨ ᠪᠣᠭᠤᠮᠲᠠ ᠶᠢᠨ ᠬᠠᠷᠢᠴᠠᠩᠭᠤᠶ ᠳᠠᠪᠠᠭᠤᠯᠢᠭ ᠤᠨᠴᠠᠯᠢᠭᠳᠤ ᠠᠵᠤ ᠦᠶᠯᠡᠰ ᠢ ᠲᠦᠷᠭᠡᠳᠬᠡᠨ ᠰᠢᠯᠢᠳᠡᠭᠵᠢᠭᠦᠯᠵᠦ᠂ ᠰᠠᠭᠠᠳ ᠥᠬᠡᠶ ᠲᠠᠰ ᠳᠡᠪᠰᠢᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃          ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶ᠎ᠡ ᠪᠠ ᠶᠠᠰᠤ ᠴᠢᠨᠠᠷ ᠢ ᠵᠡᠷᠭᠡᠪᠡᠷ ᠲᠡᠭᠡᠭᠰᠢᠯᠡᠬᠦᠯᠭᠦ ᠶᠢ ᠠᠬᠢᠭᠤᠯᠤᠨ᠎ᠠ᠃ ︽ᠨᠠᠢᠮᠠᠨ ᠲᠠᠯ᠎ᠠ︾  ᠶᠢᠨ ᠬᠦᠭᠵᠢᠯᠳᠡ ᠪᠠᠷ ᠬᠠᠷᠠᠯᠳᠠ ᠪᠤᠯᠭᠠᠵᠤ᠂ ᠮᠠᠯ ᠠᠵᠤ ᠠᠬᠤᠢ ᠶᠢᠨ ᠵᠢᠯ ᠤᠨ ᠮᠠᠯ ᠤᠨ ᠲᠤᠭ᠎ᠠ ᠲᠤᠯᠤᠭᠠᠢ ᠶᠢ 130 ᠲᠦᠮᠡ ᠣᠷᠴᠢᠮ ᠪᠠᠶᠢᠯᠭᠠᠵᠤ᠂ ᠮᠢᠬ᠎ᠠ ᠪᠠ ᠰᠦᠨ ᠤ ᠭᠠᠷᠤᠯᠲᠠ ᠶᠢ ᠲᠤᠰᠪᠤᠷᠢ 3 ᠲᠦᠮᠡᠨ ᠲᠣᠨ ᠪᠠ 7.2 ᠲᠦᠮᠡᠨ ᠲᠣᠨ ᠠᠴᠠ ᠳᠠᠪᠠᠭᠤᠯᠤᠨ᠎ᠠ᠃ 2 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ ᠲᠦᠬᠦᠭᠡᠷᠦᠮᠵᠢ ᠶᠢᠨ ᠠᠷᠠᠴᠢᠯᠠᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ᠂ ᠲᠠᠷᠢᠶᠠᠨ ᠭᠠᠵᠠᠷ ᠲᠤ ︽ᠠᠮᠤ ᠪᠤᠳᠠᠭᠠᠨ ᠤ ᠪᠤᠰᠤ ᠲᠠᠷᠢᠮᠠᠯ ᠲᠠᠷᠢᠬᠤ︾ ᠶᠢ ᠬᠤᠷᠢᠭᠯᠠᠨ᠂ 25 ᠲᠦᠮᠡᠨ ᠮᠦ ᠶᠢᠨ ᠠᠮᠤ ᠪᠤᠳᠠᠭᠠᠨ ᠤ ᠲᠠᠷᠢᠮᠠᠯ ᠲᠠᠷᠢᠬᠤ ᠡᠭᠦᠷᠭᠡ ᠶᠢ ᠪᠡᠶᠡᠯᠡᠭᠦᠯᠦᠨ᠂ ᠠᠮᠤ ᠪᠤᠳᠠᠭᠠᠨ ᠤ ᠤᠨᠠᠯᠲᠠ ᠶᠢ 1 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠪᠠ ᠤᠳᠤᠬᠢᠴᠢᠯᠠᠯᠳᠠ ᠪᠠᠷ ᠠᠵᠤ ᠦᠢᠯᠡᠰ ᠤᠨ ᠬᠡᠯᠬᠢᠶ᠎ᠡ  ᠶᠢᠨ ᠲᠡᠭᠡᠳᠤ ᠬᠡᠰᠡᠭ ᠢ ᠠᠳᠬᠤᠵᠤ᠂ 2 ᠲᠦᠮᠡᠨ ᠮᠦ ᠬᠢᠶᠠᠭ ᠡᠪᠡᠰᠦ ᠲᠠᠷᠢᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠ ᠬᠦᠯᠦᠨ ᠪᠤᠶᠢᠷ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠰᠤᠳᠤᠯᠤᠯ ᠤᠨ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠴᠢᠨᠠᠷ ᠰᠠᠶᠢᠳᠠᠢ ᠪᠡᠯᠴᠢᠭᠡᠷ ᠡᠪᠡᠰᠦ ᠶᠢᠨ ᠦᠢᠯᠡᠳᠪᠦᠷᠢᠯᠡᠯ ᠨᠦᠬᠡᠴᠡᠯᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ 2 ᠰᠠᠭᠤᠷᠢ ᠰᠠᠭᠠᠯᠢ ᠶᠢᠨ ᠦᠨᠢᠶ᠎ᠡ ᠪᠠ ᠢᠳᠡᠰᠢᠨ ᠦᠬᠡᠷ ᠤᠨ ᠦᠷ᠎ᠡ ᠶᠢᠨ ᠮᠠᠯ ᠦᠷᠡᠵᠢᠭᠦᠯᠬᠦ ᠲᠠᠯᠠᠪᠠᠢ ᠶᠢ ᠪᠠᠶᠢᠭᠤᠯᠵᠤ᠂ 2 ᠰᠠᠭᠤᠷᠢ ᠡᠬᠦᠯᠳᠡᠷ ᠰᠠᠶᠢᠵᠢᠷᠠᠭᠤᠯᠬᠤ ᠴᠢᠭ ᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠳᠤ ᠲᠤᠬᠢᠷᠠᠮᠵᠢᠲᠠᠶ ᠰᠢᠯᠢᠳᠡᠭ ᠡᠭᠦᠯᠳᠡᠷ ᠢ ᠰᠤᠩᠭᠤᠨ ᠪᠣᠶᠢᠵᠢᠭᠤᠯᠤᠨ᠎ᠠ᠃ ᠠᠵᠤ ᠦᠢᠯᠡᠰᠵᠢᠬᠦᠯᠬᠦ᠂ ᠬᠡᠪᠴᠢᠶᠡᠵᠢᠬᠦᠯᠬᠦ᠂ ᠵᠣᠬᠢᠶᠠᠨ ᠪᠠᠶᠢᠭᠤᠯᠤᠯᠲᠠᠵᠢᠭᠤᠯᠬᠤ ᠪᠠᠷ ᠠᠤᠭ᠎ᠠ ᠦᠢᠯᠡᠰ ᠤᠨ ᠬᠢᠯᠬᠢᠶ᠎ᠡ ᠶᠢᠨ ᠲᠤᠮᠳᠠ ᠬᠡᠰᠡᠭ ᠢ ᠠᠳᠬᠤᠵᠤ᠂ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠬᠠᠨᠳᠠᠭᠠᠶ ᠶᠢᠨ ᠲᠦᠮᠡᠨ ᠲᠤᠯᠤᠭᠠᠢ ᠢᠳᠡᠰᠢᠨ ᠦᠬᠡᠷ ᠤᠨ ᠵᠠᠬᠢᠶᠠᠯᠠᠭ᠎ᠠ ᠶᠢᠨ ᠮᠠᠶ᠋ᠢᠭ ᠲᠠᠢ ᠣᠨᠴᠠᠯᠢᠭᠲᠤ ᠲᠡᠵᠢᠭᠡᠨ ᠦᠷᠡᠵᠢᠭᠦᠯᠬᠦ ᠲᠥᠷᠥᠯ ᠵᠦᠶᠯ ᠤᠨ ᠴᠢᠳᠠᠮᠵᠢ ᠶᠢ ᠥᠷᠭᠡᠳᠬᠡᠬᠦ ᠶᠢ ᠠᠬᠢᠭᠤᠯᠬᠤ ᠶᠢᠨ ᠬᠠᠮᠲᠤ᠂ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠨ ︽ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ︾ ᠢ ᠪᠠᠶᠢᠭᠤᠯᠵᠤ᠂ ᠬᠠᠬᠢᠷ ᠬᠦᠶᠲᠡᠨ ᠭᠠᠵᠠᠷ ᠣᠷᠣᠨ ᠤ ᠢᠳᠡᠰᠢᠨ ᠤ ᠦᠬᠡᠷ ᠤᠨ ᠪᠥᠬᠦ ᠦᠶᠡᠯᠡᠯ ᠤᠨ ᠬᠤᠭᠤᠴᠠᠭᠠᠨ ᠳᠠᠬᠢ ᠲᠡᠵᠢᠭᠡᠨ ᠦᠷᠡᠵᠢᠭᠦᠯᠬᠦ ᠬᠡᠷᠡᠭᠯᠡᠭᠡᠨ ᠤ ᠮᠡᠷᠭᠡᠵᠢᠯ ᠢ ᠰᠦᠪᠡᠭᠴᠢᠯᠡᠨ᠂ ᠢᠳᠡᠰᠢᠨ ᠦᠬᠡᠷ ᠢ ᠲᠦᠮᠡ ᠠᠴᠠ ᠲᠡᠭᠡᠭᠰᠢ ᠪᠤᠷᠤᠯᠠᠭᠤᠯᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠢ ᠤᠷᠢᠨ ᠣᠷᠣᠭᠤᠯᠵᠤ᠂ ᠪᠠᠶᠠᠨᠲᠠᠯ᠎ᠠ ᠠᠮᠢ ᠠᠬᠤᠢ ᠶᠢᠨ ᠮᠠᠯᠵᠢᠯ ᠤᠨ ᠲᠠᠯᠠᠪᠠᠢ ᠳᠤ ᠰᠠᠭᠤᠷᠢᠰᠢᠭᠤᠯᠤᠨ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠦᠨᠢᠶᠡᠨ ᠰᠦᠨ ᠤ ᠢᠷᠡᠯᠲᠡ ᠶᠢ ᠬᠠᠩᠭᠠᠬᠤ᠂ ᠪᠦᠲᠦᠭᠡᠭᠳᠡᠬᠦᠨ ᠪᠣᠯᠪᠠᠰᠤᠷᠠᠭᠤᠯᠬᠤ᠂ ᠢᠯᠭᠠᠳᠠᠰᠤ ᠶᠢᠨ ᠪᠣᠬᠢᠷᠲᠤᠯ ᠢ ᠵᠠᠰᠠᠬᠤ ᠶᠢ ᠨᠢᠭᠡ ᠴᠣᠭᠴᠠᠵᠢᠭᠤᠯᠤᠭᠰᠠᠨ ᠲᠡᠵᠢᠭᠡᠨ ᠦᠷᠡᠵᠢᠭᠦᠯᠬᠦ ᠬᠡᠪ ᠳᠠᠭᠤᠷᠢᠶᠠᠯ ᠢ ᠪᠤᠢ ᠪᠣᠯᠭᠠᠵᠤ᠂ ᠪᠦᠬᠦ ᠬᠤᠰᠢᠭᠤᠨ ᠤ ᠲᠥᠬᠦᠭᠡᠷᠦᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠠᠷᠢᠴᠠᠯ ᠢ 46 % ᠳᠤ ᠬᠦᠷᠭᠡᠨ᠎ᠡ᠃ 6000 ᠲᠦᠮᠡᠨ ᠲᠥᠭᠦᠷᠢᠭ ᠤᠨ ᠪᠡᠯᠡ ᠮᠦᠩᠭᠦ ᠶᠢ ᠤᠷᠢᠨ ᠣᠷᠤᠭᠤᠯᠵᠤ᠂ ᠬᠦᠭᠡᠬᠠᠳᠠ ᠰᠦᠨ ᠤ ᠦᠢᠯᠡᠰ ᠲᠤ ᠲᠡᠰ ᠳᠡᠪᠰᠢᠭᠦᠯᠦᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠬᠤᠶᠢᠲᠤ ᠬᠡᠰᠡᠭ ᠤᠨ ᠰᠦᠨ ᠤ ᠡᠷᠦᠬᠡ᠂ ᠬᠤᠷᠰᠢᠶᠠᠵᠢᠯ ᠪᠠ ᠮᠠᠯᠵᠢᠯ ᠤᠨ ᠲᠠᠯᠠᠪᠠᠢ ᠶᠢᠨ ᠠᠰᠢᠭ ᠲᠤᠰᠠ ᠶᠢ ᠬᠤᠯᠪᠤᠯᠳᠠᠭᠤᠯᠵᠤ᠂ ᠬᠦᠴᠦ ᠪᠠᠨ ᠨᠢᠭᠡᠳᠭᠡᠨ ᠬᠠᠮᠲᠦ ᠪᠠᠷ ᠬᠦᠭᠵᠢᠬᠦ ᠶᠢ ᠳᠠᠶᠢᠴᠢᠯᠠᠨ᠎ᠠ᠃ ᠵᠠᠬ᠎ᠠ ᠳᠡᠯᠭᠡᠭᠦᠷᠴᠢᠯᠡᠬᠦ᠂ ᠨᠡᠷᠡᠲᠦ ᠲᠡᠮᠳᠡᠭᠵᠢᠭᠦᠯᠬᠦ᠂ ᠠᠭᠤᠰᠣᠯᠴᠠᠭᠤᠯᠬᠤ ᠪᠠᠷ ᠠᠵᠤ ᠦᠢᠯᠡᠰ ᠤᠨ ᠬᠡᠯᠬᠢᠶᠡᠨ ᠤ ᠲᠤᠤᠷᠠᠲᠤ ᠬᠡᠰᠡᠭ ᠢ ᠠᠳᠬᠤᠵᠤ᠂ ᠮᠢᠬᠠᠨ ᠤ ᠵᠦᠶᠯ ᠢ ᠡᠳ᠋ᠰᠢᠭᠦᠯᠬᠦ ᠠᠵᠤ ᠠᠬᠤᠶᠢᠯᠠᠯ ᠢ ᠲᠡᠳᠬᠦᠨ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ ᠪᠠ ᠪᠠᠷᠠᠭᠠᠨ ᠤ ᠭᠦᠶᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠤᠯᠠᠷᠢᠭᠤᠯᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠦᠬᠡᠷ᠂ ᠬᠤᠨᠢ᠂ ᠪᠢᠰᠢᠯᠠᠭ᠂ ᠬᠤᠣᠰ ᠳᠣᠣᠷ᠎ᠠ ᠰᠢᠯᠢᠮᠳᠡᠭ ᠤᠨ ᠦᠷ᠎ᠡ ᠶᠢᠨ ︽ᠨᠡᠷᠡᠲᠦ ᠰᠢᠯᠢᠳᠡᠭ ᠣᠨᠴᠠ ᠰᠢᠨ᠎ᠡ︾ ᠲᠥᠷᠥᠯ ᠲᠡᠮᠳᠡᠭᠲᠦ ᠶᠢ ᠪᠤᠵᠠᠭᠠᠶᠢᠷᠠᠭᠤᠯᠤᠨ᠂ ᠲᠠᠬᠢᠨ ᠨᠢᠬᠡ ︽ᠦᠪᠦᠷ ᠮᠣᠩᠭᠤᠯ︾ ᠤᠨ ᠲᠡᠮᠳᠡᠭᠲᠦ ᠪᠠᠷ ᠭᠡᠷᠡᠴᠢᠯᠡᠬᠦᠯᠦᠭᠰᠡᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠯᠡᠬᠦᠦ ᠥᠷᠲᠡᠭ ᠢ ᠨᠡᠮᠡᠭᠳᠡᠭᠦᠯᠦᠨ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠴᠢᠨᠠᠷ ᠢ ᠨᠡᠮᠡᠭᠳᠡᠭᠦᠯᠦᠨ᠎ᠡ᠃          ᠬᠤᠶᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠠᠰᠢᠭ ᠢ ᠲᠡᠭᠡᠭᠰᠢᠯᠡᠬᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠬᠦᠳᠦᠯᠦᠨ ᠲᠠᠭᠠᠭᠤᠯᠬᠤ᠂ ᠵᠠᠬ᠎ᠠ ᠳᠡᠯᠭᠡᠭᠦᠷ ᠢᠶᠠᠷ ᠭᠤᠤᠯ ᠴᠣᠭᠴᠠ ᠪᠤᠯᠭᠠᠬᠤ᠂ ᠵᠤᠭᠠᠴᠠᠭᠰᠠᠳ ᠢᠶᠠᠷ ᠭᠤᠤᠯ ᠲᠦᠷᠢ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠨᠢᠭᠡ ᠴᠣᠭᠴᠠᠵᠢᠭᠤᠯᠤᠨ ᠲᠥᠯᠥᠪᠵᠢᠭᠦᠯᠬᠦ᠂ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ᠂ ᠨᠢᠭᠡ ᠴᠣᠭᠴᠠᠵᠢᠭᠤᠯᠤᠨ ᠬᠥᠭᠵᠢᠭᠦᠯᠦᠨ᠎ᠡ᠃ ᠵᠠᠮ ᠱᠤᠭᠤᠮ ᠤᠨ ᠲᠤᠭᠤᠷᠢᠭ ᠢ ᠪᠠᠶᠢᠷᠢᠰᠢᠭᠤᠯᠬᠤ ᠲᠠᠯ᠎ᠠ ᠪᠠᠷ᠂ 5000 ᠲᠦᠮᠡᠨ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ᠂ ᠲᠤᠯᠤᠭᠠᠳᠤ ᠶᠢᠨ ︽ᠲᠠᠯ᠎ᠠ ᠨᠤᠲᠤᠭ ᠤᠨ ᠦᠪᠡᠳᠡᠭᠰᠢ ᠳᠠᠶᠢᠯᠠᠯᠭ᠎ᠠ︾ ᠬᠡᠭᠡᠷ᠎ᠡ ᠶᠢᠨ ᠵᠤᠭᠠᠴᠠᠯ ᠠᠮᠠᠷᠠᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠨᠤᠭᠤᠭᠠᠨᠨᠠᠭᠤᠷ ᠵᠣᠴᠢᠳ ᠤᠨ ᠪᠠᠭᠤᠳᠠᠯ ᠢ ᠳᠥᠷᠪᠡᠨ ᠣᠳᠣᠨ ᠲᠡᠰ ᠤᠨ ᠵᠤᠭᠠᠴᠠᠯ ᠤᠨ ᠬᠤᠭᠤᠯᠠᠨ ᠭᠡᠷ ᠪᠤᠯᠭᠠᠬᠤ ᠪᠠᠷ ᠴᠢᠷᠠᠮᠠᠨ ᠡᠭᠦᠳᠬᠦ ᠠᠵᠢᠯᠯᠠᠭ᠎ᠠ ᠪᠠᠨ ᠲᠦᠷᠬᠡᠳᠬᠡᠵᠤ᠂ ᠡᠮᠦᠨᠡᠳᠤ ᠬᠡᠰᠡᠭ ᠤᠨ ᠲᠡᠬᠡᠳᠦ ᠲᠡᠰ ᠤᠨ ᠵᠤᠭᠠᠴᠠᠯ ᠠᠮᠠᠷᠠᠯᠲᠠ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠤᠨ᠎ᠠ᠃ 1200 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠂ ᠭᠠᠨᠵᠤᠤᠷ ᠰᠣᠮᠤ ᠶᠢᠨ ᠮᠣᠷᠢᠨ ᠮᠡᠷᠭᠡᠵᠢᠯ ᠤᠨ ᠪᠤᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠵᠦ᠂ ᠠᠵᠤ ᠠᠬᠤᠶᠢᠯᠠᠯ ᠢᠶᠠᠷ ᠭᠤᠣᠯᠯᠠᠭᠤᠯᠵᠤ᠂ ᠭᠠᠨᠵᠤᠤᠷ ᠤᠨ ᠦᠵᠡᠮᠵᠢ ᠶᠢᠨ ᠣᠷᠣᠨ ᠢ ᠪᠦᠬᠦᠯᠢ ᠴᠣᠭᠴᠠ ᠪᠠᠷ ᠨᠢ ᠨᠡᠭᠡᠭᠡᠨ ᠬᠥᠭᠵᠢᠭᠦᠯᠵᠦ ᠡᠵᠡᠩᠨᠡᠬᠦᠯᠦᠨ᠂ ︽ᠨᠣᠮᠣᠨ ᠬᠠᠨ ᠤ ᠳᠠᠶᠢᠨ ᠤ ᠦᠯᠡᠳᠡᠭᠳᠡᠯ — ᠵᠡᠬᠦᠨ ᠬᠤᠰᠢᠭᠤᠨ ᠤ ᠲᠠᠷᠢᠶᠠᠯᠠᠩ ᠤᠨ ᠲᠤᠰᠬᠤᠨ — ᠥᠯᠵᠡᠶᠢᠲᠦ ᠷᠠᠰᠢᠶᠠᠨ ᠤ ᠴᠡᠴᠡᠷᠯᠢᠭ — ᠭᠠᠨᠵᠤᠤᠷ ᠤᠨ ᠦᠵᠡᠮᠵᠢ ᠶᠢᠨ ᠤᠷᠤᠨ︾ ᠤ ᠰᠣᠳᠣᠨ ᠵᠠᠮ ᠱᠤᠭᠤᠮ ᠢ ᠭᠠᠷᠭᠠᠵᠤ᠂ ᠲᠠᠯ᠎ᠠ ᠨᠤᠲᠤᠭ ᠤᠨ ᠦᠵᠡᠮᠵᠢ ᠶᠢᠨ ᠵᠠᠮ ᠢ ᠬᠤᠯᠪᠣᠨ᠂ ︽ᠬᠢᠯᠢ ᠪᠠᠷ ᠥᠩᠭᠡᠷᠡᠬᠦ ᠵᠢᠭᠤᠯᠴᠢᠯᠠᠯ︾ ᠢ ︽ᠭᠦᠨᠵᠡᠭᠡᠶᠢᠷᠡᠨ ᠠᠶᠠᠯᠠᠬᠤ ᠵᠢᠭᠤᠯᠴᠢᠯᠠᠯ︾ ᠪᠣᠯᠭᠠᠨ ᠬᠤᠪᠢᠷᠠᠭᠤᠯᠤᠨ᠎ᠠ᠃ ᠶᠡᠬᠡᠨᠭᠤᠯᠠ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠪᠠᠯᠠ ᠣᠷᠣᠭᠤᠯᠤᠨ ᠬᠡᠷᠡᠭᠵᠢᠭᠦᠯᠵᠦ᠂ ᠶᠡᠬᠡᠨᠭᠤᠯᠠ᠂ ᠭᠠᠨᠵᠤᠤᠷ ᠭᠠᠴᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠣᠯᠭᠠᠬᠤ ᠶᠢ ᠠᠬᠢᠭᠤᠯᠵᠤ᠂ ︽ᠪᠠᠷᠭᠤ ᠠᠶᠢᠮᠠᠭ︾ ᠦᠵᠡᠮᠵᠢ ᠶᠢᠨ ᠣᠷᠣᠨ ᠢ ᠦᠪᠡᠷᠲᠡᠭᠡᠨ ᠵᠠᠰᠠᠬᠤ ᠤᠷᠤᠨ ᠤ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠤᠯᠭᠠᠬᠤ ᠪᠠᠷ ᠲᠡᠮᠵᠢᠨ ᠠᠬᠢᠭᠤᠯᠵᠤ᠂ ᠨᠠᠩ ᠶᠡᠭᠡ ᠨᠥᠯᠥᠭᠡᠯᠡᠬᠦ ᠬᠦᠴᠦᠨ ᠪᠦᠬᠦᠢ ᠬᠤᠶᠢᠳᠤ ᠭᠡᠰᠡᠭ ᠤᠨ ᠵᠢᠭᠤᠯᠴᠢᠯᠠᠯ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠨ ᠪᠠᠶᠢᠭᠤᠯᠤᠨ᠎ᠠ᠃ ᠪᠦᠲᠦᠭᠡᠭᠳᠡᠬᠦᠨ ᠤ ᠬᠠᠩᠭᠠᠯᠭ᠎ᠠ ᠶᠢᠨ ᠲᠠᠯ᠎ᠠ ᠪᠠᠷ᠂ ︽ᠲᠠᠯ᠎ᠠ ᠨᠤᠲᠤᠭ ᠤᠨ ᠨᠠᠭᠠᠳᠤᠮ︾᠂ ︽ᠣᠷᠳᠣ ᠶᠢᠨ ᠳᠠᠭᠤᠤ ᠶᠢᠨ ᠨᠤᠲᠤᠭ︾᠂ ︽ᠮᠣᠩᠭᠤᠯ ᠮᠣᠷᠢᠨ ᠤ ᠰᠢᠨᠳᠠᠰᠤ ᠰᠢᠯᠭᠠᠬᠤ ᠤᠷᠤᠯᠳᠤᠭᠠᠨ︾ ᠵᠡᠷᠭᠡ ᠵᠢᠭᠤᠯᠴᠢᠯᠠᠯ ᠤᠨ ᠲᠡᠮᠳᠡᠭᠳᠦ ᠶᠢ ᠨᠡᠩ ᠰᠠᠶᠢᠨ ᠭᠢᠯᠠᠯᠵᠠᠭᠤᠯᠵᠤ᠂ 2024 ᠣᠨ ᠤ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠣᠯᠠᠨ ᠤᠯᠤᠰ ᠤᠨ ᠬᠡᠯᠪᠡᠷᠢᠳᠤ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ᠂ ᠪᠥᠬᠡ ᠶᠢᠨ ᠰᠢᠭᠰᠢᠶ᠎ᠡ ᠤᠷᠤᠯᠳᠤᠭᠠᠨ ᠵᠡᠷᠭᠡ ᠲᠥᠷᠥᠯ ᠲᠡᠮᠳᠡᠭᠲᠦ ᠶᠢᠨ ᠤᠷᠤᠯᠳᠤᠭᠠᠨ ᠢ ᠰᠠᠶᠢᠲᠤᠷ ᠡᠷᠭᠢᠯᠡᠵᠦ᠂ ᠠᠮᠢ ᠠᠬᠤᠢ ᠶᠢᠨ ᠰᠤᠪᠢᠯᠠᠯᠳᠠ ᠡᠷᠡᠬᠦᠯᠵᠢᠯ᠂ ᠬᠤᠪᠢ ᠶᠢᠨ ᠮᠠᠰᠢᠨ ᠢᠶᠠᠷ ᠵᠤᠭᠠᠴᠠᠨ ᠲᠤᠭᠤᠷᠢᠬᠤ᠂ ᠠᠷᠠᠳ ᠤᠨ ᠵᠠᠩ ᠦᠢᠯᠡ ᠶᠢ ᠰᠤᠳᠤᠯᠤᠨ ᠰᠤᠷᠤᠯᠴᠠᠵᠤ ᠪᠡᠶᠡᠳᠡᠨ ᠦᠡᠭᠬᠡᠷᠡᠬᠦᠯᠬᠦ ᠵᠡᠷᠬᠡ ᠵᠤᠭᠠᠴᠠᠯ ᠤᠨ ᠲᠠᠯᠠᠪᠤᠷ ᠢ ᠭᠠᠷᠭᠠᠵᠤ᠂ ᠪᠤᠳᠠᠰ ᠤᠨ ᠪᠤᠰᠤ ᠰᠤᠶᠦᠯ ᠤᠨ ᠦᠪ᠂ ᠵᠠᠯᠪᠠᠷᠢᠯ ᠲᠠᠭᠠᠳᠬᠠᠯ᠂ ᠭᠠᠵᠠᠷ ᠵᠦᠢ ᠶᠢᠨ ᠲᠡᠮᠳᠡᠭ ᠵᠡᠷᠬᠡ ᠪᠠᠷ ᠡᠯᠧᠮᠧᠨ᠋ᠲ ᠪᠤᠯᠭᠠᠭᠰᠠᠨ ᠲᠤᠷᠠᠰᠬᠠᠯ ᠤᠨ ᠪᠤᠳᠠᠰ ᠪᠤᠯᠤᠨ ᠨᠤᠳᠤᠭ ᠤᠨ ᠭᠠᠷᠤᠯᠳᠠ ᠶᠢᠨ ᠪᠡᠯᠡᠭ ᠰᠠᠯᠳᠠ ᠶᠢ ᠨᠡᠬᠡᠬᠡᠨ ᠬᠦᠭᠵᠢᠭᠦᠯᠵᠤ᠂ ᠵᠤᠭᠠᠴᠠᠭᠰᠠᠳ ᠢ ᠨᠠᠭᠠᠳᠬᠤ ᠳᠤ ᠠᠶᠠᠳᠠᠢ᠂ ᠰᠠᠭᠤᠬᠤ ᠳᠤ ᠲᠠᠭᠠᠳᠠᠢ᠂ ᠬᠠᠷᠢᠬᠤ ᠳᠤ ᠪᠡᠯᠡᠭ ᠲᠠᠢ ᠪᠠᠶᠢᠯᠭᠠᠨ᠎ᠠ᠃ ᠢᠵᠢ ᠪᠥᠷᠢᠳᠦᠭᠰᠡᠨ ᠦᠶᠯᠡᠴᠢᠯᠡᠭᠡᠨ ᠤ ᠲᠠᠯ᠎ᠠ ᠪᠠᠷ᠂ ᠨᠣᠮᠣᠨ ᠬᠠᠨ ᠤ ᠳᠠᠶᠢᠨ ᠤ ᠦᠯᠡᠳᠡᠭᠳᠡᠯ ᠢ ᠳᠡᠯᠭᠡᠨ ᠦᠵᠡᠭᠦᠯᠬᠦ ᠮᠦᠽᠧᠢ ᠶᠢᠨ ᠬᠤᠪᠢᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠳᠤ ᠴᠠᠬᠢᠯᠭᠠᠨ ᠴᠡᠨᠡᠭᠯᠡᠬᠦ ᠱᠣᠩ ᠢ ᠰᠢᠨ᠎ᠡ ᠪᠠᠷ ᠨᠡᠮᠡᠵᠦ᠂ ᠲᠣᠭᠤᠷᠢᠭ ᠱᠤᠭᠤᠮ ᠤᠨ ᠵᠢᠭᠤᠯᠴᠢᠯᠠᠯ ᠤᠨ ᠦᠶᠯᠡᠴᠢᠯᠡᠭᠡᠨ ᠤ ᠲᠦᠬᠦᠬᠡᠷᠦᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠵᠤᠭᠠᠴᠠᠭᠰᠠᠳ ᠲᠤ ᠨᠠᠩ ᠰᠠᠨᠠᠭ᠎ᠠ ᠠᠮᠤᠷ᠂ ᠰᠡᠳᠬᠢᠯ ᠲᠠᠭᠠᠯᠠᠮᠵᠢᠲᠠᠶ᠂ ᠬᠠᠯᠠᠭᠤᠨ ᠳᠤᠯᠠᠭᠠᠨ ᠵᠢᠭᠤᠯᠴᠢᠯᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃          ᠭᠤᠷᠪᠠ᠂ ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠦᠷᠭᠡᠳᠬᠡᠨ ᠬᠥᠭᠵᠢᠭᠦᠯᠦᠨ᠎ᠡ᠃ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠢᠯᠢ ᠶᠢᠨ ᠭᠤᠣᠯ ᠤᠨ 2 ᠳ᠋ᠤᠭᠠᠷ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠨᠢ ᠳᠤᠮᠳᠠᠳᠤ ᠮᠣᠩᠭᠤᠯ ᠬᠤᠶᠠᠷ ᠤᠯᠤᠰ ᠤᠨ ᠭᠠᠳᠠᠭᠠᠳᠤ ᠬᠠᠷᠢᠯᠴᠠᠭᠠᠨ ᠤ ᠲᠠᠯ᠎ᠠ ᠳᠤ ᠰᠠᠨᠠᠯ ᠨᠢᠭᠡᠳᠬᠦ ᠶᠢ ᠠᠬᠢᠭᠤᠯᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠦᠷᠦᠯ ᠵᠦᠢᠯ ᠲᠣᠭᠲᠠᠭᠠᠬᠤ ᠶᠢ ᠵᠡᠷᠬᠡ ᠳᠤᠨᠢ ᠲᠡᠮᠡᠴᠡᠨ ᠣᠯᠵᠤ᠂ ︽ᠵᠠᠮ ᠤᠨ ᠭᠡᠷᠡᠴᠢᠯᠡᠯᠭᠡ︾ ᠤᠯᠬᠤ ᠪᠠᠷ ᠴᠢᠷᠮᠠᠶᠢᠨ᠎ᠠ᠃ ᠡᠯᠧᠺᠲᠷᠤᠨ ᠬᠢᠯᠢ ᠶᠢᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠵᠠᠮ ᠤᠨ ᠤᠶᠤᠨᠲᠤ ᠺᠠᠷᠲ ᠤᠨ ᠪᠥᠲᠥᠭᠡᠨ ᠪᠠᠶᠢᠭᠤᠯᠤᠯᠲᠠ ᠪᠠ ᠰᠡᠯᠪᠢᠨ ᠵᠠᠰᠠᠬᠤ ᠲᠥᠷᠥᠯ ᠵᠦᠶᠯ ᠢ ᠬᠡᠷᠡᠭᠵᠢᠭᠦᠯᠦᠨ᠎ᠡ︔ 5000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠭᠠᠳᠠᠭᠠᠳᠤ ᠠᠴᠠ ᠣᠷᠣᠭᠤᠯᠤᠭᠰᠠᠨ ᠠᠮᠢᠳᠤ ᠬᠤᠨᠢ ᠶᠢ ᠬᠢᠨᠠᠨ ᠬᠠᠮᠢᠶᠠᠷᠬᠤ ᠲᠠᠯᠠᠪᠠᠢ ᠶᠢᠨ ᠲᠥᠷᠥᠯ ᠵᠦᠢᠯ ᠢ ᠪᠠᠶᠢᠭᠤᠯᠵᠤ᠂ ᠪᠣᠭᠤᠮᠲᠠ ᠪᠠᠷ ᠥᠩᠭᠡᠷᠡᠬᠦ ᠳᠠᠭᠠᠭᠠᠴᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ᠠᠮᠤ ᠪᠤᠳᠠᠭ᠎ᠠ ᠶᠢ ᠭᠠᠳᠠᠭᠠᠳᠤ ᠠᠴᠠ ᠣᠷᠣᠭᠤᠯᠬᠤ ᠶᠢ ᠬᠢᠨᠠᠨ ᠬᠠᠮᠢᠶᠠᠷᠬᠤ ᠲᠠᠯᠠᠪᠤᠷ ᠤᠨ ᠬᠢᠷᠢ ᠭᠡᠮ ᠢ ᠭᠤᠶᠤᠴᠢᠯᠠᠨ ᠪᠠᠶᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠬᠠᠷᠢᠯᠴᠠᠨ ᠠᠷᠠᠯᠵᠢᠶᠠᠯᠠᠬᠤ ᠲᠠᠸᠠᠷ ᠤᠨ ᠲᠥᠷᠥᠯ ᠵᠦᠶᠯ ᠢ ᠪᠠᠶᠠᠯᠢᠭᠵᠢᠭᠤᠯᠤᠨ᠂ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠬᠡᠪᠴᠢᠶ᠎ᠡ ᠶᠢ ᠥᠷᠭᠡᠳᠬᠡᠨ᠎ᠡ᠃ ︽ᠤᠷᠢᠳᠴᠢᠯᠠᠨ ᠭᠤᠶᠤᠴᠢᠯᠠᠨ ᠮᠡᠳᠡᠭᠦᠯᠬᠦ︾᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾᠂ ︽ᠬᠤᠶᠠᠷ ᠬᠡᠰᠡᠭ ᠢᠶᠠᠷ ᠵᠥᠪᠰᠢᠶᠡᠷᠡᠨ ᠣᠷᠣᠭᠤᠯᠬᠤ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠦᠨ᠂ ᠨᠡᠭᠦᠷᠡᠰᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠪᠠ ᠬᠢᠯᠢ ᠠᠯᠤᠰᠯᠠᠭᠰᠠᠨ ᠵᠢᠭᠤᠯᠴᠢᠯᠠᠯ ᠤᠨ ᠦᠶᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠲᠠᠷᠢᠶᠠᠯᠠᠩ ᠮᠠᠯ ᠠᠵᠤ ᠠᠬᠤᠶ᠂ ᠡᠨᠧᠷᠭᠢ ᠠᠭᠤᠷᠬᠠᠶ ᠶᠢᠨ ᠦᠶᠯᠡᠰ᠂ ᠰᠠᠭᠤᠷᠢ ᠲᠥᠬᠦᠭᠡᠷᠦᠮᠵᠢ ᠵᠡᠷᠭᠡ ᠬᠦᠷᠢᠶ᠎ᠡ ᠴᠠᠷᠠᠭ᠎ᠠ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠯᠢ ᠶᠢᠨ ᠪᠤᠭᠤᠮᠳᠠ ᠶᠢᠨ ᠠᠷᠠᠯᠵᠢᠶᠠᠨ ᠤ ᠲᠤᠭ᠎ᠠ ᠬᠡᠮᠵᠢᠶ᠎ᠡ ᠪᠠ ᠠᠷᠠᠯᠵᠢᠶᠠᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠬᠠᠮᠤᠭ ᠤᠨ ᠰᠢᠯᠢᠳᠡᠭ ᠲᠦᠷᠦ ᠶᠢᠨ ᠪᠤᠳᠤᠯᠭ᠎ᠠ ᠶᠢ ᠲᠡᠮᠡᠴᠡᠨ ᠤᠯᠵᠤ᠂ ᠬᠦᠯᠦᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠬᠡᠭᠡᠯᠳᠡᠳᠤ ᠲᠤᠭᠤᠷᠢᠭ ᠲᠤᠳᠤᠷᠠᠬᠢ ᠠᠵᠤ ᠠᠬᠤᠶᠢᠯᠠᠯ ᠲᠠᠢ ᠬᠠᠮᠳᠤᠷᠠᠯᠴᠠᠬᠤ ᠪᠠᠷ ᠰᠦᠪᠡᠭᠴᠢᠯᠡᠨ᠂ ᠲᠠᠷᠢᠶᠠᠯᠠᠩ ᠤᠨ ᠮᠠᠰᠢᠨ ᠪᠠᠭᠠᠵᠢ ᠶᠢ ᠭᠠᠳᠠᠭᠠᠳᠤ ᠳᠤ ᠭᠠᠷᠭᠠᠬᠤ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ︽ᠣᠷᠣᠨ ᠠᠯᠤᠰᠯᠠᠭᠰᠠᠨ ᠠᠵᠤ ᠠᠬᠤᠶ︾ ᠶᠢᠨ ᠬᠡᠪ ᠵᠠᠭᠪᠤᠷ ᠢ ᠦᠶᠯᠡᠳᠦᠯᠭᠡᠵᠢᠭᠦᠯᠵᠦ᠂ ᠤᠮᠠᠷᠠᠰᠢ ᠨᠡᠭᠡᠭᠡᠯᠲᠡ ᠬᠢᠬᠦ ᠰᠢᠨ᠎ᠡ ᠬᠥᠳᠡᠯᠭᠡᠭᠴᠢ ᠡᠨᠧᠷᠭᠢ ᠶᠢ ᠪᠣᠶ ᠪᠣᠯᠭᠠᠵᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ ᠶᠢ 70 ᠲᠦᠮᠡᠨ ᠲᠣᠨ ᠳᠤ ᠬᠦᠷᠭᠡᠨ᠎ᠠ᠃          ︵ᠭᠤᠷᠪᠠ︶ ᠬᠠᠮᠠᠭᠠᠯᠠᠯᠲᠠ ᠶᠢ ᠠᠳᠬᠤᠬᠤ᠂ ᠵᠠᠰᠠᠯᠲᠠ ᠶᠢ ᠴᠢᠩᠭᠠᠳᠬᠠᠬᠤ᠂ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠬᠠᠮᠤᠭ ᠤᠨ ᠶᠡᠭᠡ ᠰᠠᠭᠤᠷᠢ ᠬᠦᠴᠦᠨ ᠪᠣᠯᠭᠠᠵᠤ᠂ ᠤᠯᠤᠰ ᠤᠨ ᠠᠮᠢ ᠠᠬᠤᠢ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠬᠤᠰᠢᠭᠤ ᠪᠤᠯᠤᠨ ︽ᠬᠦᠬᠡᠮᠳᠦᠭ ᠠᠭᠤᠯᠠ ᠴᠡᠩᠬᠡᠷ ᠤᠰᠤ ᠪᠤᠯ ᠠᠯᠳᠠ ᠮᠦᠡᠭᠬᠦᠨ ᠠᠭᠤᠯᠠ︾ ᠬᠡᠬᠦ ᠦᠢᠯᠡᠳᠦᠯᠬᠡ ᠰᠢᠨᠡᠴᠢᠯᠡᠯᠳᠡ ᠶᠢᠨ ᠰᠠᠭᠤᠷᠢᠨ ᠭᠠᠵᠠᠷ ᠢᠶᠠᠷ ᠭᠠᠷᠳᠠᠴᠠ ᠪᠤᠯᠭᠠᠵᠤ᠂ ︽ᠠᠮᠢ ᠠᠬᠤᠢ ᠶᠢ ᠬᠠᠮᠠᠭᠠᠯᠠᠬᠤ ᠢᠨᠵᠧᠨᠧᠷᠢᠩ︾ ᠢ ᠰᠠᠶᠢᠲᠤᠷ ᠠᠳᠬᠤᠵᠤ᠂ ᠪᠤᠬᠢᠷᠳᠤᠯ ᠦᠭᠡᠢ ᠠᠮᠢ ᠠᠬᠤᠢ ᠶᠢᠨ ᠲᠠᠪᠠᠭᠤᠯᠢᠭ ᠢ ᠪᠠᠳᠠᠷᠠᠭᠤᠯᠤᠨ᠎ᠠ᠃          ᠨᠢᠭᠡ᠂ ᠠᠮᠢ ᠠᠬᠤᠶ ᠶᠢ ᠰᠡᠷᠭᠦᠭᠡᠨ ᠵᠠᠰᠠᠬᠤ ᠶᠢ ᠴᠢᠩᠭᠠᠳᠬᠠᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠢ ᠰᠢᠭᠤᠢ ᠲᠠᠯ᠎ᠠ ᠨᠤᠳᠤᠭ ᠤᠨ ᠲᠠᠷᠤᠭ᠎ᠠ ᠶᠢᠨ ᠲᠦᠷᠢᠮ ᠢ ᠠᠬᠢᠭᠤᠯᠤᠨ ᠬᠦᠨᠵᠡᠬᠡᠶᠢᠷᠡᠬᠦᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ 2024 ᠣᠨ ᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ 68.3 ᠲᠦᠮᠡᠨ ᠮᠦ ᠪᠠᠶᠢᠭᠠᠯᠢᠯᠢᠭ ᠤᠢ ᠰᠢᠭᠤᠢ ᠪᠠ ᠤᠯᠤᠰ ᠤᠨ ᠲᠡᠰ ᠤᠨ ᠨᠡᠶᠢᠲᠡ ᠶᠢᠨ ᠠᠰᠠᠷᠠᠮᠵᠢ ᠶᠢᠨ ᠤᠢ ᠰᠢᠭᠤᠢ ᠶᠢ ᠠᠷᠠᠴᠢᠯᠠᠨ ᠬᠠᠮᠠᠭᠠᠯᠠᠵᠤ᠂ 139. 85 ᠲᠦᠮᠡᠨ ᠮᠦ ᠲᠠᠯ᠎ᠠ ᠨᠤᠳᠤᠭ ᠲᠤ ᠪᠡᠯᠴᠢᠭᠡᠷᠯᠡᠭᠦᠯᠬᠦ ᠶᠢ ᠴᠠᠭᠠᠵᠠᠯᠠᠨ᠂ 1979. 66 ᠲᠦᠮᠡᠨ ᠮᠦ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠶᠢ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠪᠠ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠡᠦᠬᠡᠨ ᠠᠴᠠ ᠦᠯᠡᠳᠡᠭᠳᠡᠵᠦ ᠢᠷᠡᠭᠰᠡᠨ 20 ᠬᠡᠰᠡᠭ ᠠᠭᠤᠷᠬᠠᠢ ᠶᠢᠨ ᠬᠠᠶᠠᠭᠳᠠᠮᠠᠯ ᠨᠦᠬᠡ ᠶᠢ ᠵᠠᠰᠠᠬᠤ ᠪᠠᠷ ᠲᠥᠯᠥᠪᠯᠡᠵᠦ᠂ ᠪᠦᠬᠦ ᠲᠠᠯᠠᠪᠠᠢ ᠨᠢ 755 ᠮᠦ᠃ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ᠂ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ  ᠤᠨ ᠬᠥᠨᠥᠭᠡᠯ ᠤᠨ ᠨᠤᠷᠮ᠎ᠠ ᠶᠢ ᠲᠤᠰᠪᠤᠷᠢ 1‰ ᠪᠠ 3 ‰ ᠶᠢᠨ ᠳᠣᠲᠣᠷ᠎ᠠ ᠬᠢᠵᠠᠭᠠᠷᠯᠠᠨ᠎ᠠ᠃          ᠬᠤᠶᠠᠷ ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠠᠭᠠᠷ ᠤᠨ ᠴᠢᠨᠠᠷ ᠴᠢᠨᠰᠠᠭ᠎ᠠ ᠰᠠᠶᠢᠲᠠᠶ ᠡᠳᠦᠷ ᠤᠨ ᠲᠤᠭ᠎ᠠ ᠶᠢᠨ ᠬᠠᠷᠢᠴᠠᠯ ᠢ ᠲᠣᠭᠲᠠᠭᠤᠨ ᠪᠠᠶᠢᠯᠭᠠᠨ᠎ᠠ᠃ ᠬᠥᠯᠥᠨ ᠨᠠᠭᠤᠷ ᠤᠨ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠥᠯᠥᠨ ᠨᠠᠭᠤᠷ ᠤᠨ ᠬᠥᠬᠡ ᠵᠠᠮᠠᠭᠳᠤ ᠤᠰᠤᠨ ᠤ ᠬᠦᠪᠳᠤ ᠶᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠰᠠᠶᠢᠲᠤᠷ ᠬᠢᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠶᠤᠯ ᠲᠦᠭᠰᠢᠭᠦᠷᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠰᠢᠨ᠎ᠡ ᠪᠠᠷ ᠨᠡᠮᠡᠭᠳᠡᠬᠦ ᠬᠥᠷᠥᠰᠥ ᠰᠢᠷᠣᠢ ᠶᠢᠨ ᠣᠷᠴᠢᠨ ᠠᠬᠤᠢ ᠶᠢᠨ ᠪᠣᠬᠢᠷᠲᠤᠯ ᠢ ᠰᠡᠷᠭᠡᠶᠢᠯᠡᠨ᠎ᠡ᠃ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ ᠠᠬᠢᠭᠤᠯᠵᠤ᠂ ︽ᠬᠥᠬᠡᠮᠳᠦᠭ ᠠᠭᠤᠯᠠ ᠴᠡᠩᠭᠡᠷ ᠤᠰᠤ︾ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ᠃          ᠭᠤᠷᠪᠠ᠂ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ ᠢ ᠪᠤᠢ ᠪᠣᠯᠭᠠᠨ᠎ᠠ᠃ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠡᠭᠡᠭᠦᠯᠦᠨ ᠬᠤᠷᠢᠶᠠᠵᠤ ᠠᠰᠢᠭᠯᠠᠬᠤ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠴᠢᠩᠭᠠᠷᠠᠭᠤᠯᠤᠨ᠎ᠠ᠃ ᠲᠠᠯ᠎ᠠ ᠨᠤᠲᠤᠭ ᠤᠨ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠠᠷᠭ᠎ᠠ ᠶᠢᠨ ᠤᠬᠠᠭᠠᠨ ᠤ ᠰᠣᠳᠤᠯᠭᠠᠨ ᠳᠤ ᠢᠳᠡᠪᠬᠢᠲᠡᠢ ᠣᠷᠤᠯᠴᠠᠵᠤ᠂ ᠪᠦᠬᠦ ᠬᠤᠲᠠ ᠶᠢᠨ ᠨᠢᠭᠡᠳᠦᠯᠲᠡᠢ ᠠᠯᠬᠤᠮ ᠶᠣᠰᠣᠭᠠᠷ᠂ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠤᠢ ᠶᠢ ᠠᠷᠠᠴᠢᠯᠠᠨ ᠪᠤᠶᠢᠵᠢᠭᠤᠯᠬᠤ ᠪᠠᠶᠢᠭᠤᠯᠤᠯᠳᠠ ᠶᠢ ᠰᠦᠪᠡᠭᠴᠢᠯᠡᠵᠦ᠂ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠪᠡᠯᠡᠳᠬᠡᠯ ᠢ ᠰᠠᠢᠲᠤᠷ ᠬᠢᠨ᠎ᠡ᠃ ᠬᠥᠬᠡ ᠢᠨᠳᠠᠭᠤ ᠵᠢᠮᠢᠰ ᠢ ᠲᠠᠷᠢᠵᠤ ᠡᠳ᠋ᠰᠢᠭᠦᠯᠬᠦ ᠶᠢ ᠠᠬᠢᠭᠤᠯᠵᠤ᠂ ᠣᠨᠴᠠᠯᠢᠭᠲᠤ ᠬᠢᠲᠠᠳ ᠡᠪᠡᠰᠦᠨ ᠡᠮ ᠲᠠᠷᠢᠬᠤ᠂ ᠴᠢᠴᠠᠷᠭᠠᠨ᠎ᠠ ᠲᠠᠷᠢᠬᠤ ᠰᠠᠭᠤᠷᠢᠨ ᠭᠠᠵᠠᠷ ᠢ ᠬᠦᠭᠵᠢᠬᠦᠯᠬᠦ ᠲᠥᠷᠥᠯ ᠵᠦᠶᠯ ᠢ ᠪᠠᠯᠠ ᠣᠷᠣᠭᠤᠯᠤᠨ ᠪᠦᠲᠦᠭᠡᠨ ᠪᠠᠶᠢᠭᠤᠯᠵᠤ᠂ ᠤᠢ ᠶᠢᠨ ᠬᠤᠷᠮᠣᠶ ᠶᠢᠨ ᠠᠵᠤ ᠠᠬᠤᠢ ᠶᠢᠨ ︽ᠪᠠᠶᠠᠵᠢᠯ ᠤᠨ ᠵᠣᠷ︾ ᠢ ᠭᠠᠷᠭᠠᠵᠤ᠂ ︽ᠠᠯᠲᠠ ᠮᠥᠩᠭᠦᠨ ᠠᠭᠤᠯᠠ︾ ᠶᠢ ᠨᠠᠩ ᠰᠠᠶᠢᠳᠤᠷ ᠪᠦᠳᠦᠬᠡᠨ ᠪᠠᠶᠢᠭᠤᠯᠤᠨ᠎ᠠ᠃          ᠳᠥᠷᠪᠡ᠂ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠬᠡᠨᠠᠭᠤᠷ ᠪᠠ ᠬᠦᠷᠢᠶᠡᠲᠦ ᠶᠢᠨ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠬᠠᠳᠠᠭᠠᠯᠠᠭᠳᠠᠴᠠ ᠶᠢ ᠬᠠᠶᠢᠨ ᠲᠣᠳᠣᠯᠠᠨ᠎ᠠ᠃ ᠬᠤᠵᠢᠷᠯᠢᠭ ᠭᠠᠵᠠᠷ᠂ ᠡᠯᠡᠰᠦᠷᠬᠡᠭ ᠭᠠᠵᠠᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠰᠢᠭᠲᠠᠶ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ᠲᠤᠯᠭᠠᠭᠤᠷᠢᠯᠠᠬᠤ ᠴᠢᠨᠠᠷᠲᠠᠶ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠢ ᠪᠥᠲᠥᠭᠡᠨ ᠪᠠᠶᠢᠭᠤᠯᠵᠤ᠂ ᠮᠸᠡᠭ ᠨᠸᠡᠭ ᠪᠦᠯᠦᠭᠯᠡᠯ ᠤᠨ ᠰᠢᠨ᠎ᠡ ᠪᠠᠷᠭᠤ ᠵᠡᠭᠦᠨ ᠬᠤᠰᠢᠭᠤᠨ ᠳᠠᠬᠢ 500 MW ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ᠂ ᠰᠤ᠋ 131 ᠠᠵᠢᠯᠯᠠᠬᠤ ᠲᠣᠭᠤᠷᠢᠭ ᠤᠨ ᠲᠠᠷᠬᠠᠯᠲᠠ ᠶᠢᠨ ᠮᠠᠶ᠋ᠢᠭ ᠤᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠭᠡᠷᠡᠯ ᠰᠠᠯᠬᠢᠨ ᠬᠦᠴᠦᠨ ᠤ ᠴᠠᠬᠢᠯᠭᠠᠨ ᠢ ᠨᠢᠭᠡ ᠴᠣᠭᠴᠠᠵᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠢᠨ᠎ᠡ ᠡᠨᠧᠷᠭᠢ ᠶᠢᠨ ᠳᠠᠪᠠᠭᠤᠯᠢᠭ ᠲᠠᠯ᠎ᠠ ᠪᠠ ᠳᠠᠯᠳᠠ ᠬᠦᠴᠦᠨ ᠢ ᠡᠮᠬᠢ ᠵᠢᠷᠤᠮ ᠲᠠᠢ ᠪᠠᠷ ᠪᠠᠳᠠᠷᠠᠭᠤᠯᠤᠨ᠎ᠠ᠃          ︵ᠲᠦᠷᠪᠡ︶ ᠰᠠᠭᠤᠷᠢ ᠶᠢ ᠴᠢᠩᠭᠠᠳᠬᠠᠬᠤ᠂ ᠴᠢᠨᠠᠷ ᠢ ᠳᠡᠭᠡᠭᠰᠢᠯᠡᠭᠦᠯᠬᠦ᠂ ᠬᠥᠭᠵᠢᠯ ᠮᠠᠨᠳᠤᠯ ᠢ ᠠᠬᠢᠭᠤᠯᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠡᠩᠴᠡᠭᠦᠷᠢᠲᠦ ᠴᠢᠨᠠᠷ ᠢ ᠴᠢᠩᠭᠠᠳᠬᠠᠨ᠂ ︽ᠡᠶ᠎ᠡ ᠵᠣᠬᠢᠴᠠᠯᠲᠤ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠬᠤ ᠢᠨᠵᠧᠨᠧᠷᠢᠩ︾ ᠢ ᠰᠠᠶᠢᠲᠤᠷ ᠠᠳᠬᠤᠵᠤ᠂ ᠬᠤᠲᠠ ᠬᠥᠳᠡᠭᠡ ᠶᠢ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ᠂ ᠠᠮᠢᠵᠢᠷᠠᠯ ᠤᠨ ᠬᠦᠴᠦᠨ ᠢᠶᠠᠷ ᠨᠠᠩ ᠪᠠᠶᠠᠯᠢᠭ ᠪᠣᠯᠭᠠᠨ᠎ᠠ᠃          ᠨᠢᠭᠡ᠂ ᠣᠷᠣᠰᠢᠨ ᠰᠠᠭᠤᠬᠤ ᠳᠤ ᠲᠣᠬᠢᠷᠠᠮᠵᠢᠲᠠᠶ ᠤᠶᠠᠨ ᠬᠠᠲᠠᠨ ᠴᠢᠨᠠᠷᠲᠠᠶ ᠬᠤᠲᠠ ᠪᠠᠯᠭᠠᠰᠤ ᠶᠢ ᠪᠥᠬᠦ ᠬᠦᠴᠦᠨ ᠢᠶᠠᠷ ᠪᠥᠲᠥᠭᠡᠨ ᠪᠠᠶᠢᠭᠤᠯᠤᠨ᠎ᠠ᠃ ᠲᠤᠯᠠᠭᠠᠯᠠᠭ᠎ᠠ ᠬᠠᠩᠭᠠᠬᠤ ︽ᠲᠠᠪᠤᠨ ᠠᠵᠢᠯᠯᠠᠭ᠎ᠠ︾ ᠪᠠᠷ ᠠᠳᠬᠤᠴᠠ ᠪᠣᠯᠭᠠᠨ᠂ ᠠᠮᠤᠭᠤᠯᠠᠩ ᠪᠠᠯᠭᠠᠰᠤᠨ ᠤ ᠲᠤᠯᠠᠭᠠᠯᠠᠭ᠎ᠠ ᠬᠠᠩᠭᠠᠬᠤ ᠰᠢᠰᠲ᠋ᠧᠮ ᠤᠨ ᠤᠶᠤᠨᠵᠢᠭᠤᠯᠤᠨ ︵68 KM︶ ᠥᠭᠡᠷᠡᠴᠢᠯᠡᠨ ᠪᠠᠶᠢᠭᠤᠯᠬᠤ ᠲᠥᠷᠥᠯ ᠵᠦᠶᠯ ᠢ ᠬᠡᠷᠡᠭᠵᠢᠭᠦᠯᠵᠦ᠂ 800 ᠲᠦᠮᠡᠨ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠤ᠂ ᠢᠯᠴᠢ ᠡᠬᠦᠰᠬᠡᠬᠦ ᠦᠢᠯᠡᠳᠪᠦᠷᠢ ᠶᠢᠨ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢ ᠪᠡᠶᠡᠯᠡᠬᠦᠯᠵᠤ᠂ ︽ᠡᠪᠦᠯ ᠤᠨ ᠡᠪᠡᠳᠴᠢᠨ ᠢ ᠵᠤᠨ ᠵᠠᠰᠠᠬᠤ ︾ ᠪᠠ ︽ᠠᠷᠠᠳ ᠢ ᠰᠤᠷᠪᠤᠯᠵᠢᠯᠠᠨ ᠲᠤᠯᠠᠭᠠᠯᠠᠭ᠎ᠠ ᠶᠢᠨ ᠪᠠᠶᠢᠳᠠᠯ ᠢ ᠠᠰᠠᠭᠤᠬᠤ︾ ᠠᠵᠢᠯᠯᠠᠭ᠎ᠠ ᠥᠷᠨᠢᠭᠦᠯᠵᠦ᠂ ︽ᠬᠠᠯᠠᠭᠤᠨ ᠲᠤᠯᠠᠭᠠᠨ ᠢᠨᠵᠧᠨᠧᠷᠢᠩ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠤᠲᠠ ᠪᠠᠯᠭᠠᠰᠤᠨ ᠤ ᠴᠢᠳᠠᠪᠬᠢ ᠶᠢ ᠲᠡᠭᠦᠯᠳᠡᠷᠵᠢᠭᠦᠯᠬᠦ ᠶᠢ ᠲᠦᠷᠭᠡᠳᠬᠡᠵᠦ᠂ 7800 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠠᠢ ᠶᠢᠨ ᠨᠡᠪᠴᠢᠬᠦ ᠶᠢ ᠰᠡᠷᠭᠡᠶᠢᠯᠡᠬᠦ ᠳᠠᠪᠬᠤᠷᠭ᠎ᠠ ᠶᠢ ᠥᠷᠭᠡᠳᠬᠡᠨ ᠪᠠᠶᠢᠭᠤᠯᠵᠤ᠂ ᠪᠣᠬᠢᠷ ᠤᠰᠤ᠂ ᠬᠤᠭ ᠨᠣᠪᠰᠢ ᠶᠢ ᠰᠢᠢᠳᠪᠦᠷᠢᠯᠡᠬᠦ ᠳᠤ ︽ᠬᠡᠮᠵᠢᠶ᠎ᠡ ᠪᠠᠭᠠᠰᠬᠠᠬᠤ᠂ ᠬᠤᠣᠷ ᠦᠭᠡᠶᠢᠵᠢᠬᠦᠯᠬᠦ᠂ ᠡᠬᠢ ᠪᠠᠶᠠᠯᠢᠭᠵᠢᠭᠤᠯᠬᠤ︾ ᠬᠠᠷᠠᠯᠲᠠ ᠶᠢ ᠪᠡᠶᠡᠯᠡᠬᠦᠯᠦᠨ᠎ᠡ᠃ 5G᠂ ᠮᠢᠩᠭᠠᠨ ᠮᠧᠭ᠎ᠠ ᠭᠡᠷᠡᠯᠯᠢᠭ ᠰᠢᠷᠬᠡᠭ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ ᠵᠡᠷᠭᠡ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ ᠬᠤᠲᠠ ᠪᠠᠯᠭᠠᠰᠤᠨ ᠤ ᠵᠠᠮ ᠤᠨ ᠲᠥᠯᠥᠪᠵᠢᠭᠦᠯᠭᠡ ᠵᠢᠴᠢ ᠤᠶᠤᠨᠴᠢ ᠡᠭᠦᠳᠡᠨ ᠤ ᠫᠠᠶᠢᠰᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠲᠡᠷᠭᠡᠨ ᠵᠣᠭᠰᠣᠭᠠᠯ ᠤᠨ ᠬᠠᠩᠭᠠᠯᠭ᠎ᠠ᠂ ᠵᠠᠮ ᠤᠨ ᠵᠢᠭᠠᠯᠲᠠ ᠲᠡᠮᠳᠡᠭ ᠢ ᠨᠡᠮᠡᠭᠳᠡᠭᠦᠯᠦᠨ᠂ ᠬᠤᠲᠠ ᠪᠠᠯᠭᠠᠰᠤ ᠶᠢᠨ ᠵᠡᠭᠡᠯᠢ ᠭᠤᠳᠤᠮᠵᠢ᠂ ᠴᠡᠴᠡᠷᠯᠢᠭ ᠢ ᠨᠣᠭᠤᠭᠠᠷᠠᠭᠤᠯᠬᠤ᠂ ᠬᠤᠲᠠ ᠶᠢᠨ ᠦᠵᠡᠮᠵᠢ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠬᠦᠷᠢᠶ᠎ᠡ ᠴᠠᠷᠠᠭ᠎ᠠ ᠶᠢᠨ ᠣᠨᠣᠪᠴᠢᠲᠠᠶ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠠᠷᠢᠭᠤᠨ ᠴᠡᠪᠡᠷ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠲᠤᠰᠬᠠᠶ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠣᠯᠠᠨ ᠨᠡᠶᠢᠲᠡ ᠶᠢᠨ ᠲᠦᠷᠢᠶᠡᠰᠦᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥᠯ ᠵᠦᠶᠯ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠳᠤᠤᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠪᠠ ᠰᠢᠨ᠎ᠡ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠣᠶᠤᠨᠴᠢ ᠪᠦᠲᠦᠮᠵᠢᠲᠡᠶ᠂ ᠣᠷᠴᠢᠨ ᠲᠣᠭᠤᠷᠢᠨ ᠭᠤᠶᠣ ᠰᠠᠶᠢᠬᠠᠨ᠂ ᠬᠠᠮᠢᠶᠠᠷᠤᠯᠲᠠ ᠨᠢ ᠡᠮᠬᠢ ᠵᠢᠷᠤᠮ ᠲᠠᠢ ᠤᠨᠴᠠᠯᠢᠭᠳᠤ ᠵᠢᠵᠢᠭ ᠪᠠᠯᠭᠠᠰᠤ ᠶᠢ ᠪᠦᠳᠦᠬᠡᠨ ᠪᠠᠶᠢᠭᠤᠯᠤᠨ᠎ᠠ᠃          ᠬᠤᠶᠠᠷ᠂ ᠡᠶ᠎ᠡ ᠵᠣᠬᠢᠴᠠᠯᠲᠤ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠠᠵᠤ ᠦᠶᠯᠡᠰ ᠢᠶᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ 2900 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ︽ᠵᠡᠭᠦᠨ ᠬᠤᠰᠢᠭᠤᠨ ᠤ ᠲᠠᠷᠢᠶᠠᠯᠠᠩ ᠤᠨ ᠲᠤᠰᠬᠤᠨ︾ ᠤ ᠬᠤᠶᠠᠳᠤᠭᠠᠷ ᠬᠤᠭᠤᠴᠠᠭ᠎ᠠ ᠶᠢᠨ ᠪᠠᠷᠢᠯᠭ᠎ᠠ᠂ ᠭᠠᠨᠵᠤᠤᠷ ᠤᠨ ᠬᠡᠭᠡᠷ᠎ᠡ ᠶᠢᠨ ᠬᠡᠭᠡᠨᠴᠢᠷ ᠬᠤᠪᠢ ᠶᠢᠨ ᠪᠠᠭᠤᠳᠠᠯ ᠵᠡᠷᠭᠡ ᠨᠢᠭᠡ ᠪᠦᠯᠦᠭ ᠠᠷᠠᠳ ᠤᠨ ᠠᠮᠢᠳᠤᠷᠠᠯ ᠪᠠ ᠠᠵᠤ ᠦᠢᠯᠡᠰᠵᠢᠯᠲᠡ ᠶᠢᠨ ᠲᠥᠷᠥᠯ ᠵᠦᠶᠯ ᠢ ᠬᠡᠷᠡᠭᠵᠢᠭᠦᠯᠵᠦ᠂ ᠠᠵᠢᠯ ᠣᠯᠭᠤᠵᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠨ᠎ᠠ᠃ ᠰᠠᠭᠠᠳ ᠥᠬᠡᠶ ᠨᠡᠪᠲᠡᠷᠡᠬᠦ ᠪᠠᠷ ᠬᠥᠭᠵᠢᠯᠲᠡ ᠶᠢ ᠪᠠᠲᠤᠯᠠᠵᠤ᠂ 1500 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ S202 ᠱᠤᠭᠤᠮ ᠠᠴᠠ ᠨᠤᠭᠤᠭᠠᠨᠨᠠᠭᠤᠷ ᠦᠵᠡᠮᠵᠢ ᠶᠢᠨ ᠣᠷᠣᠨ ᠤ ᠬᠦᠷᠲᠡᠯᠡᠬᠢ ᠵᠠᠮ᠂ 17 ᠺᠢᠯᠤᠮᠧᠲᠷ ᠤᠨ ᠭᠠᠴᠠᠭ᠎ᠠ ᠲᠤᠰᠬᠤᠨ ᠤ ᠵᠠᠮ ᠤᠨ ᠠᠮᠤᠷ ᠲᠦᠪᠰᠢᠨ ᠤ ᠠᠷᠠᠴᠢᠯᠠᠨ ᠬᠠᠮᠠᠭᠠᠯᠠᠬᠤ ᠢᠨᠵᠧᠨᠧᠷᠢᠩ᠂ ᠬᠤᠨᠲᠤ ᠠᠴᠠ ᠰᠢᠨᠡᠪᠣᠯᠠᠭ ᠰᠣᠮᠤ ᠶᠢᠨ ᠱᠠᠩᠲᠠ ᠭᠠᠴᠠᠭ᠎ᠠ ᠬᠦᠷᠬᠦ ᠭᠤᠤᠯ ᠱᠤᠭᠤᠮ ᠤᠨ ᠴᠠᠬᠢᠯᠭᠠᠨ ᠰᠦᠯᠵᠢᠶᠡᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠪᠦᠳᠦᠭᠡᠨ ᠪᠠᠶᠢᠭᠤᠯᠤᠨ᠎ᠠ᠃ ︽ᠢᠨᠲ᠋ᠧᠷ ᠰᠦᠯᠵᠢᠶ᠎ᠡ +︾ ᠲᠠᠷᠢᠶᠠᠯᠠᠩ ᠮᠠᠯ ᠤᠨ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠢᠨᠵᠧᠨᠧᠷᠢᠩ ᠢ ᠠᠬᠢᠭᠤᠯᠵᠤ᠂ ᠰᠠᠭᠤᠷᠢ ᠥᠷᠲᠡᠭᠡ ᠶᠢᠨ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠶᠢ ᠠᠬᠢᠭᠤᠯᠵᠤ᠂ ᠵᠠᠰᠠᠮᠠᠯ ᠵᠠᠮ ᠳᠠᠭᠠᠤ ᠪᠠ ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠰᠦᠯᠵᠢᠶᠡᠨ ᠳᠣᠬᠢᠶ᠎ᠠ ᠶᠢᠨ ᠪᠦᠷᠬᠦᠴᠡ ᠶᠢᠨ ᠠᠰᠠᠭᠤᠳᠠᠯ ᠢ ᠪᠥᠬᠦ ᠬᠦᠴᠦᠨ ᠢᠶᠠᠷ ᠰᠢᠶᠳᠪᠦᠷᠢᠯᠡᠨ᠎ᠡ᠃ ᠰᠠᠭᠤᠷᠢ ᠨᠦᠬᠦᠴᠡᠯ ᠢᠶᠠᠷ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠥᠷᠨᠢᠭᠦᠯᠦᠨ᠂ ᠮᠤᠳᠤᠬᠠᠮᠵᠢ᠂ ᠰᠢᠯᠢᠨ ᠪᠤᠶᠢᠷ ᠤᠨ ᠲᠦᠭᠡᠭᠡᠯ ᠣᠰᠤᠨ ᠤ ᠬᠤᠭᠤᠯᠠᠢ ᠶᠢᠨ ᠲᠣᠣᠷ ᠪᠠ ᠤᠰᠤᠨ ᠤ ᠭᠡᠷ ᠢ ᠦᠭᠡᠷᠡᠴᠢᠯᠡᠬᠦ ᠶᠢ ᠲᠦᠷᠭᠡᠳᠬᠡᠨ᠂ 121 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠵᠤ᠂ ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 46 % ᠳᠤ ᠬᠦᠷᠭᠡᠨ᠎ᠡ᠃ ᠶᠠᠰᠤ ᠴᠢᠨᠠᠷ ᠢᠶᠠᠷ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ︽ᠬᠥᠳᠡᠭᠡ ᠲᠣᠰᠬᠤᠨ ᠤ ᠨᠠᠷ᠎ᠡ ᠶᠢ ᠳᠦᠷᠢᠮᠵᠢᠭᠦᠯᠬᠦ︾  ᠠᠵᠢᠯ ᠢ ᠥᠷᠨᠢᠭᠦᠯᠵᠦ᠂ ᠰᠣᠶᠣᠯ ᠤᠨ ᠬᠦᠳᠡᠯᠭᠡᠭᠡᠨ  ᠤ ᠲᠠᠰᠤᠭ᠂ ᠲᠠᠯ᠎ᠠ ᠨᠤᠲᠤᠭ ᠤᠨ ᠨᠣᠮ ᠤᠨ ᠥᠷᠥᠭᠡ᠂ ᠰᠣᠶᠣᠯ ᠤᠨ ᠠᠭᠤᠳᠠᠮ ᠲᠠᠯᠠᠪᠠᠢ ᠶᠢ ᠭᠦᠢᠴᠡᠳ ᠠᠰᠢᠭᠯᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃          ︵ᠲᠠᠪᠤ︶ ᠥᠭᠡᠷᠡᠴᠢᠯᠡᠯᠲᠡ ᠶᠢ ᠠᠳᠬᠤᠬᠤ᠂ ᠰᠢᠨ᠎ᠡ ᠶᠢ ᠡᠭᠦᠳᠬᠦ ᠶᠢ ᠰᠦᠪᠡᠭᠴᠢᠯᠡᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠦᠴᠢᠷ ᠠᠰᠠᠭᠤᠳᠠᠯ ᠢ ᠰᠢᠶᠳᠪᠦᠷᠢᠯᠡᠬᠦ ᠪᠠ ᠰᠢᠨ᠎ᠡ ᠰᠡᠳᠦᠪ ᠢ ᠰᠢᠶᠳᠪᠦᠷᠢᠯᠡᠬᠦ ᠵᠠᠩᠭᠢᠯᠠᠭ᠎ᠠ ᠶᠢᠨ ᠠᠷᠭ᠎ᠠ ᠪᠣᠯᠭᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ  ᠪᠠᠷ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠣᠲᠣᠭᠠᠳᠤ ᠬᠦᠴᠦᠨ ᠢ ᠨᠡᠮᠡᠭᠳᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠤᠯᠭᠠᠵᠤ᠂ ᠡᠨᠡᠬᠦ ᠬᠤᠤᠰ ᠬᠦᠷᠳᠤ ᠪᠠᠷ ᠬᠦᠳᠡᠯᠬᠡᠬᠦᠷ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠭᠦᠯᠦᠨ᠎ᠡ᠃          ᠨᠢᠭᠡ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠪᠠᠭᠤᠯᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠷᠬᠡ ᠶᠢ ᠰᠠᠶᠢᠲᠤᠷ ᠬᠦᠯᠢᠶᠡᠨ ᠠᠪᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠤᠷᠲᠤᠳᠬᠠᠬᠤ ᠶᠢ ᠠᠬᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂ ᠬᠤᠰᠢᠭᠤᠨ ᠳᠤ ᠬᠠᠷᠢᠶᠠᠯᠠᠭᠳᠠᠬᠤ 2 ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 400 ᠲᠦᠮᠡᠨ ᠲᠥᠭᠦᠷᠢᠭ ᠠᠴᠠ ᠳᠡᠭᠡᠭᠰᠢ ᠪᠣᠯᠭᠠᠨ᠎ᠠ᠃ ᠰᠣᠶᠣᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠵᠦ᠂ ᠵᠢᠵᠢᠭ ᠬᠡᠷᠴᠢᠶᠡᠰᠤ ᠳᠤ ᠲᠦᠰᠢᠭᠯᠡᠨ ᠶᠡᠭᠡ ᠠᠰᠠᠭᠤᠳᠠᠯ ᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠨ᠂ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭᠠᠨ ᠤ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠵᠢᠯ ᠤᠨ ᠲᠤᠳᠤᠷ᠎ᠠ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ 2 ᠠᠵᠤ ᠠᠬᠤᠶᠢᠯᠠᠯ᠂ 1 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠰᠦ ᠰᠠᠭᠠᠯᠢ ᠶᠢᠨ ᠦᠶᠯᠡᠰ᠂ ᠦᠷ᠎ᠡ ᠶᠢᠨ ᠦᠶᠯᠡᠰ᠂ ᠣᠶ ᠰᠢᠭᠤᠶ ᠲᠠᠯ᠎ᠠ ᠨᠤᠳᠤᠭ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠤ ᠲᠣᠭᠤᠷᠢᠨ ᠳᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠ ᠦᠶᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 2 ᠪᠠᠶᠢᠭᠤᠯᠵᠤ᠂ ᠠᠵᠤ ᠦᠶᠯᠡᠰ ᠤᠨ ᠰᠢᠨ᠎ᠡ ᠶᠢ ᠡᠬᠦᠳᠬᠦ ᠬᠦᠭᠵᠢᠯᠳᠡ ᠶᠢ ᠪᠠᠳᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃          ᠬᠤᠶᠠᠷ ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠪᠠᠷ ᠦᠨᠳᠦᠰᠦᠨ ᠴᠢᠨᠠᠷᠲᠠᠶ᠂ ᠣᠷᠳᠣ ᠬᠤᠭᠤᠴᠠᠭᠠᠲᠤ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠭᠦᠷᠭᠡ ᠪᠣᠯᠭᠠᠵᠤ᠂ ︽ᠲᠠᠪᠤᠨ ᠪᠣᠭᠤᠮᠲᠠ︾ ᠪᠠᠷ ᠠᠳᠬᠤᠴᠠ ᠪᠣᠯᠭᠠᠨ᠂ ︽ᠵᠠᠰᠠᠭ ᠠᠵᠤ ᠠᠬᠤᠶᠢᠯᠠᠯ ᠤᠨ ᠨᠡᠪᠲᠡᠷᠡᠯᠴᠡᠵᠦ ᠰᠣᠯᠢᠯᠴᠠᠬᠤ ᠣᠨ︾ ᠤ ᠠᠵᠢᠯᠯᠠᠭ᠎ᠠ ᠶᠢ ᠥᠷᠨᠢᠭᠦᠯᠵᠦ᠂ ︽ᠬᠤᠷᠢᠭᠯᠠᠬᠤ ᠥᠬᠡᠶ ᠠᠪᠬᠤ ᠦᠭᠡᠢ᠂ ᠤᠳᠠᠭᠠᠰᠢᠷᠠᠭᠤᠯᠬᠤ ᠥᠬᠡᠶ ᠬᠤᠶᠢᠰᠢᠯᠠᠭᠤᠯᠬᠤ ᠥᠬᠡᠶ᠂ ᠮᠡᠬᠡᠯᠡᠬᠦ ᠥᠬᠡᠶ ᠨᠢᠭᠤᠬᠤ ᠥᠬᠡᠶ᠂ ᠦᠶᠮᠡᠭᠦᠯᠬᠦ ᠥᠬᠡᠶ ᠶᠠᠷᠰᠢᠭᠯᠠᠬᠤ ᠥᠬᠡᠶ᠂ ᠥᠮᠥᠭᠯᠡᠬᠦ ᠥᠬᠡᠶ ᠳᠤᠷ᠎ᠠ ᠪᠠᠷ ᠨᠢ ᠲᠠᠯᠪᠢᠬᠤ ᠥᠬᠡᠶ︾ ᠪᠠᠶᠢᠬᠤ ᠶᠢ ᠡᠷᠡᠰ ᠪᠡᠶᠡᠯᠡᠭᠦᠯᠦᠨ᠎ᠡ᠃ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢᠨ ᠦᠢᠯᠡᠴᠢᠯᠡᠭᠡ ᠶᠢ ᠰᠠᠶᠢᠲᠤᠷ ᠠᠳᠬᠤᠵᠤ᠂ ︽ᠰᠠᠨᠠᠯ ᠱᠠᠭᠠᠷᠳᠠᠯᠭ᠎ᠠ ᠶᠢ ᠭᠥᠯᠢᠶᠡᠨ ᠠᠪᠤᠪᠠᠯ ᠳᠠᠷᠤᠶ ᠳᠤᠨᠢ ᠪᠦᠷᠢᠨᠰᠢᠭᠦᠯᠬᠦ︾ ᠠᠴᠠ ︽ᠰᠠᠨᠠᠯ ᠱᠠᠭᠠᠷᠳᠠᠯᠭ᠎ᠠ ᠦᠭᠡᠢ ᠴᠤ ᠭᠡᠰᠡᠨ ᠤᠷᠢᠳᠠᠪᠠᠷ ᠭᠦᠶᠴᠡᠳᠬᠡᠬᠦ︾ ᠲᠡᠶᠢᠰᠢ ᠬᠤᠪᠢᠷᠠᠭᠤᠯᠬᠤ ᠠᠵᠢᠯ ᠤᠨ ᠶᠠᠪᠤᠴᠠ ᠶᠢᠨ ᠲᠣᠭᠲᠠᠴᠠ ᠶᠢ ᠪᠠᠶᠢᠭᠤᠯᠵᠤ᠂ ᠦᠳᠲᠡᠷ ᠲᠦᠷᠭᠡᠨ ᠲᠤᠰᠬᠠᠯ ᠭᠠᠷᠭᠠᠵᠤ᠂ ᠲᠦᠷᠭᠡᠨ ᠭᠦᠶᠴᠡᠳᠬᠡᠵᠦ ᠲᠦᠷᠭᠡᠨ ᠳᠠᠭᠤᠰᠬᠠᠨ᠎ᠡ᠃ ᠮᠥᠩᠭᠦᠨ ᠭᠦᠶᠯᠭᠡᠭᠡᠨ ᠢᠶᠠᠷ ᠠᠵᠤ ᠠᠬᠤᠶᠢᠯᠠᠯ ᠢ ᠲᠡᠳᠬᠦᠨ ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠢᠭᠡᠯᠡᠯᠭᠡ ᠲᠠᠯᠪᠢᠬᠤ ᠶᠢ ᠴᠢᠩᠭᠠᠷᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ︽ᠬᠤᠪᠢ ᠶᠢᠨ ᠡᠵᠡᠩᠨᠡᠯᠲᠡ ᠶᠢᠨ ᠡᠷᠦᠬᠡ ᠶᠢ ᠠᠵᠤ ᠠᠬᠤᠶᠢᠯᠠᠯ ᠪᠣᠯᠭᠠᠬᠤ︾᠂ ︽ᠵᠢᠵᠢᠭ ᠠᠵᠤ ᠠᠬᠤᠶᠢᠯᠠᠯ ᠢ ᠲᠠᠰ ᠲᠡᠪᠰᠢᠬᠦᠯᠵᠦ ᠬᠡᠪᠴᠢᠶᠡᠵᠢᠬᠦᠯᠬᠦ︾ ᠶᠢ ᠠᠬᠢᠭᠤᠯᠤᠨ᠎ᠠ᠃ ᠵᠢᠯᠣᠭᠤᠴᠢ ᠶᠢᠨ ᠰᠢᠯᠭᠠᠯᠲᠠ ᠶᠢᠨ ᠣᠨᠣᠯ ᠤᠨ ᠰᠢᠯᠭᠠᠯᠲᠠ ᠶᠢᠨ ᠲᠠᠯᠠᠪᠠᠶ᠂ ᠲᠣᠮᠣ ᠬᠡᠯᠪᠡᠷᠢ ᠶᠢᠨ ᠮᠠᠰᠢᠨ ᠲᠡᠷᠭᠡ ᠰᠢᠯᠭᠠᠨ ᠪᠠᠶᠢᠴᠠᠭᠠᠬᠤ ᠲᠣᠭᠤᠷᠢᠭ  ᠢ ᠰᠢᠨ᠎ᠡ ᠪᠠᠷ ᠪᠠᠶᠢᠭᠤᠯᠬᠤ ᠲᠥᠷᠥᠯ ᠵᠦᠶᠯ ᠢ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠷᠢᠭᠦᠨ ᠤ ᠬᠡᠪ ᠳᠠᠭᠤᠷᠢᠶᠠᠯ ᠲᠠᠢ ᠨᠢᠭᠡᠳᠦᠯᠲᠡᠶ ᠪᠠᠶᠢᠵᠤ᠂ ᠨᠢᠭᠡ ᠪᠦᠯᠦᠭ ᠬᠥᠲᠥᠯᠪᠦᠷᠢ ᠶᠢᠨ ᠴᠢᠨᠠᠷᠲᠠᠢ᠂ ᠪᠦᠲᠦᠮᠵᠢᠲᠡᠶ ᠥᠭᠡᠷᠡᠴᠢᠯᠡᠯᠲᠡ ᠶᠢᠨ ᠠᠷᠭ᠎ᠠ ᠪᠠᠷᠢᠯ ᠢ ᠠᠪᠴᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠷᠠᠳ ᠤᠨ ᠡᠵᠡᠩᠨᠡᠭᠰᠡᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠵᠠᠷᠭᠤᠯᠳᠤᠬᠤ ᠵᠡᠷᠭᠡ ᠶᠢ ᠣᠷᠭᠠᠨᠢᠭ ᠢᠶᠠᠷ ᠵᠣᠯᠭᠠᠯᠳᠤᠭᠤᠯᠤᠨ ᠵᠣᠬᠢᠴᠠᠭᠤᠯᠤᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠵᠢᠭ᠍ᠰᠡᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃           ︵ᠵᠢᠷᠭᠤᠭ᠎ᠠ︶ ᠪᠣᠳᠠᠲᠤ ᠶᠠᠪᠤᠳᠠᠯ ᠢ ᠠᠳᠬᠤᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠦᠯᠬᠦᠮᠳᠡᠯ ᠢ ᠠᠬᠢᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠢ ᠪᠥᠬᠦ ᠬᠦᠴᠦᠨ ᠢᠶᠠᠷ ᠬᠠᠩᠭᠠᠨ᠎ᠠ᠃ ᠠᠷᠠᠳ ᠲᠦᠮᠡᠨ ᠢᠶᠠᠷ ᠲᠦᠪ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠂ ︽ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠢᠨᠵᠧᠨᠧᠷᠢᠩ︾ ᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠨᠡᠮᠡᠭᠳᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠬᠤᠰᠢᠭᠤᠨ ᠤ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠡᠳ᠋ᠯᠡᠭᠦᠯᠦᠨ᠎ᠡ᠃          ᠨᠢᠭᠡ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠪᠠᠭ᠎ᠠ ᠲᠣᠭᠠᠨ ᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢ ᠬᠥᠮᠦᠵᠢᠭᠦᠯᠦᠨ ᠳᠡᠭᠡᠭᠰᠢᠯᠡᠭᠦᠯᠬᠦ︾᠂ ︽ᠠᠳᠠᠯ ᠦᠢᠯᠡᠰ ᠪᠣᠰᠬᠠᠬᠤ ᠶᠢ ᠲᠡᠳᠬᠦᠬᠦ︾ ᠢᠨᠵᠧᠨᠧᠷᠢᠩ ᠢ ᠬᠡᠷᠡᠭᠵᠢᠭᠦᠯᠦᠨ᠂ ᠠᠵᠢᠯ ᠣᠯᠭᠤᠬᠤ ᠲᠤᠰᠠᠯᠠᠮᠵᠢ ᠶᠢᠨ ᠰᠠᠷ᠎ᠠ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠤᠭᠰᠠᠳ ᠢ 200 ᠨᠡᠷᠡᠰ ᠨᠡᠮᠡᠭᠳᠡᠭᠦᠯᠦᠨ᠎ᠡ᠃ ︽ᠬᠤᠶᠠᠷ ᠲᠤ ᠰᠠᠭᠤᠵᠤ ᠬᠤᠶᠠᠷ ᠢ ᠪᠠᠶᠢᠴᠠᠭᠠᠬᠤ︾᠂ ︽ᠲᠤᠯᠤᠭᠠᠨ ᠨᠢᠭᠡᠳᠦᠯᠲᠡᠶ ᠪᠠᠶᠢᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ︽ᠡᠮᠨᠡᠯᠭᠡ ᠶᠢᠨ ᠳᠠᠭᠠᠳᠬᠠᠯ ᠤᠨ ᠪᠦᠷᠢᠨ ᠴᠢᠳᠠᠮᠵᠢᠲᠦ ᠺᠠᠷᠲ︾ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠠᠮᠤᠷᠬᠤ ᠢᠨᠵᠧᠨᠧᠷᠢᠩ ᠢ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠳᠤ ᠰᠠᠭᠤᠭᠰᠠᠨ ᠳᠠᠩᠰᠠ ᠶᠢ ᠲᠠᠶᠢᠯᠬᠤ ᠬᠠᠷᠢᠴᠠᠯ ᠢ 65% ᠬᠦᠷᠲᠡᠯ᠎ᠡ ᠳᠡᠭᠡᠭᠰᠢᠯᠡᠭᠦᠯᠦᠨ᠂ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95 % ᠠᠴᠠ ᠳᠡᠭᠡᠭᠰᠢ ᠪᠠᠶᠢᠯᠭᠠᠨ᠎ᠠ᠃ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠤᠵᠤ ᠰᠦᠢᠳᠭᠡᠯ ᠲᠤᠰᠢᠶᠠᠬᠤ ᠶᠢ ᠦᠷᠭᠡᠳᠭᠡᠨ ᠠᠬᠢᠭᠤᠯᠵᠤ ᠂ ᠲᠥᠷᠥᠯ ᠬᠤᠪᠢᠶᠠᠨ ᠱᠠᠲᠤ ᠬᠤᠪᠢᠶᠠᠨ ᠲᠡᠩᠬᠡᠷᠡᠭᠦᠯᠦᠨ ᠲᠤᠰᠠᠯᠠᠵᠤ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ 22 ᠡᠷᠦᠬᠡ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠰᠤᠮᠤ ᠪᠠᠯᠭᠠᠰᠤ ᠶᠢᠨ ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠪᠠᠶᠢᠭᠤᠯᠬᠤ ᠶᠢ ᠤᠯᠠᠮ ᠢᠶᠠᠷ ᠲᠦᠯᠬᠢᠨ ᠠᠬᠢᠭᠤᠯᠵᠤ᠂ ᠨᠠᠰᠤᠵᠢᠯ ᠤᠨ ᠦᠨᠳᠦᠰᠦᠨ ᠦᠢᠯᠡᠴᠢᠯᠡᠭᠡ ᠶᠢ ᠳᠥᠭᠦᠮ ᠳᠥᠲᠡ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃          ᠬᠤᠶᠠᠷ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠯᠠᠪᠳᠠᠭᠤᠨ ᠢᠶᠠᠷ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠨ᠎ᠠ᠃ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠴᠢᠩᠭᠠᠳᠬᠠᠵᠤ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠰᠢᠯᠭᠠᠯᠲᠠ ᠪᠠᠷ ᠬᠢᠨᠠᠨ ᠦᠨᠡᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠ ᠶᠢ ᠳᠡᠭᠡᠭᠰᠢᠯᠡᠭᠦᠯᠬᠦ︾ ᠶᠢ ᠲᠦᠷᠭᠡᠳᠬᠡᠨ ᠪᠡᠶᠡᠯᠡᠭᠦᠯᠦᠨ᠎ᠡ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠰᠤᠷᠤᠭᠴᠢ ᠬᠥᠮᠦᠵᠢᠭᠦᠯᠬᠦ ᠣᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃ ᠭᠡᠷ ᠪᠦᠯᠢ ᠰᠤᠷᠭᠠᠭᠤᠯᠢ ᠡᠪᠯᠡᠯ ᠨᠡᠶᠢᠭᠡᠮᠯᠢᠭ ᠬᠠᠮᠵᠢᠯᠴᠠᠨ ᠰᠤᠷᠤᠭᠴᠢ ᠬᠥᠮᠦᠵᠢᠭᠦᠯᠬᠦ ᠶᠢ ᠴᠢᠩᠭᠠᠳᠬᠠᠵᠤ᠂ ︽ᠳᠥᠷᠪᠡᠨ ᠵᠠᠭᠤᠨ ᠤ ᠵᠠᠭᠤ︾ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠪᠠᠬᠢᠵᠢᠭᠦᠯᠦᠨ᠎ᠡ᠃ ︽ᠪᠥᠬᠦ ᠤᠯᠤᠰ ᠤᠨ ᠰᠢᠶᠠᠨ ᠤ ᠲᠤᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠰᠢᠶᠠᠨ︾ ᠢ ᠡᠬᠦᠰᠬᠡᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ ᠤᠨ ᠲᠠᠰ ᠲᠡᠪᠰᠢᠬᠦᠯᠬᠦ ᠪᠠᠷᠢᠮᠵᠢᠶ᠎ᠠ ᠳᠤ ᠬᠦᠷᠭᠡᠬᠦ ᠡᠭᠦᠷᠭᠡ ᠶᠢ ᠪᠡᠶᠡᠯᠡᠬᠦᠯᠵᠤ᠂ ᠪᠥᠬᠦ ᠬᠤᠰᠢᠭᠤᠨ ᠤ ᠬᠦᠴᠦᠨ ᠢ ᠲᠠᠶᠢᠴᠢᠯᠠᠨ ︽ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠰᠡᠨ ᠰᠢᠶᠠᠨ︾ ᠤ ᠰᠢᠯᠭᠠᠨ ᠪᠠᠶᠢᠴᠠᠭᠠᠯᠲᠠ ᠶᠢ ᠤᠭᠲᠤᠨ᠎ᠠ᠃          ᠭᠤᠷᠪᠠ᠂ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠡᠷᠡᠭᠦᠯ ᠡᠩᠬᠡ ᠰᠢᠨ᠎ᠡ ᠪᠠᠷᠭᠤ ᠵᠡᠭᠦᠨ ᠬᠤᠰᠢᠭᠤᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 300 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠭᠦᠯᠵᠦ᠂ ᠡᠷᠡᠬᠦᠯ ᠬᠠᠮᠠᠭᠠᠯᠠᠯ ᠡᠮᠴᠢᠯᠡᠭᠡ ᠶᠢᠨ ᠴᠢᠳᠡᠪᠦᠷᠢᠳᠡᠨ ᠢ ᠲᠠᠳᠠᠨ ᠠᠪᠴᠢᠷᠠᠬᠤ ᠡᠷᠴᠢᠮ ᠢᠶᠠᠨ ᠴᠢᠩᠭᠠᠷᠡᠭᠤᠯᠥᠨ᠂ ᠨᠢᠭᠲᠠᠴᠢᠯᠠᠭᠰᠠᠨ ᠰᠢᠶᠠᠨ ᠤ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠡᠮᠴᠢᠯᠡᠭᠡ ᠰᠡᠷᠭᠡᠶᠢᠯᠡᠯᠲᠡ ᠶᠢ ᠬᠠᠮᠵᠢᠯᠴᠠᠭᠤᠯᠬᠤ ᠪᠠ ᠡᠮᠴᠢᠯᠡᠭᠡ ᠰᠡᠷᠭᠡᠶᠢᠯᠡᠯᠲᠡ ᠶᠢ ᠠᠭᠤᠰᠤᠯᠴᠠᠭᠤᠯᠬᠤ ᠲᠣᠭᠲᠠᠴᠠ ᠶᠢ ᠰᠦᠪᠡᠭᠴᠢᠯᠡᠵᠦ᠂ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠨ᠎ᠡ᠃ ︽ᠢᠨᠲ᠋ᠧᠷ ᠰᠦᠯᠵᠢᠶ᠎ᠡ + ᠵᠢᠵᠢᠭ ᠡᠮ ᠤᠨ ᠬᠠᠶᠢᠷᠴᠠᠭ + ᠭᠡᠷ ᠪᠦᠯᠢ ᠶᠢᠨ ᠡᠮᠴᠢ︾ ᠶᠢᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠮᠠᠯᠵᠢᠬᠤ ᠣᠷᠣᠨ ᠤ ᠲᠣᠭᠠᠴᠢᠯᠠᠭᠰᠠᠨ ᠡᠷᠡᠭᠦᠯ ᠬᠠᠮᠠᠭᠠᠯᠠᠯ ᠡᠮᠴᠢᠯᠡᠬᠡᠨ ᠤ ᠦᠢᠯᠡᠴᠢᠯᠡᠭᠡᠨ ᠤ ᠰᠢᠨ᠎ᠡ ᠬᠡᠪ ᠵᠠᠭᠪᠤᠷ ᠢ ᠪᠠᠶᠢᠭᠤᠯᠤᠨ᠎ᠠ᠃ ᠬᠢᠲᠠᠳ ︵ᠮᠣᠩᠭᠤᠯ︶ ᠡᠮ ᠡᠮᠨᠡᠯᠭᠡ ᠶᠢᠨ ᠬᠥᠭᠵᠢᠯᠲᠡ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠭᠠᠵᠠᠷ ᠢ ᠳᠡᠰ ᠳᠡᠪᠰᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠬᠦᠰᠬᠡᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃          ᠲᠦᠷᠪᠡ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠡᠭᠦᠳᠬᠦ ᠳᠤ ᠠᠩᠬᠠᠷᠤᠯ ᠢᠶᠠᠨ ᠲᠦᠪᠯᠡᠷᠡᠭᠦᠯᠦᠨ ᠴᠣᠭᠴᠠᠯᠠᠨ ᠪᠠᠶᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠲᠠᠯᠠᠪᠠᠢ ᠣᠷᠳᠣᠨ ᠤ ᠨᠡᠬᠡᠬᠡᠯᠳᠡ ᠬᠢᠬᠦ ᠬᠡᠪᠴᠢᠶ᠎ᠡ ᠶᠢ ᠥᠷᠭᠡᠳᠬᠡᠵᠦ᠂ ︽ᠳᠥᠷᠪᠡᠨ ᠤᠯᠠᠷᠢᠯ ᠤᠨ ᠭᠠᠴᠠᠭᠠᠨ ᠤ ᠨᠠᠶᠢᠷ ᠨᠠᠭᠠᠳᠤᠮ︾  ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ 100 ᠲᠠᠯᠠᠪᠤᠷ ᠰᠣᠶᠣᠯ ᠤᠷᠠᠯᠢᠭ ᠤᠨ ᠲᠣᠭᠯᠠᠯᠲᠠ ᠭᠠᠷᠭᠠᠨ᠎ᠡ᠃ ᠰᠣᠶᠣᠯ ᠤᠨ ᠥᠪ ᠢ ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠪᠡᠶ᠎ᠡ ᠶᠢᠨ ᠲᠠᠮᠢᠷ ᠤᠨ ᠡᠬᠢ ᠪᠠᠶᠠᠯᠢᠭ ᠪᠠ ᠦᠶᠯᠡᠴᠢᠯᠡᠭᠡ ᠶᠢ ᠵᠣᠬᠢᠰᠲᠠᠶ ᠪᠠᠶᠢᠷᠢᠰᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠲᠡᠮᠡᠴᠡᠭᠡᠨ ᠤ ᠪᠡᠶ᠎ᠡ ᠶᠢᠨ ᠲᠠᠮᠢᠷ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃          ᠲᠠᠪᠤ ᠂ ᠦᠨᠳᠦᠰᠦᠲᠡᠨ ᠤ ᠪᠦᠯᠬᠦᠮᠳᠡᠯ ᠤᠨ ᠪᠦᠬᠦ ᠲᠠᠯ᠎ᠠ ᠶᠢ ᠪᠠᠬᠢᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠴᠣᠭᠴᠠᠯᠠᠬᠤ ᠲᠦᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ︽ᠵᠢᠷᠭᠤᠭ᠎ᠠ ᠤᠷᠤᠨ ᠪᠦᠰᠡ᠂ ᠭᠤᠷᠪᠠᠨ ᠰᠠᠭᠤᠷᠢᠨ ᠭᠠᠵᠠᠷ᠂ ᠨᠢᠭᠡ ᠭᠡᠷ ᠣᠷᠣᠨ︾ ᠪᠣᠯᠤᠨ ︽ᠲᠦᠷᠪᠡᠨ ᠬᠠᠮᠳᠤᠪᠠᠷ ᠪᠠᠶᠢᠬᠤ︾ ᠤᠷᠳᠤ ᠬᠤᠩᠬᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠲᠦᠷᠪᠡᠨ ᠵᠠᠭᠤ ᠮᠢᠩᠭ᠎ᠠ ᠲᠦᠮᠡ︾ ᠶᠢᠨ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠭᠤᠷᠪᠠᠨ ᠲᠦᠯᠦᠪᠯᠡᠭᠡ︾ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠱᠢᠶ᠎ᠡ ᠦᠵᠡᠭᠦᠯᠬᠦ ᠨᠡᠶᠢᠲᠡᠯᠢᠭ ᠦᠯᠢᠭᠡᠷ ᠲᠠᠭᠤᠷᠢᠶᠠᠯ ᠢ ᠪᠤᠢ ᠪᠣᠯᠭᠠᠨ᠎ᠠ᠃ ︽ᠪᠦᠬᠦ ᠤᠯᠤᠰ  ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠰᠡᠷᠭᠦᠭᠡᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠰᠠᠭᠤᠷᠢᠨ ᠭᠠᠵᠠᠷ ᠪᠠ ︽ᠬᠤᠪᠢᠰᠬᠠᠯ ᠤᠨ ᠦᠨᠳᠦᠰᠦ ᠰᠤᠷᠪᠤᠯᠵᠢ︾ ᠶᠢᠨ ᠦᠵᠡᠭᠦᠯᠦᠯᠭᠡ ᠶᠢᠨ ᠲᠢᠩᠬᠢᠮ ᠳᠤ ᠲᠦᠰᠢᠭᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠡᠨᠡᠬᠦ ᠭᠤᠣᠯ ᠰᠢᠵᠢᠮ ᠢ ᠡᠯ᠎ᠡ ᠲᠠᠯ᠎ᠠ ᠶᠢᠨ ᠠᠵᠢᠯ ᠤᠨ ᠪᠦᠬᠦ ᠶᠠᠪᠤᠴᠠ ᠪᠦᠬᠦ ᠲᠠᠯ᠎ᠠ ᠪᠠᠷ ᠬᠡᠪ ᠲᠦᠷᠬᠦ ᠲᠠᠢ᠂ ᠲᠦᠷᠦᠭᠳᠡᠯ ᠲᠠᠢ᠂ ᠦᠷ᠎ᠡ ᠪᠦᠳᠦᠮᠵᠢᠳᠡᠢ ᠪᠠᠷ ᠲᠤᠭᠤᠰᠢᠯᠠᠭᠤᠯᠵᠤ᠂ ᠭᠤᠤᠯ ᠰᠢᠵᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠳᠤ ᠮᠠᠨ ᠤ ᠬᠤᠰᠢᠭᠤ ᠡᠮᠦᠨ᠎ᠡ ᠨᠢ ᠶᠠᠪᠤᠵᠤ᠂ ᠲᠠᠭᠤᠷᠢᠶᠠᠯ ᠦᠵᠡᠬᠦᠯᠬᠦ ᠶᠢ ᠲᠦᠯᠬᠢᠨ ᠠᠬᠢᠭᠤᠯᠤᠨ᠎ᠠ᠃          ︵ᠲᠤᠯᠤᠭ᠎ᠠ︶ ᠠᠮᠤᠷ ᠲᠦᠪᠰᠢᠨ ᠢ ᠠᠳᠬᠤᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠤᠷᠢᠭ᠎ᠠ ᠱᠤᠭᠤᠮ ᠢ ᠰᠠᠬᠢᠬᠤ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠪᠦᠲᠦᠴᠡ ᠶᠢ ᠪᠠᠶᠢᠭᠤᠯᠤᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ︽ᠴᠠᠭ ᠢᠮᠠᠭᠲᠠ ᠰᠡᠳᠬᠢᠯ  ᠳᠤ ᠪᠠᠨ ᠠᠪᠬᠤ︾ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠵᠤ᠂ ︽ᠠᠮᠤᠷ ᠲᠦᠪᠰᠢᠨ ᠲᠣᠭᠲᠠᠭᠤᠨ ᠢᠨᠵᠧᠨᠧᠷᠢᠩ ᠢ ᠪᠠᠲᠤ ᠴᠣᠭᠴᠠᠯᠠᠵᠤ︾ ᠶᠢ ᠰᠠᠶᠢᠲᠤᠷ ᠠᠳᠬᠤᠨ᠂ ᠠᠮᠤᠷ ᠲᠣᠭᠲᠠᠭᠤᠨ ᠡᠶ᠎ᠡ ᠵᠣᠬᠢᠴᠠᠯ ᠲᠠᠢ ᠬᠥᠭᠵᠢᠬᠦ ᠣᠷᠴᠢᠨ ᠲᠤᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃          ᠨᠢᠭᠡ᠂ ᠠᠶᠤᠯᠭᠦᠢ ᠦᠢᠯᠡᠳᠪᠦᠷᠢᠯᠡᠬᠦ ᠶᠢ ᠴᠢᠩᠭ᠎ᠠ ᠪᠣᠳᠠᠲᠠᠢ ᠠᠳᠬᠤᠨ᠎ᠠ᠃ ︽ᠠᠶᠤᠯᠬᠦᠢ ᠦᠢᠯᠡᠳᠪᠦᠷᠢᠯᠡᠬᠦ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠡᠯ᠎ᠡ ᠱᠠᠲᠤ ᠡᠯ᠎ᠡ ᠭᠠᠵᠠᠷ ᠤᠷᠤᠨ ᠡᠯ᠎ᠡ ᠬᠦᠷᠢᠶ᠎ᠡ ᠴᠠᠷᠠᠭ᠎ᠠ ᠳᠤ ᠨᠠᠶᠢᠳᠠᠪᠤᠷᠢᠵᠢᠭᠤᠯᠤᠨ᠂ ᠠᠶᠤᠯᠬᠦᠢ ᠦᠢᠯᠡᠳᠪᠦᠷᠢᠯᠡᠬᠦ ᠲᠤᠰᠬᠠᠶ ᠲᠣᠭᠤᠷᠢᠨ ᠪᠠᠶᠢᠴᠠᠭᠠᠯᠲᠠ ᠪᠠ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠵᠠᠮ ᠬᠠᠷᠢᠯᠴᠠᠭ᠎ᠠ᠂ ᠠᠶᠤᠯᠳᠠᠢ ᠬᠢᠮᠢ ᠶᠢᠨ ᠪᠦᠳᠦᠬᠡᠭᠳᠡᠬᠦᠨ᠂ ᠢᠳᠡᠭᠡᠨ ᠪᠠ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠪᠦᠬᠦ ᠠᠯᠬᠤᠮ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠦᠪᠰᠢᠨ ᠦᠢᠯᠡᠳᠪᠦᠷᠢᠯᠡᠬᠦ ᠬᠢᠵᠠᠭᠠᠷ ᠱᠤᠭᠤᠮ ᠢ ᠪᠦᠬᠦ ᠬᠦᠴᠦ ᠪᠠᠷ ᠬᠠᠮᠠᠭᠠᠯᠠᠨ᠎ᠠ᠃ ︽ᠢᠨᠲ᠋ᠧᠷ ᠰᠦᠯᠵᠢᠶ᠎ᠡ + ᠬᠠᠤᠯᠢ ᠬᠡᠷᠡᠭᠵᠢᠭᠦᠯᠬᠦ︾ ᠰᠢᠰᠲ᠋ᠧᠮ ᠢ ᠬᠡᠷᠡᠭᠯᠡᠬᠦ ᠪᠠ ᠠᠵᠢᠯᠲᠠᠨ ᠢ ᠪᠣᠯᠪᠠᠰᠤᠷᠠᠭᠤᠯᠵᠤ ᠪᠡᠯᠡᠳᠭᠡᠯ ᠬᠢᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃          ᠬᠤᠶᠠᠷ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾ ᠶᠢ ᠰᠢᠨᠡᠴᠢᠯᠡᠨ ᠬᠥᠭᠵᠢᠭᠦᠯᠵᠦ᠂ ᠪᠦᠬᠦ ᠬᠤᠲᠠ ᠶᠢᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ + ᠬᠤᠲᠠ ᠶᠢᠨ ᠲᠤᠭᠤᠷᠢᠭ ᠤᠨ ᠵᠠᠰᠠᠯᠲᠠ︾ ᠶᠢᠨ ᠨᠡᠷᠡᠲᠦ ᠲᠡᠮᠳᠡᠭᠲᠦ ᠶᠢ ᠡᠬᠦᠰᠬᠡᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠨ᠎ᠠ᠃ ︽ᠨᠢᠭᠡ ᠥᠷᠲᠡᠭᠡᠨ ᠤ ᠬᠡᠯᠪᠡᠷᠢ︾ ᠶᠢᠨ ᠨᠡᠶᠢᠭᠡᠮ ᠤᠨ ᠵᠥᠷᠢᠴᠡᠯ ᠵᠢᠭᠤᠷᠠᠭᠠᠨ ᠢ ᠡᠶᠡᠳᠡᠭᠦᠯᠦᠨ ᠵᠤᠬᠢᠴᠠᠭᠤᠯᠬᠤ ᠲᠥᠪ ᠪᠠ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠤᠨ ᠪᠣᠳᠠᠲᠤ ᠴᠣᠭᠴᠠᠵᠢᠯᠲᠠ ᠶᠢᠨ ᠠᠵᠢᠯᠯᠠᠭᠠᠨ ᠢ ᠠᠬᠢᠭᠤᠯᠵᠤ᠂ ︽ᠵᠢᠷᠭᠤᠭ᠎ᠠ ᠪᠠᠶᠢᠬᠤ ᠦᠭᠡᠢ︾ ᠭᠠᠴᠠᠭᠠᠨ ᠤ ᠣᠳᠣᠨ ᠲᠡᠰ ᠤᠨ ᠪᠠᠶᠢᠭᠤᠯᠤᠯᠲᠠ ᠪᠠ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠤᠭ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠭᠠᠨ ᠢ ᠵᠣᠬᠢᠰᠲᠠᠢ ᠡᠶᠡᠳᠡᠭᠦᠯᠦᠨ ᠵᠤᠬᠢᠴᠠᠭᠤᠯᠵᠤ ᠨᠠᠮᠳᠠᠭᠠᠨ᠎ᠠ᠃ ︽ᠭᠡᠭᠡᠨ ᠰᠠᠷᠠᠭᠤᠯ ᠢᠨᠵᠧᠨᠧᠷᠢᠩ︾ ᠤᠨ ᠭᠤᠷᠪᠠᠨ ᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠠᠩᠬᠢ ᠡᠩᠨᠡᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠴᠠᠬᠢᠯᠭᠠᠨ ᠬᠤᠯᠪᠣᠭ᠎ᠠ ᠶᠢᠨ ᠮᠡᠬᠡᠯᠡᠯ ᠳᠤ ᠴᠣᠬᠢᠯᠲᠠ ᠥᠭᠬᠦ ᠬᠦᠴᠦᠯᠡᠴᠡ ᠪᠠᠨ ᠨᠡᠮᠡᠭᠳᠡᠬᠦᠯᠵᠤ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠨᠢᠭᠲᠠ ᠪᠣᠯᠭᠠᠨ᠎ᠠ᠃          ᠭᠤᠷᠪᠠ᠂ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠪᠠᠩᠬᠢ ᠶᠢᠨ ᠦᠶᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠴᠡᠪᠡᠷᠯᠡᠨ ᠬᠤᠷᠢᠶᠠᠵᠤ ᠰᠢᠶᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠶᠳᠪᠦᠷᠢᠯᠡᠬᠦ ᠡᠷᠴᠢᠮ ᠢ ᠴᠢᠩᠭᠠᠷᠠᠭᠤᠯᠵᠤ᠂ ᠳᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠵᠤ᠂ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ ᠥᠯᠥ ᠡᠭᠦᠰᠬᠦ ᠬᠢᠵᠠᠭᠠᠷ ᠱᠤᠭᠤᠮ ᠢ ᠪᠠᠲᠤ ᠰᠠᠬᠢᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠴᠢᠩᠭᠠᠳᠬᠠᠨ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠦᠬᠦᠭᠡᠷᠦᠮᠵᠢ ᠶᠢ ᠪᠦᠲᠦᠭᠡᠨ ᠪᠠᠶᠢᠭᠤᠯᠵᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠴᠢᠷᠮᠠᠶᠢᠨ ᠡᠬᠦᠰᠬᠡᠨ ᠪᠠᠶᠢᠭᠤᠯᠤᠨ᠎ᠠ᠃ ︽ᠲᠠᠯ᠎ᠠ ᠨᠤᠲᠤᠭ ᠤᠨ 110︾᠂ ︽ᠬᠢᠯᠢ ᠬᠠᠮᠠᠭᠠᠯᠠᠭᠴᠢ︾ ᠶᠢᠨ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠪᠠᠬᠢᠯᠡᠯᠲᠡ ᠶᠢ ᠪᠠᠲᠤ ᠴᠣᠭᠴᠠᠯᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ᠂ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠪᠠᠶᠢᠳᠠᠯ ᠢ ᠪᠠᠳᠤᠳᠬᠠᠨ᠎ᠠ᠃          ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ          ᠰᠢᠨ᠎ᠡ ᠨᠢᠭᠡ ᠵᠢᠯ ᠳᠤ ᠮᠠᠨ ᠤ ᠡᠭᠦᠷᠭᠡ ᠦᠩᠬᠡ ᠬᠡᠷᠡᠯᠳᠡᠢ ᠮᠦᠷᠳᠡᠬᠡᠨ ᠬᠦᠨᠳᠦ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠠᠮ ᠢ ᠬᠠᠮᠢᠶᠠᠷᠴᠤ ᠨᠠᠮ ᠢ ᠵᠠᠰᠠᠬᠤ ᠢᠨᠵᠧᠨᠧᠷᠢᠩ︾ ᠢ ᠰᠠᠶᠢᠲᠤᠷ ᠠᠳᠬᠤᠵᠤ᠂ ᠤᠯᠤᠰ ᠲᠦᠷᠦ ᠶᠢ ᠡᠷᠬᠢᠮᠯᠡᠵᠤ᠂ ᠵᠣᠷᠢᠭᠲᠠᠢ ᠪᠠᠷ ᠡᠭᠦᠷᠭᠡᠯᠡᠬᠦ᠂ ᠪᠣᠲᠠᠲᠠᠢ ᠪᠠᠷ ᠠᠵᠢᠯᠯᠠᠬᠤ ᠶᠢ ᠴᠢᠬᠤᠯᠠᠴᠢᠯᠠᠵᠤ᠂ ᠪᠣᠲᠠᠲᠠᠢ ᠦᠷ᠎ᠡ ᠪᠦᠲᠦᠮᠵᠢ ᠶᠢ ᠡᠷᠬᠢᠮᠯᠡᠬᠦ ᠨᠢ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠮᠤᠭ ᠤᠨ ᠢᠯᠡ ᠲᠣᠳᠣ ᠣᠨᠴᠠᠯᠢᠭ ᠪᠣᠯᠭᠠᠨ᠎ᠠ᠃          ᠨᠢᠭᠡ᠂ ᠤᠯᠤᠰ ᠲᠥᠷᠥ ᠶᠢᠨ ᠴᠢᠭᠯᠡᠯ ᠢ ᠭᠤᠶᠢᠪᠢᠰᠢ ᠥᠬᠡᠶ ᠪᠠᠷᠢᠮᠲᠠᠯᠠᠨ᠎ᠠ᠃ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠰᠢᠶᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠴᠢᠬᠤᠯᠠ ᠶᠡᠭᠡ ᠬᠠᠷᠢᠭᠤᠴᠠᠯᠭ᠎ᠠ ᠶᠢ ᠢᠮᠠᠭᠲᠠ ᠪᠠᠲᠤ ᠴᠡᠭᠡᠵᠢᠯᠡᠵᠤ᠂ ᠤᠬᠠᠮᠰᠠᠷ ᠠᠴᠠ ᠪᠠᠨ ᠦᠶᠯᠡᠳᠦᠯᠭᠡᠵᠢᠭᠦᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠬᠤᠶᠠᠷ ᠢ ᠲᠣᠭᠲᠠᠭᠠᠭᠰᠠᠨ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠰᠢᠳᠤᠷᠭᠤ ᠪᠠᠷ ᠦᠢᠯᠡᠳᠦᠯᠭᠡᠵᠢᠭᠦᠯᠦᠨ᠎ᠡ᠂ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠢᠮᠠᠭᠳᠠ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠲᠡᠭᠡᠷ᠎ᠡ ᠪᠠᠨ ᠲᠡᠭᠡᠳᠤ ᠬᠡᠮᠵᠢᠶ᠎ᠡ ᠪᠠᠷ ᠨᠢᠬᠡᠳᠦᠯᠳᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠪᠠᠨ ᠪᠤᠳᠠᠳᠠᠢ ᠦᠢᠯᠡ ᠠᠵᠢᠯᠯᠠᠭ᠎ᠠ ᠲᠡᠭᠡᠷ᠎ᠡ᠂ ᠬᠦᠭᠵᠢᠯᠳᠡ ᠶᠢᠨ ᠦᠷ᠎ᠡ ᠪᠦᠳᠦᠮᠵᠢ ᠲᠡᠭᠡᠷ᠎ᠡ ᠢᠯᠡᠷᠡᠬᠦᠯᠵᠤ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ᠂ ᠬᠦᠯᠦᠨ ᠪᠤᠶᠢᠷ ᠬᠤᠳᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠰᠢᠢᠳᠪᠦᠷᠢᠳᠤ ᠪᠠᠶᠢᠷᠢᠯᠠᠭᠤᠯᠤᠯᠳᠠ ᠶᠢᠨ ᠵᠤᠷᠪᠤᠰ ᠪᠤᠯᠭᠠᠨ ᠢ ᠨᠠᠶᠢᠳᠠᠪᠤᠷᠢᠵᠢᠭᠤᠯᠵᠤ᠂ ᠵᠦᠢᠯ ᠪᠤᠯᠭᠠᠨ ᠢ ᠪᠡᠶᠡᠯᠡᠬᠦᠯᠦᠨ᠂ ᠶᠠᠪᠤᠳᠠᠯ ᠪᠤᠯᠭᠠᠨ ᠦᠷ᠎ᠡ ᠪᠦᠳᠦᠮᠵᠢᠳᠡᠢ ᠪᠠᠶᠢᠬᠤ ᠶᠢ ᠪᠠᠲᠤᠯᠠᠨ᠎ᠠ᠃          ᠬᠤᠶᠠᠷ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠠᠷᠠᠳ ᠤᠨ ᠰᠡᠳᠬᠢᠯ ᠢ ᠬᠠᠮᠤᠭ ᠤᠨ ᠶᠡᠭᠡ ᠤᠯᠤᠰ ᠲᠦᠷᠦ ᠶᠢᠨ ᠠᠵᠢᠯ ᠪᠣᠯᠭᠠᠵᠤ᠂ ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ︽ᠡᠮᠦᠨ᠎ᠡ ᠹᠷᠣᠨᠲ ᠲᠤ ᠠᠵᠢᠯᠯᠠᠬᠤ ᠠᠷᠭ᠎ᠠ︾ ᠶᠢ ᠲᠡᠯᠬᠡᠷᠡᠬᠦᠯᠵᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠵᠣᠪᠠᠭᠤᠷᠢ ᠶᠢ ᠠᠷᠢᠯᠭᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ ᠦᠨᠡᠨᠬᠦ ᠪᠡᠶᠡᠯᠡᠭᠦᠯᠦᠨ᠎ᠡ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠰᠢᠨ᠎ᠡ ᠬᠡᠯᠪᠡᠷᠢ ᠶᠢᠨ ᠳᠦᠷᠢ ᠲᠥᠷᠬᠦ ᠶᠢᠨ ᠢᠨᠵᠧᠨᠧᠷᠢᠩ︾ ᠢ ᠰᠡᠷᠭᠡᠶᠢᠯᠡᠨ ᠵᠠᠯᠠᠷᠠᠭᠤᠯᠤᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠰᠠᠶᠢᠲᠤᠷ ᠰᠠᠬᠢᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ᠂ ᠪᠣᠳᠠᠲᠤ ᠶᠠᠪᠤᠳᠠᠯ ᠢ ᠬᠢᠨ᠎ᠠ ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠨ᠎ᠠ᠃          ᠭᠤᠷᠪᠠ᠂ ᠬᠠᠤᠯᠢ ᠪᠠᠷ ᠵᠠᠰᠠᠬᠤ ᠤᠨᠤᠯᠵᠢᠬᠤᠨ ᠢ ᠨᠡᠩ ᠭᠦᠨᠵᠡᠭᠡᠢ ᠦᠢᠯᠡᠳᠦᠯᠭᠡᠵᠢᠭᠦᠯᠦᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠪᠠᠷᠢᠯ ᠢ ᠤᠬᠠᠮᠰᠠᠷ ᠠᠴᠠ ᠪᠠᠨ ᠬᠡᠷᠡᠭᠯᠡᠵᠦ ᠠᠵᠢᠯ ᠢᠶᠠᠨ ᠥᠷᠨᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠵᠤ᠂ ︽ᠨᠠᠢᠮᠠᠳᠤᠭᠠᠷ ᠲᠠᠪᠤᠨ ᠵᠢᠯ ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠥᠨ ᠢ ᠬᠠᠮᠢᠶᠠᠷᠬᠤ ᠶᠢ ᠪᠠᠷᠢᠮᠲᠠᠯᠠᠨ᠎ᠠ᠃ ᠢᠲᠡᠭᠡᠮᠵᠢ ᠲᠠᠢ ᠪᠠᠶᠢᠬᠤ ᠠᠮᠠᠯᠠᠯᠲᠠ ᠪᠠᠨ ᠦᠢᠯᠡᠳᠦᠯᠭᠡᠵᠢᠭᠦᠯᠬᠦ ᠲᠣᠭᠲᠠᠴᠠ ᠶᠢ ᠪᠦᠷᠢᠨᠰᠢᠬᠦᠯᠵᠤ ᠂ ᠬᠡᠯᠡᠭᠰᠡᠨ ᠳᠡᠭᠡᠨ ᠵᠠᠪᠠᠯ ᠬᠦᠷᠴᠦ᠂ ᠠᠮᠠᠯᠠᠭᠰᠠᠨ ᠢᠶᠠᠨ ᠵᠠᠪᠠᠯ ᠦᠢᠯᠡᠳᠦᠯᠭᠡᠵᠢᠭᠦᠯᠵᠦ᠂ ᠦᠨᠡᠨᠴᠢ ᠢᠲᠡᠭᠡᠮᠵᠢᠲᠡᠢ ᠪᠠᠶᠢᠬᠤ ᠲᠦᠷᠢ ᠲᠥᠷᠬᠦ ᠶᠢ ᠡᠷᠡᠰ ᠪᠤᠢ ᠪᠣᠯᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠲᠤᠳᠤ ᠪᠠᠷ ᠬᠡᠷᠡᠭᠵᠢᠭᠦᠯᠦᠨ᠎ᠡ᠃          ᠳᠥᠷᠪᠡ᠂ ᠲᠤᠭᠤᠰᠢᠯᠠᠭᠤᠯᠤᠨ ᠬᠡᠷᠡᠭᠵᠢᠭᠦᠯᠬᠦ ᠶᠢ ᠴᠢᠩᠭ᠎ᠠ ᠠᠳᠬᠤᠬᠤ ᠳᠤ ᠬᠦᠴᠦ ᠨᠡᠮᠡᠨ᠎ᠡ᠃ ︽ᠭᠤᠷᠪᠠᠨ ᠡᠷᠬᠡᠪᠰᠢ︾ ᠶᠢ ᠭᠦᠨᠵᠡᠭᠡᠢ ᠡᠵᠡᠮᠳᠡᠵᠤ᠂ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠠᠭᠠᠵᠢᠮ︾ ᠢ ᠴᠡᠭᠴᠡᠯᠡᠨ ᠵᠠᠰᠠᠬᠤ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠴᠢᠩᠭ᠎ᠠ ᠨᠠᠢᠳᠠᠪᠤᠷᠢᠵᠢᠭᠤᠯᠬᠤ᠂ ︽ᠶᠠᠪᠤᠳᠠᠯ ᠤᠴᠢᠷ ᠢ ᠤᠳᠠᠭᠠᠰᠢᠷᠠᠭᠤᠯᠬᠤ ᠦᠭᠡᠢ᠂ ᠡᠳᠦᠷ ᠤᠨ ᠶᠠᠪᠤᠳᠠᠯ ᠢ ᠡᠳᠦᠷ ᠲᠤ ᠨᠢ ᠳᠠᠭᠤᠰᠬᠠᠬᠤ︾ ᠠᠵᠢᠯ ᠤᠨ ᠰᠤᠷᠲᠠᠯ ᠢᠶᠠᠷ ᠵᠠᠰᠠᠭ ᠤᠨ ᠣᠷᠳᠣᠨ ᠤ ᠰᠢᠰᠲ᠋ᠧᠮ ᠤᠨ ᠬᠡᠷᠡᠭᠵᠢᠭᠦᠯᠬᠦ ᠬᠦᠴᠦᠨ ᠨᠠᠶᠢᠳᠠᠪᠤᠷᠢᠵᠢᠭᠤᠯᠬᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠮᠣᠩᠭᠤᠯ ᠮᠤᠷᠢᠨ ᠤ ᠵᠣᠷᠢᠭ ᠰᠠᠨᠠᠭ᠎ᠠ︾᠂ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠦᠷᠭᠦᠯᠵᠢᠯᠡᠨ ᠪᠠᠳᠠᠷᠠᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠳᠤ ᠵᠣᠷᠢᠭᠲᠠᠢ ᠪᠠᠷ ᠬᠠᠨᠳᠤᠵᠤ᠂ ᠵᠠᠮ ᠱᠤᠭᠤᠮ ᠳᠤ ᠲᠦᠰᠢᠭᠯᠡᠬᠦ ᠶᠢ ᠵᠣᠷᠢᠭᠲᠠᠢ ᠪᠠᠷ ᠰᠢᠪᠲᠤᠯᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠳᠤ ᠪᠠᠨ ᠴᠢᠳᠠᠮᠠᠭᠠᠢ ᠪᠠᠶᠢᠵᠤ᠂ ᠲᠥᠰᠦᠯ ᠲᠣᠭᠲᠠᠭᠠᠬᠤ᠂ ᠨᠠᠶᠢᠳᠠᠪᠤᠷᠢᠵᠢᠭᠤᠯᠬᠤ ᠶᠢ ᠠᠳᠬᠤᠬᠤ᠂ ᠲᠠᠩᠰᠠ ᠪᠠᠨ ᠰᠠᠶᠢᠲᠤᠷ ᠲᠤᠰᠢᠶᠠᠬᠤ ᠭᠤᠷᠪᠠᠨ ᠶᠠᠪᠤᠳᠠᠯ ᠳᠡᠭᠡᠷ᠎ᠡ ᠬᠦᠴᠦ ᠣᠷᠣᠭᠤᠯᠵᠤ᠂ ᠰᠢᠨ᠎ᠡ ᠪᠠᠶᠢᠳᠠᠯ᠂ ᠰᠢᠨ᠎ᠡ ᠦᠢᠯᠡᠳᠦᠯᠭᠡ᠂ ᠰᠢᠨ᠎ᠡ ᠵᠢᠳᠬᠦᠯ ᠴᠢᠷᠮᠠᠶᠢᠯᠠᠭ᠎ᠠ ᠪᠠᠷ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠬᠠᠷᠠᠯᠲᠠ ᠪᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ᠃          ᠲᠥᠯᠥᠭᠡᠯᠡᠭᠴᠢᠳ ᠡ︕ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ ᠰᠠᠯᠬᠢ ᠳᠠᠪᠠᠯᠭᠠᠨ ᠢ ᠰᠦᠷᠦᠨ ᠤᠷᠤᠭᠰᠢᠯᠠᠰᠤᠭᠠᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠠᠭᠠᠭᠤᠯᠭ᠎ᠠ ᠲᠣᠣᠷ᠎ᠠ᠂ ᠵᠣᠷᠢᠭᠲᠠᠢ ᠰᠢᠪᠳᠤᠯᠤᠨ ᠵᠣᠷᠢᠭᠲᠠᠢ ᠬᠢᠵᠤ᠂ ᠵᠣᠷᠢᠭᠲᠠᠢ ᠲᠡᠮᠡᠴᠡᠨ ᠵᠣᠷᠢᠭᠲᠠᠢ ᠢᠯᠠᠵᠤ᠂ ᠵᠤᠷᠢᠭᠳᠠᠢ ᠪᠠᠷ ᠪᠤᠰᠤᠳ ᠠᠴᠠ ᠲᠦᠷᠦᠬᠦᠯᠡᠨ ᠬᠢᠵᠤ᠂ ᠰᠢᠨᠲᠠᠷᠠᠰᠢ ᠦᠭᠡᠢ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠲᠡᠮᠡᠴᠡᠨ᠂ ᠰᠢᠨ᠎ᠡ ᠪᠠᠷᠭᠤ ᠵᠡᠭᠦᠨ ᠬᠤᠰᠢᠭᠤᠨ ᠤ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠴᠤ᠋ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕                                       ᠨᠡᠷᠡᠰ ᠶᠢᠨ ᠲᠠᠶᠢᠯᠪᠤᠷᠢ          1. ᠬᠤᠶᠠᠷ ᠶᠡᠭᠡ ᠶᠠᠪᠤᠳᠠᠯ᠄ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠵᠢᠭᠠᠵᠤ ᠪᠠᠶᠢᠨ᠎ᠠ᠃ ᠶᠡᠷᠦᠩᠬᠡᠢ ᠱᠦᠵᠢ ᠰᠢ  ᠶᠢᠨ ᠫᠢᠩ ᠤᠨ ᠦᠪᠦᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ ᠶᠢᠨ ᠡᠭᠦᠷᠭᠡ︾ ᠶᠢ ᠵᠢᠭᠠᠨ᠎ᠠ᠂ ᠲᠣᠬᠠᠶᠢᠯᠠᠪᠠᠯ ᠦᠪᠦᠷ ᠮᠣᠩᠭᠤᠯ ᠢ ᠮᠠᠨ ᠤ ᠤᠯᠤᠰ ᠤᠨ ᠦᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃          2. ᠠᠵᠤ ᠦᠢᠯᠡᠰ ᠤᠨ ᠬᠦᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠦᠯᠦᠪᠯᠡᠭᠡ︾ ᠄ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠤᠷᠠᠳᠤᠭᠰᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠦᠨ ᠬᠦᠭᠵᠢᠭᠦᠯᠬᠦ ᠠᠵᠢᠯᠯᠠᠭᠠᠨ ᠤ ᠲᠦᠯᠦᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠲᠡᠭᠡᠭᠰᠢᠯᠡᠭᠦᠯᠦᠨ ᠬᠦᠭᠵᠢᠭᠦᠯᠬᠦ ᠠᠵᠢᠯᠯᠠᠭᠠᠨ ᠤ ᠲᠦᠯᠦᠪᠯᠡᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠵᠦ ᠪᠦᠭᠡᠮᠨᠡᠷᠡᠭᠦᠯᠦᠨ ᠬᠦᠭᠵᠢᠭᠦᠯᠬᠦ ᠠᠵᠢᠯᠯᠠᠭᠠᠨ ᠤ ᠲᠦᠯᠦᠪᠯᠡᠭᠡ᠂ ᠠᠮᠢ ᠠᠬᠤᠢ ᠶᠢᠨ ᠠᠵᠤ ᠦᠢᠯᠡᠰ ᠤᠨ ᠴᠠᠭ ᠳᠣᠬᠢᠶᠠᠯ ᠢ ᠠᠮᠵᠢᠨ ᠬᠦᠭᠵᠢᠭᠦᠯᠬᠦ ᠠᠵᠢᠯᠯᠠᠭᠠᠨ ᠤ ᠲᠦᠯᠦᠪᠯᠡᠭᠡ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ ᠬᠦᠭᠵᠢᠭᠦᠯᠬᠦ ᠠᠵᠢᠯᠯᠠᠭᠠᠨ ᠤ ᠲᠦᠯᠦᠪᠯᠡᠭᠡ ᠶᠢ ᠵᠢᠭᠠᠨ᠎ᠠ᠃          3. ᠲᠠᠪᠤᠨ ᠲᠤᠰᠬᠠᠶ ᠠᠵᠢᠯᠯᠠᠭ᠎ᠠ ᠄ ︽ᠳᠥᠷᠪᠡᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ︾ ︽ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠪᠣᠭᠤᠮᠲᠠ ᠰᠢᠪᠲᠤᠯᠬᠤ ᠠᠵᠢᠯᠯᠠᠭ᠎ᠠ︾ ︽ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠠᠵᠢᠯᠯᠠᠭ᠎ᠠ︾ ︽ᠰᠣᠶᠣᠯ ᠵᠢᠭᠤᠯᠴᠢᠯᠠᠯ ᠤᠨ ᠬᠥᠭᠵᠢᠯᠲᠡ ᠶᠢ ᠲᠡᠰ ᠳᠡᠪᠰᠢᠭᠦᠯᠬᠦ ᠠᠵᠢᠯᠯᠠᠭ᠎ᠠ︾ ︽ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠤ ᠠᠬᠤᠶ ᠶᠢ ᠡᠬᠢᠯᠡᠨ ᠬᠢᠬᠦ ᠠᠵᠢᠯᠯᠠᠭ᠎ᠠ︾ ᠶᠢ ᠵᠢᠭᠠᠨ᠎ᠠ᠃          4. ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ ᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ ᠶᠢ ᠵᠢᠭᠠᠵᠤ ᠪᠠᠶᠢᠨ᠎ᠠ᠃          5. ᠬᠤᠣᠰ ᠨᠡᠮᠡᠭᠳᠡᠯ ᠬᠤᠣᠰ ᠪᠠᠭᠤᠷᠠᠯ ᠄ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠰᠢᠢᠳᠪᠦᠷᠢᠯᠡᠭᠰᠡᠨ ᠲᠤᠭ᠎ᠠ᠂ ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠬᠡᠷᠡᠭ ᠭᠠᠷᠤᠭᠰᠠᠨ ᠲᠤᠭ᠎ᠠ᠂ ᠬᠤᠬᠢᠷᠠᠯ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠪᠠᠨ ᠪᠠᠭᠤᠷᠠᠭᠰᠠᠨ ᠢ ᠵᠢᠭᠠᠵᠤ ᠪᠠᠶᠢᠨ᠎ᠠ᠃          6. ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ᠄ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠤᠯᠭ᠎ᠠ ᠶᠢ ᠤᠬᠠᠭᠤᠯᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ ᠰᠣᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠲᠣᠬᠠᠢ ᠶᠢᠨ ᠲᠠᠯᠠᠪᠠᠢ ᠳᠤ ᠠᠯᠪᠠᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠵᠢᠭᠠᠨ᠎ᠠ᠃          7. ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠨ ᠪᠣᠳᠠᠲᠠᠶ ᠢᠯᠡᠷᠡᠬᠦ ᠬᠡᠯᠪᠡᠷᠢ ᠶᠢ ᠵᠢᠭᠠᠵᠤ ᠪᠠᠶᠢᠨ᠎ᠠ᠂ ︽ᠭᠤᠷᠪᠠᠨ ᠣᠯᠠᠨ︾ ᠪᠣᠯ ᠬᠤᠷᠠᠯ ᠣᠯᠠᠨ᠂ ᠬᠦᠳᠡᠯᠭᠡᠭᠡᠨ ᠠᠷᠪᠢᠨ᠂ ᠭᠠᠳᠠᠭᠰᠢ ᠭᠠᠷᠬᠤ ᠨᠢ ᠣᠯᠠᠨ︔ ︽ᠭᠤᠷᠪᠠᠨ ᠴᠥᠭᠡᠨ︾ ᠪᠣᠯ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ ᠂ ᠠᠵᠢᠯ ᠤᠨ ᠰᠡᠳᠬᠢᠴᠡ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠦᠭᠡᠨ︔ ︽ᠭᠤᠷᠪᠠᠨ ᠤᠳᠠᠭᠠᠨ︾ ᠪᠣᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠨ᠎ᠠ᠃            8. ᠵᠢᠷᠭᠤᠭᠠᠨ ᠢᠨᠵᠧᠨᠧᠷᠢᠩ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠴᠠᠭᠤᠯᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠪᠣᠯᠤᠨ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠵᠤ ᠪᠤᠶ᠃          9. ᠨᠠᠢᠮᠠᠨ ᠵᠦᠢᠯ ᠤᠨ ᠢᠨᠵᠧᠨᠧᠷᠢᠩ ᠄ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠨᠵᠧᠨᠧᠷᠢᠩ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠢᠨᠵᠧᠨᠧᠷᠢᠩ᠂ ᠠᠵᠤ ᠦᠢᠯᠡᠰ ᠤᠨ ᠳᠡᠰ ᠳᠡᠪᠰᠢᠭᠦᠯᠬᠦ ᠢᠨᠵᠧᠨᠧᠷᠢᠩ᠂ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ᠂ ᠭᠤᠶᠤ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠢᠨᠵᠧᠨᠧᠷᠢᠩ᠂ ᠠᠮᠤᠷ ᠲᠦᠪᠰᠢᠨ ᠲᠣᠭᠲᠠᠭᠤᠨ ᠢ ᠪᠠᠬᠢᠵᠢᠭᠦᠯᠬᠦ ᠢᠨᠵᠧᠨᠧᠷᠢᠩ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠢᠨᠵᠧᠨᠧᠷᠢᠩ᠂ ᠨᠠᠮ ᠢ ᠬᠠᠮᠢᠶᠠᠷᠴᠤ ᠨᠠᠮ ᠢ ᠵᠠᠰᠠᠬᠤ ᠢᠨᠵᠧᠨᠧᠷᠢᠩ ᠢ ᠵᠢᠭᠠᠵᠤ ᠪᠠᠶᠢᠨ᠎ᠠ᠃            10. ᠨᠠᠢᠮᠠᠨ ᠲᠣᠮᠤ ᠠᠵᠤ ᠦᠢᠯᠡᠰ ᠤᠨ ᠪᠦᠯᠦᠭᠵᠢᠯ ᠄ ᠰᠣᠶᠣᠯ ᠵᠢᠭᠤᠯᠴᠢᠯᠠᠯ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠦᠢᠯᠡᠳᠬᠦ᠂ ᠲᠣᠭᠠᠴᠢᠯᠠᠭᠰᠠᠨ ᠠᠵᠤ ᠠᠬᠤᠶ᠂ ᠠᠭᠠᠷ ᠤᠨ ᠠᠵᠤ ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠨᠠᠷᠮᠠᠢ ᠪᠣᠭᠤᠮᠲᠠ ᠶᠢᠨ ᠠᠵᠤ ᠠᠬᠤᠶ ᠶᠢᠨ ᠠᠵᠤ ᠦᠢᠯᠡᠰ ᠤᠨ ᠪᠦᠯᠦᠭᠵᠢᠯ ᠢ ᠵᠢᠭᠠᠵᠤ ᠪᠣᠶ᠃          11. ᠠᠷᠪᠠᠨ ᠨᠢᠭᠡᠨ ᠵᠣᠷᠪᠣᠰ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠠ ᠄ ᠰᠣᠶᠣᠯ ᠵᠢᠭᠤᠯᠴᠢᠯᠠᠯ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ ᠡᠷᠳᠡᠨᠢ ᠰᠢᠰᠢ᠂ ᠰᠢᠷ᠎ᠠ ᠪᠤᠷᠴᠠᠭ᠂ ᠲᠡᠵᠢᠭᠡᠯ ᠪᠣᠷᠳᠤᠭ᠎ᠠ᠂ ᠣᠶ ᠶᠢᠨ ᠬᠤᠷᠮᠣᠶ ᠶᠢᠨ ᠭᠠᠷᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ᠂ ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠵᠢᠭᠠᠵᠤ ᠪᠠᠶᠢᠨ᠎ᠠ᠃          12. ︽ᠨᠠᠢᠮᠠᠴᠢᠯᠠᠬᠤ︾ ᠬᠥᠭᠵᠢᠯᠲᠡ ᠄ ᠠᠵᠤ ᠦᠢᠯᠡᠰᠴᠢᠯᠡᠯᠲᠡ᠂ ᠵᠣᠬᠢᠶᠠᠨ ᠪᠠᠶᠢᠭᠤᠯᠤᠯᠳᠠᠵᠢᠭᠤᠯᠤᠭᠰᠠᠨ᠂ ᠬᠡᠪᠴᠢᠶᠡᠵᠢᠭᠦᠯᠦᠭᠰᠡᠨ᠂ ᠨᠠᠷᠠᠲᠤ ᠲᠡᠮᠳᠡᠭᠵᠢᠭᠦᠯᠦᠭᠰᠡᠨ᠂ ᠵᠠᠬ᠎ᠠ ᠳᠡᠯᠭᠡᠭᠦᠷᠴᠢᠯᠡᠭᠰᠡᠨ᠂ ᠠᠭᠤᠰᠤᠯᠴᠠᠭᠰᠠᠨ᠂ ᠪᠣᠬᠢᠷᠲᠤᠯ ᠥᠬᠡᠶ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠤᠳᠤᠷᠢᠳᠤᠮᠵᠢ ᠶᠢ ᠵᠢᠭᠠᠵᠤ ᠪᠣᠶ᠃            13. ᠤᠷᠢᠳᠴᠢᠯᠠᠨ ᠡᠷᠡᠮᠡᠯᠵᠡᠯᠡᠨ ᠮᠡᠳᠡᠭᠦᠯᠬᠦ ᠄ ᠪᠣᠭᠤᠮᠲᠠ ᠪᠠᠷ ᠵᠦᠪᠰᠢᠶᠡᠷᠡᠭᠦᠯᠦᠭᠰᠡᠨ ᠪᠠᠶᠢᠳᠠᠯ ᠲᠤᠤᠷ᠎ᠠ ᠭᠠᠳᠠᠭᠠᠳᠤ ᠠᠴᠠ ᠣᠷᠣᠭᠤᠯᠵᠤ ᠭᠠᠷᠭᠠᠬᠤ ᠪᠠᠷᠠᠭ᠎ᠠ ᠶᠢ ᠭᠥᠯᠢᠶᠡᠨ ᠠᠪᠴᠤ ᠶᠠᠪᠤᠭᠤᠯᠤᠭᠰᠠᠨ ᠬᠦᠮᠦᠨ᠂ ᠨᠠᠶᠢᠳᠠᠯᠭ᠎ᠠ ᠬᠦᠯᠢᠶᠡᠭᠰᠡᠨ ᠪᠣᠭᠤᠮᠲᠠ ᠳᠤ ᠡᠷᠡᠮᠡᠯᠵᠡᠯᠡᠨ ᠮᠡᠳᠡᠭᠦᠯᠬᠦ ᠠᠵᠤ ᠠᠬᠤᠶᠢᠯᠠᠯ ᠨᠢ ᠭᠠᠷᠭᠠᠵᠤ ᠠᠪᠬᠤ ︵ᠲᠡᠭᠡᠭᠡᠪᠦᠷᠢᠯᠡᠬᠦ︶ ᠬᠠᠭᠤᠳᠠᠰᠤ ᠪᠤᠶᠤ ᠪᠠᠷᠠᠭ᠎ᠠ ᠠᠴᠢᠶᠠᠯᠠᠬᠤ ᠨᠠᠷᠢᠨ ᠬᠠᠭᠤᠳᠠᠰᠤ ︵ᠥᠷᠥᠭᠡ ᠶᠢᠨ ᠬᠠᠭᠤᠳᠠᠰᠤ︶ ᠶᠢᠨ ᠲᠤᠭ᠎ᠠ ᠪᠠᠷᠢᠮᠲᠠ ᠶᠢ ᠣᠯᠤᠭᠰᠠᠨ ᠤ ᠳᠠᠷᠠᠭ᠎ᠠ᠂ ᠪᠣᠭᠤᠮᠲᠠ ᠳᠤ ᠤᠷᠢᠳᠴᠢᠯᠠᠨ ᠡᠷᠡᠮᠡᠯᠵᠡᠯᠡᠨ ᠮᠡᠳᠡᠭᠦᠯᠬᠦ ᠶᠢ ᠵᠢᠭᠠᠵᠤ ᠪᠠᠶᠢᠨ᠎ᠠ᠃          14. ᠬᠤᠶᠠᠷ ᠠᠯᠬᠤᠮ ᠢᠶᠠᠷ ᠡᠷᠡᠮᠡᠯᠵᠡᠯᠡᠨ ᠮᠡᠳᠡᠭᠦᠯᠬᠦ ᠄ ᠠᠵᠤ ᠠᠬᠤᠶᠢᠯᠠᠯ ᠠᠴᠠ ᠪᠥᠬᠦ ᠮᠡᠳᠡᠭᠡ ᠵᠠᠩᠭᠢ ᠵᠢᠴᠢ ᠬᠠᠭᠤᠳᠠᠰᠤ ᠪᠠᠷᠢᠮᠲᠠ ᠪᠠᠨ ᠨᠢᠭᠡ ᠤᠳᠠᠭ᠎ᠠ ᠶᠢᠨ ᠴᠢᠨᠠᠷᠲᠠᠢ ᠪᠠᠷ ᠲᠤᠰᠢᠶᠠᠬᠤ ᠴᠢᠬᠤᠯᠠ ᠦᠭᠡᠢ᠂ ᠨᠢᠭᠡᠳᠦᠭᠡᠷ ᠠᠯᠬᠤᠮ ᠳᠤ ᠪᠠᠷᠠᠭ᠎ᠠ ᠭᠠᠷᠭᠠᠵᠤ ᠠᠪᠬᠤ ᠬᠠᠭᠤᠳᠠᠰᠤ ᠶᠢᠨ ᠲᠣᠶᠢᠮᠣ ᠪᠠᠷ ᠮᠡᠳᠡᠭᠦᠯᠪᠡᠯ ᠳᠠᠷᠤᠢ ᠪᠠᠷᠠᠭ᠎ᠠ ᠭᠠᠷᠭᠠᠨ ᠠᠪᠴᠤ ᠪᠣᠯᠣᠨ᠎ᠠ ︵ᠬᠠᠤᠯᠢ ᠴᠠᠭᠠᠵᠠ᠂ ᠬᠢᠨᠠᠨ ᠬᠠᠮᠢᠶᠠᠷᠬᠤ ᠭᠠᠷᠳᠠᠮ ᠤᠨ ᠬᠡᠷᠡᠭᠴᠡᠭᠡ ᠶᠢ ᠬᠠᠩᠭᠠᠨ᠎ᠠ︶᠂ ᠬᠤᠶᠠᠳᠤᠭᠠᠷ ᠠᠯᠬᠤᠮ ᠳᠤ ᠪᠦᠬᠦ ᠡᠷᠡᠮᠡᠯᠵᠡᠯᠡᠨ ᠮᠡᠳᠡᠭᠦᠯᠬᠦ ᠶᠢ ᠲᠣᠭᠲᠠᠭᠰᠠᠨ ᠴᠠᠭ ᠤᠨ ᠳᠣᠲᠣᠷ᠎ᠠ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠶᠢ ᠤᠯᠠᠮ ᠨᠢᠭᠡ ᠠᠯᠬᠤᠮ ᠲᠥᠬᠦᠮ ᠪᠣᠯᠭᠠᠬᠤ ᠶᠢ ᠬᠡᠯᠡᠨ᠎ᠡ᠃          15. ᠬᠤᠶᠠᠷ ᠬᠡᠰᠡᠭ ᠬᠤᠪᠢᠶᠠᠨ ᠵᠥᠪᠰᠢᠶᠡᠷᠡᠨ ᠣᠷᠣᠭᠤᠯᠬᠤ ᠄ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ ᠬᠢᠯᠢ ᠪᠠᠷ ᠣᠷᠣᠭᠤᠯᠬᠤ ᠭᠠᠵᠠᠷ ᠤᠨ ᠪᠣᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠲᠠᠯᠠᠪᠤᠷ ᠠᠴᠠ ᠭᠠᠷᠭᠠᠵᠤ ᠠᠪᠬᠤ ᠶᠢ ᠵᠥᠪᠰᠢᠶᠡᠷᠡᠬᠦ ᠪᠠᠷ ᠵᠠᠭᠠᠭ ᠪᠣᠯᠭᠠᠵᠤ᠂ ︽ᠪᠠᠷᠠᠭ᠎ᠠ ᠶᠢ ᠬᠢᠯᠢ ᠪᠠᠷ ᠣᠷᠣᠭᠤᠯᠬᠤ ᠶᠢ ᠵᠥᠪᠰᠢᠶᠡᠷᠡᠬᠦ ᠡᠰᠡᠬᠦ︾ ᠪᠠ ︽ᠪᠠᠷᠠᠭ᠎ᠠ ᠶᠢ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠣᠷᠣᠭᠤᠯᠵᠤ ᠪᠣᠷᠣᠯᠠᠭᠤᠯᠬᠤ ᠪᠤᠶᠤ ᠬᠡᠷᠡᠭᠯᠡᠬᠦ ᠶᠢ ᠵᠥᠪᠰᠢᠶᠡᠷᠡᠬᠦ ᠡᠰᠡᠬᠦ︾ ᠬᠤᠶᠠᠷ ᠲᠥᠷᠥᠯ ᠤᠨ ᠬᠢᠨᠠᠨ ᠬᠠᠮᠢᠶᠠᠷᠬᠤ ᠠᠵᠢᠯ ︵ᠲᠣᠰ ᠲᠣᠰ ︽ᠨᠢᠭᠡᠳᠦᠭᠡᠷ ᠬᠡᠰᠡᠭ ᠤᠨ ᠬᠢᠨᠠᠨ ᠬᠠᠮᠢᠶᠠᠷᠤᠯᠲᠠ︾ ︽ᠬᠤᠶᠠᠳᠤᠭᠠᠷ ᠬᠡᠰᠡᠭ ᠤᠨ ᠬᠢᠨᠠᠨ ᠬᠠᠮᠢᠶᠠᠷᠤᠯᠲᠠ︾ ᠭᠡᠵᠦ ᠲᠣᠪᠴᠢᠯᠠᠨ᠎ᠠ︶ ᠢ ᠬᠡᠰᠡᠭ ᠬᠤᠪᠢᠶᠠᠨ ᠬᠡᠷᠡᠭᠵᠢᠭᠦᠯᠬᠦ ᠪᠣᠭᠤᠮᠲᠠ ᠶᠢᠨ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠵᠢᠭᠠᠵᠤ ᠪᠣᠶ           16. ᠰᠢᠭᠤᠳ ᠬᠤᠷᠰᠢᠯᠴᠠᠬᠤ ᠠᠵᠤ ᠠᠬᠤᠢ ᠄ ᠬᠠᠷᠢᠯᠴᠠᠨ ᠲᠤᠰᠠᠭᠠᠷᠯᠠᠭᠰᠠᠨ᠂ ᠠᠵᠤ ᠠᠬᠤᠢ ᠶᠢᠨ ᠬᠥᠭᠵᠢᠯᠲᠡ ᠨᠢ ᠵᠥᠷᠢᠶ᠎ᠡ ᠲᠠᠢ ᠬᠤᠶᠠᠷ ᠵᠠᠰᠠᠭ ᠵᠠᠬᠢᠷᠭᠠᠨ ᠤ ᠭᠠᠵᠠᠷ ᠣᠷᠣᠨ᠂ ᠣᠷᠣᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠨᠡᠭᠡᠭᠡᠨ ᠬᠥᠭᠵᠢᠭᠦᠯᠬᠦ ᠣᠷᠣᠨ ᠢᠶᠠᠷ ᠭᠤᠣᠯ ᠠᠴᠢᠶᠠᠯᠠᠪᠤᠷᠢ ᠪᠣᠯᠭᠠᠵᠤ᠂ ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ ᠬᠠᠮᠲᠤᠷᠠᠯᠴᠠᠬᠤ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ ᠬᠠᠷᠢᠯᠴᠠᠨ ᠨᠥᠬᠦᠪᠦᠷᠢᠯᠡᠬᠦ ᠪᠠ ᠥᠨᠳᠥᠷ ᠪᠦᠲᠦᠮᠵᠢᠲᠡᠶ ᠠᠰᠢᠭᠯᠠᠬᠤ ᠪᠠᠷ ᠵᠣᠷᠢᠯᠭ᠎ᠠ ᠪᠣᠯᠭᠠᠵᠤ᠂ ᠣᠨᠴᠠ ᠲᠣᠭᠲᠠᠭᠠᠭᠰᠠᠨ ᠣᠷᠣᠨ ᠪᠦᠰᠡ ᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠷᠠᠨ ᠪᠠᠶᠢᠭᠤᠯᠵᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠠᠰᠢᠭ ᠲᠤᠰᠠ ᠶᠢ ᠬᠤᠪᠢᠶᠠᠷᠢᠯᠠᠬᠤ ᠵᠡᠷᠭᠡ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠬᠦ ᠶᠢ ᠵᠢᠭᠠᠵᠤ ᠪᠤᠢ᠃          17. ︽ᠭᠤᠷᠪᠠᠨ ᠤᠮᠠᠷᠠᠲᠤ︾ ᠶᠢᠨ ᠢᠨᠵᠧᠨᠧᠷᠢᠩ ᠄ ᠳᠤᠮᠳᠠᠳᠤ ᠤᠯᠤᠰ ᠤᠨ ᠭᠤᠷᠪᠠᠨ ᠤᠮᠠᠷᠠᠲᠤ ᠣᠷᠣᠨ ︵ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ︶ ᠳᠤ ᠪᠠᠶᠢᠭᠤᠯᠤᠭᠰᠠᠨ ᠲᠣᠮᠣ ᠬᠡᠯᠪᠡᠷᠢ ᠶᠢᠨ ᠵᠣᠬᠢᠶᠠᠮᠠᠯ ᠤᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ ᠵᠢᠭᠠᠵᠤ ᠪᠠᠶᠢᠨ᠎ᠠ᠃          18. ᠲᠤᠯᠠᠭᠠᠯᠠᠯᠭ᠎ᠠ ᠶᠢᠨ ᠲᠠᠪᠤᠨ ᠠᠵᠢᠯᠯᠠᠭᠠᠨ ᠄ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ᠂ ᠢᠯᠴᠢ ᠬᠠᠩᠭᠠᠬᠤ ᠲᠠᠯ᠎ᠠ ᠶᠢᠨ ᠢᠯᠡᠴᠢᠯᠠᠨ ᠵᠠᠭᠠᠯᠳᠤᠯᠭ᠎ᠠ ᠶᠢ ᠰᠢᠯᠤᠭᠤᠳᠬᠠᠬᠤ ᠠᠵᠢᠯᠯᠠᠭᠠᠨ᠂ ᠢᠯᠴᠢ ᠬᠠᠩᠭᠠᠬᠤ ᠲᠠᠯ᠎ᠠ ᠶᠢᠨ ᠢᠯᠡᠴᠢᠯᠡᠭᠰᠡᠨ ᠠᠰᠠᠭᠤᠳᠠᠯ ᠢ ᠬᠤᠭᠤᠴᠠᠭ᠎ᠠ ᠬᠢᠵᠠᠭᠠᠷᠯᠠᠵᠤ ᠭᠦᠢᠴᠡᠳᠭᠡᠵᠦ ᠳᠠᠭᠤᠰᠬᠠᠬᠤ ᠠᠵᠢᠯᠯᠠᠭᠠᠨ᠂ ᠢᠯᠴᠢ ᠬᠠᠩᠭᠠᠬᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯᠯᠠᠭᠠᠨ᠂ ᠢᠯᠴᠢ ᠬᠠᠩᠭᠠᠬᠤ ᠪᠠᠲᠤᠯᠠᠭ᠎ᠠ ᠶᠢ ᠬᠢᠨᠠᠨ ᠬᠠᠮᠢᠶᠠᠷᠬᠤ ᠠᠵᠢᠯᠯᠠᠭᠠᠨ ᠢ ᠵᠢᠭᠠᠨ᠎ᠠ᠃          19. ︽ᠲᠠᠪᠤᠨ ᠪᠣᠭᠤᠮᠲᠠ︾ ᠄ ᠠᠷᠢᠭᠤᠨ ᠴᠢᠬᠡᠴᠢ ᠶᠢᠨ ᠪᠣᠭᠤᠮᠲᠠ᠂ ᠦᠢᠯᠡᠴᠢᠯᠡᠭᠡᠨ ᠤ ᠪᠣᠭᠤᠮᠲᠠ᠂ ᠢᠲᠡᠭᠡᠮᠵᠢ ᠶᠢᠨ ᠪᠣᠭᠤᠮᠲᠠ᠂ ᠬᠢᠨᠠᠯᠲᠠ ᠬᠠᠮᠢᠶᠠᠷᠤᠯᠲᠠ ᠶᠢᠨ ᠪᠣᠭᠤᠮᠲᠠ᠂ ᠬᠠᠤᠯᠢ ᠪᠠᠷ ᠵᠠᠰᠠᠬᠤ ᠪᠣᠭᠤᠮᠲᠠ ᠶᠢ ᠵᠢᠭᠠᠨ᠎ᠠ᠃          20. ᠬᠤᠶᠠᠷ ᠲᠤ ᠰᠠᠭᠤᠵᠤ ᠬᠤᠶᠠᠷ ᠢ ᠪᠠᠶᠢᠴᠠᠭᠠᠬᠤ ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠣᠷᠣᠵᠤ ᠰᠠᠭᠤᠬᠤ ᠶᠢ ᠵᠢᠭᠠᠵᠤ ᠪᠣᠶ᠂ ᠭᠤᠣᠯᠳᠠᠭᠤ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ ᠵᠦᠢᠯ ᠤᠨ ᠴᠠᠯᠢᠩ ᠤᠨ ᠢᠨᠵᠧᠨᠧᠷᠢᠩ ᠤᠨ ᠵᠣᠭᠤᠰ ᠥᠷᠢᠲᠦᠵᠦ ᠪᠠᠶᠢᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠵᠤ ᠰᠢᠯᠵᠢᠭᠦᠯᠦᠨ ᠳᠠᠭᠠᠭᠠᠴᠢᠯᠠᠭᠤᠯᠬᠤ ᠳᠤ ᠲᠦᠰᠢᠭᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ ᠬᠢᠨᠠᠯᠲᠠ ᠲᠠᠯᠪᠢᠵᠤ ᠪᠠᠶᠢᠴᠠᠭᠠᠬᠤ ᠶᠢ ᠵᠢᠭᠠᠵᠤ ᠪᠤᠢ᠃          21. ᠲᠤᠯᠤᠭ᠎ᠠ ᠶᠢ ᠨᠢᠭᠡᠳᠬᠡᠬᠦ ᠄ ᠡᠯ᠎ᠡ ᠵᠦᠢᠯ ᠤᠨ ᠡᠬᠡ ᠲᠠᠩᠰᠠᠨ ᠳᠠᠬᠢ ᠠᠵᠢᠯ ᠳᠤ ᠭᠠᠷᠬᠤ ᠶᠢ ᠰᠢᠯᠭᠠᠭᠰᠠᠨ ᠡᠳᠦᠷ ᠤᠨ ᠲᠤᠭ᠎ᠠ᠂ ᠴᠠᠯᠢᠩ ᠤᠨ ᠪᠠᠷᠢᠮᠵᠢᠶ᠎ᠠ᠂ ᠣᠯᠭᠤᠬᠤ ᠬᠡᠯᠪᠡᠷᠢ᠂ ᠴᠠᠯᠢᠩ ᠲᠠᠷᠬᠠᠭᠠᠭᠰᠠᠨ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠰᠤᠷᠪᠤᠯᠵᠢᠯᠠᠨ ᠶᠠᠷᠢᠯᠴᠠᠵᠤ ᠲᠤᠰᠬᠠᠭᠰᠠᠨ ᠪᠠᠶᠢᠳᠠᠯ ᠲᠠᠢ ᠬᠠᠷᠢᠴᠠᠭᠤᠯᠵᠤ᠂ ᠬᠥᠳᠡᠯᠮᠦᠷᠢ ᠶᠢᠨ ᠭᠡᠷ᠎ᠡ᠂ ᠦᠨᠡᠨ ᠨᠡᠷ᠎ᠡ ᠶᠢᠨ ᠳᠦᠷᠢᠮ ᠤᠨ ᠳᠠᠩᠰᠠᠯᠠᠯᠲᠠ ᠶᠢᠨ ᠬᠦᠰᠦᠨᠦᠭᠲᠦ᠂ ᠴᠠᠯᠢᠩ ᠢ ᠨᠤᠲᠠᠯᠠᠬᠤ ᠬᠦᠰᠦᠨᠦᠭᠲᠦ᠂ ᠠᠵᠢᠯ ᠳᠤ ᠭᠠᠷᠬᠤ ᠶᠢ ᠰᠢᠯᠭᠠᠭᠰᠠᠨ ᠲᠡᠮᠳᠡᠭᠯᠡᠯ ᠤᠨ ᠬᠦᠰᠦᠨᠦᠭᠲᠦ᠂ ᠪᠠᠩᠬᠢ ᠶᠢᠨ ᠣᠷᠣᠯᠠᠨ ᠲᠠᠷᠬᠠᠭᠠᠭᠰᠠᠨ ᠴᠤᠪᠤᠷᠠᠯ᠂ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠰᠢᠰᠲ᠋ᠧᠮ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠪᠣᠯᠣᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠰᠤᠷᠪᠤᠯᠵᠢᠯᠠᠨ ᠶᠠᠷᠢᠯᠴᠠᠭᠰᠠᠨ ᠪᠠᠶᠢᠳᠠᠯ ᠢ ︽ᠳᠣᠯᠤᠭ᠎ᠠ ᠶᠢ ᠨᠢᠭᠡᠳᠦᠯᠲᠡᠢ ᠪᠠᠶᠢᠯᠭᠠᠬᠤ︾ ᠶᠢ ᠵᠢᠭᠠᠵᠤ ᠪᠣᠶ᠃          22. ᠭᠤᠷᠪᠠ ᠶᠢ ᠳᠡᠭᠡᠭᠰᠢᠯᠡᠭᠦᠯᠬᠦ ᠄ ᠳᠠᠰᠬᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠬᠦ ᠶᠢ ᠵᠢᠭᠠᠵᠤ ᠪᠣᠢ᠃          23. ᠳᠥᠷᠪᠡᠨ ᠵᠠᠭᠤᠨ ᠤ ᠵᠠᠭᠤ ᠄ ᠲᠤᠰᠬᠠᠢ ᠲᠤᠰᠢᠶᠠᠯᠲᠤ ᠠᠮᠤᠷ ᠢ ᠬᠠᠮᠠᠭᠠᠯᠠᠭᠴᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ ᠵᠠᠭᠤᠨ ᠤ ᠵᠠᠭᠤ ᠳᠤ ᠬᠦᠷᠦᠭᠦᠯᠵᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠳᠤ ᠬᠤᠯᠪᠣᠬᠤ ᠨᠣᠷᠮ᠎ᠠ ᠶᠢ ᠵᠠᠭᠤᠨ ᠤ ᠵᠠᠭᠤ ᠳᠤ ᠬᠦᠷᠦᠭᠦᠯᠵᠦ᠂ ᠨᠢᠭᠡ ᠳᠠᠷᠤᠪᠴᠢᠲᠤ ᠲᠦᠭᠰᠢᠭᠦᠷᠢ ᠮᠡᠳᠡᠭᠦᠯᠬᠦ ᠪᠠ ᠳᠣᠲᠣᠭᠠᠳᠤ ᠶᠢ ᠬᠠᠮᠠᠭᠠᠯᠠᠬᠤ ᠰᠦᠯᠵᠢᠶᠡᠨ ᠳᠤ ᠬᠤᠯᠪᠣᠬᠤ ᠨᠣᠷᠮ᠎ᠠ ᠶᠢ ᠵᠠᠭᠤᠨ ᠤ ᠵᠠᠭᠤ ᠳᠤ ᠬᠦᠷᠦᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠵᠠᠭᠤᠨ ᠤ ᠵᠠᠭᠤ ᠳᠤ ᠬᠦᠷᠦᠭᠦᠯᠬᠦ ᠶᠢ ᠵᠢᠭᠠᠵᠤ ᠪᠣᠶ᠃          24. ᠵᠢᠷᠭᠤᠭᠠᠨ ᠪᠦᠰᠡ ᠭᠤᠷᠪᠠᠨ ᠰᠠᠭᠤᠷᠢᠨ ᠨᠢᠭᠡ ᠭᠡᠷ ᠬᠦᠷᠢᠶᠡᠯᠡᠩ ᠄ ︽ᠵᠢᠷᠭᠤᠭᠠᠨ ᠪᠦᠰᠡ︾ ᠭᠡᠳᠡᠭ ᠨᠢ ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠪᠦᠰᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠤᠣᠰ ᠵᠠᠭᠤᠨ ᠤ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠤᠨ ᠦᠨᠳᠦᠰᠦᠨ ᠱᠠᠲᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠪᠦᠰᠡ᠂ ᠣᠷᠣᠨ ᠨᠤᠲᠤᠭ ᠠᠵᠤ ᠠᠬᠤᠶᠢᠯᠠᠯ ᠬᠤᠯᠪᠤᠭᠠᠯᠠᠨ ᠪᠠᠶᠢᠭᠤᠯᠵᠤ ᠬᠠᠮᠲᠤ ᠪᠠᠷ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠪᠦᠰᠡ᠂ ᠵᠢᠭᠤᠯᠴᠢᠯᠠᠯ ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠢᠱᠢᠶ᠎ᠡ ᠦᠵᠡᠭᠦᠯᠬᠦ ᠪᠦᠰᠡ ᠪᠠ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ ᠵᠢᠭᠠᠵᠤ ᠪᠣᠶ︔ ︽ᠭᠤᠷᠪᠠᠨ ᠰᠠᠭᠤᠷᠢᠨ ᠭᠠᠵᠠᠷ︾ ᠭᠡᠳᠡᠭ ᠨᠢ ᠡᠬᠡ ᠤᠯᠤᠰ ᠤᠨ ᠤᠮᠠᠷᠠᠲᠤ ᠬᠢᠯᠢ ᠶᠢ ᠴᠣᠭᠴᠠᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠢ ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠰᠤᠳᠤᠯᠭᠠᠨ ᠤ ᠰᠠᠭᠤᠷᠢᠨ ᠭᠠᠵᠠᠷ ᠢ ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠢ ᠵᠢᠭᠠᠵᠤ ᠪᠤᠢ︔ ︽ᠨᠢᠭᠡ ᠭᠡᠷ ᠬᠦᠷᠢᠶᠡᠯᠡᠩ︾ ᠭᠡᠳᠡᠭ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠵᠣᠯ ᠵᠢᠷᠭᠠᠯᠲᠤ ᠡᠶ᠎ᠡ ᠵᠣᠬᠢᠴᠠᠯ ᠲᠠᠢ ᠭᠡᠷ ᠬᠦᠷᠢᠶᠡᠯᠡᠩ ᠢ ᠪᠠᠶᠢᠭᠤᠯᠬᠤ ᠶᠢ ᠵᠢᠭᠠᠵᠤ ᠪᠠᠶᠢᠨ᠎ᠠ᠃          25. ᠲᠦᠷᠪᠡᠨ ᠬᠠᠮᠲᠤ ᠄ ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠵᠦ᠂ ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠵᠦ᠂ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠪᠦᠲᠦᠭᠡᠵᠦ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠪᠣᠶᠢᠵᠢᠭᠤᠯᠤᠭᠰᠠᠨ ᠢ ᠵᠢᠭᠠᠵᠤ ᠪᠠᠶᠢᠨ᠎ᠠ᠃          26. ᠲᠦᠷᠪᠡᠨ ᠵᠠᠭᠤ ᠮᠢᠩᠭᠠᠨ ᠲᠦᠮᠡᠨ ᠢᠨᠵᠧᠨᠧᠷᠢᠩ ᠄ ᠵᠠᠭᠤᠨ ᠨᠡᠷᠡᠰ ᠱᠦᠵᠢ ᠨᠠᠮ ᠤᠨ ᠬᠢᠴᠢᠶᠡᠯ ᠣᠷᠣᠬᠤ᠂ ᠮᠢᠩᠭᠠᠨ ᠤᠳᠠᠭᠠᠨ ᠤ ᠰᠠᠭᠤᠳᠠᠯ ᠤᠨ ᠬᠤᠷᠠᠯ ᠢᠶᠠᠷ ᠪᠦᠯᠬᠦᠮᠳᠡᠯ ᠢ ᠶᠠᠷᠢᠯᠴᠠᠬᠤ᠂ ᠲᠦᠮᠡᠨ ᠨᠡᠷᠡᠰ ᠨᠠᠮ ᠤᠨ ᠭᠡᠰᠢᠭᠦᠨ ᠭᠠᠴᠠᠭ᠎ᠠ ᠲᠣᠰᠬᠤᠨ ᠳᠤ ᠣᠴᠢᠬᠤ᠃ ᠵᠠᠭᠤᠨ ᠪᠦᠯᠬᠦᠮ ᠤᠨ ᠲᠣᠭᠯᠠᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠮᠢᠩᠭᠠᠨ ᠡᠩᠨᠡᠭᠡ ᠤᠬᠠᠭᠤᠯᠤᠨ ᠲᠠᠶᠢᠯᠪᠤᠷᠢᠯᠠᠬᠤ᠂ ᠲᠦᠮᠡᠨ ᠺᠠᠳ᠋ᠷ ᠢ ᠶᠡᠬᠡᠪᠡᠷ ᠪᠣᠯᠪᠠᠰᠤᠷᠠᠭᠤᠯᠬᠤ᠃ ᠠᠷᠠᠳ ᠢᠷᠭᠡᠳ ᠤᠷᠤᠭ ᠬᠤᠯᠪᠣᠵᠤ ᠪᠦᠯᠬᠦᠮᠳᠡᠯ ᠢ ᠠᠬᠢᠭᠤᠯᠬᠤ᠂ ᠮᠢᠩᠭᠠᠨ ᠠᠶᠢᠯ ᠬᠤᠣᠰᠯᠠᠨ ᠴᠢᠨᠡᠭᠡᠯᠢᠭᠵᠢᠬᠦ᠂ ᠲᠦᠮᠡᠨ ᠡᠷᠦᠬᠡ ᠬᠠᠮᠲᠤ ᠪᠠᠷ ᠪᠦᠯᠬᠦᠮᠳᠡᠯ ᠤᠨ ᠴᠡᠴᠡᠭ ᠢ ᠲᠡᠯᠭᠡᠷᠡᠭᠦᠯᠬᠦ᠃ ᠵᠠᠭᠤᠨ ᠬᠠᠷᠠᠭᠤᠯ ᠤᠨ ᠦᠷᠲᠡᠭᠡ ᠤᠮᠠᠷᠠᠲᠤ ᠬᠢᠯᠢ ᠶᠢ ᠪᠠᠬᠢᠵᠢᠭᠦᠯᠬᠦ᠂ ᠮᠢᠩᠭᠠᠨ ᠮᠠᠯᠴᠢᠨ ᠤᠯᠤᠰ ᠤᠨ ᠬᠢᠯᠢ ᠶᠢ ᠲᠣᠭᠤᠷᠢᠨ ᠪᠠᠶᠢᠴᠠᠭᠠᠬᠤ᠂ ᠲᠦᠮᠡᠨ ᠠᠷᠠᠳ ᠬᠢᠯᠢ ᠶᠢᠨ ᠪᠣᠭᠤᠮᠲᠠ ᠶᠢ ᠰᠠᠬᠢᠨ ᠬᠠᠮᠠᠭᠠᠯᠠᠬᠤ ᠶᠢ ᠵᠢᠭᠠᠨ᠎ᠠ᠃          27. ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ︽ᠭᠤᠷᠪᠠᠨ ᠵᠦᠢᠯ ᠤᠨ ᠲᠥᠯᠥᠪᠯᠡᠭᠡ︾᠄ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾᠂ ︽ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾᠂ ︽ᠵᠢᠭᠤᠯᠴᠢᠯᠠᠯ ᠢᠶᠠᠷ ᠭᠤᠷᠪᠠᠨ ᠬᠠᠷᠢᠯᠴᠠᠭ᠎ᠠ ᠶᠢ ᠠᠬᠢᠭᠤᠯᠬᠤ ᠲᠥᠯᠥᠪᠯᠡᠭᠡ︾ ᠶᠢ ᠵᠢᠭᠠᠨ᠎ᠠ᠃          28. ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠬᠢᠬᠦ ᠄ ᠠᠵᠢᠯ ᠲᠦᠷᠦᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠠᠭᠠᠨ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠶᠢ ᠵᠢᠭᠠᠵᠤ ᠪᠠᠶᠢᠨ᠎ᠠ᠃          29. ᠹᠸᠡᠭᠴᠢᠶᠤᠤ ᠶᠢᠨ ᠲᠤᠷᠰᠢᠯᠭ᠎ᠠ ᠄ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ ᠵᠧᠵᠢᠶᠠᠩ ᠮᠤᠵᠢ ᠶᠢᠨ ᠵᠦᠵᠢ ᠰᠢᠶᠠᠨ ︵ᠤᠳᠤ ᠶᠢᠨ ᠵᠦᠵᠢ ᠬᠤᠳᠠ︶ ᠤ ᠹᠸᠡᠭᠴᠢᠶᠤᠤ ᠪᠠᠯᠭᠠᠰᠤᠨ ᠤ ᠺᠠᠳ᠋ᠷ ᠤᠯᠠᠨ ᠲᠦᠮᠡᠨ ᠤ ᠡᠭᠦᠳᠦᠨ ᠪᠦᠲᠦᠭᠡᠭᠰᠡᠨ ︽ᠤᠯᠠᠨ ᠲᠦᠮᠡᠨ ᠢ ᠲᠠᠶᠢᠴᠢᠯᠠᠨ ᠲᠦᠰᠢᠭᠯᠡᠵᠦ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠪᠠᠷᠢᠮᠳᠠᠯᠠᠵᠤ᠂ ᠬᠥᠮᠥᠨ ᠢ ᠴᠥᠭᠡᠨ ᠪᠠᠷᠢᠪᠴᠢᠯᠠᠬᠤ᠂ ᠠᠮᠤᠷ ᠢ ᠲᠣᠭᠲᠠᠭᠤᠨ ᠰᠠᠶᠢᠬᠠᠨ ᠪᠠᠶᠢᠬᠤ ᠶᠢ ᠪᠡᠶᠡᠯᠡᠭᠦᠯᠦᠭᠰᠡᠨ︾ ᠲᠤᠷᠰᠢᠯᠭ᠎ᠠ ᠶᠢ ᠬᠡᠯᠡᠵᠦ ᠪᠠᠶᠢᠨ᠎ᠠ᠃          30. ᠫᠦᠵᠢᠶᠠᠩ ᠤᠨ ᠲᠤᠷᠰᠢᠯᠭ᠎ᠠ ᠄ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠪᠡᠶ᠎ᠡ ᠪᠠᠷ ᠢᠶᠠᠨ ᠰᠠᠨᠠᠭᠠᠴᠢᠯᠠᠭᠰᠠᠨ ᠪᠥᠭᠡᠳ ᠪᠡᠶ᠎ᠡ ᠪᠠᠷ ᠢᠶᠠᠨ ᠲᠦᠷᠦᠭᠦᠯᠡᠨ ᠳᠣᠷᠣᠭᠰᠢ ᠪᠠᠭᠤᠵᠤ ᠤᠯᠠᠨ ᠲᠦᠮᠡᠨ ᠤ ᠰᠣᠷᠪᠤᠯᠵᠢᠯᠠᠯ ᠢ ᠬᠦᠯᠢᠶᠡᠨ ᠠᠪᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠵᠢᠭᠠᠵᠤ ᠪᠠᠶᠢᠨ᠎ᠠ᠂ ᠡᠨᠡ ᠪᠣᠯ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠰᠠᠶᠢᠵᠢᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠶᠢᠨ ᠠᠮᠢᠳᠤᠯᠢᠭ ᠦᠢᠯᠡᠳᠦᠯᠭᠡ ᠮᠥᠨ᠃          31. ︽ᠵᠢᠷᠭᠤᠭ᠎ᠠ ᠦᠭᠡᠢ︾ ᠭᠠᠴᠠᠭ᠎ᠠ ᠄ ᠠᠮᠢᠨ ᠬᠡᠷᠡᠭ ᠦᠭᠡᠢ᠂ ᠪᠡᠭᠡᠵᠢᠩ ᠪᠠ ᠦᠪᠡᠷᠲᠡᠭᠡᠨ ᠵᠠᠰᠠᠬᠤ ᠣᠷᠤᠨ ᠳᠤ ᠬᠦᠷᠴᠦ ᠵᠠᠬᠢᠳᠠᠯ ᠰᠣᠷᠪᠤᠯᠵᠢᠯᠠᠭ᠎ᠠ ᠬᠢᠭᠡ ᠦᠭᠡᠢ᠂ ᠴᠠᠬᠢᠯᠭᠠᠨ ᠬᠤᠯᠪᠤᠭᠠᠨ ᠤ ᠮᠡᠬᠡᠯᠡᠯ ᠦᠭᠡᠢ᠂ ᠵᠠᠷᠭᠤ ᠬᠢᠭᠰᠡᠨ ᠦᠭᠡᠢ᠂ ᠭᠠᠵᠢᠭᠤ ᠨᠣᠮᠯᠠᠯ ᠦᠭᠡᠢ᠂ ᠬᠤᠣᠷᠲᠤ ᠡᠳ᠋ ᠦᠭᠡᠢ ᠭᠠᠴᠠᠭ᠎ᠠ ᠶᠢ ᠵᠢᠭᠠᠵᠤ ᠪᠣᠶ᠃          32. ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠄ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠵᠢᠭᠠᠵᠤ ᠪᠠᠶᠢᠨ᠎ᠠ᠃          33. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠦᠯᠲᠡ ᠶᠢᠨ ᠪᠥᠬᠦ ᠶᠠᠪᠤᠴᠠ ᠶᠢ ᠲᠡᠮᠳᠡᠭᠯᠡᠬᠦ ᠳᠦᠷᠢᠮ ᠪᠠ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ᠳᠦᠷᠢᠮ ᠢ ᠵᠢᠭᠠᠵᠤ ᠪᠣᠶ᠃          34. ᠭᠤᠷᠪᠠᠨ ᠡᠷᠬᠡᠪᠰᠢ ᠄ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠳᠤ ᠪᠦᠬᠦ ᠨᠠᠮ ᠤᠨ ᠨᠥᠬᠦᠳ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡᠪᠰᠢ ᠳᠠᠷᠤᠤ ᠪᠣᠯᠭᠤᠮᠵᠢᠲᠠᠢ ᠪᠠᠶᠢᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠡᠷᠬᠡᠪᠰᠢ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠬᠦ ᠬᠡᠷᠡᠭᠲᠡᠢ ᠭᠡᠵᠦ ᠳᠤᠷᠠᠳᠤᠨ ᠭᠠᠷᠭᠠᠭᠰᠠᠨ ᠢ ᠵᠢᠭᠠᠵᠤ ᠪᠠᠶᠢᠨ᠎ᠠ᠃          35. ᠳᠣᠯᠤᠭ᠎ᠠ ᠶᠢ ᠲᠠᠶᠠᠭᠳᠠᠬᠤ ᠄ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠪᠢ ᠬᠥᠮᠥᠨ ᠢ ᠬᠦᠷᠬᠦ ᠦᠭᠡᠢ︾ ᠭᠡᠬᠦ ᠪᠣᠳᠣᠯ᠂ ︽ᠬᠥᠭᠵᠢᠭᠦᠯᠬᠦ ᠳᠤ ᠬᠡᠲᠦᠷᠬᠡᠢ ᠶᠠᠭᠠᠷᠠᠬᠤ ᠬᠡᠷᠡᠭ ᠦᠭᠡᠢ︾ ᠭᠡᠬᠦ ᠪᠣᠳᠣᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠭᠡᠬᠦ ᠦᠵᠡᠯ ᠤᠬᠠᠮᠰᠠᠷ᠂ ︽ᠪᠦᠲᠦᠬᠦ ᠠᠷᠭ᠎ᠠ ᠦᠭᠡᠢ ᠪᠣᠯ ᠡᠮ ᠥᠭᠬᠦ ᠵᠣᠷᠢᠭ ᠦᠭᠡᠢ︾ ᠭᠡᠬᠦ ᠠᠷᠭ᠎ᠠ ᠬᠢᠳᠡᠯ᠂ ︽ᠨᠢᠳᠦᠨ ᠡᠮᠦᠨᠡᠬᠢ ᠪᠠᠨ ᠬᠠᠷᠠᠪᠠᠯ ᠠᠯᠤᠰ ᠢᠷᠡᠭᠡᠳᠦᠢ ᠶᠢ ᠬᠠᠷᠠᠬᠤ ᠦᠭᠡᠢ︾ ᠰᠡᠳᠬᠢᠬᠦᠢ᠂ ︽ᠨᠠᠷᠢᠨ ᠵᠦᠢᠯᠡᠰ ᠢ ᠠᠩᠬᠠᠷᠬᠤ ᠦᠭᠡᠢ᠂ ᠪᠠᠷᠤᠭᠲᠠᠢ ᠪᠣᠯ ᠪᠣᠯᠴᠢᠬᠠᠨ᠎ᠠ︾ ᠭᠡᠬᠦ ᠪᠣᠳᠣᠯ ᠰᠡᠳᠬᠢᠯᠭᠡ ᠪᠠ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠲᠠᠶᠠᠭᠳᠠᠬᠤ ᠶᠢ ᠵᠢᠭᠠᠵᠤ ᠪᠤᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ