2023 ᠣᠨ ᠳᠤ᠂ ᠰᠢᠨ᠎ᠡ ᠪᠠᠷᠭᠤ ᠵᠡᠭᠦᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾ | ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ | ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠠᠢ᠃ | ᠨᠢᠭᠡ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ︵ᠨᠢᠭᠡ︶ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ᠎ᠠ᠃ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠰᠢ ᠶᠢᠨ ᠫᠢᠩ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ | ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠭᠤᠣᠯ ᠴᠢᠮᠦᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠨ᠂ ᠦᠵᠡᠯ ᠰᠠᠨᠠᠭ᠎ᠠ ᠦᠶᠯᠡ ᠠᠵᠢᠯᠯᠠᠭ᠎ᠠ ᠪᠠᠨ | ᠦᠨᠡᠨ ᠬᠦ ᠨᠢᠭᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ | ︽ᠰᠢᠨ᠎ᠡ ᠪᠠᠷᠭᠤ ᠵᠡᠭᠦᠨ ᠬᠤᠰᠢᠭᠤᠨ ᠤ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠲᠣᠭᠲᠠᠭᠠᠵᠤ᠂ | ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢᠵᠢᠯ ᠤᠨ ᠪᠠᠶᠢᠭᠤᠯᠤᠯᠲᠠ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠬᠠᠤᠯᠢᠵᠢᠯ ᠤᠨ | ᠪᠠᠶᠢᠭᠤᠯᠤᠯᠲᠠ ᠶᠢᠨ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ᠂ ᠭᠤᠣᠯᠳᠠᠯᠭ᠎ᠠ ᠲᠠᠢ | ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠱᠠᠯᠠᠪᠳᠠᠭᠤᠯᠤᠨ ᠭᠦᠢᠴᠡᠳᠬᠡᠵᠡᠢ᠃ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠳᠤ 6 ᠤᠳᠠᠭ᠎ᠠ ᠬᠠᠤᠯᠢ ᠰᠤᠷᠤᠯᠴᠠᠵᠤ᠂ ᠪᠠᠶᠢᠩᠭᠤ ᠶᠢᠨ ᠬᠤᠷᠠᠯ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠤᠯᠪᠣᠭᠳᠠᠯ ᠪᠦᠬᠦᠢ ᠵᠥᠪᠯᠡᠬᠦ ᠰᠡᠳᠦᠪ ᠢ ᠰᠣᠨᠣᠰᠴᠤ᠂ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ ᠬᠠᠤᠯᠢ ᠪᠠᠷ ᠵᠠᠰᠠᠬᠤ ᠶᠢ | ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠰᠢᠯᠭᠠᠨ | ᠬᠢᠨᠠᠬᠤ ᠶᠢ ᠬᠤᠰᠢᠭᠤᠨ ᠲᠣᠰ ᠱᠠᠲᠤᠨ ᠤ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠰᠢᠯᠭᠠᠨ ᠦᠨᠡᠯᠡᠬᠦ ᠲᠥᠷᠥᠯ ᠵᠦᠢᠯ ᠳᠤ ᠣᠷᠣᠭᠤᠯᠵᠤ᠂ ᠪᠥᠬᠦ | ᠬᠤᠰᠢᠭᠤᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠯᠭᠠᠨ ᠬᠢᠨᠠᠬᠤ ᠠᠷᠭ᠎ᠠ ᠪᠠ ᠰᠢᠯᠭᠠᠨ ᠬᠢᠨᠠᠬᠤ ᠨᠠᠷᠢᠨ ᠳᠦᠷᠢᠮ ᠢ ᠲᠣᠭᠲᠠᠭᠠᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠳᠣᠪᠤᠶᠢᠯᠭᠠᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠡᠭᠦᠳᠦᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠰᠢᠨ᠎ᠡ ᠪᠠᠷᠭᠤ ᠵᠡᠭᠦᠨ ᠬᠤᠰᠢᠭᠤᠨ ᠤ︿ᠭᠤᠷᠪᠠᠨ ᠡᠷᠬᠡᠲᠡᠨ ᠢ ᠠᠳᠠᠯᠢ ᠪᠣᠯᠭᠠᠬᠤ﹀ ᠶᠢᠨ ᠰᠢᠨ᠎ᠡ ᠶᠢ ᠡᠭᠦᠳᠬᠦ | ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ ᠰᠢᠢᠳᠪᠦᠷᠢᠯᠡᠬᠦ ᠰᠢᠨ᠎ᠡ ᠵᠠᠭᠪᠤᠷ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠦᠬᠦᠨ ᠢ | ᠪᠦᠷᠬᠦᠭᠦᠯᠬᠦ︾ ᠶᠢ 2023 ᠣᠨ ᠤ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢᠶᠠᠷ | ᠨᠡᠷᠡᠶᠢᠳᠪᠡ᠃ | ︵ᠬᠤᠶᠠᠷ︶ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠪᠥᠬᠦ ᠲᠠᠯ᠎ᠠ ᠪᠠᠷ ᠭᠦᠢᠴᠡᠳᠬᠡᠵᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ | ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠴᠢᠩᠭᠠᠳᠬᠠᠵᠤ᠂ 1342 ᠵᠦᠢᠯ ᠤᠨ ᠤᠴᠢᠷ ᠶᠠᠪᠤᠳᠠᠯ ᠢ ᠪᠡᠶᠡᠯᠡᠭᠦᠯᠪᠡᠯ | ᠳᠠᠷᠤᠢ ᠲᠦᠷᠭᠡᠨ ᠭᠦᠢᠴᠡᠳᠬᠡᠵᠦ᠂ 1906 ᠵᠦᠢᠯ ᠤᠨ ᠤᠴᠢᠷ ᠶᠠᠪᠤᠳᠠᠯ ᠤᠨ︽ᠬᠠᠮᠤᠭ ᠤᠯᠠᠨ ᠳᠠᠭᠠᠨ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠵᠦ᠂ | ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ 87.69% ᠠᠴᠠ ᠳᠣᠷᠣᠭᠰᠢ ᠪᠣᠯᠲᠠᠯ᠎ᠠ ᠪᠠᠭᠠᠰᠬᠠᠪᠠ᠃ | ᠭᠤᠶᠤᠴᠢᠯᠠᠭᠰᠠᠨ ᠲᠤᠯᠤᠭᠠᠨ ᠲᠥᠷᠥᠯ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ︽ᠦᠨᠡᠮᠯᠡᠯ ᠢ ᠬᠡᠯᠲᠦᠷᠢᠭᠦᠯᠬᠦ ᠠᠯᠪᠠᠨ ᠭᠡᠷ︾ ᠤᠨ 1906 | ᠵᠦᠢᠯ ᠤᠨ ᠦᠨᠡᠮᠯᠡᠯ ᠤᠨ ᠬᠤᠯᠪᠣᠭᠳᠠᠬᠤ ᠠᠵᠢᠯ ᠤᠨ ᠡᠯᠧᠺᠲᠷᠣᠨ ᠲᠠᠮᠠᠭ᠎ᠠ ᠲᠠᠮᠠᠭᠠᠯᠠᠬᠤ ᠲᠤᠭ᠎ᠠ ᠶᠢ 45523 ᠪᠡᠶᠡᠯᠡᠭᠦᠯᠵᠦ᠂ ᠲᠠᠮᠠᠭ᠎ᠠ ᠲᠠᠮᠠᠭᠠᠯᠠᠬᠤ ᠶᠡᠷᠦᠩᠬᠡᠢ | ᠨᠣᠷᠮ᠎ᠠ 99.98% ᠳᠤ ᠬᠥᠷᠪᠡ᠃ ︽ᠲᠣᠭᠠᠴᠢᠯᠠᠭᠰᠠᠨ ᠵᠠᠰᠠᠭ ᠤᠨ ᠣᠷᠳᠣᠨ︾ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠢᠨᠲ᠋ᠧᠷ ᠰᠦᠯᠵᠢᠶ᠎ᠡ + | ᠬᠢᠨᠠᠯᠲᠠ ᠬᠠᠮᠢᠶᠠᠷᠤᠯᠲᠠ︾ ᠶᠢ ᠦᠷᠭᠦᠯᠵᠢᠯᠡᠨ ᠠᠬᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ | ᠵᠦᠢᠯᠡᠰ ᠤᠨ ᠬᠠᠮᠤᠷᠬᠤ ᠨᠣᠷᠮ᠎ᠠ ᠶᠢ 100% ᠳᠤ ᠬᠦᠷᠦᠭᠦᠯᠦᠨ᠎ᠡ᠃ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ︽ᠰᠢᠨ᠎ᠡ | ᠪᠠᠷᠭᠤ ᠵᠡᠭᠦᠨ ᠬᠤᠰᠢᠭᠤᠨ ᠤ ᠤᠶᠠᠨ ᠵᠥᠭᠡᠯᠡᠨ ᠬᠠᠤᠯᠢ ᠬᠡᠷᠡᠭᠵᠢᠭᠦᠯᠬᠦ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ | ᠵᠠᠰᠠᠭ ᠵᠠᠬᠢᠷᠭᠠᠨ ᠤ ᠰᠢᠳᠬᠡᠯ ᠠᠴᠠ ᠬᠡᠯᠲᠦᠷᠢᠭᠦᠯᠬᠦ᠂ ᠵᠠᠰᠠᠭ ᠵᠠᠬᠢᠷᠭᠠᠨ ᠤ ᠰᠢᠳᠬᠡᠯ ᠢ ᠬᠥᠩᠭᠡᠨ ᠢᠶᠠᠷ ᠰᠢᠳᠬᠡᠬᠦ᠂ ᠵᠠᠰᠠᠭ ᠵᠠᠬᠢᠷᠭᠠᠨ ᠤ ᠰᠢᠳᠬᠡᠯ ᠢ ᠬᠥᠩᠭᠡᠷᠡᠭᠦᠯᠬᠦ ︽ | ᠭᠤᠷᠪᠠᠨ ᠲᠣᠳᠣᠷᠬᠠᠢ ᠬᠠᠭᠤᠳᠠᠰᠤ︾ ᠶᠢᠨ ᠵᠦᠢᠯᠡᠰ ᠢ 366 ᠨᠡᠶᠢᠲᠡᠯᠡᠵᠦ᠂ ᠵᠢᠯ ᠤᠨ ᠳᠣᠲᠣᠷ᠎ᠠ 362 ᠬᠡᠷᠡᠭ ︵ᠡᠭᠦᠨ ᠳᠤ᠄ ᠰᠢᠳᠬᠡᠯ ᠠᠴᠠ ᠬᠡᠯᠲᠦᠷᠢᠭᠦᠯᠬᠦ | ᠬᠡᠷᠡᠭ 99 ᠪᠠᠶᠢᠵᠤ᠂ 262 ᠬᠡᠷᠡᠭ ᠢ ᠬᠥᠩᠭᠡᠨ ᠢᠶᠠᠷ ᠰᠢᠳᠭᠡᠵᠦ᠂ 1 ᠬᠡᠷᠡᠭ ᠢ ᠬᠥᠩᠭᠡᠷᠡᠭᠦᠯᠦᠨ ᠰᠢᠳᠬᠡᠨ᠎ᠡ︶ ᠢ ᠰᠢᠢᠳᠪᠦᠷᠢᠯᠡᠪᠡ᠃ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠶᠢᠲᠡᠯᠡᠭᠰᠡᠨ ᠮᠡᠳᠡᠭᠡ ᠵᠠᠩᠭᠢ 2546 | ᠵᠤᠷᠪᠤᠰ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ 183 ᠬᠤᠪᠢ ᠪᠠᠶᠢᠵᠤ᠂ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢ 1 ᠬᠤᠭᠤᠴᠠᠭ᠎ᠠ ᠤᠳᠠᠭ᠎ᠠ | ᠥᠷᠨᠢᠭᠦᠯᠪᠡ᠃ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠴᠢᠩᠭᠠᠳᠬᠠᠵᠤ᠂ ᠬᠤᠰᠢᠭᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | 134 ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ 77 ᠳᠤᠷᠠᠳᠤᠯᠭ᠎ᠠ ᠶᠢ ᠭᠦᠢᠴᠡᠳᠬᠡᠪᠡ᠃ | ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠭᠠᠷᠴᠠᠭ ᠤᠨ ᠬᠠᠮᠢᠶᠠᠷᠤᠯᠲᠠ ᠪᠠ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠡᠬᠢᠯᠡᠭᠦᠯᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠶᠢ ᠡᠬᠢᠯᠡᠭᠦᠯᠦᠨ᠎ᠡ᠃ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠢ ᠤᠷᠢᠨ ᠬᠡᠷᠡᠭᠯᠡᠵᠦ᠂ ᠪᠥᠬᠦ ᠬᠤᠰᠢᠭᠤᠨ ᠤ | ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ 89 ᠭᠡᠷ᠎ᠡ ᠶᠢ ᠬᠢᠨᠠᠨ ᠪᠠᠶᠢᠴᠠᠭᠠᠵᠤ᠂ 180 ᠤᠳᠠᠭ᠎ᠠ ᠬᠠᠤᠯᠢ ᠴᠠᠭᠠᠵᠠ ᠶᠢᠨ | ᠯᠠᠪᠯᠠᠭ᠎ᠠ ᠶᠢᠨ ᠦᠢᠯᠡᠴᠢᠯᠡᠭᠡ ᠬᠠᠩᠭᠠᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠲᠣᠭᠲᠠᠭᠠᠨ ᠨᠡᠶᠢᠲᠡᠯᠡᠨ᠎ᠡ᠃ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ | ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠰᠬᠠᠶᠢᠯᠠᠨ ᠢᠯᠭᠠᠷᠠᠭᠤᠯᠤᠨ | ᠳᠢᠭᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ | ᠢᠯᠭᠠᠷᠠᠭᠤᠯᠤᠨ ᠳᠢᠭᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠦᠷᠭᠦᠯᠵᠢᠯᠡᠨ ᠬᠦᠴᠦᠨ ᠲᠠᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | 4 ᠪᠢᠴᠢᠭ ᠮᠠᠲ᠋ᠧᠷᠢᠶᠠᠯ ᠢ ᠨᠤᠲᠠᠯᠠᠪᠠ᠃ | ︵ᠳᠥᠷᠪᠡ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ | ᠰᠣᠯᠢᠵᠤ ᠣᠯᠭᠤᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠨ ᠤ ᠮᠡᠳᠡᠭᠦᠯᠦᠯᠲᠡ ᠪᠠ ᠪᠣᠯᠪᠠᠰᠤᠷᠠᠭᠤᠯᠤᠯ ᠰᠢᠯᠭᠠᠯᠲᠠ ᠶᠢᠨ ᠠᠵᠢᠯ ᠢ ᠰᠠᠶᠢᠲᠤᠷ ᠬᠢᠵᠦ᠂ | 364 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠵᠤ ᠭᠡᠷᠡᠴᠢᠯᠡᠬᠦ ᠶᠢ ᠪᠡᠶᠡᠯᠡᠭᠦᠯᠪᠡ᠃ ︽ᠰᠢᠨ᠎ᠡ ᠪᠠᠷᠭᠤ | ᠵᠡᠭᠦᠨ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠲᠥᠰᠥᠯ︾ ︽ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︽2023 ᠣᠨ ᠤ ᠪᠥᠬᠦ | ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠲᠥᠯᠥᠪᠯᠡᠭᠡ︾ ᠶᠢ ᠲᠣᠭᠲᠠᠭᠠᠵᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ︵ᠬᠢᠨᠠᠯᠲᠠ ᠲᠠᠯᠪᠢᠬᠤ︶ ᠠᠵᠢᠯᠲᠠᠨ ᠢ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠶᠢ ᠬᠤᠶᠠᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ | ᠂ ᠲᠥᠪᠯᠡᠷᠡᠭᠦᠯᠦᠨ ᠪᠣᠯᠪᠠᠰᠤᠷᠠᠭᠤᠯᠬᠤ ᠳᠤ 600 ᠭᠠᠷᠤᠢ ᠬᠥᠮᠥᠨ ᠤᠳᠠᠭ᠎ᠠ ᠣᠷᠣᠯᠴᠠᠵᠠᠢ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠠᠷ ᠳᠡᠪᠲᠡᠷ︾ ᠢ | ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠤ᠂ ᠬᠠᠤᠯᠢ ᠬᠡᠷᠡᠭᠵᠢᠭᠦᠯᠬᠦ ᠶᠢᠨ ᠵᠢᠯᠣᠭᠤᠳᠤᠮᠵᠢ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠ | ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ᠂ ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ | ᠬᠠᠭᠤᠳᠠᠰᠤ ᠨᠠᠷᠢᠨ ᠲᠠᠩᠰᠠ︾ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠯᠧᠮᠪᠧᠷ ᠬᠤᠲᠠ ᠶᠢᠨ ᠠᠩᠬᠠᠳᠤᠭᠠᠷ | ᠬᠤᠭᠤᠴᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠯᠭᠡ ᠤᠷ᠎ᠠ ᠴᠢᠳᠠᠪᠤᠷᠢ ᠶᠢᠨ ᠤᠷᠤᠯᠳᠤᠭᠠᠨ ᠳᠤ ᠵᠣᠬᠢᠶᠠᠨ ᠪᠠᠶᠢᠭᠤᠯᠤᠨ ᠣᠷᠣᠯᠴᠠᠭᠰᠠᠨ | ᠪᠥᠭᠡᠳ ᠬᠤᠶᠠᠳᠤᠭᠠᠷ ᠲᠤ ᠣᠷᠣᠭᠰᠠᠨ ᠬᠢᠷᠢ ᠪᠦᠲᠦᠮᠵᠢ ᠶᠢ ᠣᠯᠪᠠ᠃ | ︵ᠲᠠᠪᠤ︶ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠦᠨᠡᠨᠬᠦ | ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠦᠬᠦ ᠶᠠᠪᠤᠴᠠ ᠶᠢ ᠲᠡᠮᠳᠡᠭᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ | ᠨᠡᠶᠢᠲᠡᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠳᠤ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ ︽ᠭᠤᠷᠪᠠᠨ ᠵᠦᠢᠯ ᠤᠨ | ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠤᠷᠢᠳ ᠬᠤᠵᠢᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ᠂ ᠵᠠᠮ ᠬᠠᠷᠢᠯᠴᠠᠭ᠎ᠠ ᠲᠡᠭᠡᠭᠡᠪᠦᠷᠢ | ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 10 ᠭᠤᠣᠯᠳᠠᠯᠭ᠎ᠠ ᠲᠠᠢ ᠬᠠᠤᠯᠢ ᠬᠡᠷᠡᠭᠵᠢᠭᠦᠯᠬᠦ ᠨᠢᠭᠡᠴᠡ᠂ 7 ᠰᠤᠮᠤ ᠪᠠᠯᠭᠠᠰᠤᠨ ᠳᠤ ᠬᠠᠤᠯᠢ ᠪᠠᠷ | ᠵᠠᠰᠠᠬᠤ ᠶᠢ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠠᠩᠰᠠ ᠡᠪᠬᠡᠮᠡᠯ ᠢ ᠰᠣᠩᠭᠤᠨ | ᠠᠪᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠬᠠᠤᠯᠢ ᠬᠡᠷᠡᠭᠵᠢᠭᠦᠯᠬᠦ ᠨᠢᠭᠡᠴᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠤᠨ ᠪᠠᠶᠢᠳᠠᠯ ᠳᠤ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ | ᠰᠠᠶᠢᠵᠢᠷᠠᠭᠤᠯᠬᠤ ᠰᠠᠨᠠᠯ ᠳᠤᠷᠠᠳᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︽ᠰᠢᠨ᠎ᠡ ᠪᠠᠷᠭᠤ | ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠳᠡᠩᠰᠡᠯᠡᠵᠦ ᠬᠢᠨᠠᠯᠲᠠ | ᠲᠠᠯᠪᠢᠬᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠢ ᠲᠣᠭᠲᠠᠭᠠᠨ ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ | ᠪᠠᠶᠢᠴᠠᠭᠠᠬᠤ ᠠᠵᠢᠯ ᠢ ᠥᠷᠨᠢᠭᠦᠯᠵᠦ᠂ ᠲᠥᠪᠯᠡᠷᠡᠭᠦᠯᠦᠨ ᠦᠨᠡᠯᠡᠨ ᠪᠠᠶᠢᠴᠠᠭᠠᠬᠤ᠂ ᠲᠤᠬᠠᠢ ᠶᠢᠨ ᠲᠠᠯᠠᠪᠤᠷ ᠲᠤᠨᠢ ᠰᠣᠯᠢᠯᠴᠠᠨ ᠬᠠᠷᠢᠭᠤ ᠲᠤᠰᠬᠠᠬᠤ ᠵᠡᠷᠭᠡ | ᠵᠠᠭᠪᠤᠷ ᠢᠶᠠᠷ ᠳᠡᠮᠵᠢᠨ᠂ ᠰᠣᠩᠭᠤᠨ ᠪᠠᠶᠢᠴᠠᠭᠠᠭᠰᠠᠨ 12 ᠭᠤᠣᠯᠳᠠᠯᠭ᠎ᠠ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ 80 ᠪᠦᠯᠦᠭ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠡᠪᠬᠡᠮᠡᠯ ᠳᠠᠷᠠᠭᠠᠯᠠᠨ ᠬᠠᠷᠢᠭᠤ | ᠲᠤᠰᠬᠠᠬᠤ ᠶᠢᠨ ᠬᠠᠮᠲᠤ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠵᠢᠯᠣᠭᠤᠳᠪᠠ᠃ | ︵ᠵᠢᠷᠭᠤᠭ᠎ᠠ︶ ᠠᠷᠢᠯᠭᠠᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠣᠯᠠᠨ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠥᠪᠯᠡᠯ ᠢ ᠪᠠᠶᠢᠭᠤᠯᠵᠤ᠂ ︽ᠰᠢᠨ᠎ᠡ ᠪᠠᠷᠭᠤ | ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠥᠪᠯᠡᠯ ᠤᠨ ᠠᠵᠢᠯ ᠤᠨ ᠳᠦᠷᠢᠮ︾ ︽ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ | ᠵᠠᠬᠢᠷᠭᠠᠨ ᠤ ᠳᠠᠬᠢᠨ ᠵᠥᠪᠯᠡᠬᠦ ᠶᠢᠨ ᠬᠡᠷᠡᠭ ᠤᠨ ᠶᠠᠷᠰᠢᠭ ᠲᠦᠪᠡᠭ ᠢ ᠰᠠᠯᠭᠠᠨ ᠰᠢᠭᠦᠬᠦ ᠠᠵᠢᠯ ᠤᠨ ᠲᠣᠭᠲᠠᠭᠠᠯ︾ ᠢ ᠲᠣᠭᠲᠠᠭᠠᠨ ᠨᠡᠶᠢᠲᠡᠯᠡᠵᠦ᠂ ᠵᠠᠰᠠᠭ ᠵᠠᠬᠢᠷᠭᠠᠨ ᠤ | ᠬᠡᠷᠡᠭ ᠤᠨ ᠬᠠᠷᠢᠶᠠᠯᠠᠬᠤ ᠰᠢᠭᠦᠬᠦ ᠬᠤᠷᠢᠶ᠎ᠠ ᠯᠤᠭ᠎ᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠶᠢᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ | ᠪᠠᠶᠢᠭᠤᠯᠵᠤ᠂ ᠪᠥᠬᠦ ᠵᠢᠯ ᠳᠤ 15 ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠬᠡᠷᠡᠭ ᠢ ᠰᠢᠢᠳᠪᠦᠷᠢᠯᠡᠵᠦ᠂ ᠰᠢᠭᠤᠳ ᠵᠠᠯᠠᠷᠠᠭᠤᠯᠤᠭᠰᠠᠨ ᠨᠣᠷᠮ᠎ᠠ ᠨᠢ 53. | 8% ᠳᠤ ᠬᠥᠷᠪᠡ︔ ᠵᠠᠰᠠᠭ ᠵᠠᠬᠢᠷᠭᠠᠨ ᠤ ᠵᠠᠷᠭᠤ ᠬᠦᠯᠢᠶᠡᠭᠰᠡᠨ 29 ᠬᠡᠷᠡᠭ ᠢ ᠰᠢᠢᠳᠪᠦᠷᠢᠯᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ | ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ ᠶᠢ 100% ᠳᠤ ᠬᠦᠷᠭᠡᠵᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠭᠤᠷᠪᠠᠨ ᠱᠠᠲᠤᠨ ᠤ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ | ᠠᠬᠢᠭᠤᠯᠵᠤ᠂ ᠡᠶᠡᠳᠡᠭᠦᠯᠦᠨ ᠰᠢᠢᠳᠪᠦᠷᠢᠯᠡᠬᠦ ᠦᠢᠯᠡᠴᠢᠯᠡᠭᠡᠨ ᠤ ᠲᠥᠪ᠂ ᠲᠤᠰᠬᠠᠢ ᠮᠡᠷᠭᠡᠵᠢᠯ ᠤᠨ ᠴᠢᠨᠠᠷᠲᠠᠢ ᠠᠵᠢᠯ ᠲᠥᠷᠥᠯ ᠤᠨ ᠴᠢᠨᠠᠷᠲᠠᠢ ᠲᠣᠬᠢᠷᠠᠭᠤᠯᠬᠤ | ᠺᠣᠮᠢᠰ ᠢ 78 ᠪᠠᠶᠢᠭᠤᠯᠵᠤ᠂ ᠲᠤᠰᠬᠠᠢ ᠪᠠ ᠲᠤᠰᠢᠶᠠᠯ ᠬᠠᠪᠰᠤᠷᠭᠠᠭᠰᠠᠨ ᠡᠶᠡᠳᠡᠭᠦᠯᠦᠭᠴᠢ 281 ᠬᠥᠮᠥᠨ ᠲᠣᠬᠢᠷᠠᠭᠤᠯᠤᠨ᠂ ᠵᠥᠷᠢᠴᠡᠯ ᠵᠢᠭᠤᠷᠠᠯᠳᠤᠭᠠᠨ ᠢ 494 | ᠬᠤᠪᠢ ᠡᠶᠡᠳᠡᠭᠦᠯᠦᠨ ᠰᠢᠢᠳᠪᠦᠷᠢᠯᠡᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ 97.5% ᠪᠣᠯᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠲᠥᠯᠦᠪᠵᠢᠭᠦᠯᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠪᠠᠷ ᠵᠠᠰᠠᠬᠤ ᠡᠩᠨᠡᠭᠡ᠂ ᠬᠠᠤᠯᠢ ᠪᠠᠷ ᠵᠠᠰᠠᠬᠤ ᠰᠠᠭᠤᠷᠢᠨ ᠭᠠᠵᠠᠷ ᠢ ᠪᠠᠶᠢᠭᠤᠯᠤᠨ | ᠴᠢᠩᠭᠠᠳᠬᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠭᠤᠷᠪᠠᠨ ᠱᠠᠲᠤ︾ ᠶᠢᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠪᠦᠲᠦᠭᠡᠵᠦ᠂ 64 ᠭᠠᠴᠠᠭ᠎ᠠ ︵ᠨᠡᠶᠢᠭᠡᠮ ᠲᠣᠭᠤᠷᠢᠭ︶ ᠳᠤ ︽ᠬᠠᠤᠯᠢ ᠴᠠᠭᠠᠵᠠ ᠶᠢᠨ ᠮᠡᠷᠭᠡᠨ ᠬᠥᠮᠥᠨ | ︾ ᠢ 198 ᠬᠥᠮᠥᠵᠢᠭᠦᠯᠦᠨ᠎ᠡ᠃ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠲᠣᠭᠤᠷᠢᠨ | ᠥᠷᠨᠢᠭᠦᠯᠵᠦ᠂ ᠬᠠᠤᠯᠢ ᠪᠠᠷ ᠵᠠᠰᠠᠬᠤ ᠰᠣᠶᠣᠯ ᠤᠨ ᠨᠡᠶᠢᠭᠡᠮ ᠳᠤ ᠨᠠᠩ ᠰᠠᠶᠢᠨ ᠠᠭᠤᠰᠤᠯᠴᠠᠬᠤ᠂ ᠠᠷᠠᠳ ᠣᠯᠠᠨ ᠳᠤ ᠨᠠᠩ ᠰᠠᠶᠢᠨ ᠠᠭᠤᠰᠤᠯᠴᠠᠬᠤ᠂ | ᠠᠮᠢᠳᠤᠷᠠᠯ ᠳᠤ ᠨᠠᠩ ᠰᠠᠶᠢᠨ ᠠᠭᠤᠰᠤᠯᠴᠠᠬᠤ ᠶᠢ ᠪᠦᠲᠦᠮᠵᠢᠲᠡᠶ ᠠᠬᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠤᠷᠬᠤ | ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠪᠠ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ | ︵ᠨᠢᠭᠡ︶ ᠣᠷᠣᠰᠢᠵᠤ ᠪᠠᠶᠢᠭ᠎ᠠ ᠠᠰᠠᠭᠤᠳᠠᠯ᠃ ᠠᠮᠵᠢᠯᠲᠠ ᠪᠠᠨ ᠳ᠋ᠦᠩᠨᠡᠬᠦ ᠶᠢᠨ ᠵᠡᠷᠭᠡᠴᠡᠭᠡᠪᠡᠷ ᠪᠢᠳᠡ ᠪᠠᠰᠠ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ ᠣᠯᠪᠠ᠄ ᠨᠢᠭᠡ ᠳᠤ ᠬᠡᠰᠡᠭ ᠤᠳᠤᠷᠢᠳᠬᠤ ᠺᠠᠳ᠋ᠷᠴᠤᠳ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠬᠤᠯᠠᠴᠢᠯᠠᠭᠰᠠᠨ ᠢᠶᠠᠷ ᠪᠠᠰᠠ ᠬᠦᠷᠦᠯᠴᠡᠬᠦ ᠦᠭᠡᠢ ᠪᠠᠶᠢᠵᠤ᠂ ᠬᠠᠤᠯᠢ ᠪᠠᠷ ᠵᠠᠰᠠᠬᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢᠶᠠᠨ ᠮᠥᠨ ᠯᠡ | ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ; ᠬᠤᠶᠠᠷ ᠲᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ | ᠪᠣᠳᠠᠲᠠᠶᠢᠵᠢᠭᠤᠯᠤᠭᠰᠠᠨ ᠦᠭᠡᠢ᠂ ᠬᠠᠤᠯᠢ ᠬᠡᠷᠡᠭᠵᠢᠭᠦᠯᠬᠦ ᠠᠴᠠ ᠵᠢᠷᠦᠬᠡᠰᠢᠶᠡᠬᠦ᠂ ᠬᠠᠤᠯᠢ ᠬᠡᠷᠡᠭᠵᠢᠭᠦᠯᠬᠦ ᠳᠤᠷ᠎ᠠ ᠦᠭᠡᠢ᠂ ᠬᠠᠤᠯᠢ ᠬᠡᠷᠡᠭᠵᠢᠭᠦᠯᠵᠦ ᠴᠢᠳᠠᠬᠤ ᠦᠭᠡᠢ | ᠪᠠᠶᠢᠬᠤ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ; ᠭᠤᠷᠪᠠ ᠳᠤ ᠬᠠᠤᠯᠢ ᠪᠠᠷ ᠵᠠᠰᠠᠬᠤ ᠠᠵᠢᠯ ᠤᠨ ᠦᠨᠳᠦᠰᠦᠨ ᠱᠠᠲᠤᠨ ᠤ ᠰᠠᠭᠤᠷᠢ ᠨᠢᠮᠭᠡᠨ ᠪᠠᠭᠤᠷᠠᠢ | ᠪᠠᠶᠢᠨ᠎ᠠ᠃ | ︵ᠬᠤᠶᠠᠷ︶ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ | ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠶᠡᠷᠦᠩᠬᠡᠢ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠪᠣᠳᠠᠲᠠᠶᠢᠵᠢᠭᠤᠯᠵᠤ᠂ ︽ᠰᠢᠨ᠎ᠡ ᠪᠠᠷᠭᠤ ᠵᠡᠭᠦᠨ ᠬᠤᠰᠢᠭᠤᠨ ᠤ ︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵ | 2021 ︱ 2025 ᠣᠨ︶﹀ ᠶᠢ ᠲᠤᠤᠱᠯᠠᠭᠤᠯᠬᠤ ᠬᠡᠷᠡᠭᠵᠢᠭᠦᠯᠬᠦ ᠲᠥᠰᠥᠯ︾ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠡᠮᠬᠢ | ᠵᠢᠷᠤᠮ ᠲᠠᠢ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃ | ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠰᠤᠮᠤ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠵᠢᠭᠦᠯᠦᠨ ᠨᠠᠶᠢᠳᠠᠪᠤᠷᠢᠵᠢᠭᠤᠯᠤᠨ᠎ᠠ᠃ ᠬᠤᠶᠠᠷ ᠲᠤ ᠵᠠᠩᠭᠢᠯᠠᠭ᠎ᠠ ᠶᠢᠨ | ᠴᠥᠭᠡᠨ ᠲᠣᠭᠠᠲᠠᠨ ᠢ ᠴᠢᠩᠭ᠎ᠠ ᠠᠳᠬᠤᠪᠠ᠃ ᠤᠳᠤᠷᠢᠳᠬᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠳᠦᠷᠢᠮ ᠢ ᠪᠠᠷᠢᠮᠲᠠᠯᠠᠵᠤ᠂ ᠬᠠᠤᠯᠢ ᠪᠠᠷ | ᠵᠠᠰᠠᠬᠤ ᠰᠡᠳᠬᠢᠬᠦᠢ ᠶᠢ ᠬᠥᠮᠥᠵᠢᠭᠦᠯᠦᠨ᠂ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠰᠢᠨ᠎ᠡ ᠪᠠᠷ ᠲᠣᠮᠢᠯᠠᠭᠳᠠᠭᠰᠠᠨ ᠰᠠᠯᠠᠭᠠᠨ ᠤ ᠲᠡᠰ ᠤᠨ ᠺᠠᠳ᠋ᠷ ᠤᠨ | ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠶᠢ ᠰᠢᠯᠭᠠᠬᠤ ᠠᠵᠢᠯ ᠢ ᠲᠦᠯᠬᠢᠨ ᠠᠬᠢᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ ᠰᠡᠳᠬᠢᠬᠦᠢ ᠪᠠ | ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠡᠭᠯᠡᠨ ᠬᠥᠭᠵᠢᠯᠲᠡ ᠶᠢ ᠲᠦᠯᠬᠢᠨ ᠠᠬᠢᠭᠤᠯᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠭᠤᠷᠪᠠ ᠳᠤ ᠬᠠᠤᠯᠢ ᠪᠠᠷ ᠵᠠᠰᠠᠬᠤ ᠡᠩᠨᠡᠭᠡ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠠᠵᠢᠯᠲᠠᠨ ᠢ | ᠬᠥᠮᠥᠵᠢᠭᠦᠯᠬᠦ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠬᠠᠤᠯᠢ ᠪᠠᠷ | ᠵᠠᠰᠠᠬᠤ ᠡᠩᠨᠡᠭᠡ ᠶᠢᠨ ᠬᠡᠪ ᠳᠥᠷᠪᠡ ᠳᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠬᠢᠨᠠᠯᠲᠠ ᠲᠠᠯᠪᠢᠬᠤ ᠠᠷᠭ᠎ᠠ ᠵᠠᠮ ᠢ ᠲᠠᠰᠤᠷᠠᠯᠲᠠ | ᠦᠭᠡᠢ ᠥᠷᠭᠡᠳᠬᠡᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠵᠣᠬᠢᠴᠠᠭᠤᠯᠤᠨ ᠬᠢᠨᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠪᠠᠶᠢᠩᠭᠤᠵᠢᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ | ᠪᠠᠶᠢᠴᠠᠭᠠᠬᠤ ᠶᠢ ᠥᠷᠨᠢᠭᠦᠯᠵᠦ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠳᠤ | ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ | ᠪᠣᠳᠠᠲᠠᠶᠢᠵᠢᠭᠤᠯᠤᠨ᠎ᠠ᠃ | | | | |