ᠰᠢᠨ᠎ᠡ ᠪᠠᠷᠭᠤ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠭᠤᠯᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/7/11
          ᠰᠢᠨ᠎ᠡ ᠪᠠᠷᠭᠤ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ︵ᠬᠤᠰᠢᠭᠤᠨ  ᠤ ᠲᠤᠭ᠎ᠠ ᠪᠦᠷᠢᠳᠬᠡᠯ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃           ᠨᠢᠭᠡ᠂ ᠭᠤᠣᠯ ᠡᠭᠦᠷᠭᠡ ᠬᠠᠷᠢᠭᠤᠴᠠᠯᠭ᠎ᠠ           ︵ᠨᠢᠭᠡ︶ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠡ᠃          ︵ᠬᠤᠶᠠᠷ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠰᠢᠰᠲ᠋ᠧᠮᠵᠢ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠳᠦᠷᠢᠮ ᠪᠣᠯᠣᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠲᠣᠭᠠᠴᠠᠭ᠎ᠠ ᠬᠢᠨ᠎ᠡ᠃          ︵ᠭᠤᠷᠪᠠ︶ ᠪᠥᠬᠦ ᠬᠤᠰᠢᠭᠤᠨ ᠤ ᠬᠥᠮᠥᠨ ᠠᠮᠠ᠂ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠥᠮᠥᠨ ᠠᠮᠠ᠂ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠵᠡᠷᠭᠡ ᠴᠢᠬᠤᠯᠠ ᠶᠡᠭᠡ ᠬᠤᠰᠢᠭᠤᠨ ᠤ ᠪᠠᠶᠢᠳᠠᠯ᠂ ᠬᠦᠴᠦ ᠴᠢᠳᠠᠯ ᠤᠨ ᠨᠡᠶᠢᠳᠡᠮ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠬᠤᠰᠢᠭᠤᠨ ᠤ ᠪᠠᠶᠢᠳᠠᠯ᠂ ᠬᠤᠰᠢᠭᠤᠨ ᠤ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠢ ᠵᠦᠢᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠬ ᠤᠨ ᠪᠠᠶᠢᠳᠠᠯ ᠲᠤᠬ ᠤᠨ ᠬᠦᠴᠦᠨ ᠤ ᠲᠠᠯ᠎ᠠ ᠪᠠᠷ ᠬᠢ ᠬᠤᠯᠪᠣᠭᠳᠠᠯ ᠪᠦᠬᠦᠢ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃          ︵ᠳᠥᠷᠪᠡ︶ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠰᠠᠯᠠᠭ᠎ᠠ ᠮᠥᠴᠢᠷ ᠤᠨ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃          ︵ᠲᠠᠪᠤ︶ ᠪᠥᠬᠦ ᠬᠤᠰᠢᠭᠤᠨ ᠤ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠥᠨ ᠠᠮᠠ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ ᠵᠡᠷᠭᠡ ᠰᠠᠯᠠᠭ᠎ᠠ ᠮᠥᠴᠢᠷ ᠤᠨ ᠦᠨᠳᠦᠰᠦᠨ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠨ᠎ᠠ᠃          ︵ᠵᠢᠷᠭᠤᠭ᠎ᠠ︶ ᠬᠤᠰᠢᠭᠤᠨ ᠤ ᠱᠠᠲᠤᠨ ᠤ ᠡᠯ᠎ᠡ ᠰᠠᠯᠠᠭ᠎ᠠ ᠮᠥᠴᠢᠷ ᠤᠨ ᠠᠵᠤ ᠠᠬᠤᠢ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠠ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠪᠥᠬᠦ ᠬᠤᠰᠢᠭᠤᠨ ᠤ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠢ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠨ᠎ᠡ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠪᠦᠷᠢᠳᠬᠡᠯ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃          ︵ᠳᠣᠯᠤᠭ᠎ᠠ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠢ ᠪᠦᠷᠢᠳᠬᠡᠨ ᠵᠠᠳᠠᠯᠬᠤ᠂ ᠪᠦᠷᠢᠳᠬᠡᠨ ᠬᠢᠨᠠᠨ ᠰᠢᠨᠵᠢᠬᠦ ᠪᠠ ᠪᠦᠷᠢᠳᠬᠡᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃          ︵ᠨᠠᠢᠮᠠ︶ ᠪᠦᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠠᠩᠰᠠᠯᠠᠵᠤ᠂ ᠲᠤᠰᠬᠠᠢ ᠮᠡᠷᠭᠡᠵᠢᠯ ᠢ ᠵᠢᠯᠤᠭᠤᠳᠴᠤ ᠪᠠᠶᠢᠭᠠᠳ ᠲᠤᠭ᠎ᠠ ᠪᠦᠷᠢᠳᠬᠡᠯ ᠤᠨ ᠰᠠᠭᠤᠷᠢ ᠠᠵᠢᠯ ᠵᠢᠴᠢ ᠦᠨᠳᠦᠰᠦᠨ ᠱᠠᠲᠤᠨ ᠤ ᠰᠤᠮᠤ ᠪᠠᠯᠭᠠᠰᠤ ᠶᠢᠨ ᠲᠤᠭ᠎ᠠ ᠪᠦᠷᠢᠳᠬᠡᠯ ᠤᠨ ᠰᠠᠭᠤᠷᠢ ᠠᠵᠢᠯ ᠤᠨ ᠪᠠᠶᠢᠭᠤᠯᠤᠯᠲᠠ ᠶᠢ ᠬᠠᠤᠯᠢ ᠶᠣᠰᠣᠭᠠᠷ ᠥᠷᠨᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠢᠨᠠᠯᠲᠠ ᠲᠠᠯᠪᠢᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ᠃          ︵ᠶᠢᠰᠦ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠪᠣᠯᠪᠠᠰᠤᠷᠠᠭᠤᠯᠤᠯ᠂ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃          ︵ᠠᠷᠪᠠ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠨ᠎ᠠ᠃          ︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃           ᠬᠤᠶᠠᠷ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠣᠲᠣᠭᠠᠳᠤ ᠶᠢᠨ ᠪᠠᠶᠢᠭᠤᠯᠤᠮᠵᠢ           ︵ᠨᠢᠭᠡ︶ ᠶᠡᠷᠦᠩᠬᠡᠶᠢᠯᠡᠭᠰᠡᠨ ᠰᠲ᠋ᠣᠺ᠃ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠠᠵᠢᠯ᠂ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠵᠦ ᠪᠦᠷᠢᠳᠬᠡᠬᠦ ᠠᠵᠢᠯ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ᠂ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠠᠵᠢᠯ᠂ ᠡᠨᠧᠷᠭᠢ ᠶᠢᠨ ᠲᠤᠭ᠎ᠠ ᠪᠦᠷᠢᠳᠬᠡᠯ ᠤᠨ ᠠᠵᠢᠯ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠲᠤᠭ᠎ᠠ ᠪᠦᠷᠢᠳᠬᠡᠯ ᠤᠨ ᠠᠵᠢᠯ᠂ ᠦᠢᠯᠡᠴᠢᠯᠡᠭᠡᠨ ᠤ ᠦᠢᠯᠡᠰ ᠬᠢᠭᠡᠳ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠲᠤᠭ᠎ᠠ ᠪᠦᠷᠢᠳᠬᠡᠯ ᠤᠨ ᠠᠵᠢᠯ᠂ ᠬᠥᠮᠥᠨ ᠠᠮᠠ ᠪᠠ ᠠᠵᠢᠯ ᠣᠯᠭᠤᠯᠲᠠ ᠶᠢᠨ ᠲᠤᠭ᠎ᠠ ᠪᠦᠷᠢᠳᠬᠡᠯ ᠤᠨ ᠠᠵᠢᠯ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠢ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂  ᠴᠢᠬᠤᠯᠠ ᠨᠢᠭᠤᠴᠠ ᠮᠠᠲ᠋ᠧᠷᠢᠶᠠᠯ᠂ ᠲᠠᠩᠰᠠ ᠡᠪᠬᠡᠮᠡᠯ᠂ ᠡᠳ᠋ ᠤᠨ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠠᠯᠲᠠ᠂ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠠ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ ᠤᠨ ᠬᠥᠮᠦᠵᠢᠯ ᠪᠣᠯᠪᠠᠰᠤᠷᠠᠭᠤᠯᠤᠯ ᠢ ᠰᠢᠪᠠᠳᠠᠨ ᠬᠡᠷᠡᠭᠵᠢᠭᠦᠯᠬᠦ ᠶᠢ ᠡᠭᠦᠷᠭᠡᠯᠡᠨ᠎ᠡ᠃ ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠠ ᠴᠢᠳᠠᠪᠤᠷᠢᠲᠠᠨ ᠤ ᠠᠵᠢᠯ ᠢ ᠬᠠᠷᠢᠭᠤᠴᠠᠨ᠎ᠠ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠰᠲ᠋ᠧᠮ ᠢ ᠰᠢᠨᠡᠳᠬᠡᠬᠦ ᠮᠡᠳᠡᠯᠭᠡ ᠶᠢᠨ ᠪᠣᠯᠪᠠᠰᠤᠷᠠᠭᠤᠯᠤᠯ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠬᠡᠷᠡᠭᠵᠢᠭᠦᠯᠦᠨ᠎ᠡ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠷᠢᠰ ᠮᠡᠷᠭᠡᠵᠢᠯ ᠤᠨ ᠴᠣᠯᠠ ᠶᠢᠨ ᠬᠢᠷᠢ ᠬᠡᠮ ᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠢᠷᠤᠮᠵᠢᠯ  ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠢᠶᠠᠷ ᠵᠠᠷᠭᠤ ᠬᠦᠯᠢᠶᠡᠯᠭᠡᠬᠦ ᠵᠡᠷᠭᠡ ᠠᠵᠢᠯ  ᠢ ᠡᠭᠦᠷᠭᠡᠯᠡᠨ᠎ᠡ᠃          (ᠬᠤᠶᠠᠷ) ᠬᠠᠤᠯᠢ ᠲᠤᠶᠢᠷᠢᠮ ᠤᠨ ᠬᠤᠪᠢ᠃ ᠲᠤᠭ᠎ᠠ ᠪᠦᠷᠢᠳᠬᠡᠯ ᠤᠨ ᠪᠠᠢᠴᠠᠭᠠᠯᠲᠠ ᠶᠢᠨ ᠵᠦᠢᠯ ᠤᠨ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠶᠢ ᠬᠠᠮᠢᠶᠠᠷᠬᠤ ᠪᠠ ᠬᠠᠮᠠᠭᠠᠯᠠᠬᠤ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ  ᠠᠴᠠ ᠵᠥᠷᠢᠴᠡᠭᠰᠡᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠪᠠ ᠲᠤᠭ᠎ᠠ ᠪᠦᠷᠢᠳᠬᠡᠯ ᠤᠨ ᠬᠠᠤᠯᠢ  ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ᠂ ᠲᠤᠭ᠎ᠠ ᠪᠦᠷᠢᠳᠬᠡᠯ ᠤᠨ ᠢᠲᠡᠭᠡᠮᠵᠢ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ ; ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ︽ᠬᠤᠣᠰ ᠲᠠᠰᠢᠷᠠᠮ︾᠎ ᠢᠶᠠᠷ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠭᠠᠳᠠᠭᠠᠳᠤ ᠳᠤ ᠬᠤᠯᠪᠣᠭᠳᠠᠬᠤ ᠪᠠᠶᠢᠴᠠᠭᠠᠬᠤ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ ; ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠵᠣᠬᠢᠶᠠᠨ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠭᠡᠷᠡᠴᠢᠯᠡᠭᠡ ᠰᠣᠨᠣᠰᠬᠤ ᠵᠡᠷᠭᠡ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠡᠭᠦᠷᠭᠡᠯᠡᠵᠦ᠂ ᠪᠠᠶᠢᠭᠤᠯᠭ᠎ᠠ ᠶᠢᠨ ᠴᠢᠬᠤᠯᠠ ᠶᠡᠭᠡ ᠵᠦᠢᠯᠡᠰ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃           ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃           ᠬᠠᠷᠢᠭᠤᠴᠠᠯᠭᠠᠲᠠᠨ᠄ ᠲᠦᠷ ᠴᠠᠭ ᠪᠠᠶᠢᠬᠤ ᠦᠭᠡᠢ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ  ᠪᠠᠯᠭᠠᠰᠤ  ᠶᠢᠨ ᠲᠥᠪ ᠵᠡᠭᠡᠯᠢ ᠶᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ ᠤᠨ ᠳᠥᠷᠪᠡᠳᠦᠭᠡᠷ ᠳᠠᠪᠬᠤᠷ ᠤᠨ ᠪᠠᠷᠠᠭᠤᠨ ᠲᠠᠯ᠎ᠠ          ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ᠤᠲᠠᠰᠤ᠄ 0470 ︱ 6607750           ᠰᠦᠯᠵᠢᠶᠡᠨ ᠤ ᠬᠠᠶ᠋ᠢᠭ᠄ http://www.xzq.gov.cn/OpennessContent/showList/768/0/page_1.html          ᠰᠢᠤᠳᠠᠨ ᠳ᠋ᠤᠭᠠᠷ᠄ 021200           ᠭᠤᠷᠪᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠶ᠎ᠠ ᠪᠠᠶᠢᠭᠤᠯᠤᠮᠵᠢ           ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ  ᠤ ᠲᠤᠭ᠎ᠠ ᠪᠦᠷᠢᠳᠬᠡᠯ  ᠤᠨ ᠲᠥᠪ           ᠰᠢᠨ᠎ᠡ ᠪᠠᠷᠭᠤ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠂ ᠪᠠᠶᠢᠭᠤᠯᠤᠮᠵᠢ ᠶᠢᠨ ᠬᠡᠮᠵᠢᠶ᠎ᠡ ᠎ ᠨᠢ ᠰᠲ᠋ᠣᠺ ᠤᠨ ᠳᠡᠰ ᠲᠠᠢ ᠲᠡᠩᠴᠡᠨ᠎ᠡ᠃           ᠭᠤᠣᠯ ᠡᠭᠦᠷᠭᠡ ᠬᠠᠷᠢᠭᠤᠴᠠᠯᠭ᠎ᠠ᠄          1. ᠪᠥᠬᠦ ᠬᠤᠰᠢᠭᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠵᠠᠳᠠᠯᠬᠤ᠂ ᠨᠡᠭᠡᠭᠡᠨ ᠬᠥᠭᠵᠢᠭᠦᠯᠬᠦ᠂ ᠬᠡᠷᠡᠭᠯᠡᠬᠦ ᠪᠠ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃          2. ᠪᠥᠬᠦ ᠬᠤᠰᠢᠭᠤᠨ ᠤ ᠨᠡᠶᠢᠭᠡᠮ ᠤᠨ ᠠᠵᠤ ᠠᠬᠤᠢ ᠶᠢᠨ ᠪᠠᠶᠢᠳᠠᠯ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠠᠬᠢᠴᠠ ᠵᠡᠷᠭᠡ ᠲᠤᠰᠬᠠᠢ ᠵᠦᠢᠯ ᠤᠨ ᠪᠦᠷᠢᠳᠬᠡᠯ ᠤᠨ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃          3. ᠪᠥᠬᠦ ᠬᠤᠰᠢᠭᠤᠨ ᠤ ᠨᠡᠶᠢᠭᠡᠮ ᠤᠨ ᠪᠠᠶᠢᠳᠠᠯ᠂ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠠᠵᠢᠯ ᠢ ᠡᠭᠦᠷᠭᠡᠯᠡᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠪᠦᠷᠢᠳᠬᠡᠨ ᠵᠠᠳᠠᠯᠵᠤ ᠨᠡᠶᠢᠲᠡᠯᠡᠨ᠎ᠡ᠃          4. ᠪᠥᠬᠦ ᠬᠤᠰᠢᠭᠤᠨ ᠤ ᠦᠨᠳᠦᠰᠦᠨ ᠨᠢᠭᠡᠴᠢ ᠶᠢᠨ ᠨᠡᠷᠡᠰ ᠤᠨ ᠬᠥᠮᠥᠷᠭᠡ ᠶᠢ ᠬᠠᠮᠠᠭᠠᠯᠠᠬᠤ ᠪᠠ ᠰᠦᠯᠵᠢᠶ᠎ᠡ ᠪᠠᠷ ᠰᠢᠭᠤᠳ ᠮᠡᠳᠡᠭᠦᠯᠬᠦ ᠨᠢᠭᠡᠴᠢ ᠶᠢ ᠰᠢᠨᠡᠳᠬᠡᠬᠦ ᠠᠵᠢᠯ ᠢ ᠡᠭᠦᠷᠭᠡᠯᠡᠨ᠎ᠡ᠃          5.ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠷᠢᠭᠤᠴᠠᠯᠭᠠᠲᠠᠨ᠄ ᠲᠦᠷ ᠴᠠᠭ ᠪᠠᠶᠢᠬᠤ ᠦᠭᠡᠢ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ  ᠶᠢᠨ ᠲᠥᠪ ᠵᠡᠭᠡᠯᠢ ᠶᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ ᠤᠨ ᠳᠥᠷᠪᠡᠳᠦᠭᠡᠷ ᠳᠠᠪᠬᠤᠷ ᠤᠨ ᠪᠠᠷᠠᠭᠤᠨ ᠲᠠᠯ᠎ᠠ          ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ᠤᠲᠠᠰᠤ᠄ 0470 ︱ 6607750           ᠰᠦᠯᠵᠢᠶᠡᠨ ᠤ ᠬᠠᠶ᠋ᠢᠭ᠄ http://www.xzq.gov.cn/OpennessContent/showList/768/0/page_1.html          ᠰᠢᠤᠳᠠᠨ ᠳ᠋ᠤᠭᠠᠷ᠄ 021200           ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ           ᠰᠢᠨ᠎ᠡ ᠪᠠᠷᠭᠤ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠂ ᠪᠠᠶᠢᠭᠤᠯᠤᠮᠵᠢ ᠶᠢᠨ ᠪᠠᠷᠢᠮᠵᠢᠶ᠎ᠠ ᠨᠢ ᠰᠲ᠋ᠣᠺ ᠤᠨ ᠳᠡᠰ ᠲᠠᠢ ᠲᠡᠩᠴᠡᠨ᠎ᠡ᠃           ᠭᠤᠣᠯ ᠡᠭᠦᠷᠭᠡ ᠬᠠᠷᠢᠭᠤᠴᠠᠯᠭ᠎ᠠ᠄           1.ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠳᠤ ᠬᠤᠯᠪᠣᠭᠳᠠᠬᠤ ᠶᠡᠷᠦᠩᠬᠡᠶᠢᠯᠡᠭᠰᠡᠨ ᠦᠢᠯᠡᠴᠢᠯᠡᠭᠡ ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃          2. ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠪᠠ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃          3. ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠬᠤ ᠪᠠ ᠬᠠᠮᠠᠭᠠᠯᠠᠬᠤ ᠠᠵᠢᠯ ᠢ ᠡᠭᠦᠷᠭᠡᠯᠡᠨ᠎ᠡ᠃           4. ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠷᠢᠭᠤᠴᠠᠯᠭᠠᠲᠠᠨ᠄ ᠴᠧᠨ ᠰᠢᠶᠣᠣ ᠢᠩ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ  ᠶᠢᠨ ᠲᠥᠪ ᠵᠡᠭᠡᠯᠢ ᠶᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ ᠤᠨ ᠳᠥᠷᠪᠡᠳᠦᠭᠡᠷ ᠳᠠᠪᠬᠤᠷ ᠤᠨ ᠪᠠᠷᠠᠭᠤᠨ ᠲᠠᠯ᠎ᠠ          ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ᠤᠲᠠᠰᠤ᠄ 0470 ︱ 6607750           ᠰᠦᠯᠵᠢᠶᠡᠨ ᠤ ᠬᠠᠶ᠋ᠢᠭ᠄ http://www.xzq.gov.cn/OpennessContent/showList/768/0/page_1.html          ᠰᠢᠤᠳᠠᠨ ᠳ᠋ᠤᠭᠠᠷ᠄ 021200 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ