2024 ᠣᠨ ᠤ ᠨᠢᠭᠡᠳᠦᠭᠡᠷ ᠤᠯᠠᠷᠢᠯ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/6/18
          2024 ᠣᠨ ᠳᠤ᠂ ᠰᠢᠨ᠎ᠡ ᠪᠠᠷᠭᠤ ᠵᠡᠭᠦᠨ ᠬᠤᠰᠢᠭᠤ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠦᠦᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠰᠠᠶᠢᠵᠢᠷᠠᠬᠤ ᠶᠢ ᠪᠠᠲᠤᠯᠠᠵᠤ᠂ ᠬᠥᠭᠵᠢᠯᠲᠡ ᠶᠢᠨ ᠪᠠᠶᠢᠳᠠᠯ ᠢᠶᠠᠨ ᠲᠦᠷᠭᠡᠳᠬᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠨᠢᠭᠡᠳᠦᠭᠡᠷ ᠤᠯᠠᠷᠢᠯ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠬᠠᠨᠳᠤᠰᠢ ᠲᠦᠷᠭᠡᠨ ᠪᠣᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠥᠨᠳᠥᠷ ᠨᠡᠮᠡᠭᠳᠡᠯ ᠤᠨ ᠬᠤᠷᠳᠤᠴᠠ ᠪᠠᠨ ᠪᠠᠲᠤᠯᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠵᠤ᠂ ᠪᠥᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃          ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 3.71 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 0.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 3.18 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠪᠡ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯᠯᠠᠭᠠᠨ ᠰᠠᠶᠢᠨ ᠪᠠᠶᠢᠨ᠎ᠠ          ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ 5912.04 ᠲᠦᠮᠡᠨ ᠺᠢᠯᠣᠸᠠᠲ ᠤᠨ ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠪᠠ︔ ᠴᠠᠭᠠᠨ ᠢᠳᠡᠭᠡᠨ ᠤ ᠭᠠᠷᠤᠯᠲᠠ 685 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠵᠡᠢ᠃          ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ          ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠲᠣᠭᠲᠠᠮᠠᠯ ᠬᠥᠷᠥᠩᠭᠡ  ᠶᠢᠨ ᠪᠡᠯᠡ ᠣᠷᠣᠭᠤᠯᠤᠯᠲᠠ 0.30 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 69.5% ᠨᠡᠮᠡᠭᠳᠡᠵᠡᠢ᠃ ᠡᠭᠦᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ 0.13 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 28 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 5᠂ 500 ︱ 5000 ᠲᠦᠮᠡᠨ ᠲᠥᠭᠦᠷᠢᠭ ᠤᠨ ᠲᠥᠷᠥᠯ ᠵᠦᠢᠯ 20᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 3 ᠪᠣᠶ᠃ ᠨᠢᠭᠡᠳᠦᠭᠡᠷ ᠤᠯᠠᠷᠢᠯ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 2187 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠣᠷᠣᠯᠠᠭᠤᠯᠤᠯᠲᠠ ᠶᠢᠨ ᠬᠡᠮᠵᠢᠶ᠎ᠡ ᠨᠢ 813 ᠲᠦᠮᠡᠨ ᠲᠥᠭᠦᠷᠢᠭ ᠬᠦᠷᠴᠡᠢ᠃          ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ          ᠨᠢᠭᠡᠳᠦᠭᠡᠷ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠪᠡ᠃          ᠳᠥᠷᠪᠡ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠢ ᠪᠠᠲᠤᠯᠠᠪᠠ          ᠨᠢᠭᠡᠳᠦᠭᠡᠷ ᠤᠯᠠᠷᠢᠯ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2091 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ᠃ ᠡᠭᠦᠨ ᠳᠤ ᠭᠠᠶᠢᠯᠢ ᠶᠢᠨ ᠣᠷᠣᠯᠭ᠎ᠠ 1250 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 6.3% ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ 841 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.4% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 22817 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.0% ᠪᠠᠭᠤᠷᠠᠪᠠ᠃          ᠲᠠᠪᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠢᠯᠡᠷᠬᠡᠢ ᠪᠠᠶᠢᠨ᠎ᠠ          ᠨᠢᠭᠡᠳᠦᠭᠡᠷ ᠤᠯᠠᠷᠢᠯ ᠳᠤ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5710 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠵᠡᠢ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9413 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 1203 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 9.1% ᠨᠡᠮᠡᠭᠳᠡᠪᠡ᠃          ᠶᠡᠷᠦᠩᠬᠡᠢ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠵᠤ᠂ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠢᠨ ᠰᠢᠨ᠎ᠡ ᠵᠠᠮ ᠢᠶᠠᠷ ᠵᠠᠮᠨᠠᠬᠤ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠪᠠᠨ ᠲᠣᠭᠲᠠᠭᠠᠵᠤ᠂ ᠪᠦᠬᠦ ᠬᠦᠴᠦᠨ ᠢᠶᠠᠷ ᠢᠶᠠᠨ︽ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠢᠲᠡᠭᠡᠯ ᠢᠶᠠᠨ ᠳᠡᠭᠡᠭᠰᠢᠯᠡᠭᠦᠯᠵᠦ᠂ ᠭᠤᠣᠯᠳᠠᠯᠭ᠎ᠠ ᠶᠢ ᠠᠳᠬᠤᠬᠤ︾ ᠪᠠᠷ ᠴᠢᠷᠮᠠᠶᠢᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ