2024 ᠣᠨ ᠤ 1 ︱ 4 ᠰᠠᠷ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/6/18
          2024 ᠣᠨ ᠳᠤ᠂ ᠰᠢᠨ᠎ᠡ ᠪᠠᠷᠭᠤ ᠵᠡᠭᠦᠨ ᠬᠤᠰᠢᠭᠤ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠦᠦᠱᠯᠠᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠨ᠂ ᠪᠥᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠲᠡᠮᠡᠴᠡᠵᠦ᠂ ᠨᠡᠮᠡᠭᠳᠡᠯ ᠢ ᠲᠣᠭᠲᠠᠪᠤᠷᠢᠵᠢᠭᠤᠯᠤᠨ᠎ᠠ᠃ 1—4 ᠰᠠᠷ᠎ᠠ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠨᠡᠯᠢᠶᠡᠳ ᠥᠨᠳᠥᠷ ᠪᠠᠶᠢᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠤ ᠳᠤᠮᠳᠠ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠲᠠᠢ ᠪᠣᠯᠪᠠ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠠᠷᠤᠯᠲᠠᠲᠤ ᠠᠵᠢᠯᠯᠠᠭᠠᠨ          1—4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.1%  ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 135.5% ᠬᠦᠷᠴᠦ ᠂ ᠠᠳᠠᠯᠢ ᠬᠤᠭᠤᠴᠠᠭᠠᠨ ᠤ ᠬᠢ ᠠᠴᠠ 108.2 ᠵᠠᠭᠤᠨ ᠤ ᠨᠢᠭᠡᠴᠢ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 8317.6 ᠲᠦᠮᠡᠨ ᠺᠢᠯᠣᠸᠠᠲ ᠤᠨ ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 3.9% ᠪᠠᠷ ᠪᠠᠭᠤᠷᠠᠪᠠ︔ ᠴᠠᠭᠠᠨ ᠢᠳᠡᠭᠡᠨ ᠤ ᠭᠠᠷᠤᠯᠲᠠ 716 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.5% ᠪᠠᠷ ᠪᠠᠭᠤᠷᠠᠪᠠ᠃          ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ          1—4 ᠰᠠᠷ᠎ᠠ ᠳᠤ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 6604 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1 ᠳᠠᠬᠢᠨ ᠨᠡᠮᠡᠭᠳᠡᠵᠡᠢ᠃ ᠡᠭᠦᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 1303 ᠲᠦᠮᠡᠨ ᠲᠥᠭᠦᠷᠢᠭ ᠢ ᠪᠡᠶᠡᠯᠡᠭᠦᠯᠪᠡ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 29 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 6᠂ 500 ︱ 5000 ᠲᠦᠮᠡᠨ ᠲᠥᠭᠦᠷᠢᠭ ᠤᠨ ᠲᠥᠷᠥᠯ ᠵᠦᠢᠯ 20᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 3 ᠪᠣᠶ᠃ 1—4 ᠰᠠᠷ᠎ᠠ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ 40 ᠲᠦᠮᠡᠨ ᠲᠥᠭᠦᠷᠢᠭ ᠲᠤ ᠬᠦᠷᠴᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 2187 ᠲᠡᠭᠰᠢ ᠳᠥᠷᠪᠡᠯᠵᠢᠨ ᠮᠧᠲᠷ᠂ ᠪᠣᠷᠣᠯᠠᠭᠤᠯᠤᠯᠲᠠ ᠶᠢᠨ ᠬᠡᠮᠵᠢᠶ᠎ᠡ 813 ᠲᠦᠮᠡᠨ ᠲᠥᠭᠦᠷᠢᠭ ᠲᠤ ᠬᠦᠷᠴᠡᠢ᠃          ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢᠨ ᠠᠵᠢᠯᠯᠠᠭᠠᠨ ᠲᠣᠭᠲᠠᠭᠤᠨ ᠪᠠᠶᠢᠨ᠎ᠠ          1—4 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 20552 ᠲᠦᠮᠡᠨ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 1.2% ᠨᠡᠮᠡᠭᠳᠡᠪᠡ᠃          ᠳᠥᠷᠪᠡ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠬᠤᠪᠢ ᠨᠡᠮᠡᠷᠢ ᠢᠯᠡᠳᠲᠡ ᠪᠣᠯᠪᠠ          1—4 ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2762 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4% ᠪᠠᠷ ᠪᠠᠭᠤᠷᠠᠪᠠ᠂ ᠡᠭᠦᠨ ᠳᠤ ᠭᠠᠶᠢᠯᠢ ᠶᠢᠨ ᠣᠷᠣᠯᠭ᠎ᠠ 1591 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ 1171 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 13.9% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 31972 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃          ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠪᠠᠶᠢᠨ᠎ᠠ          4 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 143045 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠪᠠᠭᠤᠷᠠᠪᠠ ᠃ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 121066 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ︔ ᠳᠡᠯᠭᠡᠷᠡᠩᠭᠦᠢ ᠤᠳᠬ᠎ᠠ  ᠶᠢᠨ ᠵᠠᠰᠠᠭ ᠤᠨ ᠣᠷᠳᠣᠨ ᠤ ᠬᠠᠳᠠᠭᠠᠯᠠᠮᠵᠢ 17676 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 50.8% ᠳᠣᠷᠣᠭᠰᠢᠯᠠᠵᠠᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 120362 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ 104655 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.3% ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 15707 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.3% ᠪᠠᠷ ᠪᠠᠭᠤᠷᠠᠪᠠ᠃          ᠶᠡᠷᠦᠩᠬᠡᠢ ᠳᠤᠨᠢ ᠠᠪᠴᠤ ᠦᠵᠡᠪᠡᠯ᠂ 1 ︱ 4 ᠰᠠᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠲᠣᠭᠲᠠᠭᠤᠨ ᠢᠶᠠᠷ ᠡᠬᠢᠯᠡᠯᠲᠡ ᠲᠠᠢ ᠪᠣᠯᠪᠠ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ᠂ ᠪᠦᠷᠢᠨ ᠪᠦᠲᠦᠨ᠂ ᠣᠨᠣᠪᠴᠢᠲᠠᠢ ᠪᠠᠶᠢᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ︕ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ