ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠭᠡᠵᠦ ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠰᠠᠯᠠᠭᠠᠨ ᠤ ᠲᠠᠰ ᠲᠤ | ᠬᠠᠷᠢᠶᠠᠯᠠᠭᠳᠠᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠂ ᠰᠢᠨ᠎ᠡ ᠪᠠᠷᠭᠤ | ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠶᠢ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃ | | ᠨᠢᠭᠡ᠂ ᠭᠤᠣᠯ ᠡᠭᠦᠷᠭᠡ ᠬᠠᠷᠢᠭᠤᠴᠠᠯᠭ᠎ᠠ | | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ | ᠲᠡᠭᠦᠨ ᠢ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠶᠢ | ᠨᠢᠭᠡᠳᠦᠯᠲᠡᠢ ᠬᠡᠷᠡᠭᠵᠢᠭᠦᠯᠬᠦ᠂ ᠪᠤᠢ ᠪᠦᠬᠦᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠤᠢ ᠰᠢᠭᠤᠢ᠂ ᠨᠤᠲᠤᠭ | ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠰᠢᠶᠠᠯ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠵᠡᠷᠭᠡ ᠠᠵᠢᠯ ᠵᠢᠴᠢ ᠲᠤᠰ ᠪᠡᠶ᠎ᠡ ᠶᠢᠨ | ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ | ︵ᠬᠤᠶᠠᠷ︶ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠶ ᠰᠢᠭᠤᠢ᠂ ᠨᠤᠲᠤᠭ ᠪᠡᠯᠴᠢᠭᠡᠷ᠂ ᠨᠤᠭᠤ | ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠦᠬᠦᠢ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠲᠤᠭᠤᠰᠢᠯᠠᠭᠤᠯᠤᠨ ᠬᠡᠷᠡᠭᠵᠢᠭᠦᠯᠦᠨ᠎ᠡ᠃ | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ | ᠵᠢᠷᠤᠮᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ ᠵᠦᠢᠯ ᠤᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠥᠯ ᠵᠡᠷᠭᠡ ᠡᠬᠢ ᠪᠠᠶᠠᠯᠢᠭ ᠤᠨ ᠬᠥᠳᠡᠯᠦᠩᠭᠦᠢ ᠪᠠᠶᠢᠳᠠᠯ ᠢ ᠬᠢᠨᠠᠨ ᠰᠢᠨᠵᠢᠬᠦ | ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠳᠤ | ᠬᠢᠨᠠᠯᠲᠠ ᠲᠠᠯᠪᠢᠵᠤ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ | ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠢ ᠡᠷᠬᠡ ᠶᠢ ᠨᠤᠲᠠᠯᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠤ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ | ᠳᠡᠩᠰᠡᠯᠡᠵᠦ ᠲᠡᠮᠳᠡᠭᠯᠡᠬᠦ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ | ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ | ᠪᠠᠶᠢᠭᠤᠯᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ | ᠡᠳ᠋ᠯᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠠᠷᠠᠳ ᠨᠡᠶᠢᠲᠡ ᠶᠢᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠨ ᠪᠡᠯᠡ | ᠭᠠᠷᠭᠠᠬᠤ ᠪᠠ ᠭᠠᠵᠠᠷ ᠰᠢᠷᠣᠢ ᠶᠢ ᠨᠥᠭᠡᠴᠡᠯᠡᠬᠦ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯ ᠤᠨ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ | ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ | ᠶᠣᠰᠣᠭᠠᠷ ᠬᠤᠷᠢᠶᠠᠨ᠎ᠠ᠃ | ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠠᠴᠠ ᠵᠠᠷᠯᠠᠨ ᠨᠡᠶᠢᠲᠡᠯᠡᠭᠰᠡᠨ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ | ᠬᠠᠩᠰᠢ ᠶᠢᠨ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠠᠰ ᠬᠤᠪᠢᠶᠠᠨ ᠲᠠᠰ ᠲᠣᠭᠲᠠᠭᠠᠭᠰᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠠᠷᠪᠢᠲᠠᠢ ᠡᠷᠴᠢᠮᠯᠢᠭ ᠠᠰᠢᠭᠯᠠᠬᠤ ᠶᠢ ᠵᠢᠯᠣᠭᠤᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠳᠠ ᠬᠥᠳᠡᠭᠡ ᠶᠢ | ᠨᠢᠭᠡᠳᠦᠯᠲᠡᠢ ᠲᠥᠯᠥᠪᠯᠡᠬᠦ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠷᠡᠭᠵᠢᠭᠦᠯᠦᠨ᠎ᠡ᠃ | ︵ᠳᠣᠯᠤᠭ᠎ᠠ︶ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮᠵᠢ ᠶᠢ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ | ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ᠂ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ᠂ | ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ᠂ ᠬᠤᠲᠠ ᠶᠢᠨ ᠵᠢᠷᠤᠭ ᠲᠥᠯᠥᠪᠯᠡᠭᠡ᠂ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠳᠠ | ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ | ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠨᠡᠭᠡᠭᠡᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠬᠤᠳᠠ ᠬᠥᠳᠡᠭᠡ ᠶᠢᠨ | ᠲᠥᠯᠦᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠠᠵᠠᠷ ᠰᠢᠷᠣᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ | ᠣᠨ ᠤ ᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠭᠠᠵᠠᠷ ᠰᠢᠷᠣᠢ ᠵᠡᠷᠭᠡ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ | ᠬᠠᠮᠢᠶᠠᠷᠤᠯᠲᠠ ᠶᠢ ᠬᠠᠷᠢᠭᠤᠴᠠᠨ᠎ᠠ᠃ | ︵ᠨᠠᠢᠮᠠ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢᠨ ᠰᠡᠷᠭᠦᠭᠡᠯᠲᠡ ᠶᠢ ᠨᠢᠭᠡᠳᠦᠯᠲᠡᠢ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠯᠪᠣᠭᠳᠠᠯ ᠪᠦᠬᠦᠢ ᠠᠮᠢ | ᠠᠬᠤᠢ ᠶᠢ ᠰᠡᠷᠭᠦᠭᠡᠬᠦ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠢ ᠶᠢ ᠡᠮᠬᠢᠯᠡᠨ ᠳᠠᠬᠢᠨ ᠬᠠᠭᠠᠯᠪᠤᠷᠢᠯᠠᠬᠤ | ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠬᠦ᠂ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ | ᠪᠠᠶᠢᠭᠤᠯᠤᠯᠲᠠ ᠶᠢ ᠰᠡᠷᠭᠦᠭᠡᠬᠦ᠂ ᠴᠢᠭᠢᠭᠯᠢᠭ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠵᠡᠷᠭᠡ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠢ ᠪᠠᠷ ᠠᠰᠢᠭᠯᠠᠨ | ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠰᠣᠩᠭᠤᠭᠤᠯᠢ ᠳᠤ ᠪᠡᠯᠡᠳᠬᠡᠬᠦ ᠵᠦᠢᠯᠡᠰ ᠢ ᠳᠤᠷᠠᠳᠤᠨ ᠭᠠᠷᠭᠠᠨ᠎ᠠ᠃ | ( ᠶᠢᠰᠦ ) ᠲᠠᠷᠢᠶᠠᠨ ᠭᠠᠵᠠᠷ ᠢ ᠬᠠᠮᠠᠭᠠᠯᠠᠬᠤ ᠲᠤᠶᠢᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠲᠠᠷᠢᠶᠠᠨ ᠭᠠᠵᠠᠷ ᠢ | ᠬᠠᠮᠠᠭᠠᠯᠠᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ᠬᠠᠮᠠᠭᠠᠯᠠᠯᠲᠠ ᠶᠢ | ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ | ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠦᠷᠢ ᠥᠭᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ | ᠡᠷᠬᠡ ᠶᠢᠨ ᠬᠡᠪᠴᠢᠶᠡᠨ ᠳᠣᠲᠣᠷᠠᠬᠢ ᠪᠥᠬᠦ ᠬᠤᠰᠢᠭᠤᠨ ᠤ ᠭᠠᠵᠠᠷ ᠰᠢᠷᠣᠢ ᠶᠢᠨ ᠨᠡᠭᠡᠭᠡᠨ ᠠᠰᠢᠭᠯᠠᠯᠲᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ | ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠥᠷᠥᠯ ᠵᠦᠢᠯ ᠢ ᠰᠢᠯᠭᠠᠨ ᠠᠪᠬᠤ ᠠᠵᠢᠯ ᠢ ᠬᠠᠷᠢᠭᠤᠴᠠᠨ᠎ᠠ᠃ | ︵ᠠᠷᠪᠠ︶ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠶᠢᠲᠤ | ᠭᠠᠵᠠᠷ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠤᠢ᠂ ᠪᠠᠶᠢᠭᠠᠯᠢ ᠶᠢᠨ ᠤᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠤᠢ ᠰᠢᠭᠤᠢ ᠶᠢᠨ ᠤᠢ ᠰᠢᠭᠤᠢ ᠶᠢ ᠣᠭᠲᠣᠯᠬᠤ | ᠬᠢᠵᠠᠭᠠᠷ ᠲᠤᠭ᠎ᠠ ᠶᠢ ᠬᠡᠷᠡᠭᠵᠢᠭᠦᠯᠵᠦ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠶᠢ ᠬᠠᠷᠢᠭᠤᠴᠠᠨ᠎ᠠ᠃ ᠨᠤᠲᠤᠭ ᠪᠡᠯᠴᠢᠭᠡᠷ ᠲᠤ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠬᠠᠷᠢᠭᠤᠴᠠᠵᠤ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ | ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠤᠲᠤᠭ ᠪᠡᠯᠴᠢᠭᠡᠷ᠂ ᠨᠤᠭᠤ ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ | ᠬᠠᠮᠢᠶᠠᠷᠤᠨ᠎ᠠ᠃ ᠣᠶ ᠰᠢᠭᠤᠢ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠭᠠᠵᠠᠷ ᠤᠨ ᠭᠠᠮᠰᠢᠭ | ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠤᠨ ᠭᠠᠢ | ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ | ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠬᠢᠨᠠᠨ ᠬᠡᠮᠵᠢᠬᠦ ᠪᠠ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠤᠨ ᠭᠠᠢ ᠭᠠᠮᠰᠢᠭ ᠤᠨ ᠢᠨᠵᠧᠨᠧᠷᠢᠩ ᠢ ᠵᠠᠰᠠᠬᠤ | ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ ᠤᠨ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠡᠭᠦᠷᠭᠡᠯᠡᠨ᠎ᠡ᠃ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠬᠤ ᠵᠢᠴᠢ ᠭᠠᠵᠠᠷ ᠤᠨ ᠭᠠᠳᠠᠷᠭᠤ ᠶᠢᠨ ᠰᠠᠭᠤᠭᠳᠠᠯ ᠠᠴᠠ ᠪᠣᠯᠤᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ | ᠬᠠᠮᠢᠶᠠᠷᠤᠨ᠎ᠠ᠃ | ︵ᠠᠷᠪᠠᠨ ᠬᠤᠶᠠᠷ︶ ᠡᠷᠬᠡ ᠮᠡᠳᠡᠯ ᠤᠨ ᠬᠡᠪᠴᠢᠶᠡᠨ ᠳᠣᠲᠣᠷᠠᠬᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ | ᠴᠦᠯᠯᠡᠷᠬᠡᠭᠵᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠡᠯᠡᠰᠦᠷᠬᠡᠭᠵᠢᠭᠰᠡᠨ ᠭᠠᠵᠠᠷ | ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠬᠤᠯᠪᠣᠭᠳᠠᠯ ᠪᠦᠬᠦᠢ ᠣᠷᠣᠨ | ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠴᠥᠯᠡᠷᠬᠡᠭᠵᠢᠯ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠨᠡᠭᠡᠭᠡᠨ ᠠᠰᠢᠭᠯᠠᠯᠲᠠ ᠶᠢ ᠬᠢᠨᠠᠨ | ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ | ᠵᠣᠬᠢᠶᠠᠨ ᠪᠠᠶᠢᠭᠤᠯᠤᠨ᠎ᠠ᠃ | ︵ᠠᠷᠪᠠᠨ ᠭᠤᠷᠪᠠ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ | ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ ᠬᠢᠨᠠᠨ ᠬᠠᠮᠢᠶᠠᠷᠴᠤ᠂ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ | ᠲᠥᠷᠥᠯ ᠵᠦᠢᠯ ᠢ ᠬᠠᠮᠢᠶᠠᠷᠤᠨ᠎ᠠ᠃ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠭᠤᠷᠬᠠᠢ ᠶᠢᠨ ᠣᠷᠣᠨ ᠤ | ᠠᠭᠤᠷᠬᠠᠢ ᠶᠢᠨ ᠦᠢᠯᠡᠰ ᠤᠨ ᠡᠷᠬᠡ ᠶᠢ ᠪᠠᠶᠢᠷᠢᠯᠠᠭᠤᠯᠬᠤ ᠲᠥᠰᠥᠯ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠭᠤᠷᠬᠠᠢ ᠶᠢᠨ ᠦᠢᠯᠡᠰ ᠤᠨ ᠡᠷᠬᠡ ᠵᠢᠴᠢ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠠᠮᠢᠶᠠᠷᠴᠤ᠂ ᠠᠭᠤᠷᠬᠠᠢ ᠶᠢᠨ ᠦᠢᠯᠡᠰ ᠤᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠵᠤ᠂ ᠠᠭᠤᠷᠬᠠᠢ ᠶᠢᠨ | ᠦᠢᠯᠡᠰ ᠤᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠨ᠎ᠡ᠃ ᠬᠤᠰᠢᠭᠤᠨ ᠤ ᠲᠣᠰ ᠱᠠᠲᠤᠨ ᠤ ᠡᠷᠬᠡ ᠮᠡᠳᠡᠯ ᠤᠨ ᠬᠡᠪᠴᠢᠶ᠎ᠡ ᠳᠠᠬᠢ | ᠠᠭᠤᠷᠬᠠᠢ ᠮᠠᠯᠲᠠᠬᠤ ᠡᠷᠬᠡ ᠶᠢ ᠰᠢᠯᠵᠢᠭᠦᠯᠦᠨ ᠬᠤᠳᠠᠯᠳᠤᠬᠤ ᠵᠢᠴᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ ᠢ ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ ᠠᠭᠤᠷᠬᠠᠢ ᠶᠢᠨ ᠭᠠᠷᠤᠯᠲᠠ ᠶᠢᠨ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | | ︵ᠠᠷᠪᠠᠨ ᠳᠥᠷᠪᠡ︶ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠠᠭᠤᠷᠢ ᠬᠡᠮᠵᠢᠨ | ᠵᠢᠷᠤᠭᠯᠠᠯᠲᠠ ᠪᠠ ᠬᠡᠮᠵᠢᠨ ᠵᠢᠷᠤᠭᠯᠠᠯᠲᠠ ᠶᠢᠨ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠴᠢᠳᠠᠯ ᠬᠢᠷᠢ ᠬᠡᠮ ᠬᠢᠭᠡᠳ | ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠮᠵᠢᠯᠲᠡ ᠶᠢᠨ ᠲᠡᠮᠳᠡᠭ ᠤᠨ | ᠬᠠᠮᠠᠭᠠᠯᠠᠯᠲᠠ ᠶᠢ ᠬᠠᠷᠢᠭᠤᠴᠠᠨ᠎ᠠ᠃ ᠣᠶ ᠰᠢᠭᠤᠢ᠂ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠥᠷᠥᠯ ᠵᠦᠢᠯ ᠢ ᠵᠢᠯᠣᠭᠤᠳᠤᠨ | ᠬᠡᠷᠡᠭᠵᠢᠭᠦᠯᠦᠨ᠎ᠡ᠃ | ︵ᠠᠷᠪᠠᠨ ᠲᠠᠪᠤ︶ ᠣᠶᠢᠵᠢᠭᠤᠯᠵᠤ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠲᠦᠷᠦᠯ ᠤᠨ ᠪᠠᠶᠢᠭᠠᠯᠢ ᠶᠢᠨ ᠤᠢ᠂ | ᠨᠡᠶᠢᠲᠡ ᠶᠢᠨ ᠠᠰᠠᠷᠠᠮᠵᠢ ᠶᠢᠨ ᠤᠢ ᠪᠠ ᠲᠠᠸᠠᠷ ᠤᠨ ᠤᠢ ᠶᠢ ᠪᠣᠶᠢᠵᠢᠭᠤᠯᠤᠨ ᠡᠵᠡᠩᠨᠡᠵᠦ ᠢᠯᠭᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠤᠭᠤᠳᠴᠤ᠂ ᠪᠦᠬᠦ | ᠠᠷᠠᠳ ᠤᠨ ᠠᠯᠪᠠᠨ ᠵᠢᠷᠤᠮ ᠤᠨ ᠡᠪᠡᠰᠦ ᠮᠣᠳᠣ ᠲᠠᠷᠢᠬᠤ᠂ ᠨᠣᠭᠤᠭᠠᠷᠠᠭᠤᠯᠬᠤ ᠪᠠ ᠤᠢ ᠰᠢᠭᠤᠶᠢᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠵᠢᠯᠤᠭᠤᠳᠴᠤ ᠲᠡᠭᠦᠨ ᠳᠤ ᠬᠢᠨᠠᠯᠲᠠ ᠲᠠᠯᠪᠢᠨ᠎ᠠ᠃ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ | ᠪᠠᠶᠢᠴᠠᠭᠠᠬᠤ ᠠᠵᠢᠯ ᠢ ᠵᠢᠯᠣᠭᠤᠳᠤᠨ᠎ᠠ᠃ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ᠃ ᠨᠡᠭᠦᠷᠡᠰᠦᠲᠥ᠋ᠷᠥᠭᠴᠢ ᠶᠢ ᠬᠤᠷᠠᠭᠤᠯᠵᠤ ᠣᠶᠢᠵᠢᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ᠂ ᠬᠥᠳᠡᠯᠦᠩᠭᠦᠢ ᠪᠠᠷ ᠬᠢᠨᠠᠨ ᠬᠡᠮᠵᠢᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠲᠤᠰᠠᠯᠠᠵᠤ ᠦᠷᠡᠵᠢᠭᠦᠯᠦᠨ ᠪᠣᠶᠢᠵᠢᠭᠤᠯᠬᠤ᠂ ᠣᠷᠣᠰᠢᠨ | ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠲᠠᠢ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠣᠶᠢᠵᠢᠭᠤᠯᠵᠤ ᠪᠣᠶᠢᠵᠢᠭᠤᠯᠬᠤ᠂ | ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃ | ︵ᠠᠷᠪᠠᠨ ᠳᠣᠯᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠠᠮᠢᠶᠠᠷᠤᠨ᠎ᠠ | ᠃ ᠡᠯ᠎ᠡ ᠲᠥᠷᠥᠯ ᠤᠨ ᠬᠤᠰᠢᠭᠤᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠪᠠᠶᠢᠭᠤᠯᠬᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠡᠳ᠋ | ᠬᠥᠷᠥᠩᠭᠡ ᠶᠢᠨ ᠬᠠᠮᠢᠶᠠᠷᠤᠯᠲᠠ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ ᠬᠠᠷᠢᠭᠤᠴᠠᠨ᠎ᠠ᠃ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠰᠢᠭᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠳᠣᠲᠣᠷᠠᠬᠢ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ᠂ ᠲᠣᠭᠤᠷᠢᠨ ᠦᠵᠡᠬᠦ᠂ ᠵᠢᠭᠤᠯᠴᠢᠯᠠᠬᠤ ᠵᠡᠷᠭᠡ ᠠᠵᠢᠯᠯᠠᠭ᠎ᠠ ᠶᠢ ᠬᠢᠨᠠᠨ | ᠬᠠᠮᠢᠶᠠᠷᠬᠤ ᠶᠢ ᠬᠠᠷᠢᠭᠤᠴᠠᠨ᠎ᠠ᠃ | ︵ᠠᠷᠪᠠᠨ ᠨᠠᠢᠮᠠ︶ ᠡᠷᠬᠡ ᠮᠡᠳᠡᠯ ᠤᠨ ᠬᠡᠪᠴᠢᠶᠡᠨ ᠳᠠᠬᠢ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠪᠠ ᠦᠷ᠎ᠡ ᠴᠢᠬᠢ ᠶᠢᠨ ᠬᠠᠮᠢᠶᠠᠷᠤᠯᠲᠠ | ᠂ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠣᠶ | ᠰᠢᠭᠤᠢ ᠶᠢᠨ ᠲᠠᠯᠠᠪᠠᠶ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠤᠭᠤᠳᠴᠤ᠂ ᠣᠶ ᠮᠣᠳᠣᠨ ᠤ ᠦᠷ᠎ᠡ ᠪᠠ | ᠡᠪᠡᠰᠦᠨ ᠤ ᠵᠦᠢᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠣᠶ ᠰᠢᠭᠤᠢ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ | ᠬᠥᠮᠥᠷᠭᠡ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ᠂ ᠣᠶ ᠮᠣᠳᠣᠨ ᠤ ᠦᠷ᠎ᠡ ᠪᠠ | ᠵᠤᠯᠵᠠᠭ᠎ᠠ ᠮᠣᠳᠣᠨ ᠤ ᠦᠢᠯᠡᠳᠪᠦᠷᠢᠯᠡᠯ ᠡᠵᠡᠩᠨᠡᠯᠲᠡ ᠶᠢᠨ ᠦᠶᠯᠡ ᠠᠵᠢᠯᠯᠠᠭ᠎ᠠ ᠶᠢ ᠬᠠᠮᠢᠶᠠᠷᠴᠤ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠷ᠎ᠡ᠂ | ᠵᠤᠯᠵᠠᠭ᠎ᠠ ᠮᠣᠳᠣᠨ ᠤ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ | ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠡᠭᠦᠯᠳᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠣᠶ | ᠰᠢᠭᠤᠢ ᠶᠢᠨ ᠠᠵᠤ ᠦᠶᠢᠯᠡᠰᠵᠢᠯᠲᠡ ᠶᠢᠨ ᠲᠥᠷᠥᠯ ᠵᠦᠢᠯ ᠪᠠ ᠬᠥᠲᠥᠴᠢ ᠠᠵᠤ ᠠᠬᠤᠶᠢᠯᠠᠯ ᠤᠨ ᠬᠢᠨᠠᠨ ᠬᠠᠷᠭᠤᠭᠤᠯᠵᠤ ᠮᠡᠳᠡᠭᠦᠯᠬᠦ ᠠᠵᠢᠯ ᠢ ᠬᠠᠷᠢᠭᠤᠴᠠᠨ᠎ᠠ᠃ | ᠡᠷᠬᠡ ᠮᠡᠳᠡᠯ ᠤᠨ ᠬᠡᠪᠴᠢᠶᠡᠨ ᠳᠣᠲᠣᠷᠠᠬᠢ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠮᠣᠳᠣᠨ | ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠣᠶ ᠰᠢᠭᠤᠢ ᠡᠪᠡᠰᠦᠨ ᠤ ᠠᠵᠤ ᠦᠢᠯᠡᠰ ᠤᠨ ᠪᠠᠷᠢᠮᠵᠢᠶ᠎ᠠ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠢ ᠡᠪᠡᠰᠦᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ | ᠲᠠᠯᠪᠢᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠠᠮᠢ ᠠᠬᠤᠢ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ | ︵ᠠᠷᠪᠠ ᠶᠢᠰᠦ︶ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠤᠢ | ᠰᠢᠭᠤᠢ ᠪᠣᠯᠣᠨ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠣᠯᠣᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠡᠬᠢ ᠰᠤᠷᠪᠤᠯᠵᠢ ᠶᠢᠨ | ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠬᠦ ᠬᠡᠷᠡᠭᠲᠡᠢ᠃ ᠪᠥᠬᠦ ᠬᠤᠰᠢᠭᠤᠨ ᠤ ᠣᠶ | ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ | ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠶᠢᠨ | ᠵᠥᠪᠰᠢᠶᠡᠷᠡᠯ ᠢᠶᠠᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ | ᠪᠠᠶᠢᠷᠢᠯᠠᠭᠤᠯᠤᠨ᠎ᠠ᠃ | ︵ᠬᠤᠷᠢ︶ ᠡᠷᠬᠡ ᠮᠡᠳᠡᠯ ᠤᠨ ᠬᠡᠪᠴᠢᠶᠡᠨ ᠳᠣᠲᠣᠷᠠᠬᠢ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ | ᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠤᠢ ᠰᠢᠭᠤᠢ ᠶᠢᠨ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ᠂ ᠤᠯᠤᠰ ᠤᠨ ᠥᠮᠴᠢᠯᠡᠯ ᠤᠨ ᠤᠢ | ᠰᠢᠭᠤᠢ ᠶᠢᠨ ᠳᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠮᠠᠯᠵᠢᠬᠤ ᠣᠷᠣᠨ ᠤ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠬᠥᠭᠵᠢᠯᠲᠡ᠂ ᠤᠢ | ᠰᠢᠭᠤᠢ ᠪᠣᠯᠣᠨ ᠨᠤᠲᠤᠭ ᠪᠡᠯᠴᠢᠭᠡᠷ ᠤᠨ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ | ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ ᠵᠣᠭᠰᠣᠭᠠᠵᠤ ᠤᠢ | ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠷᠢᠨ ᠨᠢᠭᠡ︶ ᠣᠶ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ | ᠪᠠᠶᠢᠭᠤᠯᠤᠨ ᠮᠡᠳᠡᠭᠦᠯᠬᠦ ᠬᠡᠷᠡᠭᠲᠡᠢ᠃ ᠣᠶ ᠰᠢᠭᠤᠢ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠣᠶ ᠰᠢᠭᠤᠢ | ᠪᠠ ᠨᠤᠲᠤᠭ ᠪᠡᠯᠴᠢᠭᠡᠷ ᠤᠨ ᠠᠵᠤ ᠠᠬᠤᠢ ᠶᠢᠨ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠶ ᠰᠢᠭᠤᠢ ᠪᠠ ᠨᠤᠲᠤᠭ | ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢᠨ ᠬᠤᠶᠠᠷ︶ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠣᠯᠣᠨ ᠭᠠᠳᠠᠭᠠᠳᠤ | ᠯᠤᠭ᠎ᠠ ᠰᠣᠯᠢᠯᠴᠠᠭ᠎ᠠ ᠬᠢᠬᠦ ᠪᠠ ᠬᠤᠷᠰᠢᠯᠴᠠᠬᠤ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠢ ᠪᠣᠯᠣᠨ ᠲᠠᠯ᠎ᠠ | ᠨᠤᠲᠤᠭ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠴᠢᠭᠢᠭᠯᠢᠭ ᠭᠠᠵᠠᠷ᠂ ᠴᠥᠯᠡᠷᠬᠡᠭᠵᠢᠯ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠳᠠᠨ | ᠤᠷᠭᠤᠮᠠᠯ ᠤᠨ ᠲᠦᠷᠦᠯ ᠢ ᠰᠡᠷᠭᠡᠶᠢᠯᠡᠨ ᠵᠠᠰᠠᠬᠤ ᠵᠡᠷᠭᠡ ᠤᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠬᠤᠷᠢᠨ ᠭᠤᠷᠪᠠ︶ ᠠᠵᠢᠯ ᠲᠥᠷᠥᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ | ᠠᠵᠢᠯ ᠢ ᠬᠠᠷᠢᠭᠤᠴᠠᠨ᠎ᠠ᠃ ᠬᠠᠷᠢᠶᠠᠲᠤ ᠣᠷᠣᠨ ᠤ ᠳᠣᠲᠣᠷᠠᠬᠢ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ | ᠂ ᠬᠤᠲᠠ ᠬᠥᠳᠡᠭᠡ ᠶᠢᠨ ᠲᠥᠯᠦᠪᠵᠢᠭᠦᠯᠭᠡ᠂ ᠣᠶ ᠰᠢᠭᠤᠢ᠂ ᠨᠤᠲᠤᠭ ᠪᠡᠯᠴᠢᠭᠡᠷ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ | ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ︵ᠬᠤᠷᠢᠨ ᠳᠥᠷᠪᠡ︶ ᠠᠵᠢᠯ ᠤᠨ ᠬᠤᠪᠢᠶᠠᠷᠢᠯᠠᠯ ᠶᠣᠰᠣᠭᠠᠷ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ | ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠨ᠎ᠠ᠃ | ︵ᠬᠤᠷᠢᠨ ᠲᠠᠪᠤ︶ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠡᠯ᠎ᠡ | ᠲᠥᠷᠥᠯ ᠤᠨ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ | ᠠᠮᠤᠷ ᠲᠦᠪᠰᠢᠨ ᠤ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃ | ︵ᠬᠤᠷᠢᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠷᠢᠨ ᠳᠣᠯᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢᠨ ᠥᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ᠂ ᠪᠤᠢ ᠪᠦᠬᠦᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠰᠢᠶᠠᠯ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠲᠤᠬᠠᠢ ᠲᠥᠪ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ | ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠮᠵᠢ | ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ | ᠰᠤᠷᠪᠤᠯᠵᠢ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠰᠡᠷᠭᠦᠭᠡᠨ ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ | ᠠᠷᠪᠢᠲᠠᠢ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠳᠡᠭᠡᠳᠦ ᠱᠠᠲᠤᠨ ᠠᠴᠠ ᠳᠣᠷᠣᠭᠰᠢ ᠪᠠᠭᠤᠯᠭᠠᠭᠰᠠᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠵᠠᠯᠭᠠᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠪᠠᠶᠢᠭᠠᠯᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ᠂ ᠳᠦᠷᠢᠮ ᠤᠨ ᠬᠢᠵᠠᠭᠠᠷᠯᠠᠬᠤ ᠴᠢᠨᠠᠷᠲᠠᠢ ᠦᠢᠯᠡᠳᠦᠯ ᠢ ᠴᠢᠩᠭᠠᠷᠠᠭᠤᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠨ ᠲᠡᠮᠳᠡᠭᠯᠡᠬᠦ ᠪᠠ ᠦᠨᠡᠯᠡᠨ ᠵᠢᠱᠢᠬᠦ ᠲᠠᠯ᠎ᠠ ᠪᠠᠷ ᠠᠷᠠᠳ ᠲᠤ ᠲᠥᠬᠦᠮ ᠦᠵᠡᠭᠦᠯᠵᠦ᠂ ᠥᠨᠳᠥᠷ ᠪᠦᠲᠦᠮᠵᠢᠲᠡᠶ | ᠪᠠᠶᠢᠬᠤ ᠶᠢ ᠠᠬᠢᠭᠤᠯᠤᠨ᠎ᠠ᠃ | | ᠬᠤᠶᠠᠷ᠂ ᠳᠣᠲᠣᠭᠠᠳᠤ ᠪᠠᠶᠢᠭᠤᠯᠤᠮᠵᠢ | | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ ︵ᠬᠠᠤᠯᠢ ᠳᠦᠷᠢᠮ ᠤᠨ ᠬᠤᠪᠢ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ | ᠶᠡᠷᠦᠩᠬᠡᠶᠢᠯᠡᠨ ᠵᠣᠬᠢᠴᠠᠭᠤᠯᠬᠤ ᠠᠵᠢᠯ᠂ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠬᠤᠷᠠᠯ ᠤᠨ ᠶᠠᠪᠤᠳᠠᠯ᠂ | ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠴᠢᠬᠤᠯᠠ ᠨᠢᠭᠤᠴᠠ ᠮᠠᠲ᠋ᠧᠷᠢᠶᠠᠯ᠂ ᠲᠠᠩᠰᠠ ᠡᠪᠬᠡᠮᠡᠯ᠂ ᠮᠡᠳᠡᠭᠡ ᠵᠠᠩᠭᠢ ᠶᠢᠨ ᠤᠬᠠᠭᠤᠯᠭ᠎ᠠ᠂ ᠵᠠᠰᠠᠭ ᠤᠨ | ᠶᠠᠪᠤᠳᠠᠯ ᠢ ᠢᠯᠡ ᠪᠣᠯᠭᠠᠬᠤ᠂ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ | ᠵᠠᠬᠢᠳᠠᠯ ᠰᠣᠷᠪᠤᠯᠵᠢᠯᠠᠭ᠎ᠠ᠂ ᠬᠥᠮᠦᠵᠢᠯ ᠪᠣᠯᠪᠠᠰᠤᠷᠠᠭᠤᠯᠤᠯ᠂ ᠬᠢᠨᠠᠨ ᠰᠢᠯᠭᠠᠯᠲᠠ᠂ ᠳᠣᠲᠣᠭᠠᠳᠤ ᠳᠠᠭᠠᠨ ᠰᠢᠮᠳᠠᠭᠤᠯᠤᠨ ᠪᠠᠶᠢᠴᠠᠭᠠᠬᠤ᠂ ᠳᠣᠲᠣᠭᠠᠳᠤ ᠳᠠᠭᠠᠨ ᠬᠢᠨᠠᠨ | ᠪᠤᠳᠤᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠠᠵᠢᠯ ᠠᠴᠠ ᠪᠠᠨ ᠰᠠᠯᠵᠤ ᠠᠮᠠᠷᠠᠭᠰᠠᠨ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ | ᠬᠠᠮᠢᠶᠠᠷᠤᠯᠲᠠ ᠵᠡᠷᠭᠡ ᠵᠠᠰᠠᠭ ᠤᠨ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠡᠮᠬᠢᠯᠡᠨ ᠬᠢᠨᠠᠬᠤ᠂ ᠬᠠᠮᠢᠶᠠᠷᠬᠤ | ᠠᠵᠢᠯ ᠢ ᠬᠠᠷᠢᠭᠤᠴᠠᠨ᠎ᠠ ; ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ ; ᠴᠢᠬᠤᠯᠠ ᠶᠡᠭᠡ ᠵᠠᠰᠠᠭ | ᠵᠠᠬᠢᠷᠭᠠᠨ ᠤ ᠦᠶᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠠᠵᠢᠯ ; ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠭᠤᠰᠢᠯᠠᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ | ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠪᠠ ᠡᠷᠬᠡ ᠶᠢ ᠨᠤᠲᠠᠯᠠᠨ ᠳᠠᠩᠰᠠᠯᠠᠬᠤ ᠰᠲ᠋ᠣᠺ ︵ᠪᠠᠶᠢᠭᠠᠯᠢ ᠶᠢᠨ ᠡᠬᠢ | ᠪᠠᠶᠠᠯᠢᠭ ᠤᠨ ᠥᠮᠴᠢᠯᠡᠭᠴᠢ ᠶᠢᠨ ᠡᠷᠬᠡ ᠠᠰᠢᠭ ᠪᠠ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠰᠲ᠋ᠣᠺ︶᠃ ᠤᠯᠤᠰ ᠤᠨ ᠪᠠᠶᠢᠭᠠᠯᠢ ᠶᠢᠨ ᠡᠬᠢ | ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠠ ᠪᠦᠷᠢᠳᠬᠡᠬᠦ ᠪᠠᠷᠢᠮᠵᠢᠶ᠎ᠠ ᠶᠣᠰᠣᠭᠠᠷ ᠶᠠᠪᠤᠭᠳᠠᠭᠤᠯᠤᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠬᠤᠪᠢᠷᠠᠭᠤᠯᠤᠯᠲᠠ ᠶᠢᠨ ᠪᠠᠶᠢᠴᠠᠭᠠᠯᠲᠠ᠂ ᠬᠥᠳᠡᠯᠦᠩᠭᠦᠢ ᠬᠢᠨᠠᠨ ᠬᠡᠮᠵᠢᠯᠲᠡ ᠪᠠ ᠵᠠᠳᠠᠯᠤᠨ ᠦᠨᠡᠯᠡᠬᠦ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠪᠣᠯᠣᠨ ᠤᠯᠤᠰ ᠤᠨ ᠭᠠᠵᠠᠷ | ᠵᠦᠢ ᠶᠢᠨ ᠪᠠᠶᠢᠳᠠᠯ ᠵᠡᠷᠭᠡ ᠲᠤᠰᠬᠠᠢ ᠵᠦᠢᠯ ᠤᠨ ᠪᠠᠶᠢᠴᠠᠭᠠᠯᠲᠠ ᠬᠢᠵᠦ ᠬᠢᠨᠠᠨ ᠬᠡᠮᠵᠢᠵᠦ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ᠂ ᠬᠠᠮᠢᠶᠠᠷᠬᠤ᠂ | ᠬᠠᠮᠠᠭᠠᠯᠠᠬᠤ᠂ ᠨᠡᠶᠢᠲᠡᠯᠡᠬᠦ᠂ ᠬᠠᠮᠲᠤ ᠪᠠᠷ ᠡᠳ᠋ᠯᠡᠬᠦ ᠪᠠ ᠠᠰᠢᠭᠯᠠᠬᠤ ᠳᠤ ᠬᠢᠨᠠᠯᠲᠠ ᠲᠠᠯᠪᠢᠬᠤ ᠶᠢ ᠡᠭᠦᠷᠭᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ | ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠦᠯᠦ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ | ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ | ᠲᠠᠯᠪᠢᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠠᠭᠤᠷᠢ ᠲᠠᠪᠴᠠᠩ ᠤᠨ ᠪᠠᠶᠢᠭᠤᠯᠤᠯᠲᠠ ᠶᠢ ᠵᠢᠯᠤᠭᠤᠳᠴᠤ᠂ ᠥᠯᠥ ᠬᠥᠳᠡᠯᠬᠦ ᠬᠥᠷᠥᠩᠭᠡ ᠶᠢᠨ ᠮᠡᠳᠡᠭᠡ ᠵᠠᠩᠭᠢ ᠶᠢ ᠢᠯᠡ ᠪᠠᠷ ᠪᠠᠶᠢᠴᠠᠭᠠᠨ | ᠯᠠᠪᠯᠠᠬᠤ ᠰᠢᠰᠲ᠋ᠧᠮ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠪᠦᠷᠢᠳᠬᠡᠬᠦ | ᠠᠵᠢᠯ ᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠨ ᠪᠡᠯᠡ ᠭᠠᠷᠭᠠᠬᠤ ᠪᠠ ᠭᠠᠵᠠᠷ ᠰᠢᠷᠣᠢ ᠶᠢ ᠨᠥᠭᠡᠴᠡᠯᠡᠬᠦ ᠲᠦᠷᠦ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ | ᠲᠤᠭᠤᠷᠪᠢᠨ᠎ᠠ᠃ ᠬᠤᠰᠢᠭᠤᠨ ᠲᠠᠰ ᠤᠨ ᠰᠠᠭᠤᠷᠢ ᠬᠡᠮᠵᠢᠨ ᠵᠢᠷᠤᠭᠯᠠᠯᠲᠠ᠂ ᠤᠯᠤᠰ ᠤᠨ ᠭᠠᠵᠠᠷ ᠵᠦᠢ ᠶᠢᠨ ᠪᠠᠶᠢᠳᠠᠯ ᠤᠨ ᠬᠢᠨᠠᠨ ᠬᠡᠮᠵᠢᠯᠲᠡ᠂ ᠥᠯᠥ ᠬᠥᠳᠡᠯᠬᠦ | ᠬᠥᠷᠥᠩᠭᠡ ᠶᠢᠨ ᠬᠡᠮᠵᠢᠨ ᠵᠢᠷᠤᠭᠯᠠᠯᠲᠠ ᠪᠠ ᠪᠤᠰᠤᠳ ᠪᠥᠬᠦ ᠬᠤᠰᠢᠭᠤᠨ ᠤ ᠴᠢᠨᠠᠷᠲᠠᠢ ᠬᠡᠮᠵᠢᠨ ᠵᠢᠷᠤᠭᠯᠠᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ | ᠬᠠᠮᠢᠶᠠᠷᠤᠨ᠎ᠠ᠃ ᠪᠥᠬᠦ ᠬᠤᠰᠢᠭᠤᠨ ᠤ ᠬᠡᠮᠵᠢᠨ ᠵᠢᠷᠤᠭᠯᠠᠬᠤ ᠰᠠᠭᠤᠷᠢ ᠪᠠᠷᠢᠮᠵᠢᠶ᠎ᠠ᠂ ᠠᠯᠤᠰ ᠰᠡᠷᠡᠯ ᠤᠨ ᠠᠭᠠᠷ ᠠᠶᠠᠯᠠᠯ ᠤᠨ ᠳᠦᠷᠰᠦ ᠰᠢᠩᠭᠡᠭᠡᠯᠲᠡ ᠶᠢ ᠨᠢᠭᠡᠳᠦᠯᠲᠡᠢ | ᠲᠥᠯᠥᠪᠯᠡᠨ ᠣᠯᠵᠤ ᠠᠰᠢᠭᠯᠠᠬᠤ ᠪᠠ ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢ ᠪᠠᠷᠢᠮᠵᠢᠶᠠᠵᠢᠭᠤᠯᠬᠤ ᠠᠵᠢᠯ ᠢ ᠬᠢᠨᠠᠨ ᠬᠠᠮᠢᠶᠠᠷᠤᠨ᠎ᠠ᠃ ᠰᠠᠭᠤᠷᠢ | ᠬᠡᠮᠵᠢᠨ ᠵᠢᠷᠤᠭᠯᠠᠯᠲᠠ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡ ᠪᠠ ᠪᠠᠴᠢᠮ ᠪᠠᠶᠢᠳᠠᠯ ᠢ ᠠᠷᠭᠠᠴᠠᠬᠤ ᠬᠡᠮᠵᠢᠨ | ᠵᠢᠷᠤᠭᠯᠠᠯᠲᠠ ᠶᠢᠨ ᠪᠠᠲᠤᠯᠠᠭ᠎ᠠ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ | ᠲᠦᠯᠬᠢᠨ ᠠᠬᠢᠭᠤᠯᠤᠨ᠎ᠠ᠃ ᠪᠥᠬᠦ ᠬᠤᠰᠢᠭᠤᠨ ᠤ ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠪᠥᠬᠦ ᠬᠤᠰᠢᠭᠤᠨ ᠤ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢᠨ ᠠᠵᠢᠯ ᠢ ᠵᠢᠯᠤᠭᠤᠳᠬᠤ ᠪᠠ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ | ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ ᠪᠠ ᠬᠡᠮᠵᠢᠨ ᠵᠢᠷᠤᠭᠯᠠᠬᠤ ᠲᠥᠷᠥᠯ ᠵᠦᠢᠯ ᠢ | ᠳᠠᠩᠰᠠᠯᠠᠬᠤ ᠶᠢ ᠬᠠᠷᠢᠭᠤᠴᠠᠵᠤ᠂ ᠬᠡᠮᠵᠢᠨ ᠵᠢᠷᠤᠭᠯᠠᠬᠤ ᠦᠷ᠎ᠡ ᠪᠦᠲᠦᠭᠡᠯ ᠤᠨ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ | ᠪᠤᠶᠤ ᠬᠤᠪᠢ ᠬᠥᠮᠥᠨ ᠤ ᠵᠥᠪᠰᠢᠶᠡᠷᠡᠯ ᠢᠶᠠᠷ ᠮᠠᠨ ᠤ ᠬᠤᠰᠢᠭᠤᠨ ᠳᠤ ᠢᠷᠡᠭᠰᠡᠨ ᠬᠡᠮᠵᠢᠨ ᠵᠢᠷᠤᠬᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ | ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠤᠯᠤᠰ ᠤᠨ | ᠨᠤᠲᠤᠭ ᠳᠡᠪᠢᠰᠬᠡᠷ ᠤᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠵᠣᠬᠢᠴᠠᠭᠤᠯᠤᠨ ᠥᠷᠨᠢᠭᠦᠯᠦᠨ᠎ᠡ᠃ | ︵ᠭᠤᠷᠪᠠ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠵᠤ ᠨᠡᠭᠡᠭᠡᠨ ᠠᠰᠢᠭᠯᠠᠬᠤ ᠬᠠᠮᠢᠶᠠᠷᠤᠯᠲᠠ ᠬᠢᠭᠡᠳ ᠠᠮᠢ ᠠᠬᠤᠢ ᠶᠢ | ᠰᠡᠷᠭᠦᠭᠡᠬᠦ ᠰᠲ᠋ᠣᠺ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠢ ᠪᠠᠷ ᠠᠰᠢᠭᠯᠠᠬᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ | ᠂ ᠳᠠᠩᠰᠠᠯᠠᠬᠤ᠂ ᠪᠦᠷᠢᠳᠬᠡᠬᠦ ᠪᠠ ᠮᠡᠳᠡᠭᠡ ᠵᠠᠩᠭᠢ ᠨᠡᠶᠢᠲᠡᠯᠡᠬᠦ ᠵᠢᠴᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠷᠤᠭᠳᠠᠭᠰᠠᠨ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠡᠭᠦᠷᠭᠡᠯᠡᠨ᠎ᠡ᠃ ᠠᠭᠤᠷᠬᠠᠢ ᠶᠢᠨ ᠬᠠᠳᠠᠭᠠᠯᠠᠭᠳᠠᠴᠠ ᠶᠢᠨ ᠬᠥᠳᠡᠯᠦᠩᠭᠦᠢ ᠬᠠᠮᠢᠶᠠᠷᠤᠯᠲᠠ ᠶᠢ ᠵᠢᠯᠤᠭᠤᠳᠬᠤ ᠶᠢᠨ | ᠬᠠᠮᠲᠤ ᠬᠡᠷᠡᠭᠵᠢᠭᠦᠯᠦᠨ᠎ᠡ᠃ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠬᠤᠷᠢᠶᠠᠩᠭᠤᠶᠢᠯᠠᠨ ᠲᠤᠰᠢᠶᠠᠬᠤ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠳᠤ ᠬᠢᠨᠠᠯᠲᠠ | ᠲᠠᠯᠪᠢᠨ᠎ᠠ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠠᠭᠤᠷᠬᠠᠢ ᠮᠠᠯᠲᠠᠬᠤ ᠡᠷᠬᠡ ᠶᠢ ᠬᠢᠨᠠᠨ ᠵᠥᠪᠰᠢᠶᠡᠷᠡᠬᠦ᠂ ᠳᠠᠩᠰᠠᠯᠠᠬᠤ᠂ ᠦᠨᠡᠮᠯᠡᠯ ᠣᠯᠭᠤᠬᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; ᠡᠷᠬᠡ ᠮᠡᠳᠡᠯ ᠤᠨ ᠬᠡᠪᠴᠢᠶᠡᠨ ᠳᠣᠲᠣᠷᠠᠬᠢ ᠠᠭᠤᠷᠬᠠᠢ ᠮᠠᠯᠲᠠᠬᠤ ᠡᠷᠬᠡ ᠶᠢᠨ ᠳᠠᠭᠠᠭᠠᠴᠢᠯᠠᠯᠲᠠ ᠵᠠᠷᠯᠠᠬᠤ᠂ ᠦᠨ᠎ᠡ | ᠬᠠᠶᠠᠨ ᠬᠤᠳᠠᠯᠳᠤᠬᠤ᠂ ᠫᠠᠶᠢᠰᠠ ᠡᠯᠭᠦᠨ ᠬᠢᠮᠳᠠ ᠦᠨ᠎ᠡ ᠪᠠᠷ ᠬᠤᠳᠠᠯᠳᠤᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠭᠤᠷᠬᠠᠢ ᠶᠢᠨ ᠣᠷᠣᠨ ᠤ | ᠠᠭᠤᠷᠬᠠᠢ ᠶᠢᠨ ᠦᠢᠯᠡᠰ ᠤᠨ ᠡᠷᠬᠡ ᠶᠢ ᠲᠣᠬᠢᠷᠠᠭᠤᠯᠬᠤ᠂ ᠪᠥᠬᠦ ᠬᠤᠰᠢᠭᠤᠨ ᠤ ᠠᠭᠤᠷᠬᠠᠢ ᠶᠢᠨ ᠦᠢᠯᠡᠰ ᠤᠨ ᠡᠷᠬᠡ ᠶᠢᠨ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ᠂ ᠠᠭᠤᠷᠬᠠᠢ ᠶᠢᠨ ᠦᠢᠯᠡᠰ ᠤᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠬᠤ ᠠᠵᠢᠯ ᠢ ᠬᠢᠨᠠᠨ ᠬᠠᠮᠢᠶᠠᠷᠴᠤ᠂ ᠠᠭᠤᠷᠬᠠᠢ ᠶᠢᠨ ᠦᠢᠯᠡᠰ ᠤᠨ | ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠨ᠎ᠡ ; ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠢ | ᠬᠠᠷᠢᠭᠤᠴᠠᠨ ᠬᠠᠮᠢᠶᠠᠷᠴᠤ᠂ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠴᠤ᠂ ᠪᠥᠬᠦ ᠬᠤᠰᠢᠭᠤᠨ ᠤ ᠰᠠᠭᠤᠷᠢ | ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠠᠵᠠᠷ᠂ ᠰᠢᠨᠵᠢᠯᠡᠭᠡ | ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ ; ᠭᠠᠵᠠᠷ ᠰᠢᠨᠵᠢᠯᠡᠭᠡᠨ ᠤ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ | ᠠᠵᠢᠯ ᠢ ᠡᠭᠦᠷᠭᠡᠯᠡᠵᠦ᠂ ᠭᠠᠵᠠᠷ ᠳᠣᠣᠷᠠᠬᠢ ᠤᠰᠤ ᠶᠢ ᠬᠡᠲᠦ ᠶᠡᠭᠡ ᠨᠡᠭᠡᠭᠡᠨ ᠠᠰᠢᠭᠯᠠᠭᠰᠠᠨ ᠵᠢᠴᠢ ᠭᠠᠵᠠᠷ ᠤᠨ ᠭᠠᠳᠠᠷᠭᠤ ᠶᠢᠨ ᠰᠠᠭᠤᠭᠳᠠᠯ ᠢ ᠪᠣᠶ ᠪᠣᠯᠭᠠᠭᠰᠠᠨ | ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ ; ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠵᠡᠷᠭᠡ ᠭᠠᠵᠠᠷ ᠰᠢᠨᠵᠢᠯᠡᠭᠡᠨ ᠤ ᠦᠯᠡᠳᠡᠭᠳᠡᠯ ᠢ | ᠬᠢᠨᠠᠵᠤ ᠬᠠᠮᠢᠶᠠᠷᠤᠨ᠎ᠠ ; ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢᠨ ᠰᠡᠷᠭᠦᠭᠡᠯᠲᠡ ᠶᠢᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠢ ᠶᠢ ᠡᠮᠬᠢᠯᠡᠨ ᠳᠠᠬᠢᠨ ᠬᠠᠭᠠᠯᠪᠤᠷᠢᠯᠠᠬᠤ᠂ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠮᠢ ᠠᠬᠤᠢ ᠶᠢᠨ ᠰᠡᠷᠭᠦᠭᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ | ᠂ ᠵᠢᠭᠠᠨ ᠵᠢᠯᠤᠭᠤᠳᠴᠤ᠂ ᠬᠢᠨᠠᠯᠲᠠ ᠲᠠᠯᠪᠢᠨ᠎ᠠ᠃ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠭᠠᠨ ᠵᠢᠯᠤᠭᠤᠳᠴᠤ᠂ | ᠬᠢᠨᠠᠯᠲᠠ ᠲᠠᠯᠪᠢᠨ᠎ᠠ ; ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ ; ᠭᠠᠵᠠᠷ ᠰᠢᠨᠵᠢᠯᠡᠭᠡᠨ ᠤ ᠦᠯᠡᠳᠡᠭᠳᠡᠯ ᠤᠨ | ᠬᠠᠮᠠᠭᠠᠯᠠᠯᠲᠠ ᠶᠢ ᠵᠣᠬᠢᠶᠠᠨ ᠪᠠᠶᠢᠭᠤᠯᠤᠨ᠎ᠠ᠃ | ︵ᠳᠥᠷᠪᠡ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠲ᠋ᠣᠺ᠃ ᠣᠷᠣᠨ ᠵᠠᠢ ᠶᠢᠨ ᠲᠥᠯᠦᠪᠵᠢᠭᠦᠯᠭᠡ ᠶᠢᠨ | ᠰᠢᠰᠲ᠋ᠧᠮ ᠢ ᠪᠠᠶᠢᠭᠤᠯᠬᠤ ᠠᠵᠢᠯ ᠢ ᠡᠭᠦᠷᠭᠡᠯᠡᠬᠦ ᠶᠢᠨ ᠬᠠᠮᠲᠤ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ ; ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠢ ᠲᠥᠷᠥᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ ; ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠡᠵᠡᠮᠳᠡᠬᠦ ᠱᠤᠭᠤᠮ ᠢ ᠵᠣᠬᠢᠶᠠᠨ ᠪᠠᠶᠢᠭᠤᠯᠤᠨ | ᠵᠠᠭᠠᠭᠯᠠᠨ ᠲᠣᠭᠲᠠᠭᠠᠨ᠎ᠠ ; ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠰᠢᠭᠤᠨ ᠲᠠᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ ; ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ | ᠠᠰᠢᠭᠯᠠᠬᠤ ᠳᠤ ᠬᠤᠯᠪᠣᠭᠳᠠᠭᠰᠠᠨ ᠪᠥᠬᠦ ᠬᠤᠰᠢᠭᠤᠨ ᠤ ᠴᠢᠬᠤᠯᠠ ᠶᠡᠭᠡ ᠲᠤᠰᠬᠠᠢ ᠲᠥᠯᠦᠪᠵᠢᠭᠦᠯᠭᠡ ᠶᠢ ᠵᠢᠯᠤᠭᠤᠳᠬᠤ ᠪᠠ ᠬᠢᠨᠠᠨ ᠬᠠᠷᠭᠤᠭᠤᠯᠤᠨ᠎ᠠ᠃ ᠪᠥᠬᠦ | ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠡᠭᠡᠭᠡᠨ ᠬᠥᠭᠵᠢᠭᠦᠯᠦᠯᠲᠡ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢᠨ ᠬᠢᠨᠠᠨ ᠬᠡᠮᠵᠢᠬᠦ᠂ ᠦᠨᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠢ ᠪᠠᠶᠢᠭᠤᠯᠤᠨ᠎ᠠ ; ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ᠂ ᠬᠤᠲᠠ ᠪᠠᠯᠭᠠᠰᠤ ᠶᠢᠨ ᠡᠵᠡᠮᠳᠡᠯ ᠤᠨ | ᠴᠢᠨᠠᠷᠲᠠᠢ ᠨᠠᠷᠢᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠪᠠ | ᠲᠣᠬᠢᠷᠠᠭᠤᠯᠬᠤ ᠶᠢ ᠬᠠᠷᠢᠭᠤᠴᠠᠬᠤ ᠶᠢᠨ ᠬᠠᠮᠲᠤ᠂ ᠪᠤᠰᠤᠳ ᠡᠯ᠎ᠡ ᠲᠥᠷᠥᠯ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ | ᠵᠣᠯᠭᠠᠭᠤᠯᠤᠨ᠎ᠠ ; ᠡᠯ᠎ᠡ ᠲᠥᠷᠥᠯ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ᠨᠡᠶᠢᠴᠡᠬᠦ ᠴᠢᠨᠠᠷ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ ; | ᠲᠥᠯᠦᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠭᠤᠯᠬᠤ ᠴᠢᠨᠠᠷᠲᠠᠢ ᠨᠠᠷᠢᠨ | ᠲᠥᠯᠦᠪᠵᠢᠭᠦᠯᠭᠡ᠂ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠢ ᠲᠥᠷᠥᠯ ᠤᠨ ᠲᠥᠯᠦᠪᠵᠢᠭᠦᠯᠭᠡ ᠶᠢ ᠬᠢᠨᠠᠨ | ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠯᠦᠪᠵᠢᠭᠦᠯᠭᠡ ᠶᠢᠨ ᠣᠷᠣᠨ ᠤ ᠳᠣᠲᠣᠷᠠᠬᠢ ᠡᠯ᠎ᠡ ᠲᠥᠷᠥᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠬᠤᠲᠠ ᠶᠢᠨ ᠶᠠᠪᠤᠳᠠᠯ ᠤᠨ ᠢᠨᠵᠧᠨᠧᠷᠢᠩ ᠳᠤ ᠬᠠᠤᠯᠢ ᠶᠣᠰᠣᠭᠠᠷ | ᠲᠥᠯᠦᠪᠵᠢᠭᠦᠯᠭᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ ; | ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠢᠴᠢ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠰᠲ᠋ᠣᠺ᠃ ᠲᠥᠷᠥ ᠶᠢᠨ ᠶᠠᠪᠤᠳᠠᠯ ᠤᠨ | ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠴᠢᠬᠤᠯᠠᠲᠠᠢ | ᠭᠠᠵᠠᠷ ᠰᠢᠷᠣᠢ ᠶᠢ ᠰᠢᠯᠵᠢᠭᠦᠯᠦᠨ ᠬᠡᠷᠡᠭᠯᠡᠬᠦ᠂ ᠲᠠᠲᠠᠪᠤᠷᠢᠯᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ | ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠳᠦᠷᠢᠮ ᠢ ᠬᠡᠷᠡᠭᠵᠢᠭᠦᠯᠵᠦ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠥᠳᠡᠯᠦᠩᠭᠦᠢ ᠬᠢᠨᠠᠨ ᠬᠡᠮᠵᠢᠯᠲᠡ ᠶᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠢᠯᠡ ᠨᠡᠶᠢᠲᠡᠯᠡᠬᠦ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮᠵᠢ ᠶᠢ | ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠠᠰ ᠬᠤᠪᠢᠶᠠᠨ ᠲᠠᠰ ᠲᠣᠭᠲᠠᠭᠠᠬᠤ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ | ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ | ᠵᠢᠯᠣᠭᠤᠳᠤᠨ᠎ᠠ ; ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠤᠨ ᠵᠢᠷᠤᠮᠵᠢᠯ ᠪᠠ ᠮᠡᠷᠭᠡᠵᠢᠯ ᠤᠨ | ᠪᠠᠷᠢᠮᠵᠢᠶ᠎ᠠ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ᠂ ᠴᠢᠭᠢᠭᠯᠢᠭ ᠭᠠᠵᠠᠷ ᠵᠡᠷᠭᠡ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ | ᠰᠢᠯᠵᠢᠭᠦᠯᠦᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠴᠢᠯᠠᠨ | ᠬᠢᠨᠠᠬᠤ ᠠᠵᠢᠯ ᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠢᠶᠠᠷ ᠬᠢᠨᠠᠨ ᠵᠥᠪᠰᠢᠶᠡᠷᠡᠭᠦᠯᠬᠦ ᠴᠢᠬᠤᠯᠠᠲᠠᠢ ᠡᠯ᠎ᠡ | ᠲᠥᠷᠥᠯ ᠤᠨ ᠭᠠᠵᠠᠷ ᠰᠢᠷᠣᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠶᠢ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠡᠭᠦᠷᠭᠡᠯᠡᠨ᠎ᠡ ; | ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠵᠡᠷᠭᠡ ᠬᠡᠷᠡᠭᠴᠡᠭᠡ ᠶᠢ ᠵᠠᠬᠢᠷᠤᠨ ᠬᠠᠮᠢᠶᠠᠷᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠬᠢᠨᠠᠨ ᠪᠠᠶᠢᠴᠠᠭᠠᠨ᠎ᠠ᠃ | ︵ᠵᠢᠷᠭᠤᠭ᠎ᠠ︶ ᠲᠠᠷᠢᠶᠠᠨ ᠭᠠᠵᠠᠷ ᠢ ᠬᠠᠮᠠᠭᠠᠯᠠᠬᠤ ᠬᠤᠪᠢ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠣᠨᠴᠠᠭᠠᠶ ᠬᠠᠮᠠᠭᠠᠯᠠᠯᠲᠠ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢᠨ ᠠᠵᠢᠯ ᠵᠢᠴᠢ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ ; ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠣᠶᠢᠲᠤ ᠭᠠᠵᠠᠷ᠂ ᠡᠪᠡᠰᠦᠲᠦ ᠭᠠᠵᠠᠷ᠂ ᠴᠢᠭᠢᠭᠯᠢᠭ | ᠭᠠᠵᠠᠷ ᠵᠡᠷᠭᠡ ᠭᠠᠵᠠᠷ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠬᠠᠷᠢᠭᠤᠴᠠᠨ᠎ᠠ ; ᠡᠷᠬᠡ ᠶᠢᠨ ᠬᠡᠪᠴᠢᠶᠡᠨ | ᠳᠣᠲᠣᠷᠠᠬᠢ ᠪᠥᠬᠦ ᠬᠤᠰᠢᠭᠤᠨ ᠤ ᠭᠠᠵᠠᠷ ᠰᠢᠷᠣᠢ ᠶᠢᠨ ᠨᠡᠭᠡᠭᠡᠨ ᠠᠰᠢᠭᠯᠠᠯᠲᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ | ᠪᠠᠶᠢᠴᠠᠭᠠᠬᠤ ᠪᠠ ᠲᠥᠷᠥᠯ ᠵᠦᠢᠯ ᠢ ᠰᠢᠯᠭᠠᠨ ᠠᠪᠬᠤ ᠠᠵᠢᠯ ᠢ ᠬᠠᠷᠢᠭᠤᠴᠠᠨ᠎ᠠ᠃ | ︵ᠳᠣᠯᠤᠭ᠎ᠠ︶ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠭ᠃ ᠡᠯᠡᠰᠦᠷᠬᠡᠭᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ᠂ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ ᠪᠠ ᠮᠡᠷᠭᠡᠵᠢᠯ ᠤᠨ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ ; ᠡᠯᠡᠰᠦᠨ ᠴᠥᠯ ᠤᠨ ᠪᠠᠶᠢᠴᠠᠭᠠᠯᠲᠠ᠂ ᠬᠥᠳᠡᠯᠦᠩᠭᠦᠢ ᠬᠢᠨᠠᠨ ᠬᠡᠮᠵᠢᠯᠲᠡ ᠬᠢᠭᠡᠳ ᠦᠨᠡᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ ; ᠤᠢ ᠰᠢᠭᠤᠢ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ ᠮᠣᠳᠣ | ᠲᠠᠷᠢᠵᠤ ᠣᠶᠢᠵᠢᠭᠤᠯᠬᠤ᠂ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠪᠠ ᠡᠪᠡᠰᠦ ᠮᠣᠳᠣ ᠲᠠᠷᠢᠬᠤ ᠵᠡᠷᠭᠡ ᠠᠮᠢᠳᠤ ᠪᠣᠳᠠᠰ ᠤᠨ ᠠᠷᠭ᠎ᠠ ᠬᠡᠮᠵᠢᠶ᠎ᠡ ᠪᠠᠷ | ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ᠎ᠠ ; ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ | ᠠᠬᠤᠢ ᠶᠢ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠨᠡᠭᠦᠷᠡᠰᠦᠲᠥ᠋ᠷᠥᠭᠴᠢ ᠶᠢ ᠬᠤᠷᠠᠭᠤᠯᠵᠤ ᠣᠶᠢᠵᠢᠭᠤᠯᠬᠤ ᠲᠥᠷᠥᠯ ᠵᠦᠢᠯ ᠤᠨ ᠠᠵᠢᠯ ᠢ | ᠬᠠᠷᠢᠭᠤᠴᠠᠨ᠎ᠠ ; ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ | ᠡᠯᠡᠰᠦᠨ ᠰᠢᠭᠤᠷᠭ᠎ᠠ ᠶᠢᠨ ᠭᠠᠮᠰᠢᠭ ᠤᠨ ᠠᠭᠤᠷ ᠠᠮᠢᠰᠬᠤᠯ ᠢ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠰᠢᠨ᠎ᠡ ᠪᠠᠷᠭᠤ ᠵᠡᠭᠦᠨ ᠬᠤᠰᠢᠭᠤᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ ; ᠪᠥᠬᠦ ᠬᠤᠰᠢᠭᠤᠨ ᠤ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠬᠠᠷᠢᠭᠤᠴᠠᠨ᠎ᠠ ; ᠡᠯ᠎ᠡ ᠲᠦᠷᠦᠯ ᠤᠨ | ᠲᠠᠸᠠᠷ ᠤᠨ ᠤᠢ᠂ ᠣᠨᠴᠠ ᠬᠡᠷᠡᠭᠴᠡᠭᠡᠨ ᠤ ᠤᠢ ᠶᠢ ᠪᠣᠶᠢᠵᠢᠭᠤᠯᠬᠤ ᠶᠢ ᠵᠢᠯᠣᠭᠤᠳᠤᠨ᠎ᠠ ; ᠪᠥᠬᠦ ᠬᠤᠰᠢᠭᠤᠨ ᠤ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ | ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠪᠠ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠪᠠ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ ; ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠴᠤᠭᠯᠠᠭᠤᠯᠤᠨ ᠦᠨᠡᠯᠡᠬᠦ᠂ ᠠᠰᠢᠭᠯᠠᠬᠤ ᠪᠠ ᠡᠬᠢ | ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ ; ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ ᠶᠢ ᠬᠢᠨᠠᠨ ᠲᠣᠭᠲᠠᠭᠠᠬᠤ᠂ ᠵᠢᠱᠢᠶ᠎ᠡ | ᠦᠵᠡᠭᠦᠯᠦᠨ ᠳᠡᠯᠭᠡᠷᠡᠭᠦᠯᠬᠦ ᠪᠠ ᠦᠷ᠎ᠡ ᠶᠢ ᠬᠢᠨᠠᠵᠤ ᠰᠢᠯᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ᠎ᠠ ; ᠰᠠᠶᠢᠨ ᠡᠭᠦᠯᠳᠡᠷ ᠤᠨ ᠰᠠᠭᠤᠷᠢᠨ ᠭᠠᠵᠠᠷ᠂ | ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠤᠢ ᠮᠣᠳᠣᠨ ᠤ ᠦᠷ᠎ᠡ᠂ ᠦᠷ᠎ᠡ ᠪᠠ ᠵᠤᠯᠵᠠᠭ᠎ᠠ ᠮᠣᠳᠣᠨ ᠤ | ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ ; ᠤᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ | ᠵᠠᠰᠠᠬᠤ᠂ ᠬᠢᠵᠢᠭ ᠪᠠᠶᠢᠴᠠᠭᠠᠬᠤ ᠪᠠ ᠤᠷᠢᠳᠴᠢᠯᠠᠨ ᠮᠡᠳᠡᠭᠡᠯᠡᠬᠦ ᠠᠵᠢᠯ ᠢ ᠵᠢᠯᠣᠭᠤᠳᠤᠨ᠎ᠠ ; ᠨᠤᠲᠤᠭ ᠪᠡᠯᠴᠢᠭᠡᠷ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠨᠠᠯ ᠢ | ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ ; ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠪᠦᠲᠦᠭᠡᠨ | ᠪᠠᠶᠢᠭᠤᠯᠤᠯᠲᠠ ᠶᠢᠨ ᠠᠰᠢᠭᠯᠠᠯᠲᠠ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠵᠢᠯ ᠢ ᠬᠠᠷᠢᠭᠤᠴᠠᠨ᠎ᠠ ; ᠨᠤᠲᠤᠭ | ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ | ᠪᠡᠯᠴᠢᠭᠡᠷ ᠥᠨᠵᠢᠭᠦᠯᠬᠦ᠂ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠵᠢᠯᠤᠭᠤᠳᠴᠤ᠂ ᠨᠤᠲᠤᠭ ᠪᠡᠯᠴᠢᠭᠡᠷ ᠤᠨ ᠠᠮᠢ | ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠨ ᠵᠢᠯᠤᠭᠤᠳᠴᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ ; ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠡᠪᠡᠳᠴᠢᠨ ᠵᠡᠷᠭᠡ ᠬᠥᠨᠥᠭᠡᠯᠲᠡᠢ ᠠᠮᠢᠳᠤ ᠪᠣᠳᠠᠰ ᠤᠨ ᠭᠠᠢ ᠭᠠᠮᠰᠢᠭ ᠢ | ᠰᠡᠷᠭᠡᠶᠢᠯᠡᠨ ᠵᠠᠰᠠᠬᠤ ᠪᠠ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠥᠳᠡᠯᠦᠩᠭᠦᠢ | ᠪᠠᠶᠢᠳᠠᠯ ᠢ ᠬᠢᠨᠠᠨ ᠰᠢᠨᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠨᠠᠢᠮᠠ︶ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ︵ᠣᠶ ᠰᠢᠭᠤᠢ ᠡᠪᠡᠰᠦ ᠪᠡᠯᠴᠢᠭᠡᠷ ᠤᠨ | ᠳᠠᠷᠤᠭ᠎ᠠ ᠶᠢᠨ ᠳᠦᠷᠢᠮ ᠤᠨ ᠠᠯᠪᠠᠨ ᠭᠡᠷ︶᠃ ᠣᠶ ᠰᠢᠭᠤᠢ ᠨᠤᠲᠤᠭ ᠪᠡᠯᠴᠢᠭᠡᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ᠂ ᠡᠵᠡᠩᠨᠡᠯᠲᠡ ᠶᠢᠨ | ᠲᠥᠯᠦᠪᠵᠢᠭᠦᠯᠭᠡ ᠪᠠ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ ; ᠣᠶ ᠰᠢᠭᠤᠢ ᠨᠤᠲᠤᠭ | ᠪᠡᠯᠴᠢᠭᠡᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠷᠬᠡ ᠮᠡᠳᠡᠯ ᠤᠨ ᠬᠡᠪᠴᠢᠶᠡᠨ ᠳᠣᠲᠣᠷᠠᠬᠢ ᠨᠡᠶᠢᠲᠡ ᠶᠢᠨ | ᠠᠰᠠᠷᠠᠮᠵᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ ; ᠡᠷᠲᠡᠨ ᠤ ᠮᠣᠳᠣ ᠨᠡᠷᠡᠳᠦ ᠮᠣᠳᠣ ᠵᠢᠴᠢ | ᠨᠡᠭᠦᠷᠡᠰᠦᠲᠥ᠋ᠷᠥᠭᠴᠢ ᠶᠢ ᠬᠤᠷᠠᠭᠤᠯᠬᠤ ᠤᠢ ᠶᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠣᠶ ᠰᠢᠭᠤᠢ ᠪᠠ ᠨᠤᠲᠤᠭ | ᠪᠡᠯᠴᠢᠭᠡᠷ ᠤᠨ ᠡᠬᠢ ᠪᠠᠶᠠᠯᠢᠭ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; ᠣᠶ ᠰᠢᠭᠤᠢ ᠨᠤᠲᠤᠭ ᠪᠡᠯᠴᠢᠭᠡᠷ ᠤᠨ ᠳᠠᠭᠠᠳᠬᠠᠯ᠂ ᠡᠬᠢ ᠪᠠᠶᠠᠯᠢᠭ ᠢ ᠪᠣᠶᠢᠵᠢᠭᠤᠯᠬᠤ ᠵᠡᠷᠭᠡ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠤᠭᠤ ᠭᠠᠵᠠᠷ ᠪᠠ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠪᠠᠶᠢᠴᠠᠭᠠᠯᠲᠠ᠂ | ᠬᠥᠳᠡᠯᠦᠩᠭᠦᠢ ᠬᠢᠨᠠᠨ ᠬᠡᠮᠵᠢᠬᠦ ᠪᠠ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ; ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ᠂ ᠣᠷᠣᠰᠢᠨ | ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠰᠤᠷᠪᠤᠯᠵᠢᠲᠤ ᠬᠢᠵᠢᠭ ᠡᠪᠡᠳᠴᠢᠨ ᠢ ᠬᠢᠨᠠᠨ ᠬᠡᠮᠵᠢᠬᠦ ᠪᠠ ᠰᠡᠷᠭᠡᠶᠢᠯᠡᠨ ᠬᠢᠵᠠᠭᠠᠷᠯᠠᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ ; ᠴᠢᠬᠤᠯᠠ ᠨᠤᠭᠤ ᠭᠠᠵᠠᠷ ᠪᠠ ᠨᠤᠭᠤ ᠭᠠᠵᠠᠷ ᠤᠨ ᠴᠡᠴᠡᠷᠯᠢᠭ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ ; ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠣᠶᠢᠵᠢᠭᠤᠯᠬᠤ᠂ ᠡᠵᠡᠩᠨᠡᠨ | ᠠᠰᠢᠭᠯᠠᠬᠤ ᠠᠵᠢᠯ ᠢ ᠬᠢᠨᠠᠨ ᠬᠠᠮᠢᠶᠠᠷᠤᠨ᠎ᠠ ; ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ ; ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠯᠳᠠᠷᠲᠤ ᠦᠵᠡᠮᠵᠢ ᠶᠢᠨ ᠣᠷᠣᠨ᠂ ᠪᠠᠶᠢᠭᠠᠯᠢ ᠶᠢᠨ ᠥᠪ᠂ | ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠡᠬᠢ ᠪᠠᠶᠠᠯᠢᠭ ᠢ ᠬᠢᠨᠠᠵᠤ ᠬᠠᠮᠢᠶᠠᠷᠤᠨ᠎ᠠ ; ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠢᠭᠤᠯᠴᠢᠯᠠᠯ ᠤᠨ ᠨᠡᠭᠡᠭᠡᠨ | ᠬᠥᠭᠵᠢᠭᠦᠯᠦᠯᠲᠡ᠂ ᠪᠠᠶᠢᠭᠠᠯᠢ ᠶᠢᠨ ᠥᠪ ᠬᠢᠭᠡᠳ ᠰᠣᠶᠣᠯ ᠤᠨ ᠳᠠᠪᠬᠤᠷ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; | ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ | ᠬᠠᠷᠢᠭᠤᠴᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠯᠲᠠ᠂ ᠭᠠᠯ ᠤᠨ ᠢᠷᠡᠯᠲᠡ ᠶᠢᠨ ᠬᠠᠮᠢᠶᠠᠷᠤᠯᠲᠠ᠂ | ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ ; ᠣᠶ ᠰᠢᠭᠤᠢ ᠪᠠ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠣᠳᠠᠲᠠᠢ ᠠᠵᠢᠯ ᠢ | ᠡᠭᠦᠷᠭᠡᠯᠡᠨ᠎ᠡ᠃ ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠳᠤ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠵᠤ᠂ ᠬᠤᠰᠢᠭᠤᠨ ᠤ ᠣᠶ ᠰᠢᠭᠤᠢ ᠡᠪᠡᠰᠦ | ᠪᠡᠯᠴᠢᠭᠡᠷ ᠤᠨ ᠳᠠᠷᠤᠭ᠎ᠠ ᠳᠤ ᠲᠣᠰ ᠬᠠᠷᠢᠭᠤᠴᠠᠯᠭ᠎ᠠ ᠶᠢᠨ ᠣᠷᠣᠨ ᠪᠦᠰᠡ ᠶᠢᠨ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠵᠤ | ᠬᠥᠭᠵᠢᠭᠦᠯᠦᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ ; ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠳᠣᠣᠷᠠᠳᠤ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ | ᠳᠦᠷᠢᠮ ᠤᠨ ᠠᠯᠪᠠᠨ ᠭᠡᠷ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠶᠢ ᠰᠢᠮᠳᠠᠭᠤᠯᠤᠨ ᠵᠣᠬᠢᠴᠠᠭᠤᠯᠵᠤ᠂ ᠵᠢᠯᠤᠭᠤᠳᠴᠤ᠂ ᠣᠶ ᠰᠢᠭᠤᠢ ᠡᠪᠡᠰᠦ | ᠪᠡᠯᠴᠢᠭᠡᠷ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ ; ᠲᠣᠰ ᠱᠠᠲᠤᠨ ᠤ ᠣᠶ ᠰᠢᠭᠤᠢ | ᠡᠪᠡᠰᠦ ᠪᠡᠯᠴᠢᠭᠡᠷ ᠤᠨ ᠣᠷᠳᠣ ᠬᠤᠭᠤᠴᠠᠭ᠎ᠠ ᠶᠢᠨ ᠳᠦᠷᠢᠮ ᠤᠨ ᠢᠵᠢ ᠪᠦᠷᠢᠳᠦᠭᠦᠯᠬᠦ ᠳᠦᠷᠢᠮ ᠢ ᠲᠤᠭᠤᠷᠪᠢᠨ ᠲᠣᠭᠲᠠᠭᠠᠵᠤ᠂ ᠣᠶ ᠰᠢᠭᠤᠢ ᠡᠪᠡᠰᠦ ᠪᠡᠯᠴᠢᠭᠡᠷ ᠤᠨ | ᠣᠷᠳᠣ ᠬᠤᠭᠤᠴᠠᠭ᠎ᠠ ᠶᠢᠨ ᠳᠦᠷᠢᠮ ᠤᠨ ᠬᠢᠨᠠᠨ ᠵᠢᠯᠤᠭᠤᠳᠴᠤ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ︵ᠶᠢᠰᠦ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰᠤᠭ᠃ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠢ ᠨᠤᠲᠤᠭ ᠪᠡᠯᠴᠢᠭᠡᠷ ᠤᠨ | ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠥᠯᠥᠪᠯᠡᠭᠡ᠂ ᠬᠠᠮᠢᠶᠠᠷᠤᠯᠲᠠ ᠶᠢᠨ | ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ; ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠮᠡᠳᠡᠯ ᠤᠨ ᠶᠣᠰᠣᠭᠠᠷ᠂ ᠡᠷᠬᠡ | ᠮᠡᠳᠡᠯ ᠤᠨ ᠬᠡᠪᠴᠢᠶᠡᠨ ᠳᠣᠲᠣᠷᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠭᠠᠵᠠᠷ ᠰᠢᠷᠣᠢ ᠶᠢᠨ ᠠᠰᠢᠭᠯᠠᠯᠲᠠ᠂ ᠬᠤᠲᠠ ᠬᠥᠳᠡᠭᠡ ᠶᠢᠨ | ᠲᠥᠯᠦᠪᠵᠢᠭᠦᠯᠭᠡ᠂ ᠬᠡᠮᠵᠢᠨ ᠵᠢᠷᠤᠭᠯᠠᠯᠲᠠ᠂ ᠣᠶ ᠰᠢᠭᠤᠢ᠂ ᠨᠤᠲᠤᠭ ᠪᠡᠯᠴᠢᠭᠡᠷ ᠵᠡᠷᠭᠡ ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ | ᠵᠢᠴᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠯᠤᠭ᠎ᠠ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ ; ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠬᠤᠯᠪᠣᠭᠳᠠᠭᠰᠠᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠡᠷᠬᠡ ᠣᠯᠭᠤᠭᠰᠠᠨ | ᠰᠤᠮᠤ ᠪᠠᠯᠭᠠᠰᠤ ᠵᠢᠴᠢ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ ; ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ | ᠱᠠᠭᠠᠷᠳᠠᠯᠭ᠎ᠠ ᠶᠣᠰᠣᠭᠠᠷ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠨᠠᠶᠢᠳᠠᠯᠭ᠎ᠠ ᠶᠢᠨ | ᠠᠵᠢᠯ ᠢ ᠥᠷᠨᠢᠭᠦᠯᠬᠦ ᠶᠢᠨ ᠬᠠᠮᠲᠤ᠂ ᠨᠠᠶᠢᠳᠠᠯᠭ᠎ᠠ ᠬᠦᠯᠢᠶᠡᠭᠰᠡᠨ ᠰᠠᠯᠠᠭ᠎ᠠ ᠮᠥᠴᠢᠷ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠤᠭᠤᠳᠬᠤ ᠪᠠ ᠬᠢᠨᠠᠯᠲᠠ ᠲᠠᠯᠪᠢᠬᠤ ᠶᠢᠨ ᠬᠠᠮᠲᠤ᠂ ᠨᠠᠶᠢᠳᠠᠯᠭ᠎ᠠ ᠬᠦᠯᠢᠶᠡᠭᠰᠡᠨ ᠨᠢᠭᠡᠴᠢ ᠶᠢᠨ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠠᠴᠠ ᠪᠣᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠵᠡᠷᠭᠡ ᠬᠡᠷᠡᠭ ᠶᠠᠪᠤᠳᠠᠯ ᠢ ᠬᠠᠷᠢᠭᠤᠴᠠᠨ᠎ᠠ ; | ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠪᠠ ᠨᠤᠲᠤᠭ ᠪᠡᠯᠴᠢᠭᠡᠷ ᠤᠨ ᠬᠦᠷᠢᠶᠡᠨ ᠳᠠᠬᠢ ᠡᠯ᠎ᠡ ᠲᠥᠷᠥᠯ ᠤᠨ ᠲᠤᠰᠬᠠᠢ ᠵᠦᠢᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠢᠨ ᠬᠠᠮᠲᠤ᠂ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰᠬᠠᠢ ᠵᠦᠢᠯ ᠤᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠲᠠᠭᠯᠠᠨ ᠮᠡᠳᠡᠭᠦᠯᠬᠦ ᠬᠡᠷᠡᠭᠲᠡᠢ ; ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠯ᠎ᠡ | ᠲᠥᠷᠥᠯ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠮᠵᠢᠯᠴᠠᠨ ᠥᠷᠨᠢᠭᠦᠯᠦᠨ᠎ᠡ ; ᠪᠠᠶᠢᠭᠠᠯᠢ ᠶᠢᠨ ᠡᠬᠢ | ᠪᠠᠶᠠᠯᠢᠭ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠦᠷᠢᠳᠬᠡᠬᠦ ᠪᠠ ᠵᠠᠳᠠᠯᠬᠤ ᠶᠢ ᠬᠠᠷᠢᠭᠤᠴᠠᠨ᠎ᠠ ; ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ | ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠ ᠵᠢᠷᠤᠮᠯᠠᠨ ᠰᠠᠬᠢᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠶᠠᠯᠠᠯ ᠤᠨ ᠡᠷᠬᠡ ᠶᠢ ᠴᠢᠩᠭ᠎ᠠ ᠵᠢᠷᠤᠮᠯᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠤᠲᠤᠭ | ᠪᠡᠯᠴᠢᠭᠡᠷ ᠤᠨ ᠵᠢᠭᠤᠯᠴᠢᠯᠠᠯ ᠤᠨ ᠬᠠᠮᠢᠶ᠎ᠠ ᠪᠦᠬᠦᠢ ᠠᠵᠢᠯ ᠢ ᠬᠢᠨᠠᠨ ᠬᠠᠮᠢᠶᠠᠷᠴᠤ ᠬᠠᠤᠯᠢ ᠪᠤᠰᠤ ᠪᠠᠷ ᠬᠠᠭᠠᠯᠪᠤᠷᠢᠯᠠᠭᠰᠠᠨ᠂ ᠡᠵᠡᠯᠡᠨ ᠬᠡᠷᠡᠭᠯᠡᠭᠰᠡᠨ᠂ ᠡᠪᠳᠡᠭᠰᠡᠨ ᠵᠡᠷᠭᠡ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠠᠷᠪᠠ︶ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ | ᠪᠠᠶᠢᠭᠤᠯᠤᠯᠲᠠ᠂ ᠤᠯᠠᠨ ᠲᠦᠮᠡᠨ ᠤ ᠪᠦᠯᠬᠦᠮ ᠵᠡᠷᠭᠡ ᠶᠢᠨ ᠠᠵᠢᠯ ᠢ ᠬᠠᠷᠢᠭᠤᠴᠠᠨ᠎ᠠ᠃ | | ᠬᠠᠶ᠋ᠢᠭ᠄ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠬᠥᠯᠥᠨ ᠶᠡᠭᠡ | ᠵᠡᠭᠡᠯᠢ ᠶᠢᠨ 36 ᠳ᠋ᠤᠭᠠᠷ ᠨᠣᠮᠧᠷ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6602269 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠵᠢᠷᠤᠮᠲᠤ | ᠰᠦᠯᠵᠢᠶᠡᠨ ᠤ ᠬᠠᠶ᠋ᠢᠭ᠄ http://www.xzq.gov.cn/OpennessContent/showList/758/0/page_1.html | | ᠭᠤᠷᠪᠠ᠂ ᠬᠠᠷᠢᠶ᠎ᠠ ᠪᠠᠶᠢᠭᠤᠯᠤᠮᠵᠢ | | ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢ ᠪᠠᠶᠢᠴᠠᠭᠠᠨ ᠳᠠᠩᠰᠠᠯᠠᠬᠤ ᠲᠥᠪ᠃ ᠰᠢᠨ᠎ᠡ ᠪᠠᠷᠭᠤ ᠵᠡᠭᠦᠨ | ᠬᠤᠰᠢᠭᠤᠨ ᠤ ᠥᠯᠥ ᠬᠥᠳᠡᠯᠬᠦ ᠬᠥᠷᠥᠩᠭᠡ ᠶᠢ ᠪᠠᠶᠢᠴᠠᠭᠠᠨ ᠳᠠᠩᠰᠠᠯᠠᠬᠤ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠳᠡᠳ᠋ ᠰᠠᠯᠠᠭ᠎ᠠ ᠶᠢᠨ ᠲᠠᠰ ᠲᠠᠢ ᠲᠡᠩᠴᠡᠬᠦ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠨ᠎ᠠ᠃ ᠭᠤᠣᠯ ᠡᠭᠦᠷᠭᠡ ᠬᠠᠷᠢᠭᠤᠴᠠᠯᠭ᠎ᠠ᠄ ᠪᠥᠬᠦ | ᠬᠤᠰᠢᠭᠤᠨ ᠤ ᠭᠠᠵᠠᠷ ᠰᠢᠷᠣᠢ ᠶᠢᠨ ᠳᠠᠩᠰᠠᠯᠠᠯᠲᠠ᠂ ᠭᠡᠷ ᠪᠠᠶᠢᠰᠢᠩ ᠤᠨ ᠳᠠᠩᠰᠠᠯᠠᠯᠲᠠ᠂ ᠣᠶᠢᠲᠤ ᠭᠠᠵᠠᠷ ᠤᠨ ᠳᠠᠩᠰᠠᠯᠠᠯᠲᠠ᠂ ᠨᠤᠲᠤᠭ ᠪᠡᠯᠴᠢᠭᠡᠷ ᠤᠨ | ᠳᠠᠩᠰᠠᠯᠠᠯᠲᠠ ᠵᠡᠷᠭᠡ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠵᠢᠯ ᠢ ᠬᠠᠷᠢᠭᠤᠴᠠᠨ᠎ᠠ ; ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠦᠯᠦ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠵᠤ᠂ ᠦᠯᠦ ᠬᠥᠳᠡᠯᠬᠦ ᠬᠥᠷᠥᠩᠭᠡ ᠶᠢ | ᠨᠢᠭᠡᠳᠦᠯᠲᠡᠢ ᠳᠠᠩᠰᠠᠯᠠᠬᠤ ᠳᠦᠷᠢᠮ ᠢ ᠪᠠᠶᠢᠭᠤᠯᠵᠤ᠂ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠳᠦᠷᠢᠮ ᠢ ᠲᠣᠭᠲᠠᠭᠠᠵᠤ᠂ ᠦᠯᠦ ᠬᠥᠳᠡᠯᠬᠦ | ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ ; ᠥᠯᠥ ᠬᠥᠳᠡᠯᠬᠦ | ᠬᠥᠷᠥᠩᠭᠡ ᠶᠢᠨ ᠮᠡᠳᠡᠭᠡ ᠵᠠᠩᠭᠢ ᠶᠢᠨ ᠰᠠᠭᠤᠷᠢ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠡᠩᠰᠡᠯᠡᠵᠦ | ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠥᠷᠨᠢᠭᠦᠯᠬᠦ ᠶᠢ ᠬᠠᠷᠢᠭᠤᠴᠠᠨ᠎ᠠ ; ᠪᠥᠬᠦ ᠬᠤᠰᠢᠭᠤᠨ ᠤ ᠡᠯ᠎ᠡ ᠲᠥᠷᠥᠯ ᠤᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ ᠪᠠ ᠲᠤᠭ᠎ᠠ ᠪᠠᠷᠢᠮᠲᠠ ᠶᠢ ᠵᠠᠳᠠᠯᠬᠤ ᠠᠵᠢᠯ ᠢ ᠡᠭᠦᠷᠭᠡᠯᠡᠨ᠎ᠡ᠃ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠬᠢᠭᠡᠳ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠨ᠎ᠡ ; ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠳᠦᠷᠢᠮ ᠵᠢᠴᠢ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠢ | ᠡᠶᠡᠳᠡᠭᠦᠯᠦᠨ ᠰᠢᠢᠳᠪᠦᠷᠢᠯᠡᠬᠦ ᠶᠢ ᠬᠠᠷᠢᠭᠤᠴᠠᠨ᠎ᠠ᠃ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠤ ᠬᠡᠷᠡᠭ ᠢ ᠪᠠᠶᠢᠴᠠᠭᠠᠬᠤ᠂ ᠭᠡᠷᠡᠴᠢ | ᠠᠪᠬᠤ ᠪᠠ ᠡᠶᠡᠳᠡᠭᠦᠯᠦᠨ ᠰᠢᠢᠳᠪᠦᠷᠢᠯᠡᠬᠦ ᠠᠵᠢᠯ ᠢ ᠨᠠᠶᠢᠳᠠᠵᠤ ᠡᠭᠦᠷᠭᠡᠯᠡᠭᠦᠯᠦᠨ᠎ᠡ ; ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ ᠶᠢᠨ | ᠠᠵᠢᠯ ᠢ ᠬᠠᠷᠢᠭᠤᠴᠠᠨ ᠥᠷᠨᠢᠭᠦᠯᠦᠨ᠎ᠡ ; ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ᠂ | ᠮᠠᠰᠢᠨ ᠤ ᠭᠡᠷ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠬᠠᠮᠢᠶᠠᠷᠬᠤ ᠵᠢᠴᠢ ᠬᠠᠮᠠᠭᠠᠯᠠᠬᠤ ᠠᠵᠢᠯ ᠢ ᠪᠠᠶᠢᠭᠤᠯᠤᠨ᠎ᠠ ; ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠮᠠᠲ᠋ᠧᠷᠢᠶᠠᠯ ᠤᠨ ᠨᠡᠶᠢᠭᠡᠮ ᠤᠨ ᠪᠠᠶᠢᠴᠠᠭᠠᠨ ᠯᠠᠪᠯᠠᠬᠤ ᠦᠢᠯᠡᠴᠢᠯᠡᠭᠡ ᠥᠷᠨᠢᠭᠦᠯᠬᠦ ᠶᠢ ᠬᠠᠷᠢᠭᠤᠴᠠᠨ᠎ᠠ ; ᠡᠯ᠎ᠡ ᠲᠥᠷᠥᠯ ᠤᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠪᠠ ᠲᠠᠩᠰᠠ | ᠡᠪᠬᠡᠮᠡᠯ ᠳᠤ ᠣᠷᠣᠭᠤᠯᠬᠤ ᠶᠢ ᠡᠭᠦᠷᠭᠡᠯᠡᠨ᠎ᠡ ; ᠭᠠᠵᠠᠷ ᠰᠢᠷᠣᠢ ᠶᠢᠨ ᠡᠬᠢ ᠪᠠᠶᠠᠯᠢᠭ ᠤᠨ ᠪᠠᠶᠢᠴᠠᠭᠠᠯᠲᠠ᠂ ᠠᠰᠢᠭᠯᠠᠯᠲᠠ ᠶᠢᠨ ᠣᠳᠣᠬᠢ ᠪᠠᠶᠢᠳᠠᠯ᠂ ᠭᠠᠵᠠᠷ | ᠰᠢᠷᠣᠢ ᠶᠢᠨ ᠡᠷᠬᠡ ᠶᠢᠨ ᠬᠠᠷᠢᠶᠠᠯᠠᠯ ᠤᠨ ᠪᠠᠶᠢᠳᠠᠯ᠂ ᠭᠠᠵᠠᠷ ᠰᠢᠷᠣᠢ ᠶᠢᠨ ᠠᠰᠢᠭᠯᠠᠯᠲᠠ ᠶᠢᠨ ᠠᠯᠤᠰ ᠰᠡᠷᠡᠯ ᠤᠨ ᠬᠢᠨᠠᠨ ᠬᠡᠮᠵᠢᠯᠲᠡ᠂ ᠭᠠᠵᠠᠷ ᠰᠢᠷᠣᠢ ᠶᠢᠨ | ᠬᠤᠪᠢᠷᠠᠯᠲᠠ ᠶᠢᠨ ᠪᠠᠶᠢᠴᠠᠭᠠᠯᠲᠠ ᠵᠢᠴᠢ ᠬᠤᠪᠢᠷᠠᠯᠲᠠ ᠶᠢᠨ ᠪᠠᠶᠢᠳᠠᠯ ᠤᠨ ᠪᠦᠷᠢᠳᠬᠡᠯ ᠵᠡᠷᠭᠡ ᠲᠤᠰᠬᠠᠢ ᠪᠠᠶᠢᠴᠠᠭᠠᠯᠲᠠ ᠶᠢᠨ ᠠᠵᠢᠯ ᠢ ᠬᠠᠷᠢᠭᠤᠴᠠᠨ ᠥᠷᠨᠢᠭᠦᠯᠦᠨ᠎ᠡ ; | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | ᠬᠠᠶ᠋ᠢᠭ᠄ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠬᠥᠯᠥᠨ ᠶᠡᠭᠡ | ᠵᠡᠭᠡᠯᠢ ᠶᠢᠨ 36 ᠳ᠋ᠤᠭᠠᠷ ᠨᠣᠮᠧᠷ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6608588 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠶᠢᠨ ᠱᠧᠩ ᠬᠦᠢ | ᠰᠦᠯᠵᠢᠶᠡᠨ ᠤ ᠬᠠᠶ᠋ᠢᠭ᠄ http://www.xzq.gov.cn/OpennessContent/showList/758/0/page_1.html | | ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠢ ᠶᠢ ᠴᠡᠭᠴᠡᠯᠡᠨ ᠵᠠᠰᠠᠵᠤ ᠬᠤᠷᠢᠶᠠᠨ ᠬᠠᠳᠠᠭᠠᠯᠠᠬᠤ ᠲᠥᠪ᠃ ᠰᠢᠨ᠎ᠡ | ᠪᠠᠷᠭᠤ ᠵᠡᠭᠦᠨ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠢ ᠴᠡᠭᠴᠡᠯᠡᠨ ᠵᠠᠰᠠᠬᠤ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠶᠢᠨ ᠲᠠᠰ ᠤᠨ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠪᠣᠯᠣᠨ᠎ᠠ᠃ ᠭᠤᠣᠯ ᠡᠭᠦᠷᠭᠡ | ᠬᠠᠷᠢᠭᠤᠴᠠᠯᠭ᠎ᠠ᠄ ᠬᠠᠷᠢᠶ᠎ᠠ ᠣᠷᠣᠨ ᠤ ᠳᠣᠲᠣᠷᠠᠬᠢ ᠭᠠᠵᠠᠷ ᠰᠢᠷᠣᠢ ᠶᠢᠨ ᠡᠬᠢ ᠪᠠᠶᠠᠯᠢᠭ ᠢ ᠨᠥᠭᠡᠴᠡᠯᠡᠬᠦ ᠪᠠ ᠠᠷᠠᠯᠵᠢᠶᠠᠯᠠᠬᠤ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ᠂ ᠵᠠᠬ᠎ᠠ ᠳᠡᠯᠭᠡᠭᠦᠷ ᠤᠨ ᠠᠷᠭ᠎ᠠ ᠮᠠᠶ᠋ᠢᠭ ᠢᠶᠠᠷ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ | ᠬᠠᠷᠢᠭᠤᠴᠠᠨ᠎ᠠ ; ᠬᠤᠰᠢᠭᠤᠨ ᠲᠣᠰ ᠱᠠᠲᠤᠨ ᠤ ᠣᠨ ᠤ ᠭᠠᠵᠠᠷ ᠰᠢᠷᠣᠢ ᠶᠢᠨ ᠨᠥᠭᠡᠴᠡᠯᠡᠯᠲᠡ ᠪᠠ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠨ᠎ᠠ ; ᠭᠠᠵᠠᠷ ᠰᠢᠷᠣᠢ ᠶᠢ ᠬᠠᠤᠯᠢ ᠶᠣᠰᠣᠭᠠᠷ ᠨᠥᠭᠡᠴᠡᠯᠡᠵᠦ᠂ ᠨᠥᠭᠡᠴᠡᠯᠡᠬᠦ ᠳᠤ ᠣᠷᠣᠭᠤᠯᠤᠭᠰᠠᠨ ᠭᠠᠵᠠᠷ ᠰᠢᠷᠣᠢ ᠶᠢ ᠡᠮᠦᠨᠡᠬᠢ ᠬᠤᠭᠤᠴᠠᠭᠠᠨ ᠳᠤ | ᠨᠡᠭᠡᠭᠡᠨ ᠠᠰᠢᠭᠯᠠᠬᠤ᠂ ᠬᠠᠮᠠᠭᠠᠯᠠᠬᠤ᠂ ᠬᠠᠮᠢᠶᠠᠷᠬᠤ ᠪᠠ ᠲᠦᠷ ᠴᠠᠭ ᠠᠰᠢᠭᠯᠠᠨ᠎ᠠ ; ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠨᠢ ᠤᠯᠤᠰ ᠤᠨ | ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ᠂ ᠰᠢᠯᠵᠢᠭᠦᠯᠦᠨ ᠥᠭᠬᠦ ᠶᠢ ᠢᠯᠡ ᠪᠠᠷ ᠠᠷᠠᠯᠵᠢᠶᠠᠯᠠᠬᠤ ᠶᠢ ᠬᠡᠷᠡᠭᠵᠢᠭᠦᠯᠦᠨ᠎ᠡ ; | ᠭᠠᠵᠠᠷ ᠰᠢᠷᠣᠢ ᠶᠢ ᠬᠤᠳᠠᠯᠳᠤᠨ ᠠᠪᠴᠤ ᠨᠥᠭᠡᠴᠡᠯᠡᠬᠦ ᠠᠷᠠᠯᠵᠢᠶᠠᠨ ᠤ ᠪᠡᠯᠡ ᠮᠥᠩᠭᠦ ᠶᠢᠨ ᠬᠠᠮᠢᠶᠠᠷᠤᠯᠲᠠ ᠶᠢ ᠡᠭᠦᠷᠭᠡᠯᠡᠨ᠎ᠡ ; ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | | ᠬᠠᠶ᠋ᠢᠭ᠄ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠬᠥᠯᠥᠨ ᠶᠡᠭᠡ | ᠵᠡᠭᠡᠯᠢ ᠶᠢᠨ 36 ᠳ᠋ᠤᠭᠠᠷ ᠨᠣᠮᠧᠷ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6608529 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠥᠯᠵᠡᠶᠢᠮᠦᠷᠡᠨ | ᠰᠦᠯᠵᠢᠶᠡᠨ ᠤ ᠬᠠᠶ᠋ᠢᠭ᠄ http://www.xzq.gov.cn/OpennessContent/showList/758/0/page_1.html | | ︵ᠭᠤᠷᠪᠠ︶ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠲᠥᠪ᠃ ᠰᠢᠨ᠎ᠡ ᠪᠠᠷᠭᠤ ᠵᠡᠭᠦᠨ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠰᠲ᠋ᠣᠺ ᠤᠨ ᠲᠠᠰ ᠲᠠᠢ ᠲᠡᠩᠴᠡᠬᠦ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠨ᠎ᠠ᠃ ᠭᠤᠣᠯ ᠲᠤᠰᠢᠶᠠᠯ ᠬᠠᠷᠢᠭᠤᠴᠠᠯᠭ᠎ᠠ᠄ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠤᠨ ᠬᠡᠷᠡᠭᠵᠢᠭᠦᠯᠬᠦ ᠶᠢ ᠡᠭᠦᠷᠭᠡᠯᠡᠨ᠎ᠡ ; | ᠬᠠᠷᠢᠶᠠᠲᠤ ᠣᠷᠣᠨ ᠤ ᠭᠠᠵᠠᠷ ᠰᠢᠷᠣᠢ ᠶᠢᠨ ᠬᠠᠷᠢᠶ᠎ᠠ ᠶᠢᠨ ᠬᠠᠮᠢᠶᠠᠷᠤᠯᠲᠠ ᠪᠠ ᠮᠠᠯᠴᠢᠨ ᠲᠠᠷᠢᠶᠠᠴᠢᠨ ᠤ ᠠᠷᠠᠳ ᠤᠨ ᠣᠷᠣᠨ ᠰᠠᠭᠤᠴᠠ ᠶᠢᠨ ᠰᠠᠭᠤᠷᠢ ᠭᠠᠵᠠᠷ ᠤᠨ | ᠬᠠᠮᠢᠶᠠᠷᠤᠯᠲᠠ᠂ ᠰᠠᠭᠤᠭᠠᠯᠢ ᠠᠷᠠᠳ ᠤᠨ ᠭᠡᠷ ᠪᠠᠶᠢᠰᠢᠩ ᠪᠠᠷᠢᠬᠤ ᠳᠤ ᠭᠠᠵᠠᠷ ᠰᠢᠷᠣᠢ ᠶᠢ ᠤᠷᠪᠠᠭᠤᠯᠬᠤ ︵ᠥᠷᠭᠡᠳᠬᠡᠬᠦ︶᠂ ᠲᠦᠷ ᠬᠡᠷᠡᠭᠯᠡᠬᠦ ᠭᠠᠵᠠᠷ ᠢ ᠬᠢᠨᠠᠨ | ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠵᠢᠴᠢ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ ᠵᠡᠷᠭᠡ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ | ; ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠳᠠᠭᠠᠭᠠᠨ ᠭᠦᠢᠴᠡᠳᠬᠡᠨ᠎ᠡ ; ᠬᠠᠷᠢᠶᠠᠲᠤ ᠣᠷᠣᠨ ᠤ | ᠭᠠᠵᠠᠷ ᠰᠢᠷᠣᠢ ᠶᠢᠨ ᠬᠡᠷᠡᠯ ᠵᠢᠷᠤᠭ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠬᠤ ᠶᠢᠨ ᠬᠠᠮᠲᠤ ᠪᠠᠶᠢᠴᠠᠭᠠᠵᠤ ᠬᠢᠨᠠᠯᠲᠠ ᠲᠠᠯᠪᠢᠨ᠎ᠠ ; | ᠭᠠᠵᠠᠷ ᠰᠢᠷᠣᠢ ᠶᠢᠨ ᠵᠢᠭᠤᠷᠠᠯᠳᠤᠭᠠᠨ ᠢ ᠰᠢᠢᠳᠪᠦᠷᠢᠯᠡᠵᠦ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ ; ᠬᠠᠷᠢᠶᠠᠲᠤ | ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠡᠭᠦᠷᠭᠡᠯᠡᠵᠦ᠂ ᠭᠠᠵᠠᠷ ᠰᠢᠷᠣᠢ ᠶᠢᠨ ᠪᠡᠯᠡᠳᠬᠡᠯ ᠡᠬᠢ ᠪᠠᠶᠠᠯᠢᠭ ᠢ ᠪᠠᠶᠢᠴᠠᠭᠠᠵᠤ | ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ᠎ᠠ ; ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠨ᠎ᠡ ; ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃ | | ᠬᠠᠶ᠋ᠢᠭ᠄ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠬᠥᠯᠥᠨ ᠶᠡᠭᠡ | ᠵᠡᠭᠡᠯᠢ ᠶᠢᠨ 36 ᠳ᠋ᠤᠭᠠᠷ ᠨᠣᠮᠧᠷ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6608529 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠶᠢᠨ ᠱᠧᠩ ᠬᠦᠢ | ᠰᠦᠯᠵᠢᠶᠡᠨ ᠤ ᠬᠠᠶ᠋ᠢᠭ᠄ http://www.xzq.gov.cn/OpennessContent/showList/758/0/page_1.html | | ︵ᠳᠥᠷᠪᠡ︶ ᠰᠢᠨ᠎ᠡ ᠪᠠᠷᠭᠤ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠲᠥᠪ᠃ ᠰᠢᠨ᠎ᠡ | ᠪᠠᠷᠭᠤ ᠵᠡᠭᠦᠨ ᠬᠤᠰᠢᠭᠤᠨ ᠤ ᠣᠶ ᠰᠢᠭᠤᠢ ᠪᠠ ᠲᠠᠯ᠎ᠠ ᠨᠤᠲᠤᠭ ᠤᠨ ᠦᠢᠯᠡᠰ ᠤᠨ ᠬᠥᠭᠵᠢᠯᠲᠡ ᠶᠢᠨ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠲᠠᠢ ᠲᠡᠩᠴᠡᠬᠦ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠬᠤ | ᠠᠵᠢᠯ ᠦᠢᠯᠡᠰ ᠤᠨ ᠨᠢᠭᠡᠴᠢ ᠪᠣᠯᠣᠨ᠎ᠠ᠃ ᠭᠤᠣᠯ ᠡᠭᠦᠷᠭᠡ ᠬᠠᠷᠢᠭᠤᠴᠠᠯᠭ᠎ᠠ᠄ ᠪᠦᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠥᠷᠥᠯ ᠵᠦᠢᠯ ᠢ | ᠳᠠᠭᠠᠭᠠᠨ ᠠᠪᠴᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ᠂ ᠣᠶ ᠰᠢᠭᠤᠢ ᠪᠠ ᠨᠤᠲᠤᠭ | ᠪᠡᠯᠴᠢᠭᠡᠷ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠥᠷᠨᠢᠭᠦᠯᠵᠦ᠂ ᠪᠠᠶᠢᠭᠠᠯᠢ ᠶᠢᠨ ᠣᠶ ᠰᠢᠭᠤᠢ ᠶᠢ ᠬᠠᠮᠠᠭᠠᠯᠠᠬᠤ᠂ | ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠢ ᠨᠥᠬᠦᠪᠦᠷᠢᠯᠡᠬᠦ ᠠᠵᠢᠯ ᠢ ᠬᠠᠷᠢᠭᠤᠴᠠᠵᠤ᠂ ᠣᠶ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠢ ᠬᠢᠨᠠᠨ ᠬᠡᠮᠵᠢᠬᠦ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ ᠠᠵᠢᠯ ᠢ ᠬᠠᠷᠢᠭᠤᠴᠠᠵᠤ᠂ | ᠪᠥᠬᠦ ᠬᠤᠰᠢᠭᠤᠨ ᠤ ᠣᠶ ᠰᠢᠭᠤᠢ ᠡᠪᠡᠰᠦᠨ ᠤ ᠡᠪᠡᠳᠴᠢᠨ᠂ ᠬᠤᠯᠤᠭᠠᠨ᠎ᠠ᠂ ᠬᠤᠷᠣᠬᠠᠢ᠂ ᠬᠤᠣᠷ ᠵᠡᠷᠭᠡ ᠶᠢ ᠬᠢᠨᠠᠨ ᠬᠡᠮᠵᠢᠬᠦ ᠵᠢᠴᠢ ᠰᠡᠷᠭᠡᠶᠢᠯᠡᠨ ᠵᠠᠰᠠᠬᠤ ᠠᠵᠢᠯ ᠢ | ᠡᠭᠦᠷᠭᠡᠯᠡᠵᠦ᠂ ᠪᠥᠬᠦ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠮᠵᠢ᠂ ᠭᠠᠵᠠᠷ ᠰᠢᠷᠣᠢ ᠶᠢᠨ ᠡᠯᠡᠰᠦᠵᠢᠯ ᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠵᠢᠴᠢ ᠪᠤᠰᠤᠳ ᠴᠢᠬᠤᠯᠠ ᠠᠵᠢᠯ ᠢ ᠬᠠᠷᠢᠭᠤᠴᠠᠨ᠎ᠠ᠃ | | ᠬᠠᠶ᠋ᠢᠭ᠄ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠬᠥᠯᠥᠨ ᠶᠡᠭᠡ | ᠵᠡᠭᠡᠯᠢ ᠶᠢᠨ 36 ᠳ᠋ᠤᠭᠠᠷ ᠨᠣᠮᠧᠷ | ᠰᠢᠤᠳᠠᠨ ᠳ᠋ᠤᠭᠠᠷ᠄ 021200 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠬᠤ ᠰᠢᠶᠣᠣ ᠪᠢᠨ | ᠰᠦᠯᠵᠢᠶᠡᠨ ᠤ ᠬᠠᠶ᠋ᠢᠭ᠄ http://www.xzq.gov.cn/OpennessContent/showList/769/0/page_1.html | | ︵ᠲᠠᠪᠤ︶ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠣᠶ ᠰᠢᠭᠤᠢ ᠶᠢᠨ ᠲᠠᠯᠠᠪᠠᠶ᠃ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠣᠶ | ᠰᠢᠭᠤᠢ ᠶᠢᠨ ᠲᠠᠯᠠᠪᠠᠶ ᠨᠢ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠩᠬᠢᠨᠢ ᠲᠠᠰ ᠤᠨ ᠠᠵᠢᠯ ᠦᠢᠯᠡᠰ ᠤᠨ | ᠨᠢᠭᠡᠴᠢ ᠳᠤ ᠬᠠᠷᠢᠶᠠᠯᠠᠭᠳᠠᠨ᠎ᠠ᠃ ᠭᠤᠣᠯ ᠲᠤᠰᠢᠶᠠᠯ ᠬᠠᠷᠢᠭᠤᠴᠠᠯᠭ᠎ᠠ᠄ ︽ᠤᠢ ᠰᠢᠭᠤᠢ ᠶᠢᠨ ᠬᠠᠤᠯᠢ︾ ᠵᠢᠴᠢ ᠤᠯᠤᠰ ᠤᠨ ᠬᠤᠯᠪᠣᠭᠳᠠᠯ ᠪᠦᠬᠦᠢ ᠳᠦᠷᠦ ᠶᠢᠨ | ᠪᠣᠳᠣᠯᠭ᠎ᠠ ᠬᠠᠤᠯᠢ ᠲᠣᠭᠲᠠᠭᠠᠯ ᠪᠣᠯᠣᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠤᠬᠠᠭᠤᠯᠬᠤ᠂ ᠲᠤᠭᠤᠰᠢᠯᠠᠭᠤᠯᠬᠤ᠂ ᠬᠡᠷᠡᠭᠵᠢᠭᠦᠯᠬᠦ ᠶᠢ | ᠬᠠᠷᠢᠭᠤᠴᠠᠨ᠎ᠠ ; ᠣᠶ ᠰᠢᠭᠤᠢ ᠶᠢᠨ ᠲᠠᠯᠠᠪᠠᠶ ᠶᠢᠨ ᠠᠯᠤᠰ ᠬᠡᠲᠦ ᠶᠢᠨ ᠬᠥᠭᠵᠢᠯᠲᠡ ᠶᠢᠨ ᠲᠥᠯᠦᠪᠵᠢᠭᠦᠯᠭᠡ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ | ᠲᠥᠯᠦᠪᠵᠢᠭᠦᠯᠭᠡ ᠪᠠ ᠣᠶ ᠰᠢᠭᠤᠢ ᠶᠢᠨ ᠦᠢᠯᠡᠰ ᠢ ᠲᠥᠷᠥᠯ ᠬᠤᠪᠢᠶᠠᠨ ᠡᠵᠡᠩᠨᠡᠬᠦ ᠲᠥᠰᠥᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠣᠨ ᠤ ᠠᠵᠢᠯ ᠤᠨ | ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠳᠡᠭᠡᠳᠦ ᠱᠠᠲᠤᠨ ᠠᠴᠠ ᠪᠠᠭᠤᠯᠭᠠᠭᠰᠠᠨ ᠣᠶᠢᠵᠢᠭᠤᠯᠵᠤ ᠨᠣᠭᠤᠭᠠᠷᠠᠭᠤᠯᠬᠤ᠂ | ᠮᠠᠭᠤᠳᠠᠭᠰᠠᠨ ᠤᠢ ᠶᠢ ᠵᠠᠰᠠᠨ ᠰᠡᠷᠭᠦᠭᠡᠬᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠦᠢᠯᠡᠳᠪᠦᠷᠢᠯᠡᠯ ᠤᠨ ᠡᠭᠦᠷᠭᠡ ᠶᠢ ᠬᠠᠷᠢᠭᠤᠴᠠᠨ ᠪᠡᠶᠡᠯᠡᠭᠦᠯᠵᠦ᠂ ᠤᠢ | ᠰᠢᠭᠤᠢ ᠶᠢᠨ ᠳᠠᠭᠠᠳᠬᠠᠯ ᠤᠨ ᠠᠵᠢᠯ ᠢ ᠬᠠᠮᠵᠢᠨ ᠥᠷᠨᠢᠭᠦᠯᠵᠦ᠂ ᠤᠯᠤᠰ ᠤᠨ ᠣᠶᠢᠵᠢᠭᠤᠯᠬᠤ ᠮᠡᠷᠭᠡᠵᠢᠯ ᠤᠨ ᠳᠦᠷᠢᠮᠵᠢᠯ ᠢ ᠬᠡᠷᠡᠭᠵᠢᠭᠦᠯᠵᠦ᠂ ᠤᠢ ᠰᠢᠭᠤᠢ ᠶᠢᠨ | ᠲᠡᠷᠢᠭᠦᠨ ᠤ ᠬᠡᠷᠡᠭᠯᠡᠭᠡᠨ ᠤ ᠰᠢᠨ᠎ᠡ ᠮᠡᠷᠭᠡᠵᠢᠯ ᠢ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠣᠶᠢᠵᠢᠭᠤᠯᠬᠤ ; ᠤᠯᠤᠰ ᠤᠨ ᠤᠢ ᠰᠢᠭᠤᠢ ᠣᠭᠲᠣᠯᠬᠤ ᠶᠢ | ᠣᠷᠣᠯᠠᠬᠤ ᠬᠢᠵᠠᠭᠠᠷ ᠲᠤᠭ᠎ᠠ᠂ ᠤᠢ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠤᠨ ᠲᠤᠶᠢᠷᠢᠮ ᠪᠣᠯᠣᠨ ᠣᠭᠲᠣᠯᠵᠤ ᠰᠢᠨᠡᠳᠬᠡᠬᠦ ᠮᠡᠷᠭᠡᠵᠢᠯ ᠤᠨ ᠲᠤᠶᠢᠷᠢᠮ ᠢ | ᠬᠡᠷᠡᠭᠵᠢᠭᠦᠯᠵᠦ᠂ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠵᠢᠯ ᠤᠨ ᠴᠢᠬᠢ ᠪᠣᠶᠢᠵᠢᠭᠤᠯᠬᠤ ᠡᠭᠦᠷᠭᠡ ᠶᠢ ᠪᠡᠶᠡᠯᠡᠭᠦᠯᠵᠦ᠂ | ᠰᠡᠢᠠ ᠡᠭᠦᠯᠳᠡᠷ ᠤᠨ ᠢᠳᠡᠷᠡᠭᠦᠨ ᠴᠢᠬᠢ ᠶᠢᠨ ᠦᠢᠯᠡᠳᠪᠦᠷᠢᠯᠡᠯ ᠢ ᠰᠠᠶᠢᠲᠤᠷ ᠠᠳᠬᠤᠨ᠎ᠠ ; ᠠᠵᠤ ᠦᠢᠯᠡᠰ ᠤᠨ ᠣᠷᠣᠨ ᠤ ᠳᠣᠲᠣᠷᠠᠬᠢ ᠣᠶ ᠰᠢᠭᠤᠢ ᠶᠢᠨ ᠡᠬᠢ | ᠪᠠᠶᠠᠯᠢᠭ᠂ ᠨᠤᠭᠤ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠲᠣᠭᠤᠷᠢᠨ ᠬᠠᠮᠠᠭᠠᠯᠠᠬᠤ ᠠᠵᠢᠯ ᠢ ᠬᠠᠷᠢᠭᠤᠴᠠᠨ᠎ᠠ ; ᠣᠶ ᠰᠢᠭᠤᠢ ᠶᠢᠨ ᠭᠠᠯ ᠰᠡᠷᠭᠡᠶᠢᠯᠡᠬᠦ | ᠪᠠ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠠᠵᠤ ᠦᠢᠯᠡᠰ ᠤᠨ ᠣᠷᠣᠨ ᠤ ᠳᠣᠲᠣᠭᠠᠳᠤ ᠬᠠᠭᠤᠷᠠᠢ ᠶᠢᠨ | ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ᠂ ᠬᠠᠮᠠᠭᠠᠯᠠᠬᠤ ᠵᠢᠴᠢ ᠠᠮᠢ ᠠᠬᠤᠢ ᠶᠢ ᠰᠡᠷᠭᠦᠭᠡᠬᠦ ᠵᠡᠷᠭᠡ ᠲᠤᠰᠠᠯᠠᠬᠤ ᠴᠢᠨᠠᠷᠲᠠᠢ | ᠠᠵᠢᠯ ᠢ ᠬᠠᠷᠢᠭᠤᠴᠠᠨ᠎ᠠ ; ᠣᠶ ᠰᠢᠭᠤᠢ ᠶᠢᠨ ᠡᠬᠢ ᠪᠠᠶᠠᠯᠢᠭ ᠤᠨ ᠪᠠᠶᠢᠴᠠᠭᠠᠯᠲᠠ᠂ ᠣᠶ ᠰᠢᠭᠤᠢ ᠶᠢᠨ ᠡᠬᠢ ᠪᠠᠶᠠᠯᠢᠭ ᠤᠨ ᠲᠠᠩᠰᠠ ᠡᠪᠬᠡᠮᠡᠯ ᠪᠠᠶᠢᠭᠤᠯᠬᠤ ᠠᠵᠢᠯ ᠢ | ᠬᠠᠷᠢᠭᠤᠴᠠᠨ᠎ᠠ ; ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ | ᠰᠤᠮᠤ ᠶᠢᠨ ᠬᠠᠨᠳᠠᠭᠠᠢ ᠭᠠᠴᠠᠭᠠᠨ ᠤ ᠬᠠᠨᠳᠠᠭᠠᠢ ᠣᠶ ᠰᠢᠭᠤᠢ ᠶᠢᠨ ᠲᠠᠯᠠᠪᠠᠶ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6690515 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠶᠠᠩ ᠰᠦᠩ | ᠰᠦᠯᠵᠢᠶᠡᠨ ᠤ ᠬᠠᠶ᠋ᠢᠭ᠄ http://www.xzq.gov.cn/OpennessContent/showList/769/0/page_1.html | | ︵ᠵᠢᠷᠭᠤᠭ᠎ᠠ︶ ᠰᠢᠨ᠎ᠡ ᠪᠠᠷᠭᠤ ᠵᠡᠭᠦᠨ ᠬᠤᠰᠢᠭᠤᠨ ᠤ ᠷᠠᠰᠢᠶᠠᠨ ᠣᠶ ᠰᠢᠭᠤᠢ ᠶᠢᠨ ᠲᠠᠯᠠᠪᠠᠶ᠃ ᠰᠢᠨ᠎ᠡ ᠪᠠᠷᠭᠤ ᠵᠡᠭᠦᠨ ᠬᠤᠰᠢᠭᠤᠨ ᠤ ᠷᠠᠰᠢᠶᠠᠨ ᠣᠶ | ᠰᠢᠭᠤᠢ ᠶᠢᠨ ᠲᠠᠯᠠᠪᠠᠶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠠᠷᠢᠶᠠᠯᠠᠭᠳᠠᠬᠤ ᠵᠢᠩᠬᠢᠨᠢ ᠰᠲ᠋ᠣᠺ ᠤᠨ | ᠲᠠᠰ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃ ᠭᠤᠣᠯ ᠲᠤᠰᠢᠶᠠᠯ ᠬᠠᠷᠢᠭᠤᠴᠠᠯᠭ᠎ᠠ᠄ ︽ᠤᠢ ᠰᠢᠭᠤᠢ ᠶᠢᠨ ᠬᠠᠤᠯᠢ︾ ᠵᠢᠴᠢ ᠤᠯᠤᠰ ᠤᠨ ᠬᠤᠯᠪᠣᠭᠳᠠᠯ ᠪᠦᠬᠦᠢ | ᠳᠦᠷᠦ ᠶᠢᠨ ᠪᠣᠳᠣᠯᠭ᠎ᠠ ᠬᠠᠤᠯᠢ ᠲᠣᠭᠲᠠᠭᠠᠯ ᠪᠣᠯᠣᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠤᠬᠠᠭᠤᠯᠵᠤ᠂ ᠲᠤᠭᠤᠰᠢᠯᠠᠭᠤᠯᠵᠤ᠂ | ᠬᠡᠷᠡᠭᠵᠢᠭᠦᠯᠦᠨ᠎ᠡ ; ᠣᠶ ᠰᠢᠭᠤᠢ ᠶᠢᠨ ᠲᠠᠯᠠᠪᠠᠶ ᠶᠢᠨ ᠠᠯᠤᠰ ᠬᠡᠲᠦ ᠶᠢᠨ ᠬᠥᠭᠵᠢᠯᠲᠡ ᠶᠢᠨ ᠲᠥᠯᠦᠪᠵᠢᠭᠦᠯᠭᠡ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠣᠨ ᠤ ᠠᠵᠢᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ ; ᠳᠡᠭᠡᠳᠦ ᠱᠠᠲᠤᠨ ᠠᠴᠠ ᠪᠠᠭᠤᠯᠭᠠᠭᠰᠠᠨ ᠣᠶᠢᠵᠢᠭᠤᠯᠵᠤ ᠨᠣᠭᠤᠭᠠᠷᠠᠭᠤᠯᠬᠤ᠂ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠬᠦ᠂ | ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠦᠢᠯᠡᠳᠪᠦᠷᠢᠯᠡᠯ ᠤᠨ ᠡᠭᠦᠷᠭᠡ ᠶᠢ ᠬᠠᠷᠢᠭᠤᠴᠠᠨ ᠪᠡᠶᠡᠯᠡᠭᠦᠯᠦᠨ᠎ᠡ ; ᠤᠢ ᠰᠢᠭᠤᠢ ᠶᠢᠨ ᠳᠠᠭᠠᠳᠬᠠᠯ ᠤᠨ | ᠠᠵᠢᠯ ᠢ ᠬᠠᠮᠵᠢᠨ ᠥᠷᠨᠢᠭᠦᠯᠦᠨ᠎ᠡ ; ᠤᠯᠤᠰ ᠤᠨ ᠣᠶᠢᠵᠢᠭᠤᠯᠬᠤ ᠮᠡᠷᠭᠡᠵᠢᠯ ᠤᠨ ᠳᠦᠷᠢᠮ ᠢ ᠬᠡᠷᠡᠭᠵᠢᠭᠦᠯᠵᠦ᠂ ᠤᠢ ᠰᠢᠭᠤᠢ ᠶᠢᠨ ᠲᠡᠷᠢᠭᠦᠨ ᠤ ᠬᠡᠷᠡᠭᠯᠡᠭᠡᠨ ᠤ ᠰᠢᠨ᠎ᠡ | ᠮᠡᠷᠭᠡᠵᠢᠯ ᠢ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠣᠶᠢᠵᠢᠭᠤᠯᠬᠤ ; ᠤᠯᠤᠰ ᠤᠨ ᠤᠢ ᠰᠢᠭᠤᠢ ᠶᠢ ᠣᠭᠲᠣᠯᠬᠤ ᠶᠢ ᠣᠷᠣᠯᠠᠬᠤ ᠬᠢᠵᠠᠭᠠᠷ ᠲᠤᠭ᠎ᠠ᠂ ᠤᠢ | ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠤᠨ ᠲᠤᠶᠢᠷᠢᠮ ᠪᠣᠯᠣᠨ ᠣᠭᠲᠣᠯᠵᠤ ᠰᠢᠨᠡᠳᠬᠡᠬᠦ ᠮᠡᠷᠭᠡᠵᠢᠯ ᠤᠨ ᠲᠤᠶᠢᠷᠢᠮ ᠢ ᠬᠡᠷᠡᠭᠵᠢᠭᠦᠯᠦᠨ᠎ᠡ ; ᠵᠤᠯᠵᠠᠭ᠎ᠠ | ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠵᠤᠯᠵᠠᠭ᠎ᠠ ᠮᠣᠳᠣ ᠪᠣᠶᠢᠵᠢᠭᠤᠯᠬᠤ ᠵᠡᠷᠭᠡ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠬᠠᠷᠢᠭᠤᠴᠠᠨ᠎ᠠ ; | ᠠᠵᠤ ᠦᠢᠯᠡᠰ ᠤᠨ ᠣᠷᠣᠨ ᠤ ᠳᠣᠲᠣᠷᠠᠬᠢ ᠣᠶ ᠰᠢᠭᠤᠢ ᠶᠢᠨ ᠡᠬᠢ ᠪᠠᠶᠠᠯᠢᠭ᠂ ᠨᠤᠭᠤ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠲᠣᠭᠤᠷᠢᠨ | ᠬᠠᠮᠠᠭᠠᠯᠠᠬᠤ ᠠᠵᠢᠯ ᠢ ᠬᠠᠷᠢᠭᠤᠴᠠᠨ᠎ᠠ ; ᠤᠢ ᠰᠢᠭᠤᠢ ᠶᠢᠨ ᠭᠠᠯ ᠢ ᠰᠡᠷᠭᠡᠶᠢᠯᠡᠬᠦ ᠪᠠ ᠤᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ | ᠠᠵᠢᠯ ᠢ ᠬᠠᠷᠢᠭᠤᠴᠠᠨ᠎ᠠ ; ᠣᠶ ᠰᠢᠭᠤᠢ ᠶᠢᠨ ᠡᠬᠢ ᠪᠠᠶᠠᠯᠢᠭ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ | ᠂ ᠬᠠᠮᠠᠭᠠᠯᠠᠬᠤ ᠵᠢᠴᠢ ᠠᠮᠢ ᠠᠬᠤᠢ ᠶᠢ ᠰᠡᠷᠭᠦᠭᠡᠬᠦ ᠵᠡᠷᠭᠡ ᠠᠵᠢᠯ ᠢ ᠬᠠᠷᠢᠭᠤᠴᠠᠨ᠎ᠠ ; ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ | ᠪᠦᠬᠦᠢ ᠪᠤᠰᠤᠳ ᠠᠵᠢᠯ ᠢ ᠡᠭᠦᠷᠭᠡᠯᠡᠨ᠎ᠡ᠃ | | ᠬᠠᠶ᠋ᠢᠭ᠄ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠬᠥᠯᠥᠨ ᠶᠡᠭᠡ | ᠵᠡᠭᠡᠯᠢ ᠶᠢᠨ 36 ᠳ᠋ᠤᠭᠠᠷ ᠨᠣᠮᠧᠷ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6602507 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠬᠠᠨ ᠰᠢᠶᠣᠣ ᠭᠤᠸᠠᠩ | ᠰᠦᠯᠵᠢᠶᠡᠨ ᠤ ᠬᠠᠶ᠋ᠢᠭ᠄ http://www.xzq.gov.cn/OpennessContent/showList/769/0/page_1.html | | | ︵ᠳᠣᠯᠤᠭ᠎ᠠ︶ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠣᠢ ᠶᠢᠨ ᠲᠠᠯᠠᠪᠠᠶ᠃ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠬᠠᠷᠢᠶᠠᠯᠠᠭᠳᠠᠬᠤ᠂ ᠰᠲ᠋ᠣᠺ ᠤᠨ ᠲᠠᠰ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃ ᠡᠭᠦᠷᠭᠡ ᠬᠠᠷᠢᠭᠤᠴᠠᠯᠭ᠎ᠠ᠄ ︽ᠤᠢ | ᠰᠢᠭᠤᠢ ᠶᠢᠨ ᠬᠠᠤᠯᠢ︾ ᠵᠢᠴᠢ ᠤᠯᠤᠰ ᠤᠨ ᠬᠤᠯᠪᠣᠭᠳᠠᠯ ᠪᠦᠬᠦᠢ ᠳᠦᠷᠦ ᠶᠢᠨ ᠪᠣᠳᠣᠯᠭ᠎ᠠ ᠬᠠᠤᠯᠢ ᠵᠠᠷᠯᠠᠯ ᠳᠦᠷᠢᠮ ᠲᠣᠭᠲᠠᠭᠠᠯ ᠢ ᠤᠬᠠᠭᠤᠯᠵᠤ᠂ ᠲᠤᠭᠤᠰᠢᠯᠠᠭᠤᠯᠵᠤ᠂ | ᠬᠡᠷᠡᠭᠵᠢᠭᠦᠯᠦᠨ᠎ᠡ᠃ ᠣᠶ ᠰᠢᠭᠤᠢ ᠶᠢᠨ ᠲᠠᠯᠠᠪᠠᠶ ᠶᠢᠨ ᠠᠯᠤᠰ ᠬᠡᠲᠦ ᠶᠢᠨ ᠬᠥᠭᠵᠢᠯᠲᠡ ᠶᠢᠨ ᠲᠥᠯᠦᠪᠵᠢᠭᠦᠯᠭᠡ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ | ᠲᠥᠯᠦᠪᠵᠢᠭᠦᠯᠭᠡ ᠪᠣᠯᠣᠨ ᠣᠶ ᠰᠢᠭᠤᠢ ᠶᠢᠨ ᠦᠢᠯᠡᠰ ᠢ ᠲᠥᠷᠥᠯ ᠬᠤᠪᠢᠶᠠᠨ ᠡᠵᠡᠩᠨᠡᠬᠦ ᠲᠥᠰᠥᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠣᠨ ᠤ | ᠠᠵᠢᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠡᠭᠡᠳᠦ ᠱᠠᠲᠤᠨ ᠠᠴᠠ ᠪᠠᠭᠤᠯᠭᠠᠭᠰᠠᠨ ᠣᠶᠢᠵᠢᠭᠤᠯᠵᠤ | ᠨᠣᠭᠤᠭᠠᠷᠠᠭᠤᠯᠬᠤ᠂ ᠮᠠᠭᠤᠵᠢᠷᠠᠭᠰᠠᠨ ᠤᠢ ᠰᠢᠭᠤᠢ ᠶᠢ ᠵᠠᠰᠠᠨ ᠰᠡᠷᠭᠦᠭᠡᠬᠦ ᠵᠡᠷᠭᠡ ᠦᠢᠯᠡᠳᠪᠦᠷᠢᠯᠡᠯ ᠤᠨ ᠡᠭᠦᠷᠭᠡ ᠶᠢ ᠬᠠᠷᠢᠭᠤᠴᠠᠨ ᠪᠡᠶᠡᠯᠡᠭᠦᠯᠵᠦ᠂ ᠤᠯᠤᠰ ᠤᠨ | ᠣᠶᠢᠵᠢᠭᠤᠯᠬᠤ ᠮᠡᠷᠭᠡᠵᠢᠯ ᠤᠨ ᠳᠦᠷᠢᠮᠵᠢᠯ ᠢ ᠬᠡᠷᠡᠭᠵᠢᠭᠦᠯᠦᠨ᠂ ᠤᠢ ᠰᠢᠭᠤᠢ ᠶᠢᠨ ᠲᠡᠷᠢᠭᠦᠨ ᠤ ᠬᠡᠷᠡᠭᠯᠡᠭᠡᠨ ᠤ ᠰᠢᠨ᠎ᠡ ᠮᠡᠷᠭᠡᠵᠢᠯ ᠢ ᠳᠡᠯᠭᠡᠷᠡᠭᠦᠯᠵᠦ᠂ ᠰᠢᠨᠵᠢᠯᠡᠬᠦ | ᠤᠬᠠᠭᠠᠨᠴᠢ ᠪᠠᠷ ᠣᠶᠢᠵᠢᠭᠤᠯᠬᠤ ᠶᠢ ᠬᠡᠷᠡᠭᠵᠢᠭᠦᠯᠦᠨ᠎ᠡ᠃ ᠤᠯᠤᠰ ᠤᠨ ᠤᠢ ᠰᠢᠭᠤᠢ ᠣᠭᠲᠣᠯᠬᠤ ᠶᠢ ᠣᠷᠣᠯᠠᠭᠤᠯᠬᠤ ᠬᠢᠵᠠᠭᠠᠷ ᠲᠤᠭ᠎ᠠ᠂ ᠤᠢ ᠮᠣᠳᠣ ᠣᠭᠲᠣᠯᠬᠤ | ᠵᠥᠪᠰᠢᠶᠡᠷᠡᠯ ᠤᠨ ᠦᠨᠡᠮᠯᠡᠯ ᠤᠨ ᠳᠦᠷᠢᠮ ᠪᠣᠯᠣᠨ ᠣᠭᠲᠣᠯᠵᠤ ᠰᠢᠨᠡᠳᠬᠡᠬᠦ ᠮᠡᠷᠭᠡᠵᠢᠯ ᠤᠨ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠵᠤᠯᠵᠠᠭ᠎ᠠ ᠮᠣᠳᠣᠨ ᠤ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠨ ᠤ ᠴᠢᠬᠢ ᠪᠣᠶᠢᠵᠢᠭᠤᠯᠬᠤ ᠡᠭᠦᠷᠭᠡ ᠪᠠᠨ ᠪᠡᠶᠡᠯᠡᠭᠦᠯᠵᠦ᠂ ᠰᠠᠶᠢᠨ ᠡᠭᠦᠯᠳᠡᠷ ᠤᠨ ᠢᠳᠡᠷᠡᠭᠦᠨ | ᠴᠢᠬᠢ ᠶᠢᠨ ᠦᠢᠯᠡᠳᠪᠦᠷᠢᠯᠡᠯ ᠢ ᠰᠠᠶᠢᠲᠤᠷ ᠠᠳᠬᠤᠬᠤ ᠬᠡᠷᠡᠭᠲᠡᠢ᠃ ᠠᠵᠤ ᠦᠢᠯᠡᠰ ᠤᠨ ᠣᠷᠣᠨ ᠤ ᠳᠣᠲᠣᠷᠠᠬᠢ ᠣᠶ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ᠂ | ᠲᠣᠭᠤᠷᠢᠨ ᠬᠠᠮᠠᠭᠠᠯᠠᠬᠤ ᠠᠵᠢᠯ ᠢ ᠬᠠᠷᠢᠭᠤᠴᠠᠨ᠎ᠠ ; ᠤᠢ ᠰᠢᠭᠤᠢ ᠶᠢᠨ ᠭᠠᠯ ᠰᠡᠷᠭᠡᠶᠢᠯᠡᠬᠦ ᠪᠠ ᠤᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ | ᠵᠠᠰᠠᠭ ᠠᠵᠢᠯ ᠢ ᠬᠠᠷᠢᠭᠤᠴᠠᠵᠤ᠂ ᠠᠵᠢᠯ ᠬᠢᠵᠦ ᠪᠠᠶᠢᠭ᠎ᠠ ᠣᠷᠣᠨ ᠤ ᠳᠣᠲᠣᠷᠠᠬᠢ ᠬᠡᠭᠡᠷ᠎ᠡ ᠶᠢᠨ ᠠᠮᠢᠲᠠᠨ᠂ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠨ᠂ ᠤᠢ | ᠰᠢᠭᠤᠢ ᠪᠠ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠦᠢᠯᠡ ᠠᠵᠢᠯᠯᠠᠭ᠎ᠠ ᠶᠢ ᠬᠤᠷᠢᠭᠯᠠᠵᠤ᠂ ᠤᠢ ᠰᠢᠭᠤᠢ ᠶᠢᠨ ᠡᠬᠢ ᠪᠠᠶᠠᠯᠢᠭ ᠢ | ᠡᠪᠳᠡᠬᠦ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠤᠢ ᠰᠢᠭᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ | ᠣᠢ ᠰᠢᠭᠤᠢ ᠶᠢᠨ ᠡᠬᠢ ᠪᠠᠶᠠᠯᠢᠭ ᠤᠨ ᠪᠠᠶᠢᠴᠠᠭᠠᠯᠲᠠ ᠬᠢᠬᠦ᠂ ᠣᠢ ᠰᠢᠭᠤᠢ ᠶᠢᠨ ᠡᠬᠢ ᠪᠠᠶᠠᠯᠢᠭ ᠤᠨ ᠳᠠᠩᠰᠠ ᠡᠪᠬᠡᠮᠡᠯ ᠪᠠᠶᠢᠭᠤᠯᠬᠤ ᠠᠵᠢᠯ ᠢ ᠬᠠᠷᠢᠭᠤᠴᠠᠨ᠎ᠠ᠃ | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠦᠪᠦᠷᠪᠤᠯᠠᠭ ᠰᠤᠮᠤ ᠶᠢᠨ ᠰᠢᠯᠢ ᠶᠢᠨ ᠪᠤᠶᠢᠷ ᠭᠠᠴᠠᠭ᠎ᠠ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 2390903 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠬᠠᠨ ᠰᠢᠶᠣᠣ ᠭᠤᠸᠠᠩ | ᠰᠦᠯᠵᠢᠶᠡᠨ ᠤ ᠬᠠᠶ᠋ᠢᠭ᠄ http://www.xzq.gov.cn/OpennessContent/showList/769/0/page_1.html | | ︵ᠨᠠᠢᠮᠠ︶ ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ ᠣᠶ ᠰᠢᠭᠤᠢ ᠶᠢᠨ ᠲᠠᠯᠠᠪᠠᠶ᠃ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠰᠢᠭᠤᠳ ᠬᠠᠷᠢᠶᠠᠯᠠᠭᠳᠠᠨ᠎ᠠ᠃ ᠣᠶ ᠰᠢᠭᠤᠢ ᠶᠢᠨ ᠲᠠᠯᠠᠪᠠᠶ ᠨᠢ ᠰᠢᠨ᠎ᠡ ᠪᠠᠷᠭᠤ ᠵᠡᠭᠦᠨ ᠬᠤᠰᠢᠭᠤᠨ ᠤ ᠬᠤᠶᠢᠲᠤ ᠪᠡᠶ᠎ᠡ ᠳᠤ | ᠪᠠᠶᠢᠷᠢᠰᠢᠵᠤ᠂ ᠭᠠᠵᠠᠷ ᠵᠦᠢ ᠶᠢᠨ ᠪᠠᠶᠢᠷᠢᠰᠢᠯ ᠨᠢ ᠵᠡᠭᠦᠨ ᠤᠷᠲᠤᠷᠢᠭ ᠤᠨ 118°05′ ᠤᠨ ᠤᠮᠠᠷᠠᠲᠤ ᠥᠷᠭᠡᠷᠢᠭ ᠤᠨ 49°15′ ᠪᠠᠶᠢᠵᠤ᠂ ᠵᠡᠭᠦᠨ | ᠪᠡᠶ᠎ᠡ ᠪᠠᠷ ᠢᠶᠠᠨ ᠬᠠᠭᠤᠴᠢᠨ ᠪᠠᠷᠭᠤ ᠬᠤᠰᠢᠭᠤ ᠲᠠᠢ ᠬᠥᠷᠰᠢᠯᠡᠵᠦ᠂ ᠡᠮᠦᠨ᠎ᠡ ᠪᠡᠶ᠎ᠡ ᠪᠠᠷ ᠢᠶᠠᠨ ᠰᠢᠨᠡᠪᠤᠯᠠᠭ ᠰᠤᠮᠤ᠂ ᠵᠢᠪᠬᠤᠯᠠᠩᠲᠤ ᠰᠤᠮᠤ ᠲᠠᠢ ᠵᠠᠯᠭᠠᠯᠳᠤᠵᠤ᠂ | ᠪᠠᠷᠠᠭᠤᠨ ᠪᠡᠶ᠎ᠡ ᠪᠠᠷ ᠢᠶᠠᠨ ᠮᠠᠨᠵᠤᠤᠷ ᠲᠠᠢ ᠬᠥᠷᠰᠢᠯᠡᠵᠦ᠂ ᠬᠤᠶᠢᠲᠤ ᠪᠡᠶ᠎ᠡ ᠪᠠᠷ ᠢᠶᠠᠨ ᠣᠷᠣᠰ ᠲᠠᠢ ᠡᠷᠭᠦᠨ᠎ᠡ ᠭᠤᠣᠯ ᠢᠶᠠᠷ ᠤᠯᠤᠰ ᠤᠨ ᠬᠢᠯᠢ ᠪᠠᠨ ᠪᠣᠯᠭᠠᠪᠠ᠃ | 1975 ᠣᠨ ᠳᠤ ᠪᠡᠯᠡᠳᠬᠡᠨ ᠪᠠᠶᠢᠭᠤᠯᠵᠤ᠂ 1977 ᠣᠨ ᠳᠤ ᠵᠢᠩᠬᠢᠨᠢ ᠪᠠᠷ ᠪᠠᠶᠢᠭᠤᠯᠤᠭᠳᠠᠪᠠ᠃ ᠤᠢ ᠰᠢᠭᠤᠢ ᠶᠢᠨ ᠲᠠᠯᠠᠪᠠᠢ ᠶᠢᠨ ᠠᠵᠤ ᠦᠢᠯᠡᠰ ᠤᠨ ᠣᠷᠣᠨ | ᠨᠢ ᠬᠥᠯᠥᠨ ᠪᠣᠶᠢᠷ ᠤᠨ ᠡᠯᠡᠰᠦᠨ ᠪᠦᠰᠡ ᠶᠢᠨ ᠭᠤᠣᠯ ᠣᠷᠣᠨ ᠳᠤ ᠪᠠᠶᠢᠷᠢᠯᠠᠵᠤ ᠪᠤᠢ᠃ ᠴᠠᠭᠠᠨ ᠨᠠᠭᠤᠷ ᠤᠨ ᠤᠢ ᠰᠢᠭᠤᠢ ᠶᠢᠨ ᠲᠠᠯᠠᠪᠠᠢ ᠶᠢᠨ ᠡᠵᠡᠩᠨᠡᠯᠲᠡ ᠶᠢᠨ | ᠣᠷᠣᠨ ᠨᠢ ᠡᠪᠳᠡᠯᠡᠭᠡ ᠶᠢᠨ ᠴᠢᠨᠠᠷ ᠢᠶᠠᠷ ᠴᠢᠩᠭ᠎ᠠ᠂ ᠥᠷᠭᠡᠳᠬᠡᠬᠦ ᠬᠤᠷᠳᠤᠴᠠ ᠨᠢ ᠲᠦᠷᠭᠡᠨ᠂ ᠵᠠᠰᠠᠬᠤ ᠳᠤ ᠬᠠᠮᠤᠭ ᠤᠨ ᠬᠦᠴᠢᠷᠲᠡᠢ ᠤᠮᠠᠷᠠᠲᠤ ᠬᠡᠰᠡᠭ ᠤᠨ | ᠡᠯᠡᠰᠦᠷᠬᠡᠭ ᠪᠦᠰᠡ ᠶᠢᠨ ᠣᠷᠣᠨ ᠪᠦᠰᠡ ᠳᠤ ᠣᠷᠣᠰᠢᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠵᠠᠰᠠᠨ ᠰᠡᠷᠭᠦᠭᠡᠬᠦ ᠡᠭᠦᠷᠭᠡ ᠲᠤᠶᠢᠯ ᠤᠨ ᠨᠦᠰᠡᠷ | ᠬᠦᠨᠳᠦ ᠪᠠᠶᠢᠨ᠎ᠠ᠃ ᠴᠠᠭᠠᠨ ᠭᠠᠴᠠᠭ᠎ᠠ ᠶᠢᠨ ᠣᠶ ᠰᠢᠭᠤᠢ ᠶᠢᠨ ᠲᠠᠯᠠᠪᠠᠶ ᠶᠢᠨ ᠡᠵᠡᠩᠨᠡᠯᠲᠡ ᠶᠢᠨ ᠲᠠᠯᠠᠪᠠᠶ 8.89 ᠲᠦᠮᠡᠨ ᠮᠦ ᠪᠠᠶᠢᠵᠤ᠂ 0.32 ᠲᠦᠮᠡᠨ ᠮᠦ | ᠣᠶᠢᠲᠤ ᠭᠠᠵᠠᠷ᠂ 1.39 ᠲᠦᠮᠡᠨ ᠪᠣᠳᠠ ᠮᠣᠳᠣᠨ ᠤ ᠣᠶᠢᠲᠤ ᠭᠠᠵᠠᠷ᠂ 2.25 ᠲᠦᠮᠡᠨ ᠮᠦ ᠮᠣᠳᠣ ᠦᠭᠡᠢ ᠣᠶᠢᠲᠤ ᠭᠠᠵᠠᠷ᠂ 4.93 ᠲᠦᠮᠡᠨ ᠮᠦ | ᠣᠶᠢᠵᠢᠭᠤᠯᠬᠤ ᠳᠤ ᠲᠣᠬᠢᠷᠠᠮᠵᠢᠲᠠᠢ ᠭᠠᠵᠠᠷ ᠢ ᠪᠠᠭᠲᠠᠭᠠᠵᠤ᠂ ᠴᠠᠭᠠᠨ ᠣᠶ ᠰᠢᠭᠤᠢ ᠶᠢᠨ ᠪᠦᠷᠬᠦᠴᠡ ᠶᠢᠨ ᠨᠣᠷᠮ᠎ᠠ 19.25% ᠳᠤ ᠬᠥᠷᠪᠡ᠃ ᠴᠠᠭᠠᠨ ᠣᠶ | ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠲᠠᠯᠠᠪᠠᠶ ᠳᠤ 1.62 ᠲᠦᠮᠡᠨ ᠮᠦ ᠣᠷᠣᠭᠤᠯᠪᠠ᠃ ᠴᠠᠭᠠᠨ ᠤᠢ ᠰᠢᠭᠤᠢ ᠶᠢᠨ ᠲᠠᠯᠠᠪᠠᠢ | ᠠᠵᠢᠯ ᠤᠨ ᠪᠠᠶᠢᠷᠢ ᠦᠭᠡᠢ ᠣᠶ ᠰᠢᠭᠤᠢ ᠶᠢᠨ ᠲᠠᠯᠠᠪᠠᠶ ᠶᠢᠨ ᠠᠵᠢᠯᠲᠠᠨ ᠠᠵᠢᠯᠴᠢᠨ ᠨᠡᠶᠢᠲᠡ 40 ᠬᠥᠮᠥᠨ ᠪᠠᠶᠢᠵᠤ᠂ ᠡᠭᠦᠨ ᠳᠤ ᠠᠵᠢᠯ ᠠᠴᠠ ᠪᠠᠨ | ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠵᠢᠯᠲᠠᠨ 24 ᠬᠥᠮᠥᠨ ᠪᠣᠶ᠂ ᠴᠠᠭᠠᠨ ᠤᠢ ᠰᠢᠭᠤᠢ ᠶᠢᠨ ᠲᠠᠯᠠᠪᠠᠢ ᠠᠵᠢᠯ ᠤᠨ ᠪᠠᠶᠢᠷᠢ ᠦᠭᠡᠢ ᠣᠶ | ᠰᠢᠭᠤᠢ ᠶᠢᠨ ᠲᠠᠯᠠᠪᠠᠶ ᠪᠣᠯ ᠠᠵᠢᠯ ᠦᠢᠯᠡᠰ ᠤᠨ ᠨᠢᠭᠡᠴᠢ ᠮᠥᠨ᠂ ᠭᠤᠣᠯᠳᠠᠭᠤ ᠨᠡᠶᠢᠲᠡ ᠶᠢᠨ ᠠᠰᠠᠷᠠᠮᠵᠢ ᠶᠢᠨ ᠣᠶ ᠶᠢ ᠬᠠᠮᠢᠶᠠᠷᠤᠨ ᠬᠠᠮᠠᠭᠠᠯᠠᠬᠤ᠂ ᠣᠶ ᠰᠢᠭᠤᠢ ᠶᠢ | ᠠᠷᠠᠴᠢᠯᠠᠨ ᠪᠣᠶᠢᠵᠢᠭᠤᠯᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠴᠢ ᠰᠢᠨ᠎ᠡ ᠪᠠᠷᠭᠤ ᠵᠡᠭᠦᠨ ᠬᠤᠰᠢᠭᠤᠨ ᠤ ᠡᠯᠡᠰᠦᠷᠬᠡᠭ ᠭᠠᠵᠠᠷ ᠢ ᠵᠠᠰᠠᠬᠤ | ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠢ ᠡᠷᠭᠢᠯᠡᠨ ᠬᠢᠨ᠎ᠡ᠃ ︽ᠣᠢ ᠰᠢᠭᠤᠢ ᠶᠢᠨ ᠬᠠᠤᠯᠢ︾ ᠵᠢᠴᠢ ᠤᠯᠤᠰ ᠤᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠣᠯᠣᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠶᠢᠷᠢᠮ ᠲᠣᠭᠲᠠᠭᠠᠯ ᠢ ᠤᠬᠠᠭᠤᠯᠬᠤ᠂ ᠲᠤᠭᠤᠰᠢᠯᠠᠭᠤᠯᠬᠤ᠂ | ᠬᠡᠷᠡᠭᠵᠢᠭᠦᠯᠬᠦ ᠶᠢ ᠬᠠᠷᠢᠭᠤᠴᠠᠨ᠎ᠠ ; ᠣᠶ ᠰᠢᠭᠤᠢ ᠶᠢᠨ ᠲᠠᠯᠠᠪᠠᠶ ᠶᠢᠨ ᠠᠯᠤᠰ ᠬᠡᠲᠦ ᠶᠢᠨ ᠬᠥᠭᠵᠢᠯᠲᠡ ᠶᠢᠨ ᠲᠥᠯᠦᠪᠵᠢᠭᠦᠯᠭᠡ᠂ ᠣᠶᠢᠲᠤ ᠭᠠᠵᠠᠷ ᠢ ᠬᠠᠮᠠᠭᠠᠯᠠᠨ | ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠣᠨ ᠤ ᠠᠵᠢᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ ; ᠳᠡᠭᠡᠳᠦ ᠱᠠᠲᠤᠨ ᠠᠴᠠ ᠪᠠᠭᠤᠯᠭᠠᠭᠰᠠᠨ ᠣᠶᠢᠵᠢᠭᠤᠯᠵᠤ ᠨᠣᠭᠤᠭᠠᠷᠠᠭᠤᠯᠬᠤ᠂ ᠮᠠᠭᠤᠳᠠᠭᠰᠠᠨ ᠤᠢ ᠶᠢ ᠵᠠᠰᠠᠨ ᠰᠡᠷᠭᠦᠭᠡᠬᠦ᠂ | ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠦᠢᠯᠡᠳᠪᠦᠷᠢᠯᠡᠯ ᠤᠨ ᠡᠭᠦᠷᠭᠡ ᠶᠢ ᠬᠠᠷᠢᠭᠤᠴᠠᠨ ᠪᠡᠶᠡᠯᠡᠭᠦᠯᠵᠦ᠂ ᠤᠢ ᠰᠢᠭᠤᠢ ᠶᠢᠨ ᠳᠠᠭᠠᠳᠬᠠᠯ ᠤᠨ ᠠᠵᠢᠯ ᠢ | ᠬᠠᠮᠵᠢᠨ ᠥᠷᠨᠢᠭᠦᠯᠵᠦ᠂ ᠤᠯᠤᠰ ᠤᠨ ᠣᠶᠢᠵᠢᠭᠤᠯᠬᠤ ᠮᠡᠷᠭᠡᠵᠢᠯ ᠤᠨ ᠳᠦᠷᠢᠮᠵᠢᠯ ᠢ ᠬᠡᠷᠡᠭᠵᠢᠭᠦᠯᠵᠦ᠂ ᠤᠢ ᠰᠢᠭᠤᠢ ᠶᠢᠨ ᠲᠡᠷᠢᠭᠦᠨ ᠤ ᠬᠡᠷᠡᠭᠯᠡᠭᠡᠨ ᠤ ᠰᠢᠨ᠎ᠡ | ᠮᠡᠷᠭᠡᠵᠢᠯ ᠢ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠣᠶᠢᠵᠢᠭᠤᠯᠬᠤ ; ᠠᠵᠤ ᠦᠢᠯᠡᠰ ᠤᠨ ᠣᠷᠣᠨ ᠤ ᠳᠣᠲᠣᠷᠠᠬᠢ ᠣᠶ ᠰᠢᠭᠤᠢ ᠶᠢᠨ ᠡᠬᠢ ᠪᠠᠶᠠᠯᠢᠭ᠂ ᠨᠤᠭᠤ | ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠮᠢᠶᠠᠷᠴᠤ ᠲᠣᠭᠤᠷᠢᠨ ᠬᠠᠮᠠᠭᠠᠯᠠᠬᠤ ᠠᠵᠢᠯ ᠢ ᠬᠠᠷᠢᠭᠤᠴᠠᠨ᠎ᠠ ; ᠣᠶ ᠰᠢᠭᠤᠢ ᠶᠢᠨ ᠭᠠᠯ ᠰᠡᠷᠭᠡᠶᠢᠯᠡᠬᠦ ᠪᠠ | ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠣᠶ ᠰᠢᠭᠤᠢ ᠶᠢᠨ ᠡᠬᠢ ᠪᠠᠶᠠᠯᠢᠭ᠂ ᠬᠠᠭᠤᠷᠠᠢ ᠶᠢᠨ ᠬᠡᠭᠡᠷ᠎ᠡ ᠶᠢᠨ | ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ᠂ ᠬᠠᠮᠠᠭᠠᠯᠠᠬᠤ ᠵᠢᠴᠢ ᠠᠮᠢ ᠠᠬᠤᠢ ᠶᠢ ᠰᠡᠷᠭᠦᠭᠡᠬᠦ ᠵᠡᠷᠭᠡ ᠠᠵᠢᠯ ᠢ ᠬᠠᠷᠢᠭᠤᠴᠠᠨ᠎ᠠ ; | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃ | | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ | ᠪᠠᠯᠭᠠᠰᠤᠨ ᠤ ᠳ᠋ᠣᠣ ᠨᠠᠨ | ᠰᠢᠤᠳᠠᠨ ᠳ᠋ᠤᠭᠠᠷ᠄ 021200 | ᠠᠵᠢᠯ ᠤᠨ ᠤᠲᠠᠰᠤ᠄ 0470 ︱ 6689005 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠬᠠᠨ ᠰᠢᠶᠣᠣ ᠭᠤᠸᠠᠩ | ᠰᠦᠯᠵᠢᠶᠡᠨ ᠤ ᠬᠠᠶ᠋ᠢᠭ᠄ http://www.xzq.gov.cn/OpennessContent/showList/769/0/page_1.html | | | | | | | | | | | |