ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/7/11
          ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃          1᠂ ᠭᠤᠣᠯ ᠡᠭᠦᠷᠭᠡ ᠬᠠᠷᠢᠭᠤᠴᠠᠯᠭ᠎ᠠ          ︵ᠨᠢᠭᠡ︶ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠪᠠ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠷᠭ᠎ᠠ ᠬᠡᠮᠵᠢᠶ᠎ᠡ ᠵᠢᠴᠢ ᠲᠣᠭᠲᠠᠭᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠬᠤᠶᠠᠷ︶ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠪᠠ ᠲᠡᠦᠬᠡ ᠶᠢᠨ ᠳᠤᠷᠠᠰᠬᠠᠯᠲᠤ ᠵᠦᠢᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠤᠷᠲᠤᠪᠲᠤᠷ ᠪᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠵᠢᠴᠢ ᠣᠯᠠᠨ ᠡᠰᠢᠵᠢᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ᠂ ᠪᠡᠶ᠎ᠡ ᠶᠢᠨ ᠲᠠᠮᠢᠷ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃          ︵ᠭᠤᠷᠪᠠ︶ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠳᠡᠨ᠎ᠡ᠃ ᠪᠥᠬᠦ ᠬᠤᠰᠢᠭᠤᠨ ᠤ ᠴᠢᠨᠠᠷᠲᠠᠢ ᠴᠢᠬᠤᠯᠠ ᠶᠡᠭᠡ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠠᠮᠢᠶᠠᠷᠴᠤ ᠵᠣᠬᠢᠴᠠᠭᠤᠯᠤᠨ᠎ᠠ᠃          ︵ᠳᠥᠷᠪᠡ︶ ᠤᠷᠠᠯᠢᠭ  ᠤᠨ ᠦᠢᠯᠡᠰ  ᠤᠨ ᠬᠥᠭᠵᠢᠯᠲᠡ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠲᠤᠰᠬᠠᠢ ᠮᠡᠷᠭᠡᠵᠢᠯ ᠤᠨ ᠤᠷᠠᠯᠢᠭ ᠤᠨ ᠠᠵᠢᠯ ᠢ ᠬᠠᠮᠢᠶᠠᠷᠬᠤ᠂ ᠵᠢᠯᠤᠭᠤᠳᠬᠤ᠂ ᠲᠥᠯᠥᠪᠵᠢᠭᠦᠯᠵᠦ᠂ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠢ ᠬᠠᠮᠢᠶᠠᠷᠬᠤ ᠪᠠ ᠵᠢᠯᠤᠭᠤᠳᠴᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠢ᠂ ᠲᠥᠯᠥᠭᠡᠯᠡᠬᠦ ᠴᠢᠨᠠᠷᠲᠠᠢ᠂ ᠵᠢᠱᠢᠶ᠎ᠡ ᠦᠵᠡᠭᠦᠯᠬᠦ ᠴᠢᠨᠠᠷᠲᠠᠢ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠲᠡᠳᠬᠦᠨ ᠳᠡᠮᠵᠢᠵᠦ᠂ ᠡᠯ᠎ᠡ ᠲᠥᠷᠥᠯ ᠤᠨ ᠤᠷᠠᠯᠢᠭ᠂ ᠡᠯ᠎ᠡ ᠲᠥᠷᠥᠯ ᠤᠨ ᠤᠷᠠᠯᠢᠭ ᠤᠨ ᠲᠥᠷᠥᠯ ᠵᠦᠢᠯ ᠤᠨ ᠬᠥᠭᠵᠢᠯᠲᠡ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃          ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠨ ᠠᠬᠢᠭᠤᠯᠤᠨ᠎ᠠ᠃ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠬᠤ ᠪᠠ ᠬᠢᠨᠠᠯᠲᠠ ᠲᠠᠯᠪᠢᠵᠤ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠲᠡᠩᠴᠡᠭᠦᠷᠢᠰᠢᠯᠲᠡ ᠶᠢ ᠨᠢᠭᠡᠳᠦᠯᠲᠡᠢ ᠵᠡᠷᠭᠡ ᠪᠠᠷ ᠠᠬᠢᠭᠤᠯᠤᠨ᠎ᠠ᠃          ︵ᠵᠢᠷᠭᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠪᠠ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠠᠵᠢᠯ ᠢ ᠵᠢᠯᠣᠭᠤᠳᠤᠨ᠎ᠠ᠃          ︵ᠳᠣᠯᠤᠭ᠎ᠠ︶ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠬᠠᠷᠢᠭᠤᠴᠠᠨ᠎ᠠ᠃ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠭᠠᠳᠠᠭᠠᠳᠤ ᠲᠠᠢ ᠬᠠᠮᠲᠤᠷᠠᠯᠴᠠᠬᠤ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠶᠢ ᠠᠬᠢᠭᠤᠯᠵᠤ᠂ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠴᠠᠷᠠᠭᠠᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠠᠵᠢᠯ ᠢ ᠵᠢᠯᠣᠭᠤᠳᠤᠨ ᠠᠬᠢᠭᠤᠯᠤᠨ᠎ᠠ᠃ ᠪᠥᠬᠦ ᠬᠤᠰᠢᠭᠤᠨ ᠤ ᠡᠯ᠎ᠡ ᠲᠥᠷᠥᠯ ᠤᠨ ᠵᠤᠭᠠᠴᠠᠯ ᠤᠨ ᠦᠵᠡᠮᠵᠢ ᠶᠢᠨ ᠣᠷᠣᠨ᠂ ᠵᠢᠱᠢᠶ᠎ᠡ ᠦᠵᠡᠭᠦᠯᠬᠦ ᠣᠷᠣᠨ᠂ ᠠᠮᠠᠷᠠᠯᠲᠠ ᠶᠢᠨ ᠣᠷᠣᠨ᠂ ᠵᠢᠭᠤᠯᠴᠢᠯᠠᠯ ᠤᠨ ᠪᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠦᠨᠡᠯᠡᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ ᠳᠤᠷᠠᠰᠬᠠᠯ ᠤᠨ ᠡᠳ᠋ ᠢ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠤᠨ ᠬᠠᠮᠢᠶᠠᠷᠤᠨ᠎ᠠ᠃          ︵ᠨᠠᠢᠮᠠ︶ ᠰᠣᠶᠣᠯ  ᠤᠨ ᠵᠠᠬ᠎ᠠ ᠳᠡᠯᠭᠡᠭᠦᠷ  ᠤᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠤᠭᠤᠳᠴᠤ᠂ ᠲᠡᠭᠦᠨ ᠤ ᠠᠶᠤᠯᠭᠦᠢ ᠦᠢᠯᠡᠳᠪᠦᠷᠢᠯᠡᠯ ᠪᠠ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃          ︵ᠶᠢᠰᠦ︶ ᠪᠥᠬᠦ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠦᠬᠡ ᠶᠢᠨ ᠳᠤᠷᠠᠰᠬᠠᠯᠲᠤ ᠵᠦᠢᠯᠡᠰ ᠵᠡᠷᠭᠡ ᠵᠠᠬ᠎ᠠ ᠳᠡᠯᠭᠡᠭᠦᠷ ᠤᠨ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠲᠣᠮᠣ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠵᠦ ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃          ︵ᠠᠷᠪᠠ︶ ᠭᠠᠳᠠᠭᠠᠳᠤ ᠲᠠᠢ ᠰᠣᠶᠣᠯ ᠤᠨ ᠰᠣᠯᠢᠯᠴᠠᠭ᠎ᠠ ᠬᠢᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠭᠠᠳᠠᠭᠠᠳᠤ ᠳᠤ ᠬᠠᠨᠳᠤᠭᠤᠯᠤᠭᠰᠠᠨ᠂ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠰᠣᠯᠢᠯᠴᠠᠭ᠎ᠠ᠂ ᠬᠠᠮᠲᠤᠷᠠᠯᠴᠠᠭ᠎ᠠ ᠪᠠ ᠤᠬᠠᠭᠤᠯᠤᠯ᠂ ᠳᠡᠯᠭᠡᠷᠡᠭᠦᠯᠦᠯᠲᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠭᠠᠳᠠᠭᠠᠳᠤ ᠎ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃          ︵ᠠᠷᠪᠠᠨ ᠨᠢᠭᠡ︶ ᠪᠥᠬᠦ ᠬᠤᠰᠢᠭᠤᠨ ᠤ ᠨᠡᠶᠢᠭᠡᠮ ᠤᠨ ᠰᠣᠶᠣᠯ ᠤᠨ ᠦᠢᠯᠡᠰ ᠢ ᠵᠢᠯᠣᠭᠤᠳᠤᠨ ᠬᠠᠮᠢᠶᠠᠷᠴᠤ᠂ ᠪᠥᠬᠦ ᠬᠤᠰᠢᠭᠤᠨ ᠤ ᠨᠣᠮ ᠤᠨ ᠰᠠᠩ᠂ ᠣᠯᠠᠨ ᠲᠦᠮᠡᠨ ᠤ ᠤᠷᠠᠯᠢᠭ ᠤᠨ ᠬᠠᠮᠢᠶᠠᠷᠤᠯᠲᠠ᠂ ᠰᠣᠶᠣᠯ ᠤᠨ ᠣᠷᠳᠣᠨ ︵ᠥᠷᠲᠡᠭᠡ︶᠎ ᠤ ᠦᠢᠯᠡᠰ ᠪᠠ ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃          ︵ᠠᠷᠪᠠᠨ ᠬᠤᠶᠠᠷ︶ ᠰᠣᠶᠣᠯ᠂ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠬᠠᠷᠢᠭᠤᠴᠠᠨ᠎ᠠ᠃ ᠰᠣᠶᠣᠯ᠂ ᠵᠢᠭᠤᠯᠴᠢᠯᠠᠯ  ᠤᠨ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ ᠶᠢ ᠡᠭᠦᠳᠦᠨ ᠬᠥᠭᠵᠢᠬᠦ ᠶᠢ ᠵᠢᠯᠣᠭᠤᠳᠤᠨ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠎ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ  ᠤᠨ ᠠᠵᠢᠯ ᠲᠥᠷᠥᠯ  ᠤᠨ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠮᠢᠶ᠎ᠠ ᠪᠦᠬᠦᠢ ᠠᠵᠢᠯ ᠲᠥᠷᠥᠯ  ᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠠᠷᠪᠠᠨ ᠭᠤᠷᠪᠠ︶ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ  ᠤᠨ ᠠᠵᠢᠯ  ᠢ ᠬᠠᠷᠢᠭᠤᠴᠠᠨ᠎ᠠ᠃ ᠪᠥᠬᠦ ᠬᠤᠰᠢᠭᠤᠨ ᠤ ᠰᠣᠶᠣᠯ᠂ ᠵᠢᠭᠤᠯᠴᠢᠯᠠᠯ ᠂ ᠪᠡᠶ᠎ᠡ ᠶᠢᠨ ᠲᠠᠮᠢᠷ ᠤᠨ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠬᠠᠷᠢᠭᠤᠴᠠᠨ᠎ᠠ᠃ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠨ᠎ᠡ᠃          (ᠠᠷᠪᠠᠨ ᠳᠥᠷᠪᠡ ) ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠰᠣᠶᠣᠯ ᠤᠨ ᠥᠪ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠵᠣᠬᠢᠴᠠᠭᠤᠯᠵᠤ᠂ ᠵᠢᠯᠤᠭᠤᠳᠴᠤ᠂ ᠬᠢᠨᠠᠯᠲᠠ ᠲᠠᠯᠪᠢᠵᠤ᠂ ᠪᠥᠬᠦ ᠬᠤᠰᠢᠭᠤᠨ ᠤ ᠡᠯ᠎ᠡ ᠱᠠᠲᠤᠨ ᠤ ᠰᠣᠶᠣᠯ ᠤᠨ ᠥᠪ ᠢ ᠮᠡᠳᠡᠭᠦᠯᠬᠦ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠲᠡᠦᠬᠡ ᠰᠣᠶᠣᠯ ᠤᠨ ᠨᠠᠷᠠᠲᠤ ᠬᠤᠲᠠ ︵ᠰᠤᠮᠤ ᠪᠠᠯᠭᠠᠰᠤ᠂ ᠭᠠᠴᠠᠭ᠎ᠠ︶᠂ ᠤᠯᠠᠮᠵᠢᠯᠠᠯᠲᠤ ᠠᠶᠢᠯ ᠲᠣᠰᠬᠤᠨ᠂ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠭᠤᠴᠢ ᠰᠤᠳᠤᠯᠤᠯ ᠤᠨ ᠠᠵᠢᠯ ᠢ ᠬᠠᠮᠢᠶᠠᠷᠬᠤ ᠪᠠ ᠵᠢᠯᠤᠭᠤᠳᠬᠤ ᠶᠢ ᠬᠠᠷᠢᠭᠤᠴᠠᠵᠤ᠂ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠪᠠ ᠮᠦᠽᠧᠢ ᠶᠢᠨ ᠲᠤᠬᠠᠶᠢᠯᠠᠭᠰᠠᠨ ᠠᠵᠢᠯ ᠢ ᠵᠢᠯᠤᠭᠤᠳᠴᠤ᠂ ᠮᠦᠽᠧᠢ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠵᠢᠯᠴᠠᠭ᠎ᠠ ᠶᠢ ᠵᠣᠬᠢᠴᠠᠭᠤᠯᠤᠨ᠎ᠠ᠃ ᠪᠥᠬᠦ ᠬᠤᠲᠠ ᠶᠢᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ ᠲᠠᠨᠢᠯᠴᠠᠭᠤᠯᠬᠤ ᠪᠠ ᠪᠥᠬᠦ ᠬᠤᠰᠢᠭᠤᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ ᠲᠣᠭᠲᠠᠭᠠᠬᠤ ᠶᠢ ᠬᠠᠷᠢᠭᠤᠴᠠᠨ᠎ᠠ᠃          ︵ᠠᠷᠪᠠᠨ ᠲᠠᠪᠤ︶ ᠪᠥᠬᠦ ᠬᠤᠰᠢᠭᠤᠨ ᠤ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠦᠨ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ︔ ᠤᠯᠤᠰ ᠠᠷᠠᠳ ᠤᠨ ᠪᠠᠶᠢᠭᠤᠯᠤᠮᠵᠢ ᠶᠢ ᠬᠢᠨᠠᠨ ᠬᠡᠮᠵᠢᠬᠦ ᠪᠠ ᠨᠡᠶᠢᠭᠡᠮ ᠤᠨ ᠪᠡᠶ᠎ᠡ ᠶᠢᠨ ᠲᠠᠮᠢᠷ ᠢ ᠵᠢᠯᠤᠭᠤᠳᠬᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ; ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃          ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠪᠠ ᠪᠠᠶᠢᠷᠢᠯᠠᠭᠤᠯᠤᠯᠲᠠ ᠶᠢ ᠰᠤᠳᠤᠯᠤᠨ ᠲᠥᠯᠥᠪᠵᠢᠭᠦᠯᠦᠨ᠎ᠡ ; ᠪᠡᠶ᠎ᠡ ᠶᠢᠨ ᠲᠠᠮᠢᠷ ᠤᠨ ᠪᠣᠯᠪᠠᠰᠤᠷᠠᠯ ᠪᠣᠯᠣᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠢᠯᠣᠭᠤᠳᠤᠨ ᠵᠣᠬᠢᠴᠠᠭᠤᠯᠵᠤ᠂ ᠲᠠᠮᠢᠷᠴᠢᠳ ᠤᠨ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠴᠤ᠂ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ︵ᠠᠷᠪᠠᠨ ᠲᠤᠯᠤᠭ᠎ᠠ︶ ᠪᠡᠶ᠎ᠡ ᠶᠢᠨ ᠲᠠᠮᠢᠷ  ᠤᠨ ᠤᠷᠤᠯᠳᠤᠭᠠᠨ  ᠤ ᠠᠵᠢᠯ  ᠢ ᠬᠠᠷᠢᠭᠤᠴᠠᠨ᠎ᠠ᠃ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠳᠠᠭᠠᠭᠠᠴᠢᠯᠠᠨ ᠡᠷᠭᠢᠯᠡᠨ᠎ᠡ ; ᠪᠥᠬᠦ ᠬᠤᠰᠢᠭᠤᠨ ᠤ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠤᠷᠤᠯᠳᠤᠭᠠᠨ ᠵᠢᠴᠢ ᠡᠯ᠎ᠡ ᠲᠥᠷᠥᠯ ᠤᠨ ᠲᠠᠩ ᠵᠦᠢᠯ ᠤᠨ ᠤᠷᠤᠯᠳᠤᠭᠠᠨ ᠢ ᠭᠤᠣᠯᠯᠠᠨ ᠡᠷᠭᠢᠯᠡᠨ᠎ᠡ ; ᠪᠥᠬᠦ ᠬᠤᠰᠢᠭᠤᠨ ᠤ ᠴᠢᠨᠠᠷᠲᠠᠢ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠰᠢᠰᠲ᠋ᠧᠮᠵᠢᠭᠦᠯᠦᠨ ᠬᠠᠮᠢᠶᠠᠷᠴᠤ᠂ ᠠᠵᠢᠯ ᠤᠨ ᠴᠢᠯᠦᠭᠡᠨ ᠤ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃          ︵ᠠᠷᠪᠠᠨ ᠨᠠᠢᠮᠠ︶ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠵᠢᠯ ᠢ ᠬᠠᠷᠢᠭᠤᠴᠠᠨ᠎ᠠ᠃ ᠪᠡᠶ᠎ᠡ ᠶᠢᠨ ᠲᠠᠮᠢᠷ  ᠤᠨ ᠠᠵᠤ ᠦᠢᠯᠡᠰ  ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠡᠶ᠎ᠡ ᠶᠢᠨ ᠲᠠᠮᠢᠷ  ᠤᠨ ᠠᠵᠤ ᠦᠢᠯᠡᠰ  ᠤᠨ ᠪᠠᠶᠢᠷᠢᠰᠢᠭᠤᠯᠤᠯ  ᠢ ᠵᠢᠯᠣᠭᠤᠳᠤᠨ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠶᠢᠨ ᠠᠵᠢᠯ ᠡᠷᠬᠢᠯᠡᠬᠦ ᠨᠥᠬᠦᠴᠡᠯ᠂ ᠬᠢᠨᠠᠨ ᠵᠥᠪᠰᠢᠶᠡᠷᠡᠬᠦ ᠵᠢᠷᠤᠮ ᠪᠠ ᠠᠷᠭ᠎ᠠ ᠶᠢ ᠲᠣᠭᠲᠠᠭᠠᠨ᠎ᠠ᠃ ᠪᠥᠬᠦ ᠬᠤᠰᠢᠭᠤᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠤᠨ ᠬᠢᠨᠠᠯᠲᠠ ᠶᠢ ᠬᠠᠷᠢᠭᠤᠴᠠᠨ᠎ᠠ᠃          ︵ᠠᠷᠪᠠ ᠶᠢᠰᠦ︶ ᠪᠡᠶ᠎ᠡ ᠶᠢᠨ ᠲᠠᠮᠢᠷ ᠤᠨ ᠰᠣᠶᠣᠯ᠂ ᠤᠬᠠᠭᠤᠯᠭ᠎ᠠ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠠᠮᠤᠷ ᠲᠦᠪᠰᠢᠨ ᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠥᠬᠦ ᠬᠤᠰᠢᠭᠤᠨ ᠤ ᠴᠢᠨᠠᠷᠲᠠᠢ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠪᠡᠶ᠎ᠡ ᠶᠢᠨ ᠲᠠᠮᠢᠷ ᠤᠨ ᠲᠥᠷᠥᠯ ᠤᠨ ᠠᠷᠠᠳ  ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠠᠵᠢᠯ ᠢ ᠬᠠᠮᠢᠶᠠᠷᠤᠨ ᠵᠢᠯᠣᠭᠤᠳᠤᠨ᠎ᠠ᠃          ︵ᠬᠤᠷᠢ︶ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ᠃ ᠪᠦᠭᠦ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠠᠬᠢᠭᠤᠯᠤᠨ᠎ᠠ᠃          ︵ᠬᠤᠷᠢᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          2᠂ ᠳᠣᠲᠣᠭᠠᠳᠤ ᠪᠠᠶᠢᠭᠤᠯᠤᠮᠵᠢ᠄          ︵ᠨᠢᠭᠡ︶ ᠠᠯᠪᠠᠨ ᠭᠡᠷ ︵ᠬᠠᠤᠯᠢ ᠳᠦᠷᠢᠮ ᠤᠨ ᠠᠯᠪᠠᠨ ᠭᠡᠷ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠳᠣᠲᠣᠭᠠᠳᠤ ᠶᠢᠨ ᠳᠦᠷᠢᠮ ᠲᠣᠭᠲᠠᠭᠠᠯ ᠪᠠ ᠵᠢᠯ ᠤᠨ ᠠᠵᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠨ᠎ᠠ ; ᠪᠠᠶᠢᠭᠤᠯᠭ᠎ᠠ ᠶᠢᠨ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ᠂ ᠦᠵᠡᠯ ᠤᠬᠠᠮᠰᠠᠷ ᠤᠨ ᠬᠡᠯᠪᠡᠷᠢ᠂ ᠳᠠᠩᠰᠠ ᠡᠪᠬᠡᠮᠡᠯ᠂ ᠮᠡᠳᠡᠭᠡ ᠵᠠᠩᠭᠢ᠂ ᠨᠢᠭᠤᠴᠠ  ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ ; ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠵᠦ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ᠂ ᠤᠬᠠᠭᠤᠯᠭ᠎ᠠ ᠵᠡᠷᠭᠡ ᠠᠵᠢᠯ ᠢ ᠵᠢᠯᠣᠭᠤᠳᠤᠨ ᠬᠠᠮᠢᠶᠠᠷᠤᠨ᠎ᠠ ; ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠬᠥᠳᠡᠯᠮᠦᠷᠢ ᠴᠠᠯᠢᠩ ᠵᠡᠷᠭᠡ ᠠᠵᠢᠯ ᠢ ᠬᠠᠷᠢᠭᠤᠴᠠᠨ᠎ᠠ ; ᠪᠠᠶᠢᠭᠤᠯᠭ᠎ᠠ ᠶᠢᠨ ᠡᠳ᠋ ᠤᠨ ᠶᠠᠪᠤᠳᠠᠯ᠂ ᠲᠤᠰᠬᠠᠢ ᠵᠦᠢᠯ ᠤᠨ ᠵᠠᠷᠤᠳᠠᠯ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠵᠠᠷᠤᠳᠠᠯ ᠪᠠ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠬᠠᠷᠢᠭᠤᠴᠠᠨ ᠬᠠᠮᠢᠶᠠᠷᠤᠨ᠎ᠠ ; ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ ; ᠪᠠᠶᠢᠭᠤᠯᠭ᠎ᠠ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠠᠵᠢᠯ ᠢ ᠬᠠᠴᠢᠭᠤᠴᠠᠨ᠎ᠠ ; ᠪᠥᠬᠦ ᠬᠤᠰᠢᠭᠤᠨ ᠤ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ᠂ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ ; ᠰᠣᠶᠣᠯ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ ᠠᠵᠢᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠵᠢᠯᠣᠭᠤᠳᠤᠨ ᠬᠢᠨᠠᠯᠲᠠ ᠲᠠᠯᠪᠢᠵᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ ᠬᠦᠷᠢᠶᠡᠨ ᠳᠠᠬᠢ ᠡᠵᠡᠩᠨᠡᠯᠲᠡ ᠶᠢᠨ ᠠᠵᠢᠯᠯᠠᠭ᠎ᠠ ᠵᠢᠴᠢ ᠤᠷᠠᠨ ᠰᠠᠶᠢᠬᠠᠨ ᠤ ᠲᠣᠭᠯᠠᠯᠲᠠ᠂ ᠰᠣᠶᠣᠯ ᠵᠤᠭ᠎ᠠ ᠴᠡᠩᠭᠡᠯ ᠂ ᠤᠷᠠᠯᠢᠭ ᠤᠨ ᠪᠦᠲᠦᠭᠡᠯ᠂ ᠲᠡᠦᠬᠡ ᠶᠢᠨ ᠳᠤᠷᠠᠰᠬᠠᠯᠲᠤ ᠵᠦᠢᠯᠡᠰ ᠵᠡᠷᠭᠡ ᠰᠣᠶᠣᠯ ᠤᠨ ᠵᠠᠬ᠎ᠠ ᠳᠡᠯᠭᠡᠭᠦᠷ ᠲᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ ; ᠲᠣᠪᠴᠢᠶ᠎ᠠ ᠶᠢᠨ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠬᠠᠤᠯᠢ ᠪᠠᠷ ᠵᠠᠰᠠᠬᠤ ᠪᠠᠶᠢᠭᠤᠯᠤᠯᠲᠠ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠲᠥᠯᠥᠪᠦᠷᠢ ᠥᠭᠬᠦ ᠵᠡᠷᠭᠡ ᠠᠵᠢᠯ ᠢ ᠡᠭᠦᠷᠭᠡᠯᠡᠨ᠎ᠡ ; ᠰᠢᠰᠲ᠋ᠧᠮ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠰᠠᠬᠢᠯᠭ᠎ᠠ ᠎ ᠠᠴᠠ ᠵᠥᠷᠢᠴᠡᠭᠰᠡᠨ ᠠᠵᠢᠯᠯᠠᠭ᠎ᠠ ᠳᠤ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠣᠶᠢᠷ ᠬᠤᠲᠠ ᠶᠢᠨ ᠡᠯ᠎ᠡ ᠲᠥᠷᠥᠯ ᠤᠨ ᠵᠢᠭᠤᠯᠴᠢᠯᠠᠯ ᠤᠨ ᠪᠠᠭᠤᠳᠠᠯ᠂ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠲᠡᠷᠭᠡ ᠣᠩᠭᠤᠴᠠ ᠪᠠ ᠣᠨᠴᠠ ᠲᠥᠷᠥᠯ ᠤᠨ ᠵᠢᠭᠤᠯᠴᠢᠯᠠᠯ ᠤᠨ ᠲᠥᠷᠥᠯ ᠵᠦᠢᠯ ᠤᠨ ᠪᠡᠯᠡᠳᠬᠡᠮᠵᠢ ᠶᠢᠨ ᠪᠠᠷᠢᠮᠵᠢᠶ᠎ᠠ᠂ ᠦᠢᠯᠡᠴᠢᠯᠡᠭᠡᠨ ᠤ ᠪᠠᠷᠢᠮᠵᠢᠶ᠎ᠠ ᠶᠢ ᠬᠡᠷᠡᠭᠵᠢᠭᠦᠯᠦᠨ᠎ᠡ ; ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠣᠶᠢᠵᠢᠭᠤᠯᠤᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠦᠢᠯᠡᠴᠢᠯᠡᠭᠡᠨ ᠤ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠵᠢᠭᠤᠯᠴᠢᠯᠠᠯ ᠤᠨ ᠠᠵᠤ ᠠᠬᠤᠶᠢᠯᠠᠯ ᠪᠠ ᠠᠵᠢᠯ ᠡᠷᠬᠢᠯᠡᠭᠰᠡᠳ ᠤᠨ ᠡᠵᠡᠩᠨᠡᠯᠲᠡ ᠪᠠ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠵᠢᠭᠤᠯᠴᠢᠯᠠᠯ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠂ ᠵᠢᠭᠤᠯᠴᠢᠯᠠᠭᠴᠢ ᠪᠠ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ ; ᠵᠢᠭᠤᠯᠴᠢᠯᠠᠯ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠣᠬᠢᠴᠠᠭᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ ; ᠵᠢᠭᠤᠯᠴᠢᠯᠠᠯ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠭᠤᠯᠴᠢᠯᠠᠯ ᠤᠨ ᠭᠠᠵᠠᠷ ᠤᠨ ᠬᠢᠷᠢ ᠬᠡᠮ ᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠬᠤ ᠶᠢᠨ ᠬᠠᠮᠲᠤ ᠲᠤᠬᠠᠶᠢᠯᠠᠭᠰᠠᠨ ᠠᠵᠢᠯ ᠢ ᠨᠢ ᠵᠢᠯᠣᠭᠤᠳᠤᠨ᠎ᠠ ; ᠵᠢᠭᠤᠯᠴᠢᠯᠠᠯ ᠤᠨ ᠳᠠᠭᠠᠳᠬᠠᠯ ᠤᠨ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃          ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠲ᠋ᠣᠺ᠃ ᠪᠥᠬᠦ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ ᠦᠢᠯᠡᠰ ᠪᠠ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ ᠵᠣᠬᠢᠶᠠᠨ ᠪᠦᠲᠦᠭᠡᠯᠭᠡ ᠪᠠ ᠦᠢᠯᠡᠳᠪᠦᠷᠢᠯᠡᠯ ᠢ ᠵᠢᠯᠣᠭᠤᠳᠤᠨ᠎ᠠ ; ᠪᠥᠬᠦ ᠬᠤᠰᠢᠭᠤᠨ ᠤ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠲᠠᠰ ᠤᠨ ᠰᠢᠯᠭᠠᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠪᠠ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠪᠦᠭᠦ ᠬᠤᠰᠢᠭᠤᠨ ᠤ ᠴᠢᠨᠠᠷᠲᠠᠢ ᠴᠢᠬᠤᠯᠠ ᠶᠡᠭᠡ ᠤᠳᠬ᠎ᠠ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ ; ᠪᠥᠬᠦ ᠬᠤᠰᠢᠭᠤᠨ ᠤ ᠨᠡᠶᠢᠭᠡᠮ ᠤᠨ ᠰᠣᠶᠣᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ ᠶᠢ ᠲᠣᠭᠲᠠᠭᠠᠨ᠂ ᠪᠥᠬᠦ ᠬᠤᠰᠢᠭᠤᠨ ᠤ ᠣᠯᠠᠨ ᠲᠦᠮᠡᠨ ᠤ ᠰᠣᠶᠣᠯ᠂ ᠴᠥᠭᠡᠨ ᠲᠣᠭᠠᠲᠤ ᠦᠨᠳᠦᠰᠦᠲᠡᠨ ᠤ ᠰᠣᠶᠣᠯ᠂ ᠨᠠᠰᠤᠨ ᠳᠤ ᠥᠯᠥ ᠭᠦᠷᠦᠭᠰᠡᠳ ᠤᠨ ᠰᠣᠶᠣᠯ ᠪᠠ ᠨᠠᠰᠤᠲᠠᠶᠢᠴᠤᠳ ᠤᠨ ᠰᠣᠶᠣᠯ ᠤᠨ ᠠᠵᠢᠯ ᠢ ᠵᠢᠯᠤᠭᠤᠳᠴᠤ᠂ ᠡᠯ᠎ᠡ ᠱᠠᠲᠤᠨ ᠤ ᠨᠣᠮ ᠤᠨ ᠰᠠᠩ᠂ ᠰᠣᠶᠣᠯ ᠤᠨ ᠥᠷᠲᠡᠭᠡ ︵ᠲᠥᠪ︶᠎ ᠶᠢᠨ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠵᠢᠯᠣᠭᠤᠳᠤᠨ᠎ᠠ ; ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠶᠢᠨ ᠵᠦᠢᠯᠡᠰ ᠢ ᠭᠤᠶᠤᠴᠢᠯᠠᠨ ᠮᠡᠳᠡᠭᠦᠯᠬᠦ ᠪᠠ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ ᠬᠢᠨᠠᠨ ᠲᠣᠭᠲᠠᠭᠠᠬᠤ ᠠᠵᠢᠯ ᠢ ᠳᠠᠭᠠᠭᠠᠨ ᠭᠦᠢᠴᠡᠳᠬᠡᠨ᠎ᠡ ; ᠤᠯᠤᠰ ᠤᠨ ᠬᠤᠯᠪᠣᠭᠳᠠᠯ ᠪᠦᠬᠦᠢ ᠢᠨᠲ᠋ᠧᠷ ᠰᠦᠯᠵᠢᠶᠡᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠰᠦᠯᠵᠢᠶᠡᠨ ᠤ ᠪᠠᠭᠠᠷ ᠵᠡᠷᠭᠡ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ ; ᠭᠠᠳᠠᠭᠠᠳᠤ ᠯᠤᠭ᠎ᠠ ᠶᠢᠨ ᠰᠣᠶᠣᠯ ᠤᠨ ᠠᠵᠤ ᠦᠢᠯᠡᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠰᠣᠶᠣᠯ ᠤᠨ ᠠᠵᠤ ᠦᠢᠯᠡᠰ ᠤᠨ ᠠᠵᠢᠯ ᠲᠦᠷᠦᠯ ᠤᠨ ᠨᠡᠶᠢᠭᠡᠮᠯᠢᠭ ᠤᠨ ᠪᠦᠭᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠪᠦᠭᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ᠂ ᠮᠦᠽᠧᠢ ᠶᠢᠨ ᠦᠢᠯᠡᠰ ᠢ ᠵᠢᠯᠣᠭᠤᠳᠤᠨ᠎ᠠ ; ᠪᠥᠬᠦ ᠬᠤᠰᠢᠭᠤᠨ ᠤ ᠬᠠᠭᠤᠴᠢ ᠰᠤᠳᠤᠯᠤᠯ ᠤᠨ ᠠᠵᠢᠯ ᠢ ᠵᠢᠯᠣᠭᠤᠳᠤᠨ ᠬᠠᠮᠢᠶᠠᠷᠴᠤ᠂ ᠪᠥᠬᠦ ᠬᠤᠰᠢᠭᠤᠨ ᠤ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ ; ᠵᠢᠭᠤᠯᠴᠢᠯᠠᠯ ᠤᠨ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠵᠢᠯᠤᠭᠤᠳᠴᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠦᠭᠦ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠥᠰᠥᠯ ᠢ ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠥᠰᠥᠯ ᠳᠤᠷᠠᠳᠤᠨ᠎ᠠ ; ᠬᠤᠰᠢᠭᠤᠨ ᠲᠠᠰ ᠤᠨ ᠴᠢᠬᠤᠯᠠ ᠶᠡᠭᠡ ᠤᠷᠤᠯᠳᠤᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠨ ᠭᠦᠢᠴᠡᠳᠬᠡᠬᠦ ᠶᠢ ᠪᠥᠬᠦ ᠬᠤᠰᠢᠭᠤᠨ ᠤ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠴᠤᠭᠯᠠᠭᠠᠨ ᠵᠢᠴᠢ ᠡᠯ᠎ᠡ ᠲᠠᠮᠢᠷ ᠤᠨ ᠲᠠᠩ ᠵᠦᠢᠯ ᠤᠨ ᠤᠷᠤᠯᠳᠤᠭᠠᠨ ᠢ ᠬᠠᠷᠢᠭᠤᠴᠠᠨ ᠡᠷᠭᠢᠯᠡᠨ᠎ᠡ ; ᠡᠯ᠎ᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠷᠥᠯ ᠵᠦᠢᠯ ᠤᠨ ᠪᠡᠶ᠎ᠡ ᠶᠢᠨ ᠲᠠᠮᠢᠷ ᠤᠨ ᠠᠩᠭᠢ ᠶᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠠ ᠬᠤᠲᠠ ᠶᠢᠨ ᠲᠠᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠬᠤ ᠵᠢᠴᠢ ᠪᠥᠬᠦ ᠬᠤᠰᠢᠭᠤᠨ ᠤ ᠵᠠᠯᠠᠭᠤ ᠪᠠᠭᠠᠴᠤᠳ ᠲᠠᠮᠢᠷᠴᠢᠳ ᠤᠨ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠳᠠᠩᠰᠠᠯᠠᠬᠤ ᠠᠵᠢᠯ ᠳᠤ ᠣᠷᠣᠯᠴᠠᠬᠤ ᠶᠢ ᠬᠠᠷᠢᠭᠤᠴᠠᠨ᠎ᠠ ; ᠪᠦᠭᠦ ᠬᠤᠰᠢᠭᠤᠨ ᠤ ᠵᠠᠯᠠᠭᠤᠴᠤᠳ ᠪᠠᠭᠠᠴᠤᠳ ᠤᠨ ᠠᠵᠢᠯ ᠤᠨ ᠴᠢᠯᠦᠭᠡᠨ ᠤ ᠪᠣᠯᠪᠠᠰᠤᠷᠠᠯ ᠤᠨ ᠠᠵᠢᠯ ᠪᠠ ᠵᠠᠯᠠᠭᠤᠴᠤᠳ ᠪᠠᠭᠠᠴᠤᠳ ᠤᠨ ᠲᠠᠮᠢᠷ ᠤᠨ ᠤᠷᠤᠯᠳᠤᠭᠠᠨ ᠢ ᠬᠠᠷᠢᠭᠤᠴᠠᠨ᠎ᠠ ; ᠪᠦᠬᠦ ᠬᠤᠰᠢᠭᠤᠨ ᠤ ᠬᠢᠨᠠᠭᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢᠨ ᠳᠡᠭᠡᠳᠦ ᠱᠠᠲᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠴᠢᠭᠯᠡᠯᠲᠡ᠂ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠵᠢᠭᠤᠯᠴᠢᠯᠠᠯ ᠤᠨ ᠦᠢᠯᠡᠰ ᠤᠨ ᠬᠠᠮᠢᠶᠠᠷᠤᠯᠲᠠ ᠶᠢᠨ ᠪᠣᠳᠠᠲᠠᠢ ᠠᠷᠭ᠎ᠠ ᠶᠢ ᠰᠤᠳᠤᠯᠤᠨ ᠲᠣᠭᠲᠠᠭᠠᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ ; ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ᠂ ᠵᠣᠷᠢᠭᠰᠠᠨ ᠭᠠᠵᠠᠷ ᠪᠠ ᠵᠠᠮ ᠱᠤᠭᠤᠮ ᠤᠨ ᠲᠥᠯᠦᠪᠵᠢᠭᠦᠯᠭᠡ᠂ ᠨᠡᠭᠡᠭᠡᠯᠲᠡ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠵᠢᠯᠣᠭᠤᠳᠤᠨ᠎ᠠ ; ᠠᠮᠠᠷᠠᠯᠲᠠ ᠶᠢᠨ ᠡᠳᠦᠷ ᠤᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠭᠡᠷ ᠪᠦᠯᠢ ᠶᠢᠨ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠠᠵᠢᠯ ᠢ ᠵᠣᠬᠢᠴᠠᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ ; ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠣᠶᠢᠷ ᠬᠤᠲᠠ ᠶᠢᠨ ᠵᠢᠭᠤᠯᠴᠢᠯᠠᠯ ᠤᠨ ᠦᠵᠡᠮᠵᠢ ᠶᠢᠨ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ ᠤ ᠪᠡᠯᠡᠳᠬᠡᠮᠵᠢ ᠶᠢᠨ ᠪᠠᠷᠢᠮᠵᠢᠶ᠎ᠠ᠂ ᠦᠢᠯᠡᠴᠢᠯᠡᠭᠡᠨ ᠤ ᠪᠠᠷᠢᠮᠵᠢᠶ᠎ᠠ ᠶᠢ ᠬᠡᠷᠡᠭᠵᠢᠭᠦᠯᠵᠦ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃          ︵ᠭᠤᠷᠪᠠ︶ ᠠᠵᠤ ᠦᠢᠯᠡᠰ ᠤᠨ ᠵᠦᠢᠯᠡᠰ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠲ᠋ᠣᠺ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠣᠶᠢᠷ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶᠡᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠠᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶᠡᠨ ᠤ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠠᠬᠢᠭᠤᠯᠤᠨ᠎ᠠ᠃ ᠪᠥᠬᠦ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ ; ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶ᠎ᠡ ᠴᠠᠷᠠᠭ᠎ᠠ ᠶᠢᠨ ᠡᠯ᠎ᠡ ᠲᠥᠷᠥᠯ ᠤᠨ ᠲᠥᠷᠥᠯ ᠵᠦᠢᠯ ᠢ ᠢᠳᠡᠪᠬᠢᠲᠡᠢ ᠪᠠᠷ ᠡᠷᠢᠯᠬᠢᠯᠡᠵᠦ᠂ ᠲᠥᠷᠥᠯ ᠵᠦᠢᠯ ᠤᠨ ᠲᠥᠰᠥᠯ ᠨᠠᠶᠢᠷᠠᠭᠤᠯᠤᠨ ᠵᠣᠬᠢᠶᠠᠵᠤ᠂ ᠲᠥᠷᠥᠯ ᠵᠦᠢᠯ ᠢ ᠬᠡᠷᠡᠭᠵᠢᠭᠦᠯᠦᠨ᠂ ᠲᠥᠯᠥᠪᠯᠡᠭᠡ ᠲᠣᠭᠲᠠᠭᠠᠨ᠎ᠠ᠂ ᠡᠭᠦᠨ ᠳᠤ ᠲᠥᠯᠥᠪᠯᠡᠭᠡ ᠶᠣᠰᠣᠭᠠᠷ ᠲᠥᠷᠥᠯ ᠵᠦᠢᠯ ᠢ ᠪᠡᠶᠡᠯᠡᠭᠦᠯᠬᠦ᠂ ᠲᠥᠷᠥᠯ ᠵᠦᠢᠯ ᠤᠨ ᠠᠬᠢᠴᠠ ᠪᠠ ᠶᠠᠰᠤ ᠴᠢᠨᠠᠷ ᠲᠤ ᠬᠢᠨᠠᠯᠲᠠ ᠲᠠᠯᠪᠢᠬᠤ᠂ ᠲᠥᠷᠥᠯ ᠵᠦᠢᠯ ᠤᠨ ᠳ᠋ᠦᠩᠨᠡᠯᠲᠡ ᠶᠢ ᠨᠠᠶᠢᠷᠠᠭᠤᠯᠤᠨ ᠵᠣᠬᠢᠶᠠᠬᠤ ᠵᠡᠷᠭᠡ ᠡᠯ᠎ᠡ ᠲᠥᠷᠥᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭ᠎ᠠ᠂ ᠳᠤᠮᠳᠠ ᠬᠤᠭᠤᠴᠠᠭ᠎ᠠ᠂ ᠰᠡᠭᠦᠯᠴᠢ ᠶᠢᠨ ᠬᠤᠭᠤᠴᠠᠭᠠᠨ ᠤ ᠠᠵᠢᠯ ᠢ ᠪᠠᠭᠲᠠᠭᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠴᠢᠭᠯᠡᠯᠲᠡ ᠲᠦᠷᠦ ᠶᠢᠨ ᠪᠣᠳᠣᠯᠭ᠎ᠠ ᠪᠠ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠰᠤᠳᠤᠯᠤᠨ ᠲᠣᠭᠲᠠᠭᠠᠵᠤ᠂ ᠵᠣᠬᠢᠴᠠᠩᠭᠤᠢ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ; ᠡᠯ᠎ᠡ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠯᠴᠠᠨ ᠳᠠᠮᠵᠢᠭᠤᠯᠬᠤ ᠶᠢ ᠬᠠᠷᠢᠭᠤᠴᠠᠨ᠎ᠠ ; ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠡᠷᠭᠢᠯᠡᠬᠦ ᠲᠠᠪᠴᠠᠩ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠤᠨ ᠪᠠᠶᠢᠭᠤᠯᠤᠯᠲᠠ᠂ ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠵᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠡᠷᠡᠭᠵᠢᠭᠦᠯᠦᠨ᠎ᠡ ; ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠠᠵᠢᠯᠲᠠᠨ ᠤ ᠬᠡᠷᠡᠭᠵᠢᠭᠦᠯᠬᠦ ᠳᠦᠷᠢᠮ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ ; ᠳᠡᠭᠡᠳᠦ ᠱᠠᠲᠤᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ ᠭᠦᠢᠴᠡᠳᠬᠡᠬᠦ ᠶᠢ ᠬᠠᠷᠢᠭᠤᠴᠠᠨ᠎ᠠ᠃          ︵ᠳᠥᠷᠪᠡ︶ ᠤᠬᠠᠭᠤᠯᠭ᠎ᠠ ᠪᠣᠯᠪᠠᠰᠤᠷᠠᠭᠤᠯᠤᠯ  ᠢ ᠠᠬᠢᠭᠤᠯᠬᠤ ᠰᠲ᠋ᠣᠺ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠯᠣᠭᠤᠳᠤᠨ᠎ᠠ ; ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠢᠴᠢ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠪᠠ ᠵᠢᠯ ᠤᠨ ᠪᠣᠯᠪᠠᠰᠤᠷᠠᠭᠤᠯᠤᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠵᠢᠯᠣᠭᠤᠳᠤᠨ᠎ᠠ ; ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠲᠥᠯᠦᠪᠵᠢᠭᠦᠯᠭᠡ ᠶᠢ ᠰᠤᠳᠤᠯᠤᠨ ᠲᠣᠭᠲᠠᠭᠠᠨ᠎ᠠ ; ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠤᠬᠠᠭᠤᠯᠬᠤ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ ; ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ᠂ ᠵᠣᠷᠢᠭᠰᠠᠨ ᠭᠠᠵᠠᠷ ᠪᠠ ᠵᠠᠮ ᠱᠤᠭᠤᠮ ᠢ ᠤᠬᠠᠭᠤᠯᠤᠨ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ ; ᠴᠢᠬᠤᠯᠠ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠴᠢᠬᠤᠯᠠ ᠶᠡᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠪᠠ ᠰᠣᠶᠣᠯ ᠤᠨ ᠵᠢᠭᠤᠯᠴᠢᠯᠠᠯ ᠤᠨ ᠦᠢᠯᠡᠰ ᠤᠨ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠶᠢ ᠵᠢᠯᠣᠭᠤᠳᠤᠨ᠎ᠠ ; ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢᠨ ᠬᠡᠷᠡᠭ ᠶᠠᠪᠤᠳᠠᠯ ᠢ ᠡᠭᠦᠷᠭᠡᠯᠡᠵᠦ᠂ ᠣᠯᠠᠨ ᠤᠯᠤᠰ ᠵᠢᠴᠢ ᠰᠢᠶᠠᠩᠭᠠᠩ ᠣᠣᠮᠧᠨ ᠲᠠᠶᠢᠸᠠᠨ᠂ ᠤᠯᠤᠰ ᠤᠨ ᠳᠣᠲᠣᠭᠠᠳᠤ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠤᠬᠠᠭᠤᠯᠭ᠎ᠠ ᠶᠢᠨ ᠪᠣᠷᠤᠯᠠᠭᠤᠯᠭ᠎ᠠ ᠶᠢ ᠥᠷᠨᠢᠭᠦᠯᠦᠨ᠎ᠡ ; ᠰᠣᠶᠣᠯ ᠵᠢᠭᠤᠯᠴᠢᠯᠠᠯ ᠤᠨ ᠳᠤᠷᠠᠰᠬᠠᠯ ᠤᠨ ᠡᠳ᠋ ᠢ ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃          ︵ᠲᠠᠪᠤ︶ ᠭᠠᠳᠠᠭᠠᠳᠤ ᠲᠠᠢ ᠬᠠᠮᠲᠤᠷᠠᠯᠴᠠᠬᠤ ᠪᠠ ᠰᠣᠯᠢᠯᠴᠠᠬᠤ ᠰᠲ᠋ᠣᠺ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠭᠠᠳᠠᠭᠠᠳᠤ ᠲᠠᠢ ᠰᠣᠯᠢᠯᠴᠠᠭ᠎ᠠ ᠬᠢᠬᠦ᠂ ᠬᠠᠮᠲᠤᠷᠠᠨ ᠠᠵᠢᠯᠯᠠᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠳᠤᠮᠳᠠᠳᠤ ᠭᠠᠳᠠᠭᠠᠳᠤ ᠶᠢᠨ ᠬᠠᠮᠲᠤᠷᠠᠯᠴᠠᠭ᠎ᠠ ᠵᠢᠴᠢ ᠪᠤᠰᠤᠳ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠤᠨ ᠵᠥᠪᠳᠡᠯᠴᠡᠨ ᠭᠠᠷ ᠤᠨ ᠥᠰᠥᠭ ᠵᠢᠷᠤᠬᠤ ᠠᠵᠢᠯ ᠢ ᠳᠠᠭᠠᠭᠠᠨ ᠭᠦᠢᠴᠡᠳᠬᠡᠵᠦ᠂ ᠬᠤᠰᠢᠭᠤᠨ ᠤ ᠵᠠᠰᠠᠭ ᠤᠨ ᠣᠷᠳᠣᠨ᠂ ᠠᠷᠠᠳ ᠤᠨ ᠳᠤᠮᠳᠠᠬᠢ ᠵᠢᠴᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢᠨ ᠬᠠᠮᠢᠶ᠎ᠠ ᠪᠦᠬᠦᠢ ᠶᠠᠪᠤᠳᠠᠯ ᠢ ᠳᠠᠭᠠᠭᠠᠨ ᠭᠦᠢᠴᠡᠳᠬᠡᠨ᠎ᠡ᠃ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠤᠯᠠᠨ ᠲᠦᠮᠡᠨ ᠤ ᠪᠦᠯᠬᠦᠮ ᠵᠡᠷᠭᠡ ᠶᠢᠨ ᠠᠵᠢᠯ ᠢ ᠬᠠᠷᠢᠭᠤᠴᠠᠨ᠎ᠠ᠃          ᠬᠠᠷᠢᠭᠤᠴᠠᠯᠭᠠᠲᠠᠨ᠄ ᠬᠤᠤ ᠶᠠᠨ ᠯᠢ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/762/0/page_1.html          ᠠᠵᠢᠯ ᠤᠨ ᠤᠲᠠᠰᠤ᠄ 0470 ︱ 6603826          ᠠᠵᠢᠯᠯᠠᠬᠤ ᠴᠠᠭ᠄ 9᠄ 00 ︱ 12᠄ 00᠂ ᠵᠣᠨ ᠤ ᠤᠯᠠᠷᠢᠯ᠄ 14᠄ 30 ︱ 17᠄ 30 ︵5 ᠰᠠᠷ᠎ᠠ ᠶᠢᠨ 1᠎ ᠤ ᠡᠳᠦᠷ ︱ 9 ᠰᠠᠷ᠎ᠠ ᠶᠢᠨ 30᠎ ᠤ ᠡᠳᠦᠷ︶ ᠡᠪᠦᠯ ᠤᠨ ᠤᠯᠠᠷᠢᠯ ᠤᠨ 14᠄ 00 ︱ 17᠄ 00 ︵10 ᠰᠠᠷ᠎ᠠ ᠶᠢᠨ 1᠎ ᠤ ᠡᠳᠦᠷ ︱ 4 ᠰᠠᠷ᠎ᠠ ᠶᠢᠨ 30᠎ ᠤ ᠡᠳᠦᠷ︶ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶           3. ᠬᠠᠷᠢᠶ᠎ᠠ ᠪᠠᠶᠢᠭᠤᠯᠤᠮᠵᠢ          ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︵ᠳᠣᠷᠣᠭᠰᠢ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠭᠡᠵᠦ ᠲᠣᠪᠴᠢᠯᠠᠨ᠎ᠠ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠠᠷᠢᠶᠠᠯᠠᠭᠳᠠᠬᠤ ᠨᠢᠭᠡᠴᠢ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠶᠢᠨ ᠲᠠᠰ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠥᠯᠥᠪᠯᠡᠭᠡ᠂ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠡᠷ᠎ᠡ ᠪᠠᠷ ᠨᠢᠭᠡᠳᠦᠯᠲᠡᠢ ᠬᠠᠤᠯᠢ ᠬᠡᠷᠡᠭᠵᠢᠭᠦᠯᠵᠦ᠂ ᠡᠷᠬᠡ ᠮᠡᠳᠡᠯ ᠤᠨ ᠬᠡᠪᠴᠢᠶᠡᠨ ᠳᠣᠲᠣᠷᠠᠬᠢ ᠰᠣᠶᠣᠯ᠂ ᠲᠡᠦᠬᠡ ᠶᠢᠨ ᠳᠤᠷᠠᠰᠬᠠᠯᠲᠤ ᠵᠦᠢᠯ᠂ ᠪᠡᠶ᠎ᠡ ᠶᠢᠨ ᠲᠠᠮᠢᠷ᠂ ᠬᠡᠪᠯᠡᠯ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ ᠤᠨ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠢᠴᠢ ᠵᠠᠰᠠᠭ ᠵᠠᠬᠢᠷᠭᠠᠨ ᠤ ᠰᠢᠢᠳᠬᠡᠯ ᠎ ᠯᠦᠭᠡ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠬᠦᠷᠢᠶᠡᠨ ᠳᠠᠬᠢ ᠬᠡᠷᠡᠭ ᠢ ᠰᠢᠮᠳᠠᠭᠤᠯᠤᠨ ᠰᠢᠢᠳᠪᠦᠷᠢᠯᠡᠬᠦ᠂ ᠪᠠᠶᠢᠴᠠᠭᠠᠨ ᠰᠢᠢᠳᠪᠦᠷᠢᠯᠡᠬᠦ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠱᠠᠯᠢᠭ ᠵᠠᠪᠬᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠡᠭᠦᠷᠭᠡᠯᠡᠨ᠎ᠡ᠃ ᠡᠯ᠎ᠡ ᠰᠤᠮᠤ ᠪᠠᠯᠭᠠᠰᠤ ᠶᠢᠨ ᠰᠣᠶᠣᠯ ᠤᠨ ᠵᠠᠬ᠎ᠠ ᠳᠡᠯᠭᠡᠭᠦᠷ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃ᠬᠠᠷᠢᠭᠤᠴᠠᠯᠭᠠᠲᠠᠨ᠄ ᠸᠠᠩ ᠴᠠᠩ ᠮᠢᠩ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/762/0/page_1.html          ᠠᠵᠢᠯ ᠤᠨ ᠤᠲᠠᠰᠤ᠄ 0470 ︱ 6603826          ᠠᠵᠢᠯᠯᠠᠬᠤ ᠴᠠᠭ᠄ 9᠄ 00 ︱ 12᠄ 00᠂ ᠵᠣᠨ ᠤ ᠤᠯᠠᠷᠢᠯ᠄ 14᠄ 30 ︱ 17᠄ 30 ︵5 ᠰᠠᠷ᠎ᠠ ᠶᠢᠨ 1᠎ ᠤ ᠡᠳᠦᠷ ︱ 9 ᠰᠠᠷ᠎ᠠ ᠶᠢᠨ 30᠎ ᠤ ᠡᠳᠦᠷ︶ ᠡᠪᠦᠯ ᠤᠨ ᠤᠯᠠᠷᠢᠯ ᠤᠨ 14᠄ 00 ︱ 17᠄ 00 ︵10 ᠰᠠᠷ᠎ᠠ ᠶᠢᠨ 1᠎ ᠤ ᠡᠳᠦᠷ ︱ 4 ᠰᠠᠷ᠎ᠠ ᠶᠢᠨ 30᠎ ᠤ ᠡᠳᠦᠷ︶ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ᠃ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ︵ᠳᠣᠷᠣᠭᠰᠢ ᠬᠤᠰᠢᠭᠤᠨ ᠤ ᠤᠯᠠᠭᠠᠨᠮᠥ᠋ᠴᠢᠷ ᠭᠡᠵᠦ ᠲᠣᠪᠴᠢᠯᠠᠨ᠎ᠠ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠶᠢᠨ ᠲᠠᠰ ᠲᠠᠢ ᠲᠡᠩᠴᠡᠨ᠎ᠡ᠃ ᠲᠡᠭᠦᠨ ᠤ ᠭᠤᠣᠯ ᠲᠤᠰᠢᠶᠠᠯ ᠬᠠᠷᠢᠭᠤᠴᠠᠯᠭ᠎ᠠ᠄ ᠤᠷᠠᠯᠢᠭ ᠤᠨ ᠬᠡᠯᠪᠡᠷᠢ ᠪᠠᠷ ᠳᠠᠮᠵᠢᠭᠤᠯᠤᠨ ᠨᠠᠮ ᠤᠨ ᠱᠤᠭᠤᠮ ᠴᠢᠭᠯᠡᠯᠲᠡ ᠲᠤᠶᠢᠷᠦ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠣᠭᠯᠠᠯᠲᠠ ᠭᠠᠷᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ᠃ ᠤᠯᠠᠨ ᠲᠦᠮᠡᠨ ᠤ ᠠᠵᠢᠯ ᠤᠨ ᠴᠢᠯᠦᠭᠡᠨ ᠤ ᠤᠷᠠᠨ ᠰᠠᠶᠢᠬᠠᠨ ᠤ ᠲᠣᠭᠯᠠᠯᠲᠠ ᠪᠠ ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠤᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ ᠭᠡᠰᠢᠭᠦᠨ ᠢ ᠬᠥᠮᠥᠵᠢᠭᠦᠯᠦᠨ᠎ᠡ᠃ ᠤᠳᠬ᠎ᠠ ᠤᠷᠠᠯᠢᠭ ᠤᠨ ᠰᠤᠳᠤᠯᠭᠠᠨ ᠳᠤ ᠬᠤᠯᠪᠣᠭᠳᠠᠬᠤ ᠭᠠᠳᠠᠭᠠᠳᠤ ᠲᠠᠢ ᠬᠠᠮᠲᠤᠷᠠᠨ ᠠᠵᠢᠯᠯᠠᠬᠤ ᠪᠠ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯ ᠢ ᠡᠭᠦᠷᠭᠡᠯᠡᠨ᠎ᠡ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠵᠦᠢᠯ ᠤᠨ ᠴᠢᠬᠤᠯᠠ ᠶᠡᠭᠡ ᠤᠳᠬ᠎ᠠ ᠤᠷᠠᠯᠢᠭ ᠤᠨ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃ ᠳᠣᠲᠣᠭᠠᠳᠤ ᠪᠠᠶᠢᠭᠤᠯᠤᠮᠵᠢ᠄ 1. ᠠᠯᠪᠠᠨ ᠭᠡᠷ᠃ ᠲᠤᠰ ᠨᠢᠭᠡᠴᠢ ᠶᠢᠨ ᠢᠶᠠᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ ; ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ ᠂ ᠬᠤᠷᠠᠯ ᠤᠨ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ; ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠮᠡᠷᠭᠡᠵᠢᠯ ᠤᠨ ᠴᠣᠯᠠ ᠲᠣᠭᠲᠠᠭᠠᠬᠤ ᠤᠷᠢᠬᠤ ᠵᠡᠷᠭᠡ ᠬᠠᠪᠰᠤᠷᠤᠮᠵᠢ ᠶᠢᠨ ᠴᠢᠨᠠᠷᠲᠠᠢ ᠠᠵᠢᠯ ᠢ ᠡᠭᠦᠷᠭᠡᠯᠡᠨ᠎ᠡ ; ᠤᠷᠠᠯᠢᠭ ᠤᠨ ᠪᠦᠲᠦᠭᠡᠯ  ᠢ ᠴᠤᠭᠯᠠᠭᠤᠯᠬᠤ᠂ ᠡᠮᠬᠢᠳᠬᠡᠬᠦ ᠵᠡᠷᠭᠡ ᠠᠵᠢᠯ  ᠢ ᠬᠠᠷᠢᠭᠤᠴᠠᠨ᠎ᠠ᠃ 2. ᠡᠭᠦᠳᠦᠨ ᠨᠠᠶᠢᠷᠠᠭᠤᠯᠤᠭᠰᠠᠨ ᠬᠤᠪᠢ᠃ ᠡᠯ᠎ᠡ ᠲᠥᠷᠥᠯ ᠤᠨ ᠦᠳᠡᠰᠢᠯᠡᠭᠡ ᠵᠢᠴᠢ ᠡᠯ᠎ᠡ ᠤᠷᠠᠯᠢᠭ ᠤᠨ ᠲᠥᠷᠥᠯ ᠤᠨ ᠵᠣᠬᠢᠶᠠᠨ ᠪᠦᠲᠦᠭᠡᠬᠦ᠂ ᠵᠢᠷᠤᠵᠤ ᠲᠥᠯᠥᠪᠯᠡᠬᠦ᠂ ᠨᠠᠶᠢᠷᠠᠭᠤᠯᠤᠨ ᠵᠢᠭᠰᠠᠭᠠᠬᠤ ᠠᠵᠢᠯ  ᠢ ᠬᠠᠷᠢᠭᠤᠴᠠᠨ᠎ᠠ᠃ ᠣᠷᠣᠰ᠂ ᠮᠣᠩᠭᠤᠯ ᠵᠢᠴᠢ ᠬᠤᠰᠢᠭᠤᠨ ᠤ ᠣᠷᠣᠨ ᠤ ᠭᠠᠳᠠᠨᠠᠬᠢ ᠰᠣᠶᠣᠯ ᠤᠨ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ ; ᠸᠢᠴᠠᠲ ᠤᠨ ᠨᠡᠶᠢᠲᠡ ᠶᠢᠨ ᠳ᠋ᠤᠭᠠᠷ᠂ ᠣᠬᠤᠷ ᠬᠠᠷᠠᠭᠠᠨ ᠳᠠᠪᠲᠠᠮᠵᠢ ᠶᠢᠨ ᠲᠠᠪᠴᠠᠩ ᠤᠨ ᠠᠭᠤᠯᠭ᠎ᠠ ᠶᠢ ᠨᠠᠶᠢᠷᠠᠭᠤᠯᠬᠤ᠂ ᠦᠢᠯᠡᠳᠬᠦ᠂ ᠬᠢᠨᠠᠬᠤ᠂ ᠨᠡᠶᠢᠲᠡᠯᠡᠬᠦ ᠪᠠ ᠬᠠᠮᠢᠶᠠᠷᠴᠤ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ᠃ 3. ᠲᠣᠭᠯᠠᠭᠴᠢ ᠪᠠ ᠲᠤᠬᠠᠶᠢᠯᠠᠭᠰᠠᠨ ᠠᠵᠢᠯ ᠤᠨ ᠰᠲ᠋ᠣᠺ᠃ ᠤᠯᠠᠭᠠᠨᠮᠥ᠋ᠴᠢᠷ ᠤᠨ ᠭᠠᠳᠠᠭᠠᠳᠤ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ︔ ᠳᠠᠭᠤᠯᠠᠬᠤᠢ᠂ ᠬᠥᠭᠵᠢᠮᠳᠡᠭᠦᠷ ᠤᠨ ᠬᠥᠭᠵᠢᠮ᠂ ᠪᠥᠵᠢᠭ᠂ ᠳᠠᠭᠤᠤ ᠬᠥᠭᠵᠢᠮ ᠵᠡᠷᠭᠡ ᠤᠷᠠᠯᠢᠭ ᠤᠨ ᠵᠦᠴᠦᠭᠡ ︵ᠲᠣᠭᠯᠠᠯᠲᠠ︶ ᠎ ᠶᠢᠨ ᠪᠣᠯᠪᠠᠰᠤᠷᠠᠯ᠂ ᠲᠣᠭᠯᠠᠯᠲᠠ  ᠶᠢᠨ ᠠᠵᠢᠯ  ᠢ ᠬᠠᠷᠢᠭᠤᠴᠠᠨ᠎ᠠ ; ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ᠂ ᠬᠥᠭᠵᠢᠭᠦᠯᠬᠦ ᠪᠠ ᠬᠠᠮᠠᠭᠠᠯᠠᠬᠤ ᠠᠵᠢᠯ ᠢ ᠡᠭᠦᠷᠭᠡᠯᠡᠨ᠎ᠡ ; ᠡᠯ᠎ᠡ ᠲᠥᠷᠥᠯ ᠤᠨ ᠲᠣᠭᠯᠠᠯᠲᠠ  ᠶᠢ ᠲᠥᠰᠥᠪᠯᠡᠬᠦ᠂ ᠵᠣᠬᠢᠴᠠᠭᠤᠯᠬᠤ᠂ ᠤᠬᠠᠭᠤᠯᠬᠤ ᠵᠡᠷᠭᠡ ᠠᠵᠢᠯ  ᠢ ᠬᠠᠷᠢᠭᠤᠴᠠᠨ᠎ᠠ᠃ ᠤᠯᠠᠨ ᠲᠦᠮᠡᠨ ᠤ ᠠᠵᠢᠯ ᠤᠨ ᠴᠢᠯᠦᠭᠡᠨ ᠤ ᠤᠷᠠᠨ ᠰᠠᠶᠢᠬᠠᠨ ᠤ ᠲᠣᠭᠯᠠᠯᠲᠠ᠂ ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠤᠭᠤᠳᠬᠤ ᠪᠠ ᠦᠨᠳᠦᠰᠦᠨ ᠱᠠᠲᠤᠨ ᠤ ᠤᠷᠠᠨ ᠰᠠᠶᠢᠬᠠᠨ ᠤ ᠭᠤᠣᠯᠯᠠᠭᠴᠢ ᠬᠦᠴᠦᠨ ᠢ ᠬᠥᠮᠥᠵᠢᠭᠦᠯᠬᠦ ᠶᠢ ᠬᠠᠴᠢᠭᠤᠴᠠᠨ᠎ᠠ᠃ 4. ᠪᠥᠵᠢᠭ ᠤᠨ ᠭᠤᠸ᠎ᠠ ᠰᠠᠶᠢᠬᠠᠨ ᠤ ᠪᠠᠭᠠᠵᠢ ᠬᠡᠷᠡᠭᠰᠡᠯ ᠤᠨ ᠲᠠᠰᠤᠭ᠃ ᠪᠥᠵᠢᠭ ᠤᠨ ᠭᠤᠸ᠎ᠠ ᠰᠠᠶᠢᠬᠠᠨ ᠤ ᠪᠠᠭᠠᠵᠢ ᠬᠡᠷᠡᠭᠰᠡᠯ  ᠢ ᠵᠢᠷᠤᠵᠤ ᠲᠥᠯᠥᠪᠯᠡᠬᠦ᠂ ᠦᠢᠯᠡᠳᠬᠦ ᠵᠢᠴᠢ ᠬᠤᠪᠴᠠᠰᠤ ᠬᠤᠨᠠᠷ  ᠢ ᠬᠠᠮᠢᠶᠠᠷᠬᠤ ᠪᠠ ᠳ᠋ᠧᠩ ᠤᠨ ᠬᠡᠷᠡᠯ ᠤᠨ ᠬᠦᠡᠭᠬᠢᠨᠡᠬᠦᠷ᠂ LED ᠳᠡᠯᠭᠡᠴᠡ  ᠶᠢ ᠵᠢᠷᠤᠵᠤ ᠲᠥᠯᠥᠪᠯᠡᠬᠦ᠂ ᠲᠤᠷᠰᠢᠨ ᠲᠣᠬᠢᠷᠠᠭᠤᠯᠬᠤ ᠵᠡᠷᠭᠡ ᠮᠡᠷᠭᠡᠵᠢᠯ ᠤᠨ ᠦᠢᠯᠡᠴᠢᠯᠡᠭᠡᠨ ᠤ ᠠᠵᠢᠯ  ᠢ ᠬᠠᠷᠢᠭᠤᠴᠠᠨ᠎ᠠ᠃ ᠲᠢᠶᠠᠲᠷ ᠤᠨ ᠳ᠋ᠧᠩ ᠤᠨ ᠬᠡᠷᠡᠯ᠂ ᠲᠠᠭᠤ ᠴᠢᠮᠡᠭᠡ᠂ LED ᠳᠡᠯᠭᠡᠴᠡ ᠵᠡᠷᠭᠡ ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠤᠭᠰᠠᠷᠠᠬᠤ ᠵᠡᠷᠭᠡ ᠠᠵᠢᠯ ᠢ ᠡᠭᠦᠷᠭᠡᠯᠡᠨ᠎ᠡ᠃          ᠬᠠᠷᠢᠭᠤᠴᠠᠯᠭᠠᠲᠠᠨ᠄ ᠴᠢᠯᠠᠭᠤ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/762/0/page_1.html          ᠠᠵᠢᠯ ᠤᠨ ᠤᠲᠠᠰᠤ᠄ 0470 ︱ 6603826          ᠠᠵᠢᠯᠯᠠᠬᠤ ᠴᠠᠭ᠄ 9᠄ 00 ︱ 12᠄ 00᠂ ᠵᠣᠨ ᠤ ᠤᠯᠠᠷᠢᠯ᠄ 14᠄ 30 ︱ 17᠄ 30 ︵5 ᠰᠠᠷ᠎ᠠ ᠶᠢᠨ 1᠎ ᠤ ᠡᠳᠦᠷ ︱ 9 ᠰᠠᠷ᠎ᠠ ᠶᠢᠨ 30᠎ ᠤ ᠡᠳᠦᠷ︶ ᠡᠪᠦᠯ ᠤᠨ ᠤᠯᠠᠷᠢᠯ ᠤᠨ 14᠄ 00 ︱ 17᠄ 00 ︵10 ᠰᠠᠷ᠎ᠠ ᠶᠢᠨ 1᠎ ᠤ ᠡᠳᠦᠷ ︱ 4 ᠰᠠᠷ᠎ᠠ ᠶᠢᠨ 30᠎ ᠤ ᠡᠳᠦᠷ︶ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ︵ᠭᠤᠷᠪᠠ︶ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠤᠨ ᠣᠷᠳᠣᠨ᠃ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠤᠨ ᠣᠷᠳᠣᠨ ︵ᠰᠢᠨ᠎ᠡ ᠪᠠᠷᠭᠤ ᠵᠡᠭᠦᠨ ᠬᠤᠰᠢᠭᠤᠨ ᠤ ᠤᠷᠠᠨ ᠵᠢᠷᠤᠭ ᠤᠨ ᠣᠷᠳᠣᠨ᠂ ᠰᠢᠨ᠎ᠡ ᠪᠠᠷᠭᠤ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠤᠨ ᠫᠠᠶᠢᠰᠠ ᠡᠯᠭᠦᠨ᠎ᠡ︶ ︵ᠳᠣᠷᠣᠭᠰᠢ ᠬᠤᠰᠢᠭᠤᠨ ᠤ ᠰᠣᠶᠣᠯ ᠤᠨ ᠣᠷᠳᠣᠨ ᠭᠡᠵᠦ ᠲᠣᠪᠴᠢᠯᠠᠨ᠎ᠠ᠂ ᠬᠤᠰᠢᠭᠤᠨ ᠤ ᠰᠣᠶᠣᠯ ᠤᠨ ᠣᠷᠳᠣᠨ ︵  ᠬᠤᠰᠢᠭᠤᠨ ᠤ ᠤᠷᠠᠨ ᠵᠢᠷᠤᠭ ᠤᠨ ᠣᠷᠳᠣᠨ᠂ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠤᠨ ᠫᠠᠶᠢᠰᠠ ᠡᠯᠭᠦᠨ᠎ᠡ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠡᠰ ᠲᠠᠢ ᠲᠡᠩᠴᠡᠨ᠎ᠡ᠃ ᠭᠤᠣᠯ ᠲᠤᠰᠢᠶᠠᠯ ᠬᠠᠷᠢᠭᠤᠴᠠᠯᠭ᠎ᠠ᠄ ᠤᠳᠤᠷᠢᠳᠤᠮᠵᠢ ᠶᠢᠨ ᠴᠢᠨᠠᠷᠲᠠᠢ᠂ ᠲᠥᠯᠥᠭᠡᠯᠡᠬᠦ ᠴᠢᠨᠠᠷᠲᠠᠢ᠂ ᠵᠢᠱᠢᠶ᠎ᠡ ᠦᠵᠡᠭᠦᠯᠬᠦ ᠴᠢᠨᠠᠷᠲᠠᠢ᠃ ᠤᠯᠠᠨ ᠲᠦᠮᠡᠨ ᠤ ᠰᠣᠶᠣᠯ ᠤᠷᠠᠯᠢᠭ ᠤᠨ ᠠᠵᠢᠯᠯᠠᠭ᠎ᠠ ᠶᠢ ᠤᠬᠠᠭᠠᠯᠠᠨ ᠰᠡᠳᠦᠬᠦ᠂ ᠵᠣᠬᠢᠶᠠᠨ ᠪᠠᠶᠢᠭᠤᠯᠵᠤ ᠥᠷᠨᠢᠭᠦᠯᠬᠦ ᠶᠢ ᠬᠠᠷᠢᠭᠤᠴᠠᠨ᠎ᠠ ; ᠰᠣᠶᠣᠯ ᠤᠷᠠᠯᠢᠭ ᠤᠨ ᠮᠡᠳᠡᠯᠭᠡ ᠶᠢ ᠤᠬᠠᠭᠤᠯᠬᠤ᠂ ᠬᠥᠮᠥᠵᠢᠭᠦᠯᠬᠦ ᠪᠠ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ᠃ ᠤᠯᠠᠨ ᠨᠡᠶᠢᠲᠡ ᠶᠢᠨ ᠰᠣᠶᠣᠯ᠂ ᠠᠷᠠᠳ ᠤᠨ ᠰᠣᠶᠣᠯ ᠤᠨ ᠤᠨᠤᠯ ᠤᠨ ᠰᠤᠳᠤᠯᠭᠠᠨ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠨᠤᠯ ᠤᠨ ᠰᠤᠳᠤᠯᠭᠠᠨ ᠤ ᠠᠵᠢᠯ ᠢ ᠥᠷᠨᠢᠭᠦᠯᠦᠨ᠎ᠡ ; ᠤᠷᠠᠯᠢᠭ ᠤᠨ ᠳᠠᠩᠰᠠ ᠡᠪᠬᠡᠮᠡᠯ᠂ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠳᠠᠭᠠᠯᠠᠨ ᠬᠠᠮᠢᠶᠠᠷᠬᠤ ᠪᠠ ᠨᠡᠭᠡᠭᠡᠨ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ ; ᠪᠥᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ ᠤᠨ ᠦᠵᠡᠰᠬᠦᠯᠡᠩ᠂ ᠬᠤᠷᠢᠶᠠᠨ ᠬᠠᠳᠠᠭᠠᠯᠠᠬᠤ ᠪᠠ ᠭᠠᠳᠠᠭᠠᠳᠤ ᠳᠤ ᠵᠣᠷᠢᠭᠤᠯᠤᠭᠰᠠᠨ ᠤᠷᠠᠨ ᠵᠢᠷᠤᠭ ᠤᠨ ᠰᠣᠯᠢᠯᠴᠠᠭ᠎ᠠ ᠪᠠ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠶᠢᠨ ᠰᠣᠶᠣᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠠᠮᠢᠶ᠎ᠠ ᠪᠦᠬᠦᠢ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠲᠣᠭᠠᠴᠢᠯᠠᠭᠰᠠᠨ ᠰᠣᠶᠣᠯ ᠤᠨ ᠣᠷᠳᠣᠨ ︵ᠥᠷᠲᠡᠭᠡ︶᠎ ᠤ ᠬᠡᠷᠡᠭᠯᠡᠯᠲᠡ ᠳᠡᠯᠭᠡᠷᠡᠭᠦᠯᠦᠯᠲᠡ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠷᠢᠭᠤᠴᠠᠯᠭᠠᠲᠠᠨ᠄ ᠶᠦᠩ ᠮᠧᠶ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/762/0/page_1.html          ᠠᠵᠢᠯ ᠤᠨ ᠤᠲᠠᠰᠤ᠄ 0470 ︱ 6603826          ᠠᠵᠢᠯᠯᠠᠬᠤ ᠴᠠᠭ᠄ 9᠄ 00 ︱ 12᠄ 00᠂ ᠵᠣᠨ ᠤ ᠤᠯᠠᠷᠢᠯ᠄ 14᠄ 30 ︱ 17᠄ 30 ︵5 ᠰᠠᠷ᠎ᠠ ᠶᠢᠨ 1᠎ ᠤ ᠡᠳᠦᠷ ︱ 9 ᠰᠠᠷ᠎ᠠ ᠶᠢᠨ 30᠎ ᠤ ᠡᠳᠦᠷ︶ ᠡᠪᠦᠯ ᠤᠨ ᠤᠯᠠᠷᠢᠯ ᠤᠨ 14᠄ 00 ︱ 17᠄ 00 ︵10 ᠰᠠᠷ᠎ᠠ ᠶᠢᠨ 1᠎ ᠤ ᠡᠳᠦᠷ ︱ 4 ᠰᠠᠷ᠎ᠠ ᠶᠢᠨ 30᠎ ᠤ ᠡᠳᠦᠷ︶ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ︵ᠳᠥᠷᠪᠡ︶ ᠰᠢᠨ᠎ᠡ ᠪᠠᠷᠭᠤ ᠵᠡᠭᠦᠨ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ᠃ ᠰᠢᠨ᠎ᠡ ᠪᠠᠷᠭᠤ ᠵᠡᠭᠦᠨ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ︵ᠰᠢᠨ᠎ᠡ ᠪᠠᠷᠭᠤ ᠵᠡᠭᠦᠨ ᠬᠤᠰᠢᠭᠤᠨ ᠤ ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠫᠠᠶᠢᠰᠠ ᠡᠯᠭᠦᠨ᠎ᠡ︶ ︵ᠳᠣᠷᠣᠭᠰᠢ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠭᠡᠵᠦ ᠲᠣᠪᠴᠢᠯᠠᠨ᠎ᠠ᠂ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ︵ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠫᠠᠶᠢᠰᠠ ᠡᠯᠭᠦᠨ᠎ᠡ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠲᠠᠰ ᠤᠨ ᠲᠠᠰ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠪᠦᠭᠦ ᠬᠤᠰᠢᠭᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠤᠳᠤᠯᠭᠠᠨ ᠢ ᠥᠷᠨᠢᠭᠦᠯᠦᠨ᠎ᠡ︔ ᠪᠦᠭᠦ ᠬᠤᠰᠢᠭᠤᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢᠨ ᠰᠠᠨᠠᠭᠤᠯᠭ᠎ᠠ ᠳᠤᠷᠠᠳᠤᠨ᠎ᠠ᠃ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠵᠢᠴᠢ ᠪᠡᠶ᠎ᠡ ᠶᠢᠨ ᠲᠠᠮᠢᠷ ᠤᠨ ᠤᠬᠠᠭᠤᠯᠭ᠎ᠠ᠂ ᠬᠥᠮᠦᠵᠢᠯ ᠤᠨ ᠠᠵᠢᠯ ᠢ ᠵᠢᠯᠣᠭᠤᠳᠤᠨ ᠵᠣᠬᠢᠴᠠᠭᠤᠯᠵᠤ ᠥᠷᠨᠢᠭᠦᠯᠦᠨ᠎ᠡ ; ᠤᠯᠤᠰ ᠠᠷᠠᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢ ᠵᠣᠬᠢᠶᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠺᠠᠲᠡᠷ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯ ᠢ ᠨᠡᠶᠢᠭᠡᠮᠴᠢᠯᠡᠬᠦ ᠪᠠ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠡᠭᠦᠷᠭᠡᠯᠡᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠬᠠᠪᠰᠤᠷᠤᠨ ᠰᠠᠶᠢᠲᠤᠷ ᠬᠢᠨ᠎ᠡ᠃ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠪᠲᠡᠷᠡᠯᠴᠡᠨ ᠬᠠᠷᠢᠯᠴᠠᠬᠤ ᠠᠵᠢᠯ ᠢ ᠡᠭᠦᠷᠭᠡᠯᠡᠵᠦ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠠᠳᠠᠭᠠᠳᠤ ᠲᠠᠢ ᠪᠡᠶ᠎ᠡ ᠶᠢᠨ ᠲᠠᠮᠢᠷ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠨ᠎ᠠ᠃ ᠡᠯ᠎ᠡ ᠳᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠢ ᠬᠠᠴᠢᠭᠤᠴᠠᠨ᠎ᠠ᠃ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠡᠷᠬᠢᠯᠡᠭᠰᠡᠨ ᠡᠯ᠎ᠡ ᠵᠦᠢᠯ ᠤᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠨᠡᠭᠡᠭᠡᠨ ᠬᠥᠭᠵᠢᠭᠦᠯᠬᠦ᠂ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠷᠢᠭᠤᠴᠠᠯᠭᠠᠲᠠᠨ᠄ ᠨᠠᠷᠠᠰᠤ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/762/0/page_1.html          ᠠᠵᠢᠯ ᠤᠨ ᠤᠲᠠᠰᠤ᠄ 0470 ︱ 6603826          ᠠᠵᠢᠯᠯᠠᠬᠤ ᠴᠠᠭ᠄ 9᠄ 00 ︱ 12᠄ 00᠂ ᠵᠣᠨ ᠤ ᠤᠯᠠᠷᠢᠯ᠄ 14᠄ 30 ︱ 17᠄ 30 ︵5 ᠰᠠᠷ᠎ᠠ ᠶᠢᠨ 1᠎ ᠤ ᠡᠳᠦᠷ ︱ 9 ᠰᠠᠷ᠎ᠠ ᠶᠢᠨ 30᠎ ᠤ ᠡᠳᠦᠷ︶ ᠡᠪᠦᠯ ᠤᠨ ᠤᠯᠠᠷᠢᠯ ᠤᠨ 14᠄ 00 ︱ 17᠄ 00 ︵10 ᠰᠠᠷ᠎ᠠ ᠶᠢᠨ 1᠎ ᠤ ᠡᠳᠦᠷ ︱ 4 ᠰᠠᠷ᠎ᠠ ᠶᠢᠨ 30᠎ ᠤ ᠡᠳᠦᠷ︶ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ︵ᠲᠠᠪᠤ︶ ᠰᠢᠨ᠎ᠡ ᠪᠠᠷᠭᠤ ᠵᠡᠭᠦᠨ ᠬᠤᠰᠢᠭᠤᠨ ᠤ ᠨᠣᠮ ᠤᠨ ᠰᠠᠩ᠃ ᠰᠢᠨ᠎ᠡ ᠪᠠᠷᠭᠤ ᠵᠡᠭᠦᠨ ᠬᠤᠰᠢᠭᠤᠨ ᠤ ᠨᠣᠮ ᠤᠨ ᠰᠠᠩ ︵ᠳᠣᠷᠣᠭᠰᠢ ᠬᠤᠰᠢᠭᠤᠨ ᠤ ᠨᠣᠮ ᠤᠨ ᠰᠠᠩ ᠭᠡᠵᠦ ᠲᠣᠪᠴᠢᠯᠠᠨ᠎ᠠ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠠᠰ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠨᠣᠮ ᠪᠢᠴᠢᠭ ᠵᠡᠷᠭᠡ ᠰᠤᠷᠪᠤᠯᠵᠢ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠲᠦᠷᠦᠯ ᠬᠤᠪᠢᠶᠠᠬᠤ᠂ ᠭᠠᠷᠴᠠᠭᠯᠠᠬᠤ᠂ ᠬᠠᠳᠠᠭᠠᠯᠠᠬᠤ᠂ ᠳᠡᠪᠰᠢᠭᠦᠯᠬᠦ᠂ ᠰᠤᠳᠤᠯᠬᠤ᠂ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃ ᠨᠡᠶᠢᠭᠡᠮ ᠨᠡᠶᠢᠲᠡ ᠳᠤ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ᠂ ᠨᠣᠮ ᠪᠢᠴᠢᠭ ᠵᠢᠭᠡᠯᠡᠨ ᠤᠩᠰᠢᠬᠤ᠂ ᠯᠠᠪᠯᠠᠯᠲᠠ ᠬᠠᠩᠭᠠᠬᠤ᠂ ᠨᠣᠮ ᠪᠢᠴᠢᠭ ᠨᠢᠭᠤᠴᠠ ᠮᠡᠳᠡᠭᠡ ᠵᠠᠩᠭᠢ ᠬᠠᠩᠭᠠᠬᠤ ᠵᠡᠷᠭᠡ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ ᠬᠤᠰᠢᠭᠤᠨ ᠤ ᠲᠣᠰ ᠱᠠᠲᠤᠨ ᠤ ᠨᠣᠮ ᠤᠨ ᠰᠠᠩ ᠤᠨ ᠣᠶᠤᠨᠴᠢᠯᠠᠭᠰᠠᠨ ᠪᠠᠶᠢᠭᠤᠯᠤᠯᠲᠠ᠂ ᠲᠣᠭᠠᠴᠢᠯᠠᠭᠰᠠᠨ ᠰᠣᠶᠣᠯ ᠤᠨ ᠡᠬᠢ ᠪᠠᠶᠠᠯᠢᠭ ᠤᠨ ᠪᠠᠶᠢᠭᠤᠯᠤᠯᠲᠠ ᠪᠠ ᠦᠢᠯᠡᠴᠢᠯᠡᠭᠡ ᠶᠢ ᠠᠬᠢᠭᠤᠯᠬᠤ ᠵᠡᠷᠭᠡ ᠠᠵᠢᠯ ᠢ ᠡᠭᠦᠷᠭᠡᠯᠡᠨ᠎ᠡ᠃ ᠬᠥᠮᠦᠵᠢᠯ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠣᠭᠤᠳᠤᠯᠭ᠎ᠠ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠣᠨᠣᠯ ᠤᠨ ᠰᠤᠳᠤᠯᠤᠯ᠂ ᠲᠠᠶᠢᠯᠤᠮᠵᠢ ᠦᠵᠡᠭᠦᠯᠦᠯᠭᠡ᠂ ᠭᠠᠳᠠᠭᠠᠳᠤ ᠲᠠᠢ ᠰᠣᠯᠢᠯᠴᠠᠭ᠎ᠠ ᠬᠢᠬᠦ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯᠯᠠᠭ᠎ᠠ ᠥᠷᠨᠢᠭᠦᠯᠬᠦ ᠶᠢ ᠡᠭᠦᠷᠭᠡᠯᠡᠵᠦ᠂ ᠪᠥᠬᠦ ᠠᠷᠠᠳ ᠤᠨ ᠨᠣᠮ ᠤᠩᠰᠢᠬᠤ ᠶᠢ ᠲᠦᠯᠬᠢᠨ ᠠᠬᠢᠭᠤᠯᠬᠤ᠂ ᠬᠥᠲᠥᠯᠥᠨ ᠵᠢᠯᠤᠭᠤᠳᠬᠤ᠂ ᠦᠢᠯᠡᠴᠢᠯᠡᠬᠦ ᠶᠢ ᠬᠠᠷᠢᠭᠤᠴᠠᠨ᠎ᠠ᠃ ᠦᠨᠳᠦᠰᠦᠨ ᠱᠠᠲᠤᠨ ᠤ ᠨᠣᠮ ᠪᠢᠴᠢᠭ ᠤᠨ ᠦᠷᠦᠭᠡ᠂ ᠦᠢᠯᠡᠴᠢᠯᠡᠭᠡᠨ ᠤ ᠭᠠᠵᠠᠷ ᠲᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠬᠤ ᠵᠡᠷᠭᠡ ᠠᠵᠢᠯ ᠢ ᠡᠭᠦᠷᠭᠡᠯᠡᠨ᠎ᠡ᠃ ᠣᠷᠣᠨ ᠨᠤᠲᠤᠭ ᠤᠨ ᠲᠤᠯᠭᠤᠷ ᠪᠢᠴᠢᠭ᠂ ᠦᠨᠳᠦᠰᠦᠲᠡᠨ ᠤ ᠲᠤᠯᠭᠤᠷ ᠪᠢᠴᠢᠭ ᠪᠠ ᠡᠷᠲᠡᠨ ᠤ ᠲᠤᠯᠭᠤᠷ ᠪᠢᠴᠢᠭ ᠵᠡᠷᠭᠡ ᠮᠠᠲ᠋ᠧᠷᠢᠶᠠᠯ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠡᠮᠬᠢᠳᠬᠡᠬᠦ᠂ ᠰᠤᠳᠤᠯᠬᠤ᠂ ᠬᠠᠮᠠᠭᠠᠯᠠᠬᠤ᠂ ᠠᠰᠢᠭᠯᠠᠬᠤ ᠵᠡᠷᠭᠡ ᠠᠵᠢᠯ ᠢ ᠥᠷᠨᠢᠭᠦᠯᠦᠨ᠎ᠡ᠃ ᠪᠠᠭᠠᠴᠤᠳ ᠬᠡᠦᠬᠡᠳ ᠤᠨ ᠨᠣᠮ ᠪᠢᠴᠢᠭ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠬᠦ ᠶᠢ ᠡᠭᠦᠷᠭᠡᠯᠡᠨ᠎ᠡ ; ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠡᠬᠢ ᠪᠠᠶᠠᠯᠢᠭ ᠢ ᠵᠢᠭᠡᠯᠡᠨ ᠤᠩᠰᠢᠬᠤ᠂ ᠠᠰᠢᠭᠯᠠᠬᠤ᠂ ᠠᠰᠠᠭᠤᠨ ᠯᠠᠪᠯᠠᠬᠤ᠂ ᠳᠠᠭᠠᠭᠤᠯᠤᠨ ᠤᠩᠰᠢᠬᠤ  ᠶᠢ ᠵᠢᠯᠤᠭᠤᠳᠴᠤ᠂ ᠦᠢᠯᠡᠴᠢᠯᠡᠭᠡᠨ ᠢ ᠬᠠᠩᠭᠠᠵᠤ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠭᠠᠴᠤᠳ ᠬᠡᠦᠬᠡᠳ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠷᠢᠭᠤᠴᠠᠯᠭᠠᠲᠠᠨ᠄ ᠨᠠᠷᠠᠨᠴᠡᠴᠡᠭ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/762/0/page_1.html          ᠠᠵᠢᠯ ᠤᠨ ᠤᠲᠠᠰᠤ᠄ 0470 ︱ 6603826          ᠠᠵᠢᠯᠯᠠᠬᠤ ᠴᠠᠭ᠄ 9᠄ 00 ︱ 12᠄ 00᠂ ᠵᠣᠨ ᠤ ᠤᠯᠠᠷᠢᠯ᠄ 14᠄ 30 ︱ 17᠄ 30 ︵5 ᠰᠠᠷ᠎ᠠ ᠶᠢᠨ 1᠎ ᠤ ᠡᠳᠦᠷ ︱ 9 ᠰᠠᠷ᠎ᠠ ᠶᠢᠨ 30᠎ ᠤ ᠡᠳᠦᠷ︶ ᠡᠪᠦᠯ ᠤᠨ ᠤᠯᠠᠷᠢᠯ ᠤᠨ 14᠄ 00 ︱ 17᠄ 00 ︵10 ᠰᠠᠷ᠎ᠠ ᠶᠢᠨ 1᠎ ᠤ ᠡᠳᠦᠷ ︱ 4 ᠰᠠᠷ᠎ᠠ ᠶᠢᠨ 30᠎ ᠤ ᠡᠳᠦᠷ︶ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ︵ᠵᠢᠷᠭᠤᠭ᠎ᠠ︶ ᠰᠢᠨ᠎ᠡ ᠪᠠᠷᠭᠤ ᠵᠡᠭᠦᠨ ᠬᠤᠰᠢᠭᠤᠨ ᠤ ᠮᠦᠽᠧᠢ᠃ ᠰᠢᠨ᠎ᠡ ᠪᠠᠷᠭᠤ ᠵᠡᠭᠦᠨ ᠬᠤᠰᠢᠭᠤᠨ ᠤ ᠮᠦᠽᠧᠢ ︵ᠰᠢᠨ᠎ᠡ ᠪᠠᠷᠭᠤ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ᠂ ᠰᠢᠨ᠎ᠡ ᠪᠠᠷᠭᠤ ᠵᠡᠭᠦᠨ ᠬᠤᠰᠢᠭᠤᠨ ᠤ ᠨᠣᠮᠣᠨᠬᠠᠨ ᠤ ᠳᠠᠶᠢᠯᠠᠯᠳᠤᠭᠠᠨ ᠤ ᠪᠠᠭᠤᠷᠢ ᠶᠢᠨ ᠳᠡᠯᠭᠡᠨ ᠦᠵᠡᠭᠦᠯᠬᠦ ᠣᠷᠳᠣᠨ ᠤ ᠫᠠᠶᠢᠰᠠ︶ ︵ᠳᠣᠷᠣᠭᠰᠢ ᠬᠤᠰᠢᠭᠤᠨ ᠤ ᠮᠦᠽᠧᠢ ᠭᠡᠵᠦ ᠲᠣᠪᠴᠢᠯᠠᠨ᠎ᠠ᠂ ᠬᠤᠰᠢᠭᠤᠨ ᠤ ᠮᠦᠽᠧᠢ ︵ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ᠂ ᠬᠤᠰᠢᠭᠤᠨ ᠤ ᠨᠣᠮᠣᠨᠬᠠᠨ ᠤ ᠳᠠᠶᠢᠯᠠᠯᠳᠤᠭᠠᠨ ᠤ ᠪᠠᠭᠤᠷᠢ ᠶᠢᠨ ᠳᠡᠯᠭᠡᠨ ᠦᠵᠡᠭᠦᠯᠬᠦ ᠣᠷᠳᠣᠨ ᠤ ᠫᠠᠶᠢᠰᠠ ᠡᠯᠭᠦᠨ᠎ᠡ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠡᠰ ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠪᠥᠬᠦ ᠬᠤᠰᠢᠭᠤᠨ ᠤ ᠮᠦᠽᠧᠢ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠶᠢ ᠲᠣᠭᠲᠠᠭᠠᠬᠤ ᠳᠤ ᠣᠷᠣᠯᠴᠠᠨ᠎ᠠ᠃ ᠮᠦᠽᠧᠢ  ᠶᠢᠨ ᠳᠡᠯᠭᠡᠨ ᠦᠵᠡᠭᠦᠯᠬᠦ᠂ ᠳᠡᠯᠭᠡᠨ ᠦᠵᠡᠭᠦᠯᠬᠦ ᠵᠢᠴᠢ ᠲᠡᠦᠬᠡ  ᠶᠢᠨ ᠳᠤᠷᠠᠰᠬᠠᠯᠲᠤ ᠵᠦᠢᠯ ᠤᠨ ᠬᠠᠳᠠᠭᠠᠯᠠᠮᠵᠢ  ᠶᠢᠨ ᠡᠳ᠋  ᠢ ᠴᠤᠭᠯᠠᠭᠤᠯᠬᠤ᠂ ᠬᠢᠨᠠᠨ ᠲᠣᠭᠲᠠᠭᠠᠬᠤ᠂ ᠬᠠᠮᠢᠶᠠᠷᠬᠤ᠂ ᠰᠡᠷᠭᠡᠶᠢᠯᠡᠬᠦ ᠴᠢᠨᠠᠷᠲᠠᠢ ᠬᠠᠮᠠᠭᠠᠯᠠᠬᠤ᠂ ᠰᠡᠷᠭᠦᠭᠡᠬᠦ ᠵᠡᠷᠭᠡ ᠠᠵᠢᠯ  ᠢ ᠡᠭᠦᠷᠭᠡᠯᠡᠨ᠎ᠡ᠃ ᠮᠦᠽᠧᠢ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ᠂ ᠲᠣᠭᠤᠷᠢᠨ ᠦᠵᠡᠵᠦ ᠭᠥᠯᠢᠶᠡᠨ ᠠᠪᠬᠤ᠂ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯ ᠢ ᠶᠠᠪᠤᠭᠳᠠᠭᠤᠯᠬᠤ ᠵᠡᠷᠭᠡ  ᠠᠵᠢᠯ ᠢ ᠡᠭᠦᠷᠭᠡᠯᠡᠨ᠎ᠡ᠃ ᠬᠤᠰᠢᠭᠤᠨ ᠤ ᠲᠡᠦᠬᠡ᠂ ᠰᠣᠶᠣᠯ ᠵᠢᠴᠢ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠪᠠ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠰᠣᠶᠣᠯ ᠤᠨ ᠪᠦᠲᠦᠭᠡᠯᠴᠢ ᠦᠢᠯᠡᠳᠬᠦᠨ ᠤ ᠨᠡᠭᠡᠭᠡᠨ ᠬᠥᠭᠵᠢᠭᠦᠯᠦᠯᠲᠡ ᠶᠢ ᠥᠷᠨᠢᠭᠦᠯᠵᠦ᠂ ᠰᠣᠶᠣᠯ ᠤᠨ ᠠᠵᠤ ᠦᠢᠯᠡᠰ ᠯᠦᠭᠡ ᠭᠦᠨᠵᠡᠭᠡᠢ ᠠᠭᠤᠰᠤᠯᠴᠠᠬᠤ ᠶᠢ ᠲᠦᠯᠬᠢᠨ ᠠᠬᠢᠭᠤᠯᠤᠨ᠎ᠠ᠃ ᠪᠥᠬᠦ ᠬᠤᠰᠢᠭᠤᠨ ᠤ ᠬᠡᠪᠴᠢᠶᠡᠨ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠠᠪᠤᠷᠠᠯᠳᠠ ᠶᠢᠨ ᠴᠢᠨᠠᠷᠲᠠᠢ ᠨᠡᠭᠡᠭᠡᠨ ᠮᠠᠯᠲᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ; ᠪᠥᠬᠦ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠥᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠨ ᠰᠢᠯᠭᠠᠬᠤ᠂ ᠵᠠᠰᠠᠨ ᠰᠡᠷᠭᠦᠭᠡᠬᠦ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠮᠠᠭᠠᠯᠠᠯᠲᠠ᠂ ᠰᠤᠳᠤᠯᠭᠠᠨ ᠤ ᠠᠵᠢᠯ ᠢ ᠡᠭᠦᠷᠭᠡᠯᠡᠨ᠎ᠡ᠃ ᠨᠣᠮᠣᠨᠬᠠᠨ ᠤ ᠳᠠᠶᠢᠯᠠᠯᠳᠤᠭᠠᠨ ᠤ ᠰᠤᠳᠤᠯᠭᠠᠨ ᠤ ᠠᠵᠢᠯ ᠢ ᠬᠠᠷᠢᠭᠤᠴᠠᠬᠤ ; ᠨᠣᠮ ᠤᠨ ᠰᠠᠩ ᠪᠠ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ᠂ ᠰᠤᠳᠤᠯᠬᠤ ᠵᠡᠷᠭᠡ ᠠᠵᠢᠯ ᠢ ᠡᠭᠦᠷᠭᠡᠯᠡᠨ᠎ᠡ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠷᠢᠭᠤᠴᠠᠯᠭᠠᠲᠠᠨ᠄ ᠭᠤᠸᠠᠨ ᠷᠦᠩ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/762/0/page_1.html          ᠠᠵᠢᠯ ᠤᠨ ᠤᠲᠠᠰᠤ᠄ 0470 ︱ 6603826          ᠠᠵᠢᠯᠯᠠᠬᠤ ᠴᠠᠭ᠄ 9᠄ 00 ︱ 12᠄ 00᠂ ᠵᠣᠨ ᠤ ᠤᠯᠠᠷᠢᠯ᠄ 14᠄ 30 ︱ 17᠄ 30 ︵5 ᠰᠠᠷ᠎ᠠ ᠶᠢᠨ 1᠎ ᠤ ᠡᠳᠦᠷ ︱ 9 ᠰᠠᠷ᠎ᠠ ᠶᠢᠨ 30᠎ ᠤ ᠡᠳᠦᠷ︶ ᠡᠪᠦᠯ ᠤᠨ ᠤᠯᠠᠷᠢᠯ ᠤᠨ 14᠄ 00 ︱ 17᠄ 00 ︵10 ᠰᠠᠷ᠎ᠠ ᠶᠢᠨ 1᠎ ᠤ ᠡᠳᠦᠷ ︱ 4 ᠰᠠᠷ᠎ᠠ ᠶᠢᠨ 30᠎ ᠤ ᠡᠳᠦᠷ︶ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶  
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ